ᠬᠤᠰᠢᠭᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/1
     8 ᠰᠠᠷ᠎ᠠ ᠶᠢᠨ 27 ᠤ ᠡᠳᠦᠷ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠤ᠋ ᠬᠤᠷᠠᠯ ᠡᠷᠬᠢᠯᠡᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠦᠩ ᠯᠢᠨ᠂ ᠠᠭᠤᠯᠠ᠂ ᠯᠢᠨ ᠶᠦᠩ ᠭᠠᠩ᠂ ᠬᠤᠰᠢᠭᠤ ᠳᠡᠳ᠋ ᠳᠠᠷᠤᠭ᠎ᠠ ᠳᠤᠲᠤᠭᠠᠳᠦ ᠶᠢ ᠬᠠᠮᠠᠭᠠᠯᠠᠬᠤ ᠳᠣᠪᠴᠢᠶᠠᠨ ᠤ ᠳᠠᠷᠤᠭ᠎ᠠ ᠭᠤᠣ ᠬᠤ᠋᠂ ᠬᠤᠰᠢᠭᠤ ᠳᠡᠳ᠋ ᠳᠠᠷᠤᠭ᠎ᠠ ᠪᠠᠶᠠᠠᠴᠡᠩᠭᠡᠯ ᠪᠣᠯᠣᠨ ᠡᠯ᠎ᠡ ᠰᠤᠮᠤ ᠪᠠᠯᠭᠠᠰᠦ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠠᠵᠤ ᠠᠬᠤᠢ ᠨᠡᠶᠢᠬᠡᠮ ᠤᠨ ᠬᠦᠷᠢᠶᠡᠨ ᠤ ᠮᠡᠷᠭᠡᠵᠢᠯᠲᠡᠳ ᠤᠨ ᠰᠠᠭᠤᠲᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠦᠭᠦᠯᠡᠯᠲᠡ᠂ ᠥᠪᠡᠷᠳᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠢ ᠵᠠᠰᠠᠨ ᠴᠡᠭᠴᠡᠯᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠬᠠᠮᠲᠦ ᠪᠠᠷ ᠰᠤᠷᠤᠯᠴᠠᠵᠤ ᠬᠤᠰᠢᠭᠤ ᠵᠠᠰᠠᠭ ᠤᠨ ᠤᠷᠳᠤᠨ ᠤ ᠨᠠᠮ ᠤᠨ ᠳᠤᠭᠤᠶᠢᠯᠠᠩ ᠤᠨ ᠨᠡᠭᠦᠷᠡᠰᠦᠨ  ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠢ ᠵᠠᠰᠠᠨ ᠴᠡᠭᠴᠡᠯᠡᠯᠲᠡ ᠶᠢᠨ ᠠᠵᠢᠯ ᠪᠣᠯᠣᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠳᠤᠰᠬᠠᠭᠰᠠᠨ ᠰᠠᠨᠠᠯ ᠢ ᠴᠡᠭᠴᠡᠯᠡᠨ ᠵᠠᠰᠠᠬᠤ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃
     ᠵᠣᠣ ᠹᠸᠢ ᠯᠤ᠋ ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠤ ᠲᠣᠭᠤᠷᠢᠨ ᠪᠠᠶᠢᠴᠠᠭᠠᠵᠤ ᠵᠠᠰᠠᠨ ᠴᠡᠭᠴᠡᠯᠡᠬᠦ ᠠᠵᠢᠯ ᠤᠨ ᠲᠤᠭᠤᠰᠢᠯᠠᠭᠤᠯᠤᠯᠲᠠ ᠶᠢ ᠠᠳᠬᠤᠬᠤ ᠶᠢ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠬᠤ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠰᠠᠶᠢᠲᠤᠷ ᠬᠢᠬᠦ ᠶᠢᠨ ᠴᠢᠬᠤᠯᠠ ᠠᠷᠭ᠎ᠠ ᠪᠠᠷᠢᠯ ᠪᠣᠯᠭᠠᠵᠤ ᠵᠠᠰᠠᠨ ᠴᠡᠭᠴᠡᠯᠡᠯᠲᠡ ᠶᠢ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢ ᠳᠠᠰᠤᠷᠠᠯᠲᠠ ᠦᠭᠡᠢ ᠴᠢᠩᠭᠠᠳᠬᠠᠨ ᠲᠤᠭᠲᠠᠭᠰᠠᠨ ᠴᠠᠭ ᠲᠤ ᠡᠯ᠎ᠡ ᠲᠦᠷᠦᠯ ᠤᠨ ᠴᠡᠭᠴᠡᠯᠡᠨ ᠵᠠᠰᠠᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ ᠳᠠᠷᠤᠢ ᠲᠦᠷᠭᠡᠨ ᠬᠦᠳᠡᠯᠦᠯᠴᠡᠨ ᠴᠠᠭ ᠲᠤᠬᠠᠢ ᠳᠤ ᠨᠢ ᠪᠦᠬᠦ ᠲᠠᠯ᠎ᠠ ᠪᠠᠷ᠂ ᠦᠨᠡᠨ ᠪᠣᠳᠠᠳᠠᠢ ᠪᠠᠷ ᠵᠠᠰᠠᠬᠤ ᠶᠢ ᠪᠡᠶᠡᠯᠡᠭᠦᠯᠬᠦ ᠬᠡᠷᠡᠭᠲᠡᠢ᠃ ᠦᠩᠭᠡᠨ ᠲᠠᠯ᠎ᠠ ᠪᠣᠯᠣᠨ ᠡᠬᠢ ᠦᠨᠳᠦᠰᠦ ᠶᠢ ᠬᠠᠮᠲᠦ ᠳᠤᠨᠢ ᠵᠠᠰᠠᠵᠤ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠦᠰᠦᠯ ᠶᠤᠰᠤᠭᠠᠷ ᠠᠰᠠᠭᠤᠳᠠᠯ ᠢ ᠵᠠᠰᠠᠨ ᠴᠡᠭᠴᠡᠯᠡᠬᠦ ᠪᠣᠯᠣᠨ ᠳᠦᠷᠢᠮ ᠲᠣᠭᠲᠠᠭᠠᠬᠤ ᠠᠵᠢᠯ ᠶᠢ ᠨᠢᠭᠡᠳᠦᠯᠲᠡᠢ ᠠᠳᠬᠤᠵᠤ ᠣᠳᠣᠬᠠᠨ ᠤ ᠠᠰᠠᠭᠤᠳᠠᠯ ᠢ ᠰᠢᠢᠳᠪᠦᠷᠢᠯᠡᠬᠦ ᠶᠢᠨ ᠵᠡᠷᠭᠡᠪᠡᠷ ᠪᠠᠶᠢᠭᠤᠯᠤᠮᠵᠢ ᠲᠣᠭᠲᠠᠯᠴᠠᠭ᠎ᠠ ᠪᠠ ᠬᠤᠵᠢᠮ ᠤᠨ ᠬᠥᠭᠵᠢᠯᠲᠡ ᠳᠤ ᠬᠤᠯᠪᠣᠭᠳᠠᠭᠰᠠᠨ ᠠᠰᠠᠭᠤᠳᠠᠯ ᠢ ᠰᠠᠶᠢᠲᠤᠷ ᠰᠢᠢᠳᠪᠦᠷᠢᠯᠡᠨ ᠴᠡᠭᠴᠡᠯᠡᠨ ᠵᠠᠰᠠᠭᠰᠠᠨ ᠪᠤᠳᠠᠳᠦ ᠦᠷ᠎ᠡ ᠪᠦᠲᠦᠮᠵᠢ ᠪᠠᠷ ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠵᠤ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠦᠨ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠥᠭᠵᠢᠯᠲᠡ ᠶᠢ ᠠᠳᠬᠤᠬᠤ ᠬᠡᠷᠡᠭᠲᠡᠢ ᠭᠡᠪᠡ᠃      ᠵᠣᠣ ᠹᠸᠢ ᠯᠤ᠋ ᠱᠠᠭᠠᠷᠳᠠᠬᠤ ᠳᠠᠭᠠᠨ᠂ ᠡᠯ᠎ᠡ ᠬᠤᠪᠢᠶᠠᠷᠢᠯᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠤ ᠡᠭᠦᠷᠭᠡ ᠬᠠᠷᠢᠭᠤᠴᠠᠯᠭᠠᠲᠦ ᠰᠡᠳᠬᠢᠯᠭᠡ᠂ ᠪᠠᠴᠢᠮ ᠲᠤᠯᠭᠠᠮ ᠰᠡᠳᠬᠢᠯᠭᠡ ᠶᠢ ᠴᠢᠩᠭᠠᠳᠬᠠᠨ ᠲᠦᠷᠦᠯ ᠵᠦᠢᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠨᠢᠭᠡᠳᠦᠯᠲᠠᠢ ᠲᠥᠯᠥᠪᠵᠢᠭᠦᠯᠦᠨ ᠬᠦᠳᠡᠯᠦᠯᠴᠡᠬᠦ ᠶᠢ ᠴᠢᠩᠭᠠᠳᠬᠠᠨ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠵᠢᠯ ᠤᠨ ᠡᠭᠦᠷᠬᠡ ᠬᠠᠷᠠᠯᠲᠠ ᠪᠠᠨ ᠪᠦᠲᠦᠮᠵᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠭᠠᠷ ᠬᠦᠢᠴᠡᠳᠬᠡᠯ ᠬᠢᠬᠦ᠂ ᠭᠠᠵᠠᠷ ᠰᠢᠷᠤᠢ ᠲᠠᠲᠠᠪᠤᠷᠢᠯᠠᠬᠤ᠂ ᠪᠡᠯᠡ ᠮᠥᠩᠭᠦ ᠲᠤᠳᠠᠭᠲᠠᠵᠤ ᠪᠠᠶᠢᠭ᠎ᠠ ᠠᠰᠠᠭᠤᠳᠠᠯ ᠢ ᠲᠦᠷᠭᠡᠯᠡᠨ ᠰᠢᠢᠳᠪᠦᠷᠢᠯᠡᠵᠤ ᠠᠵᠢᠯ ᠤᠨ ᠭᠤᠣᠯᠳᠠᠯᠭ᠎ᠠ ᠪᠠᠨ ᠲᠦᠷᠦᠯ ᠵᠦᠢᠯ ᠤᠨ ᠪᠡᠯᠡ ᠣᠷᠣᠭᠤᠯᠤᠯᠲᠠ ᠳᠡᠭᠡᠷ᠎ᠡ ᠲᠠᠯᠪᠢᠵᠤ ᠲᠦᠷᠦᠯ ᠵᠦᠢᠯ ᠤᠨ ᠣᠳᠣᠬᠠᠨ ᠤ ᠠᠬᠢᠴᠠ ᠢ ᠦᠨᠳᠦᠰᠦᠯᠡᠵᠤ ᠪᠦᠲᠦᠮᠵᠢᠲᠠᠢ  ᠪᠠᠷ ᠪᠡᠯᠡ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号