ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ  ᠶᠢᠨ ᠪᠠᠶᠢᠴᠠᠭᠠᠯᠲᠠ ᠶᠢ ᠤᠭᠲᠤᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020/9/1
     8 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠠᠶᠢᠴᠠᠭᠠᠯᠳᠠ  ᠶᠢᠨ ᠲᠤᠭᠤᠶᠢᠯᠠᠩ ᠢ ᠲᠠᠭᠠᠭᠤᠯᠤᠨ ᠭᠠᠯᠠᠭᠤᠳᠤ ᠪᠠᠯᠭᠠᠰᠤᠨ ᠲᠤᠭᠤᠷᠢᠭ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠪᠠᠶᠢᠴᠠᠭᠠᠯᠲᠠ ᠶᠢ ᠤᠭᠲᠤᠬᠤ ᠠᠵᠢᠯ ᠳᠤ ᠪᠠᠶᠢᠴᠠᠭᠠᠨ ᠰᠤᠳᠤᠯᠤᠯᠳᠠ ᠭᠢᠵᠤ ᠬᠠᠮᠢᠶ᠎ᠠ ᠪᠥᠬᠦᠶ ᠪᠡᠯᠡᠳᠬᠡᠯ ᠪᠠᠶᠢᠳᠠᠯ ᠢ ᠨᠠᠷᠢᠨ ᠣᠶᠢᠯᠠᠭᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠪᠤᠯᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ᠂ ᠭᠠᠯᠠᠭᠤᠲᠤ ᠪᠠᠯᠭᠠᠰᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠭᠰᠠᠨ ᠪᠠᠶᠢᠨ᠎ᠠ᠃
     ᠡᠷᠳᠡᠨᠢᠪᠢᠯᠢᠭ ᠨᠡᠷ ᠤᠷᠢᠳ ᠬᠤᠵᠢᠳ ᠵᠡᠭᠡᠯᠢ ᠭᠤᠳᠤᠮᠵᠢ᠂ ᠰᠠᠭᠤᠭᠠᠯᠢ ᠲᠣᠭᠤᠷᠢᠭ᠂ ᠪᠠᠭᠤᠳᠠᠯ ᠵᠡᠷᠭᠡ ᠭᠠᠵᠠᠷ ᠲᠤ ᠬᠦᠷᠴᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠡᠮᠬᠢ ᠵᠢᠷᠤᠮ᠂ ᠨᠠᠶᠢᠳᠠ ᠶᠢᠨ ᠠᠰᠠᠷᠠᠮᠵᠢ ᠶᠢᠨ ᠵᠠᠷ ᠮᠡᠳᠡᠭᠡᠨ ᠤ ᠪᠠᠶᠢᠷᠢᠯᠠᠭᠤᠯᠤᠯᠲᠠ ᠵᠡᠷᠭᠡ ᠪᠠᠶᠢᠳᠠᠯ ᠢ ᠨᠠᠷᠢᠨ ᠪᠠᠶᠢᠴᠠᠭᠠᠨ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃
     ᠡᠷᠳᠡᠨᠢᠪᠢᠯᠢᠭ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠪᠠᠶᠢᠴᠠᠭᠠᠯᠲᠠ ᠶᠢ ᠤᠭᠲᠤᠬᠤ ᠠᠵᠢᠯ  ᠢ ᠰᠠᠶᠢᠳᠤᠷ ᠭᠢᠭᠦ ᠲᠤᠬᠠᠢ ᠲᠣᠳᠣᠷᠬᠠᠶ ᠱᠠᠭᠠᠷᠳᠠᠯᠭ᠎ᠠ ᠲᠤᠷᠠᠳᠴᠠᠢ᠃ ᠲᠡᠷᠡ ᠵᠢᠭᠠᠵᠤ ᠭᠠᠷᠭᠠᠭᠰᠠᠨ ᠨᠢ᠂ ᠣᠳᠣᠬᠠᠨ  ᠤ ᠡᠭᠦᠳᠦᠨ ᠪᠠᠶᠢᠭᠤᠯᠤᠯᠳᠠ ᠶᠢᠨ ᠠᠵᠢᠯ ᠤᠨ ᠱᠠᠭᠠᠷᠳᠠᠯᠭ᠎ᠠ ᠴᠢᠩᠭ᠎ᠠ᠂ ᠡᠭᠦᠷᠭᠡ ᠬᠦᠨᠳᠦ ᠪᠠᠶᠢᠭ᠎ᠠ ᠶᠤᠮ᠂ ᠡᠯ᠎ᠡ ᠪᠠᠶᠢᠭᠤᠯᠭ᠎ᠠ ᠨᠢᠭᠡᠴᠢ ᠰᠠᠯᠠᠭ᠎ᠠ ᠮᠥᠴᠢᠷ ᠤᠨ ᠬᠢᠨ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠪᠣᠳᠠᠲᠠᠶ ᠠᠰᠠᠭᠤᠳᠠᠯ ᠠᠴᠠ ᠭᠠᠷᠳᠠᠨ ᠣᠯᠠᠨ ᠲᠦᠮᠡᠨ ᠤ ᠬᠠᠨᠤᠮᠵᠢ ᠥᠭᠡᠢ ᠶᠠᠪᠤᠳᠠᠯ ᠠᠴᠠ ᠡᠬᠢᠯᠡᠨ ᠠᠳᠬᠤᠵᠤ ᠲᠤᠳᠠᠭᠳᠠᠯ ᠢᠶᠠᠨ ᠲᠦᠷᠭᠡᠨ ᠨᠥᠬᠦᠪᠥᠷᠢᠯᠡᠨ ᠣᠯᠠᠨ ᠲᠦᠮᠡᠨ ᠳᠤ ᠬᠤᠪᠢᠷᠠᠯᠳᠠ ᠶᠢ ᠦᠵᠡᠭᠦᠯᠵᠦ ᠪᠣᠳᠠᠲᠤ ᠠᠰᠢᠭ ᠭᠥᠷᠳᠡᠭᠡᠭᠦ ᠭᠡᠷᠡᠭᠳᠠᠢ᠃ ᠰᠠᠶᠢᠨ ᠲᠤᠷᠠᠴᠤᠳ ᠤᠨ ᠬᠦᠴᠦᠨ ᠢ ᠭᠦᠢᠴᠡᠳ ᠳᠠᠶᠢᠴᠢᠯᠠᠨ ᠠᠶᠢᠯ ᠡᠷᠤᠭᠡ ᠪᠠᠷ ᠬᠦᠷᠴᠦ ᠤᠬᠠᠭᠤᠯᠭ᠎ᠠ ᠬᠢᠵᠤ ᠰᠠᠭᠤᠭᠠᠯᠢ ᠠᠷᠠᠳ ᠤᠨ ᠪᠣᠯᠪᠠᠰᠤᠨ ᠵᠠᠩ ᠳᠠᠳᠬᠠᠯ ᠲᠠᠢ ᠪᠣᠯᠬᠤ ᠶᠢ ᠠᠭᠢᠭᠤᠯᠬᠤ ᠭᠡᠷᠡᠭᠳᠠᠢ᠃ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠳᠦᠷᠢᠮᠵᠢᠯ ᠢ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠠᠵᠢᠯ ᠲᠥᠷᠥᠯ ᠤᠨ ᠪᠠᠷᠢᠮᠵᠢᠶ᠎ᠠ ᠶᠢ ᠲᠡᠭᠡᠭᠰᠢᠯᠠᠭᠦᠯᠭᠦ ᠬᠥᠳᠡᠯᠭᠡᠬᠦ ᠬᠦᠴᠦᠨ ᠪᠣᠯᠭᠠᠵᠤ ᠦᠢᠯᠡᠴᠢᠯᠡᠭᠡᠨ  ᠤ ᠣᠷᠴᠢᠨ ᠢ ᠰᠠᠶᠢᠵᠢᠷᠠᠭᠤᠯᠤᠨ ᠠᠵᠢᠯ ᠲᠥᠷᠥᠯ ᠤᠨ ᠦᠢᠯᠡᠴᠢᠯᠡᠭᠡᠨ ᠤ ᠲᠥᠷᠢᠮᠵᠢᠯ ᠤᠨ ᠴᠢᠨᠠᠷ ᠪᠠ ᠦᠢᠯᠡᠴᠢᠯᠡᠭᠡᠨ  ᠤ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠠᠭᠦᠯᠭᠦ ᠭᠡᠷᠡᠭᠳᠠᠢ᠃ ᠡᠭᠦᠨ ᠤ ᠬᠠᠮᠲᠤ ᠣᠷᠴᠢᠨ ᠲᠣᠭᠤᠷᠢᠨ ᠲᠠᠢ ᠠᠭᠤᠰᠤᠯᠴᠠᠭᠰᠠᠨ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠤᠬᠠᠭᠤᠯᠭ᠎ᠠ ᠶᠢᠨ ᠪᠥᠳᠥᠭᠡᠯ ᠢ ᠭᠠᠷᠭᠠᠨ ᠲᠠᠮᠠᠬᠢ ᠲᠠᠳᠠᠬᠤ ᠶᠢ ᠬᠤᠷᠢᠭᠯᠠᠬᠤ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠪᠠ ᠪᠣᠯᠪᠠᠰᠤᠨ ᠢᠶᠠᠷ ᠬᠤᠭᠤᠯᠠᠯᠯᠠᠬᠤ ᠵᠡᠷᠭᠡ ᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠥᠢᠯᠡᠴᠢᠯᠡᠭᠡᠨ ᠤ ᠲᠠᠪᠴᠠᠩ ᠪᠤᠶᠤ ᠬᠤᠭᠤᠯᠠᠨ ᠰᠢᠷᠡᠭᠡᠨ ᠤ ᠢᠯᠡᠷᠬᠡᠶ ᠪᠠᠶᠢᠷᠢᠨ ᠳᠤ ᠲᠠᠯᠪᠢᠬᠤ ᠬᠡᠷᠡᠭᠲᠡᠶ᠃ ᠬᠤᠭᠤᠯᠠᠨ ᠰᠢᠷᠡᠭᠡᠨ ᠤ ᠪᠣᠯᠪᠠᠰᠤᠨ ᠤ ᠮᠡᠳᠡᠯᠭᠡ ᠶᠢ ᠲᠦᠭᠡᠮᠡᠯᠵᠢᠭᠦᠯᠵᠦ ᠬᠤᠭᠤᠯᠠᠨ ᠰᠢᠷᠡᠭᠡ ᠶᠢᠨ ᠪᠣᠯᠪᠠᠰᠤᠨ ᠶᠣᠰᠣ ᠵᠢᠷᠤᠮ ᠢ ᠳᠡᠯᠭᠡᠷᠡᠭᠦᠯᠦᠨ ᠢᠳᠡᠭᠡᠨ ᠤᠮᠳᠠᠭᠠᠨ ᠢ ᠠᠷᠪᠢᠯᠠᠨ ᠭᠠᠮᠨᠠᠬᠤ ᠪᠠ ᠨᠡᠶᠢᠲᠡ ᠶᠢᠨ ᠰᠠᠪᠬ᠎ᠠ ᠬᠡᠷᠡᠭᠯᠡᠬᠦ ᠶᠢ ᠰᠠᠨᠠᠭᠠᠴᠢᠯᠠᠬᠤ ᠬᠡᠷᠡᠭᠲᠡᠶ ᠭᠡᠵᠡᠢ᠃
     ᠡᠷᠳᠡᠨᠢᠪᠢᠯᠭ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢᠨ ᠵᠤᠷᠢᠯᠭ᠎ᠠ ᠪᠤᠯ ᠲᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠣᠯᠠᠨ ᠲᠦᠮᠡᠨ ᠢ ᠨᠡᠩ ᠵᠣᠯ ᠵᠢᠷᠭᠠᠯᠲᠠᠶ ᠨᠡᠩ ᠲᠠᠭᠠᠯᠠᠮᠵᠢᠲᠠᠶ ᠠᠮᠢᠳᠤᠷᠠᠭᠤᠯᠬᠤ ᠶᠠᠪᠤᠳᠠᠯ ᠪᠣᠯᠤᠨ᠎ᠠ᠃ ᠪᠤᠯᠪᠠᠰᠤᠨ ᠬᠤᠲᠠ  ᠶᠢᠨ ᠡᠭᠦᠳᠤᠨ ᠪᠠᠶᠢᠭᠤᠯᠤᠯᠳᠠ ᠪᠣᠯ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ᠂ ᠠᠷᠠᠳ ᠣᠯᠠᠨ ᠤ ᠠᠰᠢᠭ ᠬᠦᠷᠲᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠰᠢᠭᠤᠳ ᠭᠠᠷᠳᠠᠴᠠ ᠮᠥᠨ᠃ ᠡᠭᠦᠳᠤᠨ ᠪᠠᠶᠢᠭᠤᠯᠬᠤ ᠶᠠᠪᠤᠴᠠ ᠳᠤ ᠣᠯᠠᠨ ᠲᠦᠮᠡᠨ ᠤ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠠᠩᠬᠠᠷᠤᠨ ᠰᠣᠨᠣᠰᠴᠤ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠢ ᠣᠶᠢᠯᠠᠭᠠᠨ ᠠᠰᠠᠭᠤᠳᠠᠯ ᠢ ᠣᠨᠣᠪᠴᠢᠲᠠᠶ ᠡᠷᠢᠵᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠤᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠤᠯᠤᠨ ᠠᠰᠠᠭᠤᠳᠠᠯ ᠢ ᠰᠠᠶᠢᠲᠤᠷ ᠰᠢᠢᠳᠪᠤᠷᠢᠯᠠᠭᠦ ᠬᠡᠷᠡᠭᠲᠡᠶ᠃ ᠠᠰᠠᠭᠤᠳᠠᠯ ᠢ ᠲᠦᠷ ᠴᠠᠭ ᠪᠦᠬᠦᠨ ᠢ ᠰᠢᠢᠳᠪᠤᠷᠢᠯᠠᠵᠤ ᠴᠢᠳᠠᠬᠤ ᠦᠭᠡᠢ ᠴᠦ ᠭᠡᠰᠡᠨ ᠲᠣᠳᠣᠷᠬᠠᠶ ᠬᠠᠭᠤᠳᠠᠰᠤ᠂ ᠴᠠᠭ ᠤᠨ ᠬᠤᠪᠢᠶᠠᠷᠢ ᠭᠠᠷᠭᠠᠨ ᠣᠯᠠᠨ ᠲᠦᠮᠡᠨ ᠳᠤ ᠬᠦᠯᠢᠴᠡᠩᠭᠦᠶ ᠲᠠᠶᠢᠯᠪᠤᠷᠢᠯᠠᠯᠲᠠ ᠬᠢᠵᠦ ᠣᠯᠠᠨ ᠲᠦᠮᠡᠨ ᠤ ᠤᠶᠢᠯᠠᠭᠠᠯᠲᠠ ᠪᠠ ᠳᠡᠮᠵᠢᠯᠭᠡ ᠶᠢ ᠣᠯᠵᠤ ᠠᠰᠠᠭᠤᠳᠠᠯ ᠢ ᠨᠢᠭᠡᠳ ᠨᠢᠭᠡ ᠪᠠᠷ ᠰᠢᠢᠳᠪᠤᠷᠢᠯᠠᠭᠦ ᠪᠠᠷ ᠳᠠᠮᠵᠢᠭᠤᠯᠤᠨ ᠤᠯᠠᠨ ᠲᠦᠮᠡᠨ ᠤ ᠰᠠᠳᠭᠢᠯ ᠢ ᠤᠯᠬᠤ ᠬᠡᠷᠡᠭᠲᠡᠶ ᠭᠡᠵᠡᠢ  ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号