7 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ | ᠹᠸᠢ ᠯᠦ ᠦᠷᠡᠭᠳᠡᠭᠰᠡᠨ ᠪᠠᠭᠠᠳᠤᠷ ᠤᠨ ᠦᠷ᠎ᠡ ᠬᠡᠤᠬᠡᠳ ᠯᠢ ᠶᠢᠩ ᠹᠠ᠂ ᠴᠡᠷᠢᠭ ᠠᠴᠠ ᠬᠠᠯᠠᠭᠳᠠᠭᠰᠠᠨ ᠼᠤᠤ ᠭᠦᠸᠧ | ᠸᠠᠨ ᠢ ᠪᠣᠯᠭᠤᠭᠠᠨ ᠲᠣᠬᠤᠨᠢᠭᠤᠯᠵᠤ ᠲᠡᠳᠡᠨ ᠳᠤ ᠲᠣᠬᠤᠨᠢᠭᠤᠯᠬᠤ ᠮᠥᠩᠭᠦ ᠭᠥᠷᠭᠡᠭᠰᠠᠨ ᠤ ᠬᠠᠮᠳᠤ ︽8·1︾ ᠤ | ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠮᠠᠨᠳᠤ ᠳᠡᠪᠰᠢᠭᠦᠯᠵᠦ ᠨᠠᠮ ᠤᠨ ᠬᠤᠪᠢᠰᠬᠠᠯ ᠤᠨ ᠥᠢᠯᠡᠰ | ᠪᠣᠯᠤᠨ ᠤᠯᠤᠰ ᠣᠷᠣᠨ ᠤ ᠪᠦᠲᠦᠭᠡᠨ ᠪᠠᠶᠢᠭᠤᠯᠤᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠳᠤ | ᠲᠠᠯᠠᠷᠬᠠᠯ ᠲᠠᠪᠰᠢᠭᠦᠯᠥᠭᠰᠠᠨ ᠪᠠᠶᠢᠨ᠎ᠠ᠃ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠭᠠᠯᠠᠭᠤᠲᠤ ᠪᠠᠯᠭᠠᠰᠤᠨ ᠤ ᠬᠠᠷᠢᠭᠤᠴᠠᠯᠭᠠᠲᠠᠨ ᠲᠤᠬᠤᠨᠢᠭᠤᠯᠭ᠎ᠠ | ᠳᠤ ᠣᠷᠣᠯᠴᠠᠵᠠᠶ᠃ | ᠦᠷᠡᠭᠳᠡᠭᠰᠡᠨ ᠪᠠᠭᠠᠲᠤᠷ ᠤᠨ ᠦᠷ᠎ᠡ ᠬᠡᠦᠬᠡᠳ ᠯᠢ ᠶᠢᠩ ᠹᠠ ᠶᠢᠨ ᠭᠡᠷ ᠲᠤ ᠵᠤᠤ ᠹᠸᠢ ᠯᠦ ᠲᠠᠳᠠᠨ ᠤ ᠭᠡᠷ | ᠪᠦᠯᠢ᠂ ᠠᠮᠢᠳᠤᠷᠠᠯ ᠪᠣᠯᠤᠨ ᠡᠷᠡᠭᠦᠯ ᠮᠠᠨᠳᠤ ᠶᠢᠨ ᠪᠠᠶᠢᠳᠠᠯ ᠢ ᠨᠠᠷᠢᠨ ᠤᠶᠢᠯᠠᠭᠠᠨ ᠨᠠᠮ ᠵᠠᠰᠠᠭ ᠤᠨ ᠬᠠᠯᠠᠮᠵᠢᠯᠠᠯ ᠢ | ᠭᠥᠷᠭᠡᠵᠤ ᠲᠡᠳᠡᠨ ᠤ ᠤᠯᠤᠰ ᠣᠷᠣᠨ ᠪᠣᠯᠤᠨ ᠠᠷᠠᠳ ᠲᠦᠮᠡᠨ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ | ᠪᠠᠶᠢᠬᠤ ᠪᠠᠨ ᠢᠯᠠᠳᠭᠡᠭᠦ ᠶᠢᠨ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠦᠷᠭᠦᠯᠵᠢᠯᠡᠨ | ᠪᠠᠳᠠᠷᠠᠭᠤᠯᠤᠨ ᠢᠳᠡᠪᠬᠢ ᠬᠦᠴᠦᠨ ᠢ ᠳᠠᠮᠵᠢᠭᠤᠯᠬᠤ ᠶᠢ ᠭᠥᠰᠡᠭᠰᠠᠨ ᠪᠠᠶᠢᠨ᠎ᠠ᠃ | | | | | | | ᠴᠡᠷᠢᠭ ᠠᠴᠠ ᠬᠠᠯᠠᠭᠳᠠᠭᠰᠠᠨ ᠼᠤᠤ ᠭᠦᠸᠧ ᠸᠠᠨ ᠤ ᠭᠡᠷ ᠲᠤ ᠵᠣᠣ ᠹᠸᠢ ᠯᠦ ᠲᠠᠭᠦᠨ ᠤ ᠪᠠᠶ᠎ᠠ ᠶᠢᠨ ᠪᠠᠶᠢᠳᠠᠯ | ᠪᠣᠯᠤᠨ ᠠᠮᠢᠳᠤᠷᠠᠯ ᠳᠤ ᠲᠤᠯᠭᠠᠷᠠᠭᠰᠠᠨ ᠬᠦᠴᠢᠷᠳᠡᠯ ᠢ ᠤᠶᠢᠯᠠᠭᠠᠨ ᠰᠠᠳᠭᠢᠯ ᠰᠠᠨᠠᠭ᠎ᠠ ᠪᠠᠨ ᠪᠠᠶᠠᠰᠤᠩᠭᠤᠶ ᠪᠠᠶᠢᠯᠭᠠᠨ | ᠪᠡᠶ᠎ᠡ ᠪᠠᠨ ᠰᠠᠶᠢᠨ ᠰᠤᠪᠢᠯᠠᠵᠤ ᠥᠲᠡᠯᠦᠭᠡ ᠨᠠᠰᠤᠨ ᠤ ᠵᠤᠯ ᠵᠢᠷᠭᠠᠯ ᠢ ᠡᠳ᠋ᠯᠠᠭᠦ ᠶᠢ ᠵᠤᠷᠢᠭᠵᠢᠭᠤᠯᠤᠭᠰᠠᠨ ᠤ ᠬᠠᠮᠳᠤ | ᠲᠡᠭᠦᠨ ᠤ ᠭᠡᠷ ᠤᠨ ᠬᠥᠮᠦᠰ ᠢ ᠨᠠᠰᠤᠲᠠᠨ ᠤ ᠠᠮᠢᠳᠤᠷᠠᠯ ᠢ ᠢᠯᠠᠭᠦᠭᠡᠨ ᠬᠠᠯᠠᠮᠵᠢᠯᠠᠨ ᠲᠤᠯᠭᠠᠷᠠᠵᠤ ᠪᠠᠶᠢᠭ᠎ᠠ ᠭᠥᠴᠢᠷᠳᠠᠯ | ᠢ ᠬᠤᠯᠪᠤᠭᠳᠠᠯ ᠪᠥᠭᠦᠢ ᠰᠠᠯᠠᠭ᠎ᠠ ᠮᠥᠴᠢᠷ ᠪᠤᠯᠤᠨ ᠨᠠᠶᠢᠭᠡᠮ ᠲᠤᠭᠤᠷᠢᠭ ᠲᠤ ᠲᠤᠰᠬᠠᠵᠤ ᠪᠠᠶᠢᠬᠤ ᠶᠢ ᠰᠠᠨᠠᠭᠠᠤᠯᠵᠠᠢ᠃ | | | | | | | | ᠲᠣᠬᠤᠨᠢᠭᠤᠯᠬᠤ ᠬᠤᠭᠤᠴᠠᠭᠠᠨ ᠳᠤ ᠵᠤᠤ ᠹᠸᠢ ᠯᠦ ᠦᠷᠡᠭᠳᠡᠭᠰᠡᠨ ᠪᠠᠭᠠᠲᠤᠷᠴᠤᠳ ᠪᠣᠯᠤᠨ ᠠᠬᠠᠮᠠᠳ | ᠪᠠᠶᠢᠯᠳᠤᠭᠴᠢᠳ ᠲᠤ ᠡᠷᠬᠢᠮ ᠳᠡᠭᠡᠳᠦ ᠬᠦᠨᠳᠦᠳᠬᠡᠯ ᠲᠠᠪᠰᠢᠭᠦᠯᠤᠨ ᠳᠣᠲᠣᠨᠣ ᠪᠠᠷ ᠶᠠᠷᠢᠯᠴᠠᠭᠰᠠᠨ ᠪᠥᠭᠡᠳ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶᠠᠨ ᠤ ᠬᠢᠨ ᠢ ᠨᠠᠰᠤᠲᠠᠶᠢᠴᠤᠳ ᠤᠨ ᠠᠮᠢᠳᠤᠷᠠᠯ ᠪᠣᠯᠤᠨ | ᠪᠡᠶ᠎ᠡ ᠰᠡᠳᠬᠢᠯ ᠤᠨ ᠡᠷᠡᠭᠦᠯ ᠮᠡᠨᠳᠦ ᠶᠢ ᠢᠯᠡᠭᠦᠬᠡᠨ ᠠᠩᠬᠠᠷᠤᠨ ᠬᠠᠯᠠᠮᠵᠢᠯᠠᠵᠤ ᠡᠯ᠎ᠡ ᠲᠥᠷᠤᠯ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ ᠲᠡᠳᠡᠨ ᠤ ᠠᠮᠢᠳᠤᠷᠠᠯ ᠳᠤ ᠲᠤᠯᠭᠠᠷᠠᠭᠰᠠᠨ | ᠬᠦᠴᠢᠷᠳᠡᠯ ᠢ ᠴᠢᠷᠮᠠᠶᠢᠨ ᠰᠢᠢᠳᠪᠤᠷᠢᠯᠠᠵᠤ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ ᠥᠩᠭᠡᠷᠡᠭᠦᠯᠭᠦ ᠶᠢ | ᠰᠠᠨᠠᠭᠤᠯᠵᠠᠢ᠃ ᠨᠠᠰᠤᠳᠠᠳ ᠨᠠᠮ ᠵᠠᠰᠠᠭ ᠤᠨ ᠬᠠᠶᠢᠷ᠎ᠠ ᠬᠠᠯᠠᠮᠵᠢᠯᠠᠯ ᠳᠤ ᠴᠢᠩ ᠰᠡᠳᠬᠢᠯ ᠠᠴᠠ ᠪᠠᠨ ᠲᠠᠯᠠᠷᠬᠠᠵᠤ | ᠪᠠᠶᠢᠬᠤ ᠪᠠᠨ ᠢᠯᠠᠳᠭᠡᠨ ᠣᠷᠣᠨ ᠨᠤᠲᠤᠭ ᠤᠨ ᠡᠯ᠎ᠡ ᠲᠥᠷᠤᠯ ᠤᠨ ᠠᠵᠢᠯ ᠥᠢᠯᠡᠰ ᠤᠨ ᠬᠥᠭᠵᠢᠯᠲᠡ ᠳᠤ | ᠦᠷᠭᠦᠯᠵᠢᠯᠡᠨ ᠬᠤᠪᠢ ᠨᠠᠮᠠᠷᠢ ᠪᠠᠨ ᠡᠷᠭᠦᠨ᠎ᠠ ᠭᠡᠵᠦ ᠢᠯᠡᠷᠬᠡᠶᠢᠯᠡᠵᠡᠶ᠃ |