8 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠠᠶᠢᠴᠠᠭᠠᠯᠳᠠ ᠶᠢᠨ | ᠲᠤᠭᠤᠶᠢᠯᠠᠩ ᠢ ᠳᠠᠭᠠᠭᠤᠯᠤᠨ ᠭᠠᠯᠠᠭᠤᠲᠦ ᠪᠠᠯᠭᠠᠰᠤᠨ ᠳᠤ ᠬᠦᠷᠴᠤ ᠵᠡᠭᠡᠯᠢ ᠭᠤᠳᠤᠮᠵᠢ᠂ ︽ᠮᠤᠷᠢᠨ ᠤᠷᠤᠯᠳᠤᠭᠠᠨ | ᠤ ᠲᠠᠯᠠᠪᠠᠢ︾ ᠵᠡᠷᠭᠡ ᠭᠠᠵᠠᠷ ᠲᠤ ᠱᠠᠭᠠᠷᠳᠠᠨ ᠪᠠᠶᠢᠴᠠᠭᠠᠯᠳᠠ ᠭᠢᠵᠤ ᠪᠦᠬᠦ ᠣᠯᠣᠰ ᠤᠨ ᠬᠤᠰᠢᠭᠤ ᠰᠢᠶᠠᠨ ᠤ ᠳᠡᠰ | ᠤᠨ ᠪᠣᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠲᠠᠬᠢᠨ ᠪᠠᠶᠢᠴᠠᠭᠠᠵᠦ ᠡᠭᠦᠳᠤᠨ ᠪᠠᠶᠢᠭᠤᠯᠤᠯᠳᠠ ᠶᠢᠨ ᠠᠵᠢᠯ ᠳᠤ ᠤᠷᠤᠰᠢᠵᠦ | ᠪᠠᠶᠢᠭ᠎ᠠ ᠬᠤᠯᠪᠤᠭᠳᠠᠯ ᠪᠦᠬᠦᠢ ᠬᠦᠴᠢᠷ ᠠᠰᠠᠭᠤᠳᠠᠯ ᠢ ᠲᠤᠬᠠᠢ ᠶᠢᠨ ᠭᠠᠵᠠᠷ ᠲᠤᠨᠢ ᠠᠯᠪᠠᠯᠠᠨ ᠰᠢᠢᠳᠪᠤᠷᠢᠯᠡᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠤᠬᠠᠭᠤᠯᠬᠤ ᠭᠡᠯᠲᠡᠰ ᠤᠨ ᠳᠠᠷᠤᠭ᠎ᠠ ᠹᠧᠩ ᡁᠢ ᠮᠢᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠭᠤᠯᠠ ᠪᠤᠯᠤᠨ ᠬᠤᠰᠢᠭᠤ | ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠳᠠ | ᠶᠢᠨ ᠲᠤᠪᠴᠢᠶ᠎ᠠ᠂ ᠴᠡᠴᠡᠷᠯᠢᠭᠵᠢᠭᠦᠯᠥᠯᠳᠠ ᠨᠤᠭᠤᠭᠠᠷᠠᠭᠤᠯᠤᠯᠳᠠ ᠶᠢᠨ ᠥᠢᠯᠡᠴᠢᠯᠡᠭᠡᠨ ᠤ ᠲᠥᠪ᠂ ᠬᠠᠤᠯᠢ | ᠬᠡᠷᠡᠭᠵᠢᠭᠦᠯᠬᠦ ᠲᠤᠪᠴᠢᠶ᠎ᠡ᠂ ᠭᠠᠯᠠᠭᠤᠲᠤ ᠪᠠᠯᠭᠠᠰᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | | | | | | | | | | ᠡᠷᠳᠡᠨᠢᠪᠢᠯᠢᠭ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠯᠭᠠᠨ ᠲᠣᠭᠲᠠᠭᠠᠬᠤ | ᠰᠢᠰᠲ᠋ᠧᠮ ᠲᠠᠢ ᠨᠠᠷᠢᠨ ᠬᠢᠨᠠᠮᠠᠭᠠᠶ ᠬᠠᠷᠢᠴᠠᠭᠤᠯᠤᠨ ᠬᠤᠰᠢᠭᠤᠨ ᠤ ᠪᠤᠯᠪᠠᠰᠤᠨ ᠬᠤᠲᠠ ᠶᠢᠨ ᠡᠭᠦᠳᠦᠨ | ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ ᠭᠤᠤᠯᠳᠠᠯᠭ᠎ᠠ ᠪᠠᠨ | ᠠᠳᠬᠤᠵᠤ ᠳᠤᠲᠠᠭᠳᠠᠯ ᠢᠶᠠᠨ ᠪᠠᠶᠢᠴᠠᠭᠠᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠯᠠᠪᠳᠠᠭᠤᠨ | ᠪᠠᠲᠤᠲᠠᠢ ᠰᠠᠶᠢᠲᠤᠷ ᠬᠢᠵᠦ ᠨᠢᠭᠡᠨᠲᠡ ᠣᠯᠤᠭᠰᠠ ᠦᠷ᠎ᠡ ᠪᠦᠲᠦᠭᠡᠯ ᠢᠶᠠᠨ ᠪᠠᠭᠢᠵᠢᠭᠦᠯᠭᠦ ᠭᠡᠷᠡᠭᠳᠠᠢ᠃ ᠪᠠᠷᠢᠮᠵᠢᠶ᠎ᠠ ᠳᠤ | ᠬᠦᠷᠦᠭᠡᠳᠦᠢ ᠲᠥᠷᠥᠯ ᠵᠤᠶᠢᠯ ᠤᠨ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ ᠠᠬᠢᠴᠠ ᠶᠢ ᠨᠢ ᠲᠦᠷᠭᠡᠳᠬᠡᠬᠦ | ᠬᠡᠷᠡᠭᠲᠡᠶ᠃ ᠤᠬᠠᠭᠤᠯᠭ᠎ᠠ ᠪᠠᠨ ᠴᠢᠩᠭᠠᠳᠬᠠᠨ ᠴᠠᠭ ᠢᠮᠠᠭᠲᠠ ᠪᠣᠯᠪᠠᠰᠤᠨ ᠤ ᠰᠠᠨᠠᠭᠤᠯᠤᠮᠵᠢᠲ᠋ᠠᠶ᠂ ᠭᠠᠵᠠᠷ | ᠪᠣᠯᠭᠠᠨ ᠳᠤ ᠪᠣᠯᠪᠠᠰᠤᠨ ᠤ ᠬᠥᠮᠦᠵᠢᠯ ᠬᠦᠷᠳᠡᠬᠦ ᠦᠷ᠎ᠡ ᠪᠦᠲᠦᠮᠵᠢ ᠶᠢ ᠪᠡᠶᠡᠯᠡᠭᠦᠯᠵᠦ ᠬᠤᠲᠠ ᠶᠢᠨ ᠠᠷᠠᠳ | ᠪᠣᠯᠪᠠᠰᠤᠨ ᠢ ᠡᠷᠭᠢᠮᠯᠠᠨ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠰᠠᠨᠠᠭᠠᠴᠢᠯᠠᠬᠤ ᠶᠢ ᠵᠢᠯᠣᠭᠤᠳᠴᠤ | ᠪᠦᠬᠦ ᠣᠯᠣᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠳᠦᠷ | ᠲᠤᠲᠤᠮ ᠤᠨ ᠠᠮᠢᠳᠤᠷᠠᠯ ᠳᠤ ᠠᠭᠤᠰᠬᠠᠨ ᠪᠦᠬᠦ ᠨᠡᠶᠢᠭᠡᠮ ᠢᠶᠠᠷ ᠢᠶᠠᠨ ᠪᠣᠯᠪᠠᠰᠣᠨ ᠬᠤᠲᠠ ᠶᠢ ᠡᠭᠦᠳᠦᠨ | ᠪᠠᠶᠢᠭᠤᠯᠬᠤ ᠶᠢ ᠳᠡᠮᠵᠢᠬᠦ ᠶᠢ ᠠᠭᠢᠭᠤᠯᠬᠤ ᠬᠡᠷᠡᠭᠲᠡᠢ᠃ ᠬᠤᠲᠠ ᠶᠢᠨ ᠠᠷᠠᠳ ᠪᠣᠯᠤᠭᠰᠠᠨ ᠤ ᠬᠤᠪᠢ ᠳᠤ ᠪᠢᠳᠠ | ᠪᠥᠭᠦᠳᠡᠭᠡᠷ ᠢᠶᠠᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠥᠷ᠎ᠠ ᠪᠥᠳᠥᠭᠡᠯ ᠭᠥᠷᠳᠡᠭᠴᠢ ᠪᠤᠯᠵᠤ | ᠥᠪᠡᠷ ᠤᠨ ᠬᠠᠷᠢᠶ᠎ᠠ ᠣᠷᠣᠨ ᠳᠠᠭᠠᠨ ᠬᠠᠷᠢᠭᠤᠴᠠᠨ ᠥᠪᠡᠷ ᠤᠨ ᠠᠵᠢᠯᠯᠠᠭᠠᠨ ᠤ ᠬᠡᠪᠴᠢᠶᠡᠨ ᠳᠠᠬᠢ ᠴᠡᠪᠡᠷ ᠴᠡᠮᠴᠡᠭᠡᠷ | ᠢ ᠪᠠᠲᠤᠯᠠᠵᠤ ᠪᠣᠯᠪᠠᠰᠤᠨ ᠢ ᠬᠠᠮᠠᠭᠠᠯᠠᠪᠠᠯ ᠰᠠᠶ᠋ᠢ ᠪᠦᠬᠦ᠋ᠢᠯᠡ ᠬᠤᠳᠠ ᠶᠢᠨ ᠪᠣᠯᠪᠠᠰᠤᠨ ᠤ ᠬᠡᠮᠵᠢᠶ᠎ᠡ ᠶᠢ | ᠳᠡᠭᠡᠭᠰᠢᠯᠡᠭᠦᠯᠵᠦ ᠴᠢᠳᠠᠨ᠎ᠠ ᠭᠡᠳᠡᠭ ᠢ ᠰᠠᠷᠭᠡᠭ ᠢᠶᠠᠷ ᠲᠠᠨᠢᠬᠤ ᠭᠡᠷᠡᠭᠳᠠᠢ ᠭᠡᠵᠡᠢ᠃ | | | | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠣᠯᠪᠠᠰᠤᠨ ᠤ ᠪᠠᠶᠢᠭᠤᠯᠤᠯᠳᠠ ᠶᠢᠨ ᠠᠵᠢᠯ ᠳᠤ ᠤᠷᠲᠤ | ᠬᠤᠭᠤᠴᠠᠭᠠᠨ ᠤ ᠦᠷ᠎ᠡ ᠪᠦᠲᠦᠮᠵᠢ ᠶᠢ ᠠᠳᠬᠤᠨ ᠭᠤᠤᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠬᠦ ᠶᠢᠨ ᠬᠠᠮᠲᠤ ᠠᠵᠢᠯ ᠢ ᠰᠠᠶᠢᠲᠤᠷ ᠬᠢᠵᠦ ᠬᠠᠮᠢᠶᠠᠷᠤᠯᠳᠠ ᠶᠢ ᠨᠠᠷᠢᠯᠢᠭᠵᠢᠭᠤᠯᠬᠤ ᠬᠡᠷᠡᠭᠲᠡᠶ᠃ ᠴᠠᠭ | ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ ᠣᠴᠢᠷ ᠠᠴᠠ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ | ᠣᠶᠤᠨ ᠴᠢᠳᠠᠯ ᠢᠶᠠᠨ ᠲᠥᠪᠯᠡᠷᠡᠭᠦᠯᠦᠨ ᠪᠦᠬᠦ ᠣᠯᠣᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢ | ᠡᠭᠦᠳᠤᠨ ᠪᠠᠶᠢᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠭᠢᠭᠦ ᠭᠡᠷᠡᠭᠳᠠᠢ᠃ ᠰᠢᠯᠭᠠᠨ ᠲᠣᠭᠲᠠᠭᠠᠬᠤ | ᠪᠠᠷᠢᠮᠵᠢᠶ᠎ᠠ ᠶᠢ ᠨᠠᠷᠢᠨ ᠬᠢᠨᠠᠮᠠᠭᠠᠶ ᠰᠤᠳᠤᠯᠤᠨ ᠲᠤᠳᠠᠭᠳᠠᠯ ᠢᠶᠠᠨ ᠨᠥᠬᠦᠪᠥᠷᠢᠯᠡᠵᠦ ᠭᠤᠤᠯᠳᠠᠯᠭ᠎ᠠ ᠲᠠᠢ ᠡᠭᠦᠷᠭᠡ ᠵᠢᠴᠢ | ᠪᠠᠭᠤᠷᠠᠶ ᠲᠠᠯ᠎ᠠ ᠳᠡᠭᠡᠷ᠎ᠡ ᠬᠦᠴᠦᠯᠡᠨ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ᠂ ᠵᠠᠮ ᠬᠠᠷᠢᠯᠴᠠᠭᠠᠨ ᠤ ᠡᠮᠬᠢ | ᠳᠢᠭᠯᠢᠮ᠂ ᠬᠤᠲᠠ ᠶᠢᠨ ᠠᠷᠠᠳ ᠤᠨ ᠦᠢᠯᠡ ᠠᠵᠢᠯᠯᠠᠭ᠎ᠠ ᠵᠡᠷᠭᠡ ᠲᠠᠯ᠎ᠠ ᠳᠤ ᠤᠷᠤᠰᠢᠵᠦ ᠪᠠᠶᠢᠭ᠎ᠠ ᠠᠰᠠᠭᠤᠳᠠᠯ ᠢ | ᠰᠠᠶᠢᠳᠤᠷ ᠰᠢᠢᠳᠪᠤᠷᠢᠯᠡᠬᠦ ᠬᠡᠷᠡᠭᠲᠡᠶ᠃ ᠨᠥᠬᠦᠵᠦ ᠲᠠᠷᠢᠵᠤ ᠣᠶᠢᠵᠢᠭᠤᠯᠬᠤ᠂ ᠴᠢᠬᠢ ᠮᠣᠳᠣ ᠶᠢ ᠵᠠᠰᠠᠵᠤ | ᠬᠠᠶᠢᠴᠢᠯᠠᠬᠤ ᠵᠡᠷᠭᠡ ᠡᠯ᠎ᠡ ᠵᠤᠶᠢᠯ ᠤᠨ ᠠᠵᠢᠯ ᠢ ᠴᠠᠭ ᠲᠤᠬᠠᠶ ᠳᠤᠨᠢ ᠥᠷᠨᠢᠭᠦᠯᠵᠦ ᠴᠢᠬᠤᠯᠠ ᠵᠠᠩᠭᠢᠯᠠᠭ᠎ᠠ ᠶᠢᠨ ᠴᠡᠭ | ᠂ ᠵᠠᠮ ᠤᠨ ᠬᠤᠶᠠᠷ ᠬᠠᠵᠠᠭᠤ ᠶᠢ ᠨᠣᠭᠤᠭᠠᠷᠠᠭᠤᠯᠤᠨ ᠠᠮᠢ ᠠᠬᠤᠶ ᠶᠢ ᠰᠡᠷᠭᠦᠭᠡᠬᠦ ᠶᠢ ᠠᠭᠢᠭᠤᠯᠬᠤ ᠬᠡᠷᠡᠭᠲᠡᠶ᠃ | ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠪᠣᠯᠪᠠᠰᠤᠨ ᠤ ᠤᠷᠢᠶ᠎ᠡ ᠵᠡᠷᠭᠡ ᠶᠢᠨ ᠬᠠᠮᠤᠷᠬᠤ ᠬᠡᠪᠴᠢᠶ᠎ᠡ ᠶᠢ | ᠳᠡᠭᠡᠭᠰᠢᠯᠡᠭᠦᠯᠵᠦ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠤᠬᠠᠭᠤᠯᠭ᠎ᠠ ᠬᠥᠮᠦᠵᠢᠯ ᠢ | ᠭᠦᠨᠵᠡᠭᠡᠶᠢᠷᠡᠭᠦᠯᠬᠦ ᠬᠡᠷᠡᠭᠲᠡᠶ᠃ ᠪᠦᠬᠦ ᠣᠯᠣᠰ ᠤᠨ ᠬᠤᠰᠢᠭᠤ ᠰᠢᠶᠠᠨ ᠤ ᠳᠡᠰ ᠤᠨ ᠪᠤᠯᠪᠠᠰᠤᠨ ᠬᠤᠲᠠ ᠶᠢ | ᠡᠭᠦᠳᠤᠨ ᠪᠠᠶᠢᠭᠤᠯᠬᠤ ᠠᠵᠢᠯ ᠤᠨ ᠬᠠᠮᠲᠤᠷᠠᠯ ᠬᠦᠴᠦᠨ ᠢ ᠨᠢᠭᠳᠠᠷᠠᠭᠤᠯᠵᠤ ᠪᠦᠬᠦ ᠬᠤᠰᠢᠭᠤᠨ ᠤ ᠡᠯ᠎ᠡ ᠱᠠᠲᠤ ᠶᠢ | ᠳᠠᠶᠢᠴᠢᠯᠠᠨ ᠪᠤᠯᠪᠠᠰᠣᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠤᠨ ᠵᠠᠯᠠᠭᠤ | ᠨᠢᠭᠡᠨ ᠦᠶ᠎ᠡ ᠶᠢᠨ ᠬᠢᠨ ᠤ ᠰᠠᠶᠢᠨ ᠳᠤᠷᠠᠴᠤᠳ ᠤᠨ ᠥᠢᠯᠡᠳᠤᠯ ᠢ ᠭᠦᠢᠴᠡᠳ ᠪᠠᠳᠠᠷᠠᠭᠤᠯᠵᠤ ᠰᠠᠶᠢᠨ ᠰᠠᠶᠢᠬᠠᠨ ᠬᠡᠪ | ᠰᠤᠷᠲᠠᠯ ᠢ ᠪᠤᠢ ᠪᠤᠯᠭᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠬᠡᠪ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ | ᠠᠵᠢᠯ ᠢ ᠰᠠᠶᠢᠲᠤᠷ ᠬᠢᠵᠦ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠠᠵᠢᠯ ᠤᠨ ᠬᠠᠷᠢᠭᠤᠴᠠᠯᠭ᠎ᠠ ᠶᠢ ᠪᠤᠳᠠᠶᠢᠵᠢᠭᠤᠯᠬᠤ ᠬᠡᠷᠡᠭᠲᠡᠶ ᠭᠡᠵᠡᠢ᠃ | ᠡᠷᠳᠡᠨᠢᠪᠢᠯᠢᠭ ᠡᠯ᠎ᠡ ᠱᠠᠲᠤᠨ ᠤ ᠺᠠᠳ᠋ᠷ᠂ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ | ᠬᠤᠲᠠ ᠶᠢᠨ ᠠᠷᠠᠳ ᠬᠦᠴᠢᠷ ᠪᠡᠷᠬᠡ ᠠᠴᠠ ᠠᠶᠤᠬᠤ ᠦᠭᠡᠶ ᠵᠣᠷᠢᠭ ᠰᠠᠨᠠᠭ᠎ᠠ ᠪᠠᠨ ᠪᠠᠳᠠᠷᠠᠭᠤᠯᠤᠨ ᠴᠢᠷᠮᠠᠶᠢᠨ | ᠲᠠᠮᠠᠴᠠᠵᠤ ᠤᠷᠭᠢᠯᠤᠮ᠎ᠠ ᠬᠠᠯᠠᠭᠤᠨ ᠰᠡᠳᠬᠢᠯᠬᠡ ᠪᠠᠷ ᠢᠶᠠᠨ ᠪᠤᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠶᠢᠨ | ᠠᠵᠢᠯ ᠢ ᠲᠦᠯᠬᠢᠨ ᠠᠬᠢᠭᠤᠯᠬᠤ ᠶᠢ ᠭᠥᠰᠡᠵᠠᠢ᠃ | | | | | | | | |