7 ᠰᠠᠷ᠎ᠠ ᠶᠢᠨ 31 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠥᠢᠯᠡᠳᠪᠤᠷᠢᠯᠠᠯ ᠤᠨ | ᠵᠥᠪᠯᠡᠯ ᠪᠦᠬᠦ ᠤᠯᠤᠰ ᠤᠨ ᠠᠶᠤᠯᠭᠦᠶ ᠥᠢᠯᠡᠳᠪᠤᠷᠢᠯᠠᠯ ᠤᠨ ᠲᠧᠯᠸᠢᠰ ᠤᠳᠠᠰᠤ ᠬᠤᠷᠠᠯ ᠢ ᠬᠤᠷᠠᠯᠳᠤᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠡᠨᠡ ᠵᠢᠯ ᠠᠴᠠ ᠨᠠᠰᠢ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠭᠡᠴᠢ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠦᠢᠯᠡᠳᠪᠦᠷᠢᠯᠡᠯ ᠢᠶᠠᠨ ᠰᠠᠷᠭᠦᠭᠡᠭᠦ ᠳᠤᠮᠳᠠᠬᠢ ᠠᠮᠤᠷ | ᠲᠦᠪᠰᠢᠨ ᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠨ ᠠᠶᠤᠯᠭᠦᠢ ᠦᠢᠯᠡᠳᠪᠦᠷᠢᠯᠡᠯ ᠤᠨ ᠲᠤᠰᠬᠠᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ ᠠᠶᠤᠯᠭᠦᠶ ᠥᠢᠯᠡᠳᠪᠤᠷᠢᠯᠠᠯ ᠤᠨ ᠪᠠᠶᠢᠳᠠᠯ | ᠦᠷᠭᠦᠯᠵᠢᠯᠡᠨ ᠲᠣᠭᠲᠠᠭᠤᠨ ᠰᠠᠶᠢᠨ ᠪᠠᠶᠢᠳᠠᠯ ᠲᠠᠢ ᠪᠠᠶᠢᠪᠠᠴᠤ ᠮᠥᠨ ᠯᠡ ᠴᠥᠭᠡᠨ ᠪᠤᠰᠤ ᠲᠤᠪᠤᠶᠢᠮ᠎ᠠ ᠠᠰᠠᠭᠤᠳᠠᠯ | ᠪᠠ ᠠᠶᠤᠯ ᠲᠦᠭᠰᠢᠭᠦᠷᠢ ᠶᠢᠨ ᠲᠠᠯᠳᠠ ᠭᠡᠮ ᠣᠷᠣᠰᠢᠵᠤ ᠪᠠᠶᠢᠨ᠎ᠠ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠥᠢᠯᠡᠳᠪᠤᠷᠢᠯᠠᠯ ᠢ | ᠴᠢᠩᠭᠠᠳᠬᠠᠬᠤ ᠲᠤᠬᠠᠶ ᠠᠯᠢ ᠣᠯᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠦ ᠶᠡᠷᠦᠩᠬᠡᠶ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠲᠤᠰᠬᠠᠶ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠤᠨ ᠠᠶᠤᠯᠲᠠᠶ ᠬᠢᠮᠢ ᠶᠢᠨ ᠪᠣᠳᠠᠰ ᠤᠨ ᠵᠠᠮ | ᠲᠡᠭᠡᠭᠡᠪᠦᠷᠢ ᠶᠢᠨ ᠲᠤᠰᠬᠠᠶ ᠵᠠᠰᠠᠯᠲᠠ ᠶᠢ ᠠᠭᠢᠭᠤᠯᠵᠦ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ | ᠪᠦᠬᠦ ᠲᠠᠯ᠎ᠠ ᠪᠠᠷ ᠪᠠᠶᠢᠴᠠᠭᠠᠨ ᠵᠠᠰᠠᠵᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠ ᠠᠳᠡᠯ ᠢ ᠰᠢᠢᠳᠪᠤᠷᠢᠯᠠᠨ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠶ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠠᠶᠤᠯᠭᠦᠶ ᠦᠢᠯᠡᠳᠪᠦᠷᠢᠯᠡᠯ ᠤᠨ ᠲᠥᠯᠥᠪᠵᠢᠭᠦᠯᠭᠡ ᠪᠠ ᠬᠠᠤᠯᠢ ᠲᠤᠭᠳᠠᠭᠠᠯ ᠳᠦᠷᠢᠮ ᠤᠨ | ᠪᠠᠶᠢᠭᠤᠯᠤᠯᠲᠠ ᠶᠢ ᠴᠢᠩᠭᠠᠳᠬᠠᠵᠤ ᠠᠶᠤᠯᠭᠦᠶ ᠦᠢᠯᠡᠳᠪᠤᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠵᠤ ᠠᠶᠤᠯᠭᠦᠢ ᠶᠢᠨ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠲᠡᠭᠡᠭᠰᠢᠯᠠᠭᠦᠯᠭᠦ ᠭᠡᠷᠡᠭᠳᠠᠢ᠃ | ᠣᠳᠣᠬᠠᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠠᠶᠤᠯᠬᠦᠢ ᠦᠢᠯᠡᠳᠪᠦᠷᠢᠯᠡᠯ ᠤᠨ ᠠᠵᠢᠯ ᠢ | ᠨᠢᠭᠡᠳᠤᠯᠳᠠᠢ ᠲᠥᠯᠥᠪᠯᠡᠨ ᠰᠠᠶᠢᠲᠤᠷ ᠬᠢᠵᠦ ᠣᠨᠴᠠ ᠶᠡᠭᠡ ᠠᠳᠡᠯ ᠭᠠᠷᠬᠤ ᠶᠢ ᠬᠤᠷᠢᠭᠯᠠᠨ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠤᠷᠢᠳᠤ ᠢᠯᠠᠯᠲᠠ ᠶᠢ ᠣᠯᠬᠤ ᠳᠤ ᠠᠮᠤᠷ ᠲᠥᠪᠰᠢᠨ ᠲᠣᠭᠲᠠᠭᠤᠨ | ᠣᠷᠴᠢᠨ ᠢ ᠪᠤᠢ ᠪᠣᠯᠭᠠᠬᠤ ᠬᠡᠷᠡᠭᠲᠡᠶ ᠭᠡᠵᠡᠢ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠥᠩ ᠯᠢᠨ᠂ ᠬᠤᠰᠢᠭᠤ | ᠤᠳᠤᠷᠢᠳᠤᠯᠭ᠎ᠠ ᠭᠤᠤ ᠬᠤ᠋᠂ ᠵᠧᠦ ᠱᠤᠸᠠᠢ ᠵᠢᠴᠢ ᠡᠯ᠎ᠡ ᠰᠤᠮᠤ ᠪᠠᠯᠭᠠᠰᠤ᠂ ᠬᠦᠷᠢᠶᠡᠯᠡᠩ ᠲᠣᠭᠤᠷᠢᠭ ᠪᠠ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ | ᠬᠤᠷᠠᠯ ᠳᠤ ᠣᠷᠣᠯᠴᠠᠪᠠ᠃ |