ᠭᠠᠯᠠᠭᠤᠲᠤ ᠪᠠᠯᠭᠠᠰᠤᠨ ᠤ ᠬᠦᠬᠡᠨᠠᠭᠤᠷ ᠭᠠᠴᠠᠭ᠎ᠠ ᠠᠩᠬᠠᠳᠤᠭᠠᠷ ᠤᠳᠠᠭᠠᠨ ᠤ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠬᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-08-05
     8 ᠰᠠᠷ᠎ᠠ ᠶᠢᠨ 4 ᠤ ᠡᠳᠦᠷ᠂ ᠭᠠᠯᠠᠭᠤᠲᠤ ᠪᠠᠯᠭᠠᠰᠤᠨ ᠤ ᠬᠦᠬᠡᠨᠠᠭᠤᠷ ᠭᠠᠴᠠᠭ᠎ᠠ ᠠᠩᠬᠠᠳᠤᠭᠠᠷ ᠤᠳᠠᠭᠠᠨ ᠤ ᠴᠡᠷᠢᠭ ᠠᠴᠠ ᠬᠠᠯᠠᠭᠳᠠᠭᠰᠠᠳ ᠢ ᠲᠤᠬᠤᠨᠢᠭᠤᠯᠬᠤ ᠰᠢᠷᠢᠰ ᠠᠵᠢᠯᠯᠠᠭ᠎ᠠ ᠦᠷᠨᠢᠭᠦᠯᠦᠯ᠎ᠡ᠃      ᠲᠤᠰ ᠤᠳᠠᠭᠠᠨ ᠤ ᠠᠵᠢᠯᠯᠠᠭᠠᠨ ᠳᠤ ᠨᠠᠰᠤᠲᠠᠢ᠂ ᠢᠳᠡᠷ᠂ ᠵᠠᠯᠠᠭᠤ ᠭᠤᠷᠪᠠᠨ ᠦᠶ᠎ᠡ ᠶᠢᠨ ᠴᠡᠷᠢᠭ ᠠᠴᠠ ᠬᠠᠯᠠᠭᠳᠠᠭᠰᠠᠳ ᠴᠡᠷᠢᠭ ᠳᠤ ᠤᠷᠤᠭᠰᠠᠨ ᠴᠠᠭ᠂ ᠴᠡᠷᠢᠭ ᠤᠨ ᠠᠯᠪᠠ ᠬᠠᠭᠠᠵᠤ ᠪᠠᠶᠢᠭᠰᠠᠨ ᠭᠠᠵᠠᠷ ᠵᠢᠴᠢ ᠴᠡᠷᠢᠭ ᠠᠴᠠ ᠬᠠᠯᠠᠭᠳᠠᠭᠰᠠᠨ ᠴᠠᠭ ᠵᠡᠷᠭᠡ ᠪᠠᠨ ᠳᠦᠭᠦᠮ ᠲᠠᠨᠢᠯᠴᠠᠭᠤᠯᠵᠤ ᠴᠡᠷᠢᠭ ᠤᠨ ᠠᠯᠪᠠ ᠬᠠᠭᠠᠵᠤ ᠪᠠᠶᠢᠬᠤ ᠦᠶ᠎ᠡ ᠶᠢᠨ ᠰᠡᠳᠭᠢᠭᠳᠡᠯ ᠲᠥᠷᠥᠭᠳᠡᠯ ᠢᠶᠠᠨ ᠤᠯᠠᠨ ᠲᠠᠢ ᠬᠤᠪᠢᠶᠠᠯᠴᠠᠯ᠎ᠠ᠃      ᠴᠡᠷᠢᠭ ᠠᠴᠠ ᠬᠠᠯᠠᠭᠳᠠᠭᠰᠠᠨ ᠳᠠᠪᠰᠢᠯᠲᠦ᠄ ︽ᠪᠢ ᠴᠡᠷᠢᠭ ᠠᠴᠠ ᠬᠠᠯᠠᠭᠲᠠᠭᠠᠳ ᠨᠢᠭᠡᠨᠳᠡ 40 ᠵᠢᠯ ᠪᠤᠯᠵᠤ ᠪᠠᠶᠢᠨ᠎ᠠ᠃ ᠦᠨᠦᠳᠤᠷ ᠠᠩᠬ᠎ᠠ ᠤᠳᠠᠭ᠎ᠠ ᠮᠠᠨ ᠤ ᠡᠨᠡ ᠭᠤᠷᠪᠠᠨ ᠥᠶ᠎ᠡ ᠶᠢᠨ ᠴᠡᠷᠢᠭ ᠢᠩᠬᠢᠵᠦ ᠬᠠᠮᠳᠤ ᠠᠭᠤᠯᠵᠠᠭᠰᠠᠨ ᠳᠤ ᠲᠤᠩ ᠪᠠᠶᠠᠷᠳᠡᠢ ᠪᠠᠶᠢᠨ᠎ᠠ᠃ ᠬᠡᠵᠢᠶ᠎ᠡ ᠬᠠᠮᠢᠭ᠎ᠠ ᠴᠦ ᠴᠡᠷᠢᠭ ᠲᠤ ᠪᠠᠶᠢᠬᠤ ᠦᠶ᠎ᠡ ᠶᠢᠨ ᠡᠷᠴᠢ ᠵᠣᠷᠢᠭ ᠢᠶᠠᠨ ᠠᠯᠳᠠᠬᠤ ᠦᠭᠡᠢ᠂ ᠨᠠᠮ ᠲᠦᠷᠥ ᠳᠤ ᠰᠠᠶᠢᠨ ᠤᠶᠢᠯᠡᠴᠢᠯᠡᠶ᠎ᠡ ᠭᠡᠵᠦ ᠪᠤᠳᠣᠵᠣ ᠪᠠᠶᠢᠨ᠎ᠠ︾ ᠬᠡᠵᠤ ᠶᠠᠷᠢᠪᠠ᠃      ᠴᠡᠷᠢᠭ ᠠᠴᠠ ᠬᠠᠯᠠᠭᠳᠠᠭᠰᠠᠨ ᠰᠣᠶᠣᠯᠮᠥ᠋ᠷᠡᠨ᠄ ︽ᠪᠢ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠴᠡᠭᠡ ᠪᠤᠭᠤᠮᠳᠠ ᠳᠤ ᠠᠵᠢᠯᠯᠠᠵᠤ ᠪᠠᠶᠢᠨ᠎ᠠ᠃ ᠭᠠᠴᠠᠭ᠎ᠠ ᠵᠦᠪᠯᠡᠯ ᠲᠡᠭᠡᠳᠤ ᠱᠠᠳᠤᠨ ᠠᠴᠠ ᠠᠩᠬ᠎ᠠ ᠤᠳᠠᠭ᠎ᠠ ᠮᠠᠨ ᠤ ᠭᠠᠴᠠᠭᠠᠨ ᠤ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠬᠤ ᠠᠵᠢᠯᠯᠠᠭ᠎ᠠ ᠦᠷᠨᠢᠬᠦᠯᠵᠤ ᠪᠢᠳᠠᠨ ᠢ ᠤᠷᠢᠭᠰᠠᠨ ᠳᠤ ᠲᠤᠰᠬᠠᠶᠢᠯᠠᠨ ᠬᠦᠷᠦᠯᠴᠡᠨ ᠢᠷᠡᠯ᠎ᠡ᠃ ᠡᠨᠡ ᠤᠳᠠᠭᠠᠨ ᠤ ᠠᠵᠢᠯᠯᠠᠭᠠᠨ ᠳᠤ ᠤᠷᠤᠯᠴᠠᠭᠠᠳ ᠮᠠᠰᠢ ᠪᠠᠶᠠᠷᠯᠠᠵᠤ ᠪᠠᠶᠢᠨ᠎ᠠ︾ ᠬᠡᠪᠡ᠃      ᠬᠦᠬᠡᠨᠠᠭᠤᠷ ᠭᠠᠴᠠᠭᠠᠨ ᠤ ᠨᠠᠮ ᠤᠨ ᠡᠭᠦᠷ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠦᠷᠲᠡᠭᠡᠨ ᠠᠴᠠ ᠴᠡᠷᠢᠭ ᠠᠴᠠ ᠬᠠᠯᠠᠭᠳᠠᠭᠰᠠᠳ ᠲᠤ ᠲᠤᠰ ᠬᠦᠮᠦᠨ ᠤ ᠴᠡᠷᠢᠭ ᠤᠨ ᠠᠯᠪᠠ ᠬᠠᠭᠠᠵᠤ ᠪᠠᠶᠢᠭᠰᠠᠨ ᠴᠠᠭ ᠬᠤᠭᠤᠴᠠᠭ᠎ᠠ ᠪᠤᠯᠤᠨ ᠠᠵᠢᠯᠯᠠᠵᠤ ᠪᠠᠶᠢᠭᠰᠠᠨ ᠭᠠᠵᠠᠷ ᠢ ᠪᠢᠴᠢᠭᠰᠡᠨ ᠳᠤᠷᠠᠰᠬᠠᠯ ᠤᠨ ᠪᠤᠳᠠᠰ ᠬᠦᠷᠭᠡᠵᠦ ᠭᠠᠮᠰᠢᠭ ᠤᠨ ᠡᠮᠦᠨ᠎ᠡ ᠭᠠᠪᠰᠢᠭᠠᠶᠢᠯᠠᠭᠰᠠᠨ᠂ ᠭᠠᠯ ᠲᠦᠢᠮᠡᠷ ᠤᠨ ᠳᠤᠮᠳᠠᠭᠤᠷ ᠰᠢᠭᠤᠷᠬᠠᠶᠢᠯᠠᠭᠰᠠᠨ᠂ ᠬᠢᠯᠢ ᠬᠢᠵᠠᠭᠠᠷ ᠤᠨ ᠠᠮᠤᠷ ᠳᠦᠪᠰᠢᠨ ᠢ ᠰᠠᠬᠢᠨ ᠬᠠᠮᠠᠭᠠᠯᠠᠭᠰᠠᠨ ᠠᠷᠠᠳ ᠤᠨ ᠴᠡᠷᠢᠭ ᠤᠨ ᠠᠯᠳᠠᠷ ᠭᠠᠪᠢᠶ᠎ᠠ ᠶᠢ ᠮᠠᠭᠲᠠᠨ ᠳᠠᠭᠤᠯᠠᠵᠠᠢ᠃      ᠬᠤᠰᠢᠭᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠳᠤᠪᠴᠢᠶᠠᠨ ᠤ ᠳᠡᠳ᠋ ᠳᠠᠷᠤᠭ᠎ᠠ ᠤᠶᠤᠨᠳᠤ᠄ ︽ᠭᠠᠯᠠᠭᠤᠳᠤ ᠪᠠᠯᠭᠠᠰᠤᠨ ᠳᠤ 890 ᠴᠡᠷᠢᠭ ᠠᠴᠠ ᠬᠠᠯᠠᠭᠳᠠᠭᠰᠠᠳ ᠪᠠᠶᠢᠵᠤ ᠬᠦᠭᠡᠨᠡᠭᠤᠷ ᠭᠠᠴᠠᠭᠠᠨ ᠳᠤ 30 ᠴᠡᠷᠢᠭ ᠠᠴᠠ ᠬᠠᠯᠠᠭᠳᠠᠭᠰᠠᠳ ᠪᠠᠶᠢᠨ᠎ᠠ᠃ ᠬᠦᠭᠡᠨᠡᠭᠤᠷ ᠭᠠᠴᠠᠭ᠎ᠠ ᠲᠤᠰ ᠤᠳᠠᠭᠠᠨ ᠤ ᠠᠵᠢᠯᠯᠠᠭ᠎ᠠ ᠶᠢ ᠦᠷᠨᠢᠭᠦᠯᠦᠭᠡᠳ ᠮᠠᠨ ᠤ ᠴᠡᠷᠢᠭ ᠠᠴᠠ ᠬᠠᠯᠠᠭᠳᠠᠭᠰᠠᠳ ᠲᠤ ᠠᠰᠢᠭ ᠬᠦᠷᠲᠡᠭᠰᠡᠨ ᠲᠦᠷᠦᠭᠳᠡᠯ᠂ ᠢᠷᠡᠭᠤ ᠠᠯᠳᠠᠷ ᠤᠨ ᠲᠦᠷᠥᠭᠳᠡᠯ᠂ ᠵᠣᠯ ᠵᠢᠷᠭᠠᠯ ᠤᠨ ᠲᠦᠷᠥᠭᠳᠡᠯ ᠢ ᠤᠯᠭᠤᠵᠤ ᠦᠭᠭᠦᠭᠰᠡᠨ ᠪᠠᠶᠢᠨ᠎ᠠ︾ ᠬᠡᠵᠤ ᠶᠠᠷᠢᠯ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号