ᠬᠤᠰᠢᠭᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ 2020 ᠣᠨ ᠤ ᠠᠩᠬᠠᠳᠤᠭᠠᠷ ᠤᠳᠠᠭᠠᠨ ᠤ ᠪᠦᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/1
       8 ᠰᠠᠷ᠎ᠠ ᠶᠢᠨ 25 ᠤ ᠡᠳᠦᠷ᠂ ᠬᠤᠰᠢᠭᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ 2020 ᠣᠨ ᠤ ᠠᠩᠬᠠᠳᠤᠭᠠᠷ ᠤᠳᠠᠭᠠᠨ ᠤ ᠪᠦᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ᠃ ᠬᠤᠷᠠᠯ ᠠᠴᠠ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠪᠦᠭᠦᠳᠡ ᠬᠤᠷᠠᠯᠳᠤᠭᠠᠨ ᠪᠣᠯᠣᠨ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ 2020 ᠣᠨ ᠤ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠦᠢ ᠰᠢᠨ ᠹᠠᠩ ᠤᠨ ᠪᠦᠬᠦ ᠬᠤᠲᠠ ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠲᠣᠮᠵᠢ︶ ᠶᠢᠨ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠳ ᠤᠨ ᠤᠯᠤᠰ ᠲᠦᠷᠦ ᠶᠢᠨ ᠡᠭᠡᠯᠵᠢᠯᠠᠨ ᠪᠤᠯᠪᠠᠰᠤᠷᠠᠭᠤᠯᠬᠤ ᠵᠢᠴᠢ ᠲᠤᠰᠢᠶᠠᠯ ᠡᠭᠦᠷᠭᠡᠯᠡᠬᠦ ᠪᠤᠯᠪᠠᠰᠤᠷᠠᠯ ᠳᠡᠭᠡᠷᠡᠬᠢ ᠶᠠᠷᠢᠶ᠎ᠠ ᠪᠣᠯᠣᠨ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠡᠯ᠎ᠡ ᠰᠤᠮᠤ ᠪᠠᠯᠭᠠᠰᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠪᠠᠶᠢᠭᠤᠯᠭ᠎ᠠ ᠶᠢᠨ 2020 ᠣᠨ ᠤ 1 ᠠᠴᠠ 8 ᠳ᠋ᠤᠭᠠᠷ ᠰᠠᠷ᠎ᠠ ᠶᠢᠨ ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠤᠨᠤᠰᠬᠤ ᠶᠢᠨ ᠬᠠᠮᠲᠦ ᠤᠳᠤᠬᠠᠨ ᠪᠣᠯᠣᠨ ᠬᠤᠶᠢᠰᠢᠲᠠ ᠶᠢᠨ ᠨᠢᠭᠡ ᠬᠤᠭᠤᠴᠠᠭᠠᠨ ᠤ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠪᠣᠯᠤᠨ ᠬᠠᠷ᠎ᠠ ᠪᠦᠯᠥᠭᠲᠡᠨ ᠬᠠᠷᠭᠢᠰ ᠬᠦᠴᠦᠨ ᠢ ᠠᠷᠢᠯᠭᠠᠬᠤ ᠳᠤᠰᠬᠠᠢ ᠲᠡᠮᠡᠴᠡᠯ ᠤᠨ ᠠᠵᠢᠯ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠬᠤᠷᠠᠯ ᠳᠤ ᠣᠷᠣᠯᠴᠠᠬᠤ ᠶᠢᠨ ᠬᠠᠮᠲᠦ ᠶᠠᠷᠢᠶ᠎ᠠ ᠲᠠᠯᠪᠢᠪᠠ᠂ ᠬᠤᠰᠢᠭᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠬᠤᠰᠢᠭᠤ ᠠᠷᠠᠳ ᠤᠨ ᠰᠢᠭᠦᠭᠦ ᠬᠤᠷᠢᠶᠠᠨ ᠤ ᠨᠠᠮ ᠤᠨ ᠳᠤᠭᠤᠶᠢᠯᠠᠩ ᠤᠨ ᠱᠦᠵᠢ ᠬᠤᠷᠢᠶᠠᠨ ᠳᠠᠷᠤᠭ᠎ᠠ ᠰᠦᠨ ᠰᠢᠶᠤᠤ ᠴᠢᠶᠠᠩ᠂ ᠬᠤᠰᠢᠭᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠽᠦᠸᠧ ᠴᠧᠨ ᠭᠤᠸᠠᠩ ᠬᠤᠷᠠᠯ ᠳᠤ ᠣᠷᠣᠯᠴᠠᠵᠤ ᠬᠤᠰᠢᠭᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠤᠳᠤᠷᠢᠳᠬᠤ ᠪᠠᠭ‌‍ᠤᠨ ᠪᠦᠷᠢᠯᠳᠦᠭᠦᠨ᠂ ᠬᠤᠰᠢᠭᠤ ᠲᠣᠲᠣᠭᠠᠳᠦ ᠶᠢ ᠬᠠᠮᠠᠭᠠᠯᠠᠬᠤ ᠳᠣᠪᠴᠢᠶ᠎ᠠ᠂ ᠰᠢᠭᠦᠭᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠵᠢᠴᠢ ᠬᠤᠰᠢᠭᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠲᠤᠲᠤᠭᠠᠲᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠵᠠᠩ ᡁᠢ ᠰᠢᠦ᠋ᠩ ᠵᠢᠭᠠᠬᠤ ᠳᠠᠭᠠᠨ᠂ ᠡᠯ᠎ᠡ ᠰᠤᠮᠤ ᠪᠠᠯᠭᠠᠰᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠪᠠᠶᠢᠭᠤᠯᠭ᠎ᠠ ᠶᠢᠨ ᠬᠢᠨ ᠡᠷᠬᠡᠪᠰᠢ ᠤᠳᠤᠬᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠤᠨᠤᠪᠴᠢᠲᠠᠢ ᠡᠵᠡᠮᠰᠢᠬᠦ ᠬᠡᠷᠡᠭᠲᠡᠢ᠃ ᠨᠡᠶᠢᠲᠡᠯᠡᠨ ᠬᠡᠷᠡᠭᠵᠢᠭᠦᠯᠬᠦ ᠪᠠᠷ ᠪᠠᠶᠢᠭ᠎ᠠ ︽ᠢᠷᠭᠡᠨ ᠤ ᠬᠠᠤᠯᠢ ᠶᠢᠨ ᠪᠢᠴᠢᠭ︾ ᠢ ᠬᠦᠨᠵᠡᠭᠡᠢ ᠲᠠᠨᠢᠵᠤ ᠪᠦᠬᠦ ᠲᠠᠯ᠎ᠠ ᠪᠠᠷ ᠡᠵᠡᠮᠰᠢᠨ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠤ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠲᠠᠪᠤᠷᠢᠵᠢᠭᠤᠯᠤᠨ ᠠᠵᠤ ᠠᠬᠤᠢ ᠨᠡᠶᠢᠬᠡᠮ ᠤᠨ ᠬᠥᠭᠵᠢᠯᠲᠡ ᠶᠢ ᠪᠠᠲᠤᠯᠠᠬᠤ ᠳᠣᠳᠣᠭᠠᠲᠦ ᠱᠠᠭᠠᠷᠳᠠᠯᠭ᠎ᠠ ᠳᠤ ᠦᠢᠯᠡᠴᠢᠯᠡᠵᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠦ ᠰᠡᠳᠬᠢᠯᠭᠡ᠂ ᠪᠠᠴᠢᠮ ᠲᠤᠯᠭᠠᠮ ᠰᠡᠳᠬᠢᠯᠭᠡ ᠶᠢ ᠴᠢᠩᠭᠠᠳᠬᠠᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ ᠭᠡᠪᠡ᠃      ᠵᠠᠩ ᡁᠢ ᠰᠢᠦ᠋ᠩ ᠴᠢᠬᠤᠯᠠᠴᠢᠯᠠᠬᠤ ᠳᠠᠭᠠᠨ᠂ ᠡᠯ᠎ᠡ ᠰᠤᠮᠤ ᠪᠠᠯᠭᠠᠰᠦ ᠶᠢᠨ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠪᠦᠬᠦ ᠬᠤᠲᠠ ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠲᠣᠮᠵᠢ︶ ᠶᠢᠨ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠳ ᠤᠨ ᠤᠯᠤᠰ ᠲᠦᠷᠦ ᠶᠢᠨ ᠡᠭᠡᠯᠵᠢᠯᠠᠨ ᠪᠤᠯᠪᠠᠰᠤᠷᠠᠭᠤᠯᠬᠤ ᠵᠢᠴᠢ ᠲᠤᠰᠢᠶᠠᠯ ᠡᠭᠦᠷᠭᠡᠯᠡᠬᠦ ᠪᠤᠯᠪᠠᠰᠤᠷᠠᠯ ᠢᠶᠠᠷ ᠲᠣᠬᠢᠶᠠᠯ ᠪᠣᠯᠭᠠᠵᠤ ᠤᠯᠤᠰ ᠲᠦᠷᠦ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ ᠵᠦᠪ ᠴᠢᠭᠯᠡᠯᠲᠡ ᠶᠢ ᠪᠠᠲᠦ ᠪᠠᠷᠢᠮᠲᠠᠯᠠᠨ ᠨᠠᠮ ᠠᠴᠠ ᠤᠯᠤᠰ ᠲᠦᠷᠦ ᠬᠠᠤᠯᠢ ᠴᠠᠭᠠᠵᠠ ᠶᠢᠨ ᠠᠵᠢᠯ  ᠳᠠᠬᠢ ᠤᠳᠤᠷᠢᠳᠤᠯᠭ᠎ᠠ ᠶᠢ ᠡᠯ᠎ᠡ ᠲᠠᠯ᠎ᠠ ᠶᠢᠨ ᠠᠵᠢᠯ ᠤᠨ ᠪᠦᠬᠦ ᠶᠠᠪᠤᠴᠠ ᠳᠤ ᠨᠠᠶᠢᠲᠠᠪᠤᠷᠢᠵᠢᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠦ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠪᠠᠶᠢᠭᠤᠯᠭ᠎ᠠ ᠶᠢᠨ ᠬᠢᠨ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠡᠭᠦᠷᠭᠡ ᠬᠠᠷᠠᠯᠲᠠ ᠶᠢᠨ ᠲᠣᠭᠤᠷᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠩᠭᠤᠵᠢᠭᠰᠠᠨ ᠪᠠᠶᠢᠳᠠᠯ ᠳᠤ ᠵᠣᠬᠢᠴᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠬᠠᠷ᠎ᠠ ᠪᠥᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ᠂ ᠵᠦᠷᠢᠴᠡᠯ ᠳᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠬᠤᠲᠠ ᠶᠢᠨ ᠬᠡᠪᠴᠢᠶᠡᠨ ᠤ ᠨᠡᠶᠢᠬᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠵᠡᠷᠭᠡ ᠡᠯ᠎ᠡ ᠲᠦᠷᠦᠯ ᠤᠨ ᠭᠤᠤᠯᠳᠠᠯᠭ᠎ᠠ ᠲᠠᠢ ᠠᠵᠢᠯ ᠢ ᠭᠦᠨᠵᠡᠭᠡᠢ ᠠᠬᠢᠭᠤᠯᠵᠤ ᠪᠥᠯᠬᠦᠮᠳᠡᠨ ᠨᠢᠭᠲᠠᠷᠠᠵᠤ ᠬᠠᠮᠲᠤᠪᠠᠷ ᠬᠥᠭᠵᠢᠨ ᠨᠡᠩ ᠪᠦᠲᠦᠮᠵᠢᠲᠠᠢ ᠪᠠᠷ ᠶᠡᠭᠡ ᠪᠠᠶᠢᠳᠠᠯ ᠳᠤ ᠦᠢᠯᠡᠴᠢᠯᠡᠵᠤ ᠤᠯᠤᠰ ᠲᠦᠷᠦ ᠬᠠᠤᠯᠢ ᠴᠠᠭᠠᠵᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠦᠲᠦᠮᠵᠢ ᠶᠢ ᠡᠭᠦᠳᠬᠦ ᠪᠠᠷ ᠴᠢᠷᠮᠠᠶᠢᠬᠤ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号