ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠲᠡᠰ ᠤᠨ ᠬᠠᠮ ᠵᠠᠭᠤᠴᠢᠯᠠᠭᠤᠷ ᠤᠨ ᠲᠥᠪ ᠤᠨ ᠪᠦᠲᠦᠬᠡᠨ ᠪᠠᠶᠢᠭᠤᠯᠤᠯᠲᠠ ᠶᠢᠨ ᠰᠢᠯᠭᠠᠨ ᠬᠤᠷᠢᠶᠠᠵᠤ ᠵᠢᠭᠠᠨ ᠵᠢᠯᠤᠭᠤᠳᠬᠤ ᠳᠤᠭᠤᠶᠢᠯᠠᠩ ᠤᠨ ᠬᠢᠨ ᠮᠠᠨ  ᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠢᠯᠭᠠᠨ ᠬᠤᠷᠢᠶᠠᠪᠠ
ᠨᠡᠶᠢᠲᠡᠯᠡᠭᠰᠡᠨ ᠴᠠᠭ᠄
2020/9/1
     8 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠲᠡᠰ ᠤᠨ ᠬᠠᠮ ᠵᠠᠭᠤᠴᠢᠯᠠᠭᠤᠷ ᠤᠨ ᠡᠵᠡᠩᠨᠡᠯᠲᠡ ᠶᠢᠨ ᠦᠢᠯᠡᠴᠢᠯᠡᠭᠡᠨ ᠤ ᠲᠥᠪ ᠤᠨ ᠰᠢᠯᠭᠠᠨ ᠬᠤᠷᠢᠶᠠᠬᠤ ᠨᠢᠭᠡᠳᠦᠭᠡᠷ ᠠᠵᠢᠯᠯᠠᠬᠤ ᠳᠤᠭᠤᠶᠢᠯᠠᠩ ᠤᠨ ᠲᠤᠭᠤᠶᠢᠯᠠᠩ ᠤᠨ ᠳᠠᠷᠤᠭ᠎ᠠ ᠡᠵᠡᠩᠨᠡᠯᠲᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠠᠩ ᠰᠢᠶᠠᠩ ᠬᠤᠸᠠ ᠨᠠᠷ ᠮᠠᠨ ᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠭᠦᠨᠵᠡᠭᠡᠶᠢᠷᠡᠨ ᠬᠠᠮ ᠵᠠᠭᠤᠴᠢᠯᠠᠭᠤᠷ ᠤᠨ ᠪᠠᠶᠢᠭᠤᠯᠤᠯᠲᠠ ᠶᠢ ᠰᠢᠯᠭᠠᠨ ᠬᠤᠷᠢᠶᠠᠵᠤ ᠵᠢᠭᠠᠨ ᠵᠢᠯᠤᠭᠤᠳᠬᠤ ᠠᠵᠢᠯ ᠢ ᠦᠷᠨᠢᠬᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠵᠢᠴᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠦᠨᠡᠯᠡᠯᠲᠡ ᠰᠢᠯᠭᠠᠨ ᠬᠤᠷᠢᠶᠠᠯᠲᠠ ᠳᠤ ᠣᠷᠣᠯᠴᠠᠵᠠᠶ᠃
     ᠰᠢᠯᠭᠠᠨ ᠬᠤᠷᠢᠶᠠᠬᠤ ᠳᠤᠭᠤᠶᠢᠯᠠᠩ ᠤᠨ ᠬᠢᠨ ᠤᠷᠢᠳ ᠬᠤᠵᠢᠳ ᠮᠠᠨ ᠤ ᠬᠤᠰᠢᠭᠤᠨ ᠤ ᠰᠢᠨ᠎ᠡ ᠪᠠᠷ ᠪᠠᠶᠢᠭᠤᠯᠵᠦ ᠪᠠᠶᠢᠭ᠎ᠠ ᠬᠠᠮ ᠵᠠᠭᠤᠴᠢᠯᠠᠭᠤᠷ ᠤᠨ ᠲᠦᠪ ᠤᠨ ᠠᠯᠪᠠᠨ ᠠᠰᠠᠷ᠂ ᠬᠠᠮ ᠵᠠᠭᠤᠴᠢᠯᠠᠭᠤᠷ ᠤᠨ ᠲᠥᠪ ᠤᠨ ᠵᠢᠯᠣᠭᠤᠳᠤᠨ ᠲᠣᠬᠢᠷᠠᠭᠤᠯᠬᠤ ᠲᠥᠪ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠦᠵᠡᠵᠦ ᠰᠠᠭᠤᠲᠠᠯ ᠤᠨ ᠬᠤᠷᠠᠯ ᠬᠤᠷᠠᠯᠳᠤᠭᠤᠯᠪᠠ᠃ ᠵᠠᠩ ᠰᠢᠶᠠᠩ ᠬᠤᠸᠠ ᠨᠠᠷ ᠮᠠᠨ ᠤ ᠬᠤᠰᠢᠭᠤᠨ ᠤ ᠰᠢᠨ᠎ᠡ ᠵᠠᠭᠤᠴᠢᠯᠠᠭᠤᠷ ᠤᠨ ᠪᠦᠲᠦᠭᠡᠯ᠂ ᠳᠠᠩᠰᠠ ᠮᠠᠲ᠋ᠧᠷᠢᠶᠠᠯ ᠢ ᠪᠠᠶᠢᠴᠠᠭᠠᠨ ᠨᠠᠶᠢᠷᠠᠭᠤᠯᠤᠨ ᠦᠢᠯᠡᠳᠬᠦ ᠶᠠᠪᠤᠴᠠ ᠶᠢ ᠰᠢᠯᠭᠠᠨ ᠦᠵᠡᠵᠤ ᠬᠠᠷᠢᠭᠤ ᠮᠡᠳᠡᠭᠦᠯᠦᠯᠲᠡ ᠶᠢ ᠰᠣᠨᠣᠰᠬᠤ ᠪᠠᠷ ᠳᠠᠮᠵᠢᠨ ᠮᠠᠨ ᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠲᠤᠬᠢᠷᠠᠭᠤᠯᠤᠯᠲᠠ᠂ ᠠᠵᠢᠯᠯᠠᠭᠠᠨ ᠤ ᠵᠠᠭᠪᠤᠷ ᠵᠡᠷᠭᠡ ᠪᠠᠶᠢᠳᠠᠯ ᠢ ᠨᠠᠷᠢᠨ ᠣᠶᠢᠯᠠᠭᠠᠵᠤ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ ᠪᠠᠶᠢᠳᠠᠯ ᠳᠤ ᠵᠢᠯᠤᠭᠤᠳᠤᠯᠭ᠎ᠠ ᠬᠢᠪᠡ᠃      ᠰᠠᠭᠤᠲᠠᠯ ᠤᠨ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠳᠡᠰ ᠤᠨ ᠲᠠᠷᠤᠭ᠎ᠠ ᠹᠧᠩ ᡁᠢ ᠮᠢᠩ ᠠᠴᠠ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠵᠢᠴᠢ ᠬᠠᠮ ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃  
     ᠰᠢᠯᠭᠠᠨ ᠬᠤᠷᠢᠶᠠᠬᠤ ᠲᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠱᠠᠭᠠᠷᠳᠠᠬᠤ ᠳᠤ ᠪᠠᠨ᠂ ᠲᠠᠷᠠᠭᠠᠴᠢ ᠶᠢᠨ ᠠᠯᠬᠤᠮ ᠳᠤ ︽ᠲᠠᠯ᠎ᠠ ᠨᠤᠲᠤᠭ ᠤᠨ ᠡᠭᠦᠯᠡ︾ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠦᠷᠭᠡᠨ ᠲᠡᠯᠭᠡᠷ ᠢᠶᠠᠷ ᠠᠰᠢᠭᠯᠠᠵᠦ ︽ᠵᠠᠭᠤᠴᠢᠯᠠᠭᠤᠷ + ᠦᠢᠯᠡᠴᠢᠯᠡᠭᠡ︾ ᠶᠢ ᠠᠭᠤᠰᠤᠯᠴᠠᠭᠤᠯᠤᠭᠰᠠᠨ ᠲᠠᠪᠴᠠᠩ ᠢ ᠨᠠᠩ ᠴᠢᠨᠠᠷᠯᠢᠭ ᠪᠦᠲᠦᠭᠡᠨ ᠪᠠᠶᠢᠭᠤᠯᠤᠨ ᠤᠯᠠᠨ ᠲᠦᠮᠡᠨ ᠢ ᠬᠦᠲᠦᠯᠦᠨ ᠵᠢᠯᠤᠭᠤᠳᠴᠤ ᠤᠯᠠᠨ ᠲᠦᠮᠡᠨ ᠳᠤ ᠰᠠᠶᠢᠲᠦᠷ ᠦᠢᠯᠡᠴᠢᠯᠡᠬᠦ ᠬᠡᠷᠡᠭᠲᠡᠢ ᠭᠡᠵᠠᠢ᠃      ᠹᠧᠩ ᡁᠢ ᠮᠢᠩ ᠰᠢᠯᠭᠠᠨ ᠬᠤᠷᠢᠶᠠᠬᠤ ᠠᠵᠢᠯ ᠤᠨ ᠳᠤᠭᠤᠶᠢᠯᠠᠩ ᠤᠨ ᠳᠤᠷᠠᠳᠤᠭᠰᠠᠨ ᠵᠢᠯᠣᠭᠤᠳᠬᠤ ᠰᠠᠨᠠᠯ ᠢ ᠬᠦᠯᠢᠶᠡᠨ ᠠᠪᠴᠤ ᠰᠢᠯᠭᠠᠨ ᠬᠤᠷᠢᠶᠠᠬᠤ ᠪᠠᠷᠢᠮᠵᠢᠶ᠎ᠠ ᠲᠠᠢ ᠤᠶᠠᠯᠳᠤᠭᠤᠯᠤᠨ ᠦᠨᠳᠦᠰᠦᠨ ᠠᠵᠢᠯ ᠢ ᠲᠡᠭᠦᠯᠳᠡᠷᠵᠢᠭᠦᠯᠵᠦ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠲᠡᠭᠡᠭᠰᠢᠯᠡᠭᠦᠯᠦᠨ ᠮᠠᠨ ᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠠᠰ ᠳᠡᠪᠰᠢᠭᠦᠯᠬᠦ ᠪᠠᠷ ᠴᠢᠷᠮᠠᠶᠢᠨ᠎ᠠ ᠭᠡᠵᠤ ᠢᠯᠡᠷᠭᠡᠶᠢᠯᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号