ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/1
     8 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠵᠢᠴᠢ ᠬᠤᠰᠢᠭᠤ ᠨᠠᠮ ᠤᠨ ᠬᠤᠷᠢᠶᠠᠨ‌‍ᠤ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠬᠤᠷᠠᠯ ᠳᠤ ᠰᠤᠯᠠ ᠤᠷᠤᠯᠴᠠᠭᠰᠠᠨ ᠪᠠᠶᠢᠨ᠎ᠠ᠃
     ᠬᠤᠷᠠᠯ ᠠᠴᠠ ︽ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠤᠰᠢᠨ ᠬᠤᠰᠢᠭᠤᠨ ᠤ ᠬᠤᠷᠢᠶᠠᠨ ᠤ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠴᠠᠭ ᠤᠨ ᠪᠠᠶᠢᠳᠠᠯ ᠢ ᠳᠠᠭᠠᠵᠤ ᠪᠥᠭᠦ ᠲᠠᠯ᠎ᠠ ᠶᠢᠨ ᠵᠤᠭᠰᠤᠴᠠ ᠪᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠶᠢᠯᠠᠭᠠᠵᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠥᠨᠳᠤᠷᠴᠠ ᠠᠴᠠ ᠡᠯ᠎ᠡ ᠲᠥᠷᠤᠯ ᠤᠨ ᠠᠵᠢᠯ ᠢ ᠠᠭᠢᠭᠤᠯᠬᠤ ᠭᠡᠷᠡᠭᠳᠠᠢ᠃ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠰᠤᠷᠤᠯᠴᠠᠨ ᠲᠤᠭᠤᠰᠢᠯᠠᠭᠤᠯᠬᠤ ᠠᠵᠢᠯ ᠢ ᠲᠠᠰᠤᠷᠠᠯᠲᠠ ᠤᠢᠭᠡᠢ ᠭᠥᠨᠵᠡᠭᠡᠶᠢᠷᠠᠭᠦᠯᠤᠨ ᠶᠠᠷᠤᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠱᠠᠭᠠᠷᠳᠠᠯᠭ᠎ᠠ ᠶᠢ ᠪᠦᠬᠦ ᠬᠤᠰᠢᠭᠤᠨ ᠤ ᠠᠷᠠᠳ ᠲᠦᠮᠡᠨ ᠢ ᠳᠠᠭᠠᠭᠤᠯᠤᠨ ᠪᠦᠯᠬᠦᠮᠳᠡᠨ ᠲᠡᠮᠡᠴᠡᠬᠦ᠂ ᠡᠷᠡᠮᠡᠭᠡᠶᠢᠯᠠᠨ ᠤᠷᠤᠭᠰᠢᠯᠠᠵᠤ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠬᠤ ᠭᠡᠷᠡᠭᠳᠠᠢ ᠭᠡᠵᠡᠢ᠃      ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠤᠷᠢᠨ ᠪᠠᠶᠢᠴᠠᠭᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠮᠢᠶ᠎ᠠ ᠪᠥᠬᠦᠶ ᠮᠠᠲ᠋ᠧᠷᠢᠶᠠᠯ ᠢ ᠬᠢᠨᠠᠨ ᠶᠠᠷᠢᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠬᠤᠯᠠᠴᠢᠯᠠᠨ ᠠᠰᠠᠭᠤᠳᠠᠯ ᠢ ᠣᠨᠣᠪᠴᠢᠲᠠᠶ ᠡᠷᠢᠵᠦ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠲᠠᠨᠢᠨ ᠰᠢᠯᠲᠠᠭᠠᠨ ᠢ ᠵᠠᠳᠠᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠦᠷᠢᠮ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠲᠠᠰᠤᠷᠠᠯᠲᠠ ᠥᠬᠡᠶ ᠭᠥᠨᠵᠡᠭᠡᠶᠢᠷᠠᠭᠦᠯᠭᠦ ᠭᠡᠷᠡᠭᠳᠡᠢ᠃ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠶᠢ ᠲᠦᠷᠭᠡᠳᠬᠡᠨ ᠠᠬᠢᠭᠤᠯᠵᠤ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠠᠭᠤᠯᠭ᠎ᠠ᠂ ᠪᠠᠷᠢᠮᠵᠢᠶ᠎ᠠ᠂ ᠴᠠᠭ ᠤᠨ ᠬᠢᠵᠠᠭᠠᠷ ᠤᠨ ︽ᠳᠥᠷᠪᠡ ᠶᠢ ᠲᠤᠳᠤᠷᠬᠠᠶᠢᠯᠠᠬᠤ︾ ᠶᠢ ᠪᠡᠶᠡᠯᠡᠭᠦᠯᠤᠨ ᠡᠯ᠎ᠡ ᠲᠥᠷᠤᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠴᠠᠭ ᠲᠤ ᠪᠠᠶᠠᠯᠠᠭᠦᠯᠭᠦ ᠶᠢ ᠪᠠᠳᠤᠯᠠᠬᠤ ᠭᠡᠷᠡᠭᠳᠠᠢ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ ᠲᠣᠭᠤᠷᠢᠨ ᠪᠠᠶᠢᠴᠠᠭᠠᠵᠤ ᠴᠡᠭᠴᠡᠯᠠᠨ ᠰᠠᠶᠢᠵᠢᠷᠠᠭᠤᠯᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠤᠨ ᠡᠯ᠎ᠡ ᠲᠥᠷᠤᠯ ᠤᠨ ᠡᠭᠦᠷᠭᠡ ᠶᠢ ᠯᠠᠪᠳᠠᠭᠤᠨ ᠪᠠᠲᠤᠲᠠᠶ ᠥᠷᠨᠢᠭᠦᠯᠵᠤ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠲᠡᠭᠡᠭᠰᠢᠯᠠᠭᠦᠯᠭᠦ ᠭᠡᠷᠡᠭᠳᠠᠢ᠃ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ ᠬᠤᠰᠢᠭᠤ ᠨᠠᠮ ᠤᠨ ᠬᠤᠷᠢᠶᠠᠨ ᠤ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠦᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠨᠠᠩ ᠰᠠᠶᠢᠨ ᠦᠢᠯᠡᠴᠢᠯᠡᠬᠦ ᠭᠡᠷᠡᠭᠳᠠᠢ ᠭᠡᠵᠡᠢ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠢᠨᠠᠨ ᠵᠥᠪᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠲᠤᠭ ᠲᠡᠮᠳᠡᠭ ᠲᠣᠳᠣᠷᠬᠠᠶ ᠪᠠᠷ ᠨᠠᠮ ᠤᠨ ᠤᠯᠤᠰ ᠲᠥᠷᠥ ᠶᠢᠨ ᠪᠠᠶᠢᠭᠤᠯᠤᠯᠳᠠ ᠶᠢ ᠲᠡᠷᠢᠭᠦᠨ ᠪᠠᠶᠢᠷᠢᠨ ᠳᠤ ᠲᠠᠯᠪᠢᠵᠤ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠠᠷ ᠦᠨᠳᠦᠰᠦᠨ ᠤᠯᠤᠰ ᠲᠥᠷᠥ ᠶᠢᠨ ᠡᠭᠦᠷᠭᠡ᠂ ︽ᠳᠥᠷᠪᠡᠨ ᠤᠬᠠᠮᠰᠠᠷ︾ ᠤᠨ ᠲᠥᠪᠯᠡᠷᠡᠩᠭᠦᠶ ᠢᠯᠡᠷᠡᠯ ᠪᠣᠯᠭᠠᠵᠤ ᠪᠣᠳᠠᠲᠠᠶ ᠠᠵᠢᠯ ᠤᠨ ᠳᠤᠮᠳᠠ ᠦᠨᠡᠨᠬᠦ ᠨᠠᠶᠢᠳᠠᠪᠤᠷᠢᠵᠢᠭᠤᠯᠤᠨ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠬᠡᠷᠡᠭᠲᠡᠶ᠃ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠠᠮᠳᠠᠭᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ ᠦᠨᠡᠨ ᠪᠣᠳᠠᠲᠠᠶ ᠠᠵᠢᠯ ᠢᠶᠠᠷ ᠠᠷᠠᠳ ᠣᠯᠠᠨ ᠤ ᠠᠰᠢᠭ ᠲᠤᠰᠠ ᠶᠢ ᠬᠠᠮᠭᠠᠯᠠᠬᠤ ᠭᠡᠷᠡᠭᠳᠠᠢ ᠭᠡᠵᠡᠢ᠃      ᠬᠤᠷᠠᠯ ᠠᠴᠠ ᠪᠠᠰᠠ ᠪᠤᠰᠤᠳ ᠬᠡᠷᠡᠭ ᠤᠴᠢᠷ ᠢ ᠰᠤᠳᠤᠯᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号