ᠳᠣᠯᠣᠳᠣᠭᠠᠷ ᠣᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠲᠧᠯᠸᠢᠰ ᠣᠳᠠᠰᠣ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-08-05
     7 ᠰᠠᠷ᠎ᠠ ᠶᠢᠨ 29 ᠤ ᠡᠳᠦᠷ᠂ ᠳᠣᠯᠣᠳᠣᠭᠠᠷ ᠣᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠲᠧᠯᠸᠢᠰ ᠣᠳᠠᠰᠣ ᠬᠤᠷᠠᠯ ᠬᠤᠷᠠᠯᠳᠣᠭᠤᠯᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠠᠭᠤᠯᠠ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠪᠠ᠃
     ᠬᠤᠷᠠᠯ ᠠᠴᠠ ᠵᠢᠭᠠᠬᠤ ᠳᠠᠭᠠᠨ᠂ ᠳᠣᠯᠣᠳᠣᠭᠠᠷ ᠣᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢ ᠬᠢᠬᠦ ᠨᠢ ᠰᠢᠨ᠎ᠡ ᠬᠦᠭᠵᠢᠯᠳᠡ ᠶᠢᠨ ᠣᠨᠣᠯ ᠢ ᠲᠤᠭᠤᠰᠢᠯᠠᠭᠤᠯᠬᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠴᠢᠬᠤᠯᠠ ᠶᠡᠭᠡ ᠠᠴᠢ ᠬᠤᠯᠪᠣᠭᠳᠠᠯ ᠲᠠᠢ ᠶᠣᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠵᠦ ᠨᠠᠮ ᠤᠨ ᠳᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶᠠᠨ ᠤ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠬᠢᠨᠠᠮᠠᠭᠠᠢ ᠲᠤᠭᠤᠰᠢᠯᠠᠭᠤᠯᠤᠨ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠳᠣᠳᠠᠢ ᠬᠢᠵᠦ ᠪᠦᠬᠦ ᠣᠯᠣᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠡᠬᠦᠷᠭᠡ ᠶᠢ ᠴᠢᠨᠠᠷ ᠰᠠᠶᠢᠳᠠᠢ ᠪᠡᠶᠡᠯᠡᠬᠦᠯᠬᠦ ᠶᠢ ᠪᠠᠳᠣᠯᠠᠬᠤ ᠬᠡᠷᠡᠭᠲᠡᠢ ᠬᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠡᠶᠢᠳᠡᠮ ᠪᠠᠶᠢᠴᠠᠭᠠᠯᠳᠠ ᠶᠢᠨ ᠳᠦᠰᠦᠪ ᠢ ᠴᠢᠩᠭ᠎ᠠ ᠬᠡᠷᠡᠭᠵᠢᠬᠦᠯᠵᠦ ᠳᠤᠭ᠎ᠠ ᠮᠠᠭᠠᠳ ᠢ ᠡᠯᠧᠺᠲᠷᠣᠨ ᠢᠶᠠᠷ ᠴᠣᠭᠯᠠᠭᠤᠯᠵᠦ ᠵᠠᠰᠠᠭ ᠵᠠᠬᠢᠷᠭᠠᠨ ᠤ ᠳᠡᠮᠳᠡᠭᠯᠡᠯ ᠤᠨ ᠳᠤᠭ᠎ᠠ ᠪᠠᠷᠢᠮᠳᠠ ᠶᠢ ᠪᠦᠲᠦᠮᠵᠢᠲᠡᠢ ᠠᠰᠢᠭᠯᠠᠨ ᠳᠣᠬᠠᠢ ᠶᠢᠨ ᠳᠠᠯᠠᠪᠠᠢ ᠶᠢᠨ ᠳᠠᠩᠰᠠᠯᠠᠯ ᠢ ᠬᠢᠨᠠᠮᠠᠭᠠᠢ ᠵᠣᠬᠢᠶᠠᠨ ᠪᠠᠶᠢᠭᠤᠯᠵᠦ ᠨᠡᠶᠢᠳᠡᠮ ᠪᠠᠶᠢᠴᠠᠭᠠᠯᠳᠠ ᠶᠢᠨ ᠳᠤᠭ᠎ᠠ ᠪᠠᠷᠢᠮᠳᠠ ᠶᠢᠨ ᠦᠨᠡᠨ ᠪᠣᠳᠠᠳᠠᠢ ᠣᠨᠣᠪᠴᠢᠲᠠᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠳᠣᠯᠠᠬᠤ ᠬᠡᠷᠡᠭᠲᠡᠢ᠃ ᠬᠠᠣᠯᠢ ᠶᠣᠰᠣᠭᠠᠷ ᠨᠡᠶᠢᠳᠡᠮ ᠪᠠᠶᠢᠴᠠᠭᠠᠯᠳᠠ ᠬᠢᠬᠦ ᠶᠢ ᠴᠢᠩᠭᠠᠷᠠᠭᠤᠯᠵᠦ ᠨᠡᠶᠢᠳᠡᠮ ᠪᠠᠶᠢᠴᠠᠭᠠᠯᠳᠠ ᠶᠢᠨ ᠳᠤᠭ᠎ᠠ ᠪᠠᠷᠢᠮᠳᠠ ᠳᠤ ᠭᠠᠷ ᠳᠦᠷᠦᠬᠦ ᠡᠯ᠎ᠡ ᠵᠦᠢᠯ ᠤᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠦ ᠨᠡᠶᠢᠳᠡᠮ ᠪᠠᠶᠢᠴᠠᠭᠠᠭᠳᠠᠬᠤ ᠡᠳᠡᠭᠡᠳ ᠤᠨ ᠬᠤᠪᠢ ᠬᠦᠮᠦᠨ ᠤ ᠮᠡᠳᠡᠭᠡ ᠵᠠᠩᠬᠢ ᠶᠢ ᠴᠢᠩᠭ᠎ᠠ ᠬᠠᠮᠠᠭᠠᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠳᠠ ᠶᠢᠨ ᠣᠬᠠᠭᠤᠯᠭ᠎ᠠ ᠶᠢ ᠰᠠᠶᠢᠳᠣᠷ ᠬᠢᠵᠦ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠵᠣᠷᠢᠯᠭ᠎ᠠ᠂ ᠠᠴᠢ ᠬᠤᠯᠪᠣᠭᠳᠠᠯ ᠪᠠ ᠦᠢᠯᠡᠳᠦᠯ ᠢ ᠬᠦᠮᠦᠨ ᠪᠦᠬᠦᠨ ᠳᠤ ᠣᠶᠢᠯᠠᠭᠠᠭᠤᠯᠬᠤ ᠬᠡᠷᠡᠭᠲᠡᠢ᠃ ᠪᠦᠬᠦ ᠣᠯᠣᠰ ᠤᠨ ᠨᠢᠬᠡᠳᠦᠯᠳᠡᠢ ᠣᠳᠣᠷᠢᠳᠣᠯᠭ᠎ᠠ ᠶᠣᠰᠣᠭᠠᠷ ᠰᠠᠯᠠᠭ᠎ᠠ ᠮᠦᠴᠢᠷ ᠠᠵᠢᠯ ᠬᠤᠪᠢᠶᠠᠨ ᠬᠠᠮᠵᠢᠯᠴᠠᠵᠦ ᠣᠷᠣᠨ ᠨᠣᠳᠤᠭ ᠤᠨ ᠬᠢᠨ ᠱᠠᠳᠣ ᠬᠤᠪᠢᠶᠠᠨ ᠬᠠᠷᠢᠭᠤᠴᠠᠨ ᠡᠯ᠎ᠡ ᠳᠠᠯ᠎ᠠ ᠶᠢᠨ ᠬᠢᠨ ᠬᠠᠮᠲᠣ  ᠪᠠᠷ ᠣᠷᠣᠯᠴᠠᠵᠦ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠣᠷᠣᠭᠰᠢᠳᠠᠢ ᠶᠠᠪᠣᠭᠳᠠᠬᠤ ᠶᠢ ᠠᠬᠢᠭᠤᠯᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号