ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠦᠨᠳᠦᠰᠦᠲᠡᠨ ᠤ ᠰᠤᠷᠭᠠᠨ ᠬᠦᠮᠦᠵᠢᠯ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/9/1
     8 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠦ ᠰᠤᠷᠭᠠᠭᠤᠯᠢ ᠶᠢᠨ ᠰᠢᠨ᠎ᠡ ᠪᠠᠶᠢᠷᠢᠰᠢᠯ ᠤᠨ ᠪᠠᠷᠢᠯᠭ᠎ᠠ ᠶᠢᠨ ᠲᠠᠯᠠᠪᠤᠷ ᠪᠣᠯᠣᠨ ᠬᠤᠰᠢᠭᠤ ᠮᠣᠩᠭᠤᠯ ᠦᠨᠳᠦᠰᠦᠲᠡᠨ ᠤ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠤ ᠴᠢᠬᠤᠯᠠᠴᠢᠯᠠᠬᠤ ᠳᠤ ᠪᠠᠨ ᠂ ᠰᠤᠷᠭᠠᠨ ᠬᠦᠮᠦᠵᠢᠯ ᠪᠣᠯ ᠠᠷᠠᠳ ᠤᠨ ᠠᠮᠢᠳᠤᠷᠠᠯ ᠤᠨ ᠶᠡᠭᠡ ᠪᠣᠳᠣᠯᠭ᠎ᠠ ᠪᠣᠯᠬᠤ ᠶᠤᠮ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠦᠨᠳᠦᠷ ᠪᠠᠷᠢᠮᠵᠢᠶ᠎ᠠ ᠦᠨᠳᠦᠷ ᠶᠠᠰᠦ ᠴᠢᠨᠠᠷ  ᠲᠠᠢ ᠪᠠᠷ ᠰᠢᠨ᠎ᠡ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠪᠣᠯᠣᠨ ᠦᠨᠳᠦᠰᠦᠲᠡᠨ ᠤ ᠰᠤᠷᠭᠠᠨ ᠬᠦᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠠᠢ ᠬᠥᠭᠵᠢᠯᠲᠡ ᠶᠢ ᠠᠬᠢᠭᠤᠯᠵᠤ ᠠᠷᠠᠳ ᠲᠥᠮᠡᠨ ᠬᠠᠨᠤᠮᠵᠢᠲᠠᠢ ᠰᠤᠷᠭᠠᠨ ᠬᠦᠮᠦᠵᠢᠯ ᠢ ᠡᠷᠬᠢᠯᠡᠬᠦ ᠬᠡᠷᠡᠭᠲᠡᠢ ᠭᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠳᠡᠳ᠋ ᠳᠠᠷᠤᠭ᠎ᠠ ᠵᠸᠦ ᠱᠤᠸᠠᠢ᠂ ᠰᠤᠷᠭᠠᠨ ᠬᠦᠮᠦᠵᠢᠯ ᠪᠠ ᠪᠡᠶ᠎ᠡ ᠲᠠᠮᠢᠷ ᠤᠨ ᠳᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠶᠢᠴᠠᠭᠠᠯᠲᠠ ᠳᠤ ᠣᠷᠣᠯᠴᠠᠪᠠ᠃
     ᠡᠷᠳᠡᠨᠢᠪᠢᠯᠢᠭ ᠨᠠᠷ ᠪᠠᠷᠢᠯᠭ᠎ᠠ ᠶᠢᠨ ᠲᠠᠯᠠᠪᠤᠷ ᠲᠤ ᠭᠦᠨᠵᠡᠭᠡᠶᠢᠷᠡᠨ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠬᠦ ᠶᠢᠨ ᠬᠠᠮᠲᠦ ᠪᠠᠷᠢᠯᠭ᠎ᠠ ᠶᠢᠨ ᠨᠢᠭᠡᠴᠢ ᠲᠠᠢ ᠶᠠᠷᠢᠯᠴᠠᠵᠤ ᠰᠠᠨᠠᠯ ᠢᠶᠠᠨ ᠰᠤᠯᠢᠯᠴᠠᠨ ᠰᠤᠷᠭᠠᠭᠤᠯᠢ ᠶᠢᠨ ᠲᠥᠯᠦᠪᠵᠢᠭᠦᠯᠭᠡ ᠶᠢᠨ ᠵᠢᠷᠤᠭ ᠲᠥᠯᠦᠪᠯᠡᠭᠡ ᠶᠢᠨ ᠶᠡᠷᠦᠩᠬᠡᠢ ᠲᠠᠨᠢᠯᠴᠠᠭᠤᠯᠭ᠎ᠠ ᠶᠢ ᠰᠤᠨᠤᠰᠤᠨ ᠪᠠᠷᠢᠯᠭ᠎ᠠ ᠶᠢᠨ ᠬᠤᠭᠤᠴᠠᠭᠠᠨ ᠤ ᠲᠣᠬᠢᠷᠠᠭᠤᠯᠤᠯᠲᠠ᠂ ᠪᠡᠯᠡ ᠮᠥᠩᠭᠦᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠲᠦ ᠪᠠᠷᠢᠯᠭ᠎ᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠢ ᠶᠢᠨ ᠲᠠᠯᠠᠪᠤᠷ ᠲᠤ ᠵᠣᠬᠢᠴᠠᠭᠤᠯᠤᠨ ᠰᠢᠢᠳᠪᠦᠷᠢᠯᠡᠭᠰᠡᠨ ᠪᠠᠶᠢᠨ᠎ᠠ᠃ ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠪᠠᠷᠢᠯᠭ᠎ᠠ ᠶᠢᠨ ᠨᠢᠭᠡᠴᠢ ᠶᠢᠨ ᠬᠢᠨ ᠡᠷᠬᠡᠪᠰᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠣᠷᠢᠭᠲᠠᠢ ᠪᠠᠷ ᠪᠦᠲᠦᠭᠡᠨ ᠪᠠᠶᠢᠭᠤᠯᠵᠤ ᠬᠦᠴᠦᠨ ᠢᠶᠠᠨ ᠲᠥᠪᠯᠡᠷᠡᠭᠦᠯᠦᠨ ᠬᠦᠴᠢᠷᠳᠠᠯ ᠢ ᠲᠣᠭᠤᠯᠵᠤ ᠨᠡᠩ ᠶᠡᠭᠡ ᠪᠠᠴᠢᠮ ᠲᠤᠯᠭᠠᠮ ᠰᠡᠳᠬᠢᠯᠭᠡ ᠪᠠᠷ ᠦᠨᠳᠦᠷ ᠪᠠᠷᠢᠮᠵᠢᠶ᠎ᠠ ᠦᠨᠳᠦᠷ ᠶᠠᠰᠦ ᠴᠢᠨᠠᠷ ᠲᠠᠢ ᠪᠠᠷ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠬᠤᠶᠠᠷ ᠰᠤᠷᠭᠠᠭᠤᠯᠢ ᠶᠢ ᠳᠠᠷᠠᠭ᠎ᠠ ᠵᠢᠯ ᠤᠨ 9 ᠳ᠋ᠦ᠋ᠭᠡᠷ ᠰᠠᠷ᠎ᠠ ᠠᠴᠠ ᠡᠮᠦᠨ᠎ᠡ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠰᠢᠨ᠎ᠡ ᠪᠠᠷ ᠪᠠᠶᠢᠭᠤᠯᠵᠤ ᠪᠠᠶᠢᠭ᠎ᠠ ᠰᠤᠷᠭᠠᠭᠤᠯᠢ ᠶᠢᠨ ᠪᠠᠷᠢᠯᠭ᠎ᠠ ᠶᠢᠨ ᠶᠠᠰᠦ ᠴᠢᠨᠠᠷ ᠪᠣᠯ ᠪᠦᠬᠦᠶᠢᠯᠡ ᠢᠨᠵᠧᠨᠧᠷᠢᠩ ᠤᠨ ᠬᠠᠮᠤᠭ ᠤᠨ ᠴᠢᠬᠤᠯᠠ ᠵᠦᠢᠯ ᠪᠣᠯᠬᠤ ᠶᠤᠮ᠃ ᠪᠦᠲᠦᠭᠡᠨ ᠪᠠᠶᠢᠭᠤᠯᠤᠯᠲᠠ ᠶᠢᠨ ᠶᠠᠰᠦ ᠴᠢᠨᠠᠷ ᠢ ᠢᠮᠠᠭᠲᠠ ᠴᠢᠩᠭ᠎ᠠ ᠠᠳᠬᠤᠵᠤ ᠦᠨᠳᠦᠷ ᠪᠠᠷᠢᠮᠵᠢᠶ᠎ᠠ ᠪᠠᠷ ᠲᠥᠯᠥᠪᠵᠢᠭᠦᠯᠦᠨ ᠲᠥᠯᠥᠪᠯᠡᠵᠤ ᠦᠨᠳᠦᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠢᠨ ᠬᠠᠮᠲᠦ ᠥᠨᠳᠥᠷ ᠪᠠᠷᠢᠮᠵᠢᠶ᠎ᠠ ᠲᠠᠢ ᠪᠠᠷᠢᠯᠭ᠎ᠠ ᠶᠢ ᠰᠢᠯᠭᠠᠨ ᠠᠪᠬᠤ ᠶᠢ ᠪᠠᠷᠢᠮᠲᠠᠯᠠᠵᠤ ᠵᠢᠱᠢᠶ᠎ᠡ ᠦᠵᠡᠭᠦᠯᠬᠦ ᠰᠤᠷᠭᠠᠭᠤᠯᠢ ᠶᠢᠨ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ ᠪᠠᠷ ᠪᠠᠷᠢᠯᠭ᠎ᠠ ᠪᠠᠷᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ ᠠᠮᠤᠷ ᠲᠦᠪᠰᠢᠨ ᠮᠥᠷᠲᠡᠭᠡᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠴᠢᠩᠭ᠎ᠠ ᠨᠠᠶᠢᠲᠠᠪᠤᠷᠢᠵᠢᠭᠤᠯᠤᠨ ᠲᠥᠷᠥᠯ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ ᠪᠠᠷᠢᠯᠭ᠎ᠠ ᠶᠢ ᠠᠮᠤᠷ ᠲᠦᠪᠰᠢᠨ ᠡᠮᠬᠢ ᠵᠢᠷᠤᠮ ᠲᠠᠢ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃
     ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠶᠣᠰᠣ ᠮᠣᠷᠠᠯ ᠤᠨ ᠬᠦᠮᠦᠵᠢᠯ ᠤᠨ ᠦᠨᠳᠦᠰᠦᠨ ᠡᠭᠦᠷᠭᠡ ᠶᠢ ᠨᠠᠶᠢᠲᠠᠪᠤᠷᠢᠵᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ ᠰᠤᠷᠭᠠᠨ ᠬᠦᠮᠦᠵᠢᠯ ᠳᠠᠬᠢ ᠠᠷᠠᠳ ᠲᠥᠮᠡᠨ ᠤ ᠠᠰᠢᠭ ᠬᠦᠷᠲᠡᠭᠰᠡᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ ᠰᠤᠷᠭᠠᠨ ᠬᠦᠮᠦᠵᠢᠯ ᠤᠨ ᠥᠭᠡᠷᠡᠴᠢᠯᠡᠯᠲᠡ ᠶᠢᠨ ᠵᠣᠷᠢᠯᠭ᠎ᠠ᠂ ᠠᠴᠢ ᠬᠤᠯᠪᠣᠭᠳᠠᠯ ᠢ ᠬᠦᠢᠴᠡᠳ ᠲᠠᠨᠢᠨ ᠲᠥᠪ ᠴᠢᠩᠭ᠎ᠠ ᠣᠪᠣᠷ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠥᠭᠡᠷᠡᠴᠢᠯᠡᠯᠲᠡ ᠶᠢᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠬᠡᠷᠡᠭᠲᠡᠶ᠃ ᠦᠨᠳᠦᠰᠦᠲᠡᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠲᠦᠷᠭᠡᠳᠬᠡᠨ ᠠᠬᠢᠭᠤᠯᠵᠤ ᠬᠤᠤᠰ ᠬᠡᠯᠡᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ ᠪᠠᠭᠰᠢ ᠶᠢᠨ ᠪᠤᠯᠪᠠᠰᠤᠷᠠᠯ ᠤᠨ ᠡᠷᠴᠢᠮ ᠢ ᠨᠡᠮᠡᠭᠳᠡᠭᠦᠯᠦᠨ ᠦᠨᠳᠦᠰᠦᠲᠡᠨ ᠤ ᠰᠤᠷᠭᠠᠨ ᠬᠥᠮᠦᠵᠢᠯ ᠤᠨ ᠪᠦᠬᠦᠶᠢᠯᠡ ᠴᠣᠭᠴᠠ ᠶᠢᠨ ᠰᠤᠷᠭᠠᠭᠤᠯᠢ ᠡᠷᠬᠢᠯᠡᠬᠦ ᠬᠢᠷᠢ ᠳᠥᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠪᠡ᠃
     ᠡᠷᠳᠡᠨᠢᠪᠢᠯᠢᠭ ᠨᠠᠷ ᠪᠠᠰᠠ ᠦᠤᠰᠢᠨ ᠬᠤᠰᠢᠭᠤᠨ ᠤ ᠪᠸᠢ ᠯᠦᠩ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ ᠮᠤᠵᠢ ᠶᠢᠨ ᠵᠠᠮ ᠤᠨ 215 ᠱᠤᠭᠤᠮ ᠤᠨ ᠲᠦᠩᠽᠢ ᠠᠴᠠ ᠬᠠᠢ ᠽᠧ ᠫᠠᠨ ︵ᠥᠪᠥᠷ ᠮᠣᠩᠭᠤᠯ ᠱᠠᠨᠰᠢ ᠶᠢᠨ ᠵᠠᠭᠠᠭ︶ ᠬᠦᠷᠬᠦ ᠬᠡᠰᠡᠭ ᠤᠨ ᠵᠠᠰᠠᠮᠠᠯ ᠵᠠᠮ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠪᠠᠶᠢᠳᠠᠯ ᠢ ᠤᠶᠢᠯᠠᠭᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号