ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠤᠷᠢᠨ ᠪᠠᠶᠢᠴᠠᠭᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/1
     8 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠤᠷᠢᠨ ᠪᠠᠶᠢᠴᠠᠭᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ ᠬᠤᠷᠠᠯ ᠳᠤ ᠰᠤᠯᠠ ᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
     ᠬᠤᠷᠠᠯ ᠠᠴᠠ ᠳᠡᠭᠡᠷ᠎ᠡ ᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠲᠡᠯᠭᠡᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠤᠨ ᠲᠤᠰ ᠤᠳᠠᠭᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ᠃ ᠡᠷᠳᠡᠨᠢᠪᠢᠯᠢᠭ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠭᠰᠠ ᠪᠠᠶᠢᠴᠠᠭᠠᠯᠳᠠ ᠭᠢᠭᠦ ᠶᠢᠨ ᠬᠠᠮᠳᠤ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠵᠦ ᠪᠠᠶᠢᠩᠭᠤ ᠶᠢᠨ ᠭᠡᠰᠢᠭᠦᠳ ᠲᠡᠰ ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠬᠦ ᠶᠢᠨ ᠬᠠᠮᠲᠤ ᠬᠠᠷᠢᠯᠴᠠᠨ ᠰᠢᠭᠦᠮᠵᠢᠯᠡᠭᠰᠡᠨ ᠪᠠᠶᠢᠨ᠎ᠠ᠃
     ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠣᠯᠠᠨ ᠢᠶᠠᠷ ᠢᠶᠠᠨ ᠬᠤᠷᠠᠯ ᠤᠨ ᠭᠤᠤᠯ ᠰᠡᠳᠦᠪ ᠲᠠᠢ ᠨᠢᠭᠲᠠ ᠤᠶᠠᠯᠳᠤᠭᠤᠯᠵᠤ ᠠᠰᠠᠭᠤᠳᠠᠯ ᠢ ᠪᠠᠶᠢᠴᠠᠭᠠᠬᠤ ᠳᠤ ᠪᠠᠨ ᠨᠢᠭᠤᠵᠤ ᠳᠠᠯᠳᠠᠯᠠᠬᠤ ᠦᠭᠡᠢ᠂ ᠬᠠᠷᠢᠯᠴᠠᠨ ᠰᠢᠭᠦᠮᠵᠢᠯᠡᠬᠦ ᠳᠤ ᠪᠠᠨ ᠰᠢᠭᠤᠳ ᠪᠠᠶᠢᠵᠤ ᠠᠰᠠᠭᠤᠳᠠᠯ ᠢ ᠢᠯᠡᠷᠡᠭᠦᠯᠬᠦ᠂ ᠬᠠᠮᠲᠤ ᠶᠢᠨ ᠲᠠᠨᠢᠯᠲᠠ ᠢ ᠭᠦᠨᠵᠡᠭᠡᠶᠢᠷᠡᠭᠦᠯᠬᠦ᠂ ᠪᠥᠯᠭᠦᠮᠳᠠᠯ ᠢ ᠵᠤᠵᠠᠭᠠᠳᠬᠠᠬᠤ᠂ ᠬᠦᠴᠦᠨ ᠢ ᠨᠢᠭᠲᠠᠷᠠᠭᠤᠯᠬᠤ ᠵᠣᠷᠢᠯᠭ᠎ᠠ ᠳᠤ ᠬᠦᠷᠦᠭᠰᠡᠨ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ ᠤᠯᠤᠰ ᠲᠥᠷᠥ ᠶᠢ ᠡᠷᠭᠢᠮᠯᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠪᠠᠭ ᠤᠨ ᠪᠦᠷᠢᠯᠳᠦᠬᠦᠨ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ ᠵᠢᠱᠢᠶ᠎ᠡ ᠦᠵᠡᠭᠦᠯᠬᠦ ᠥᠢᠯᠡᠳᠤᠯ ᠢᠶᠠᠨ ᠪᠠᠳᠠᠷᠠᠭᠤᠯᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠠᠨ ᠰᠠᠶᠢᠵᠢᠷᠠᠭᠤᠯᠵᠤ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠢ ᠲᠦᠷᠦᠭᠦᠯᠡᠨ ᠠᠳᠬᠤᠵᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠳᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠤᠳᠤᠷᠢᠳᠬᠤ ᠪᠠᠭ ᠤᠨ ᠪᠦᠷᠢᠯᠳᠦᠬᠦᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ  ᠡᠭᠦᠷᠭᠡᠯᠠᠨ᠂ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠠᠰᠠᠭᠤᠳᠠᠯ ᠢ ᠲᠦᠢᠯᠪᠤᠷᠢᠲᠠᠶ ᠰᠢᠢᠳᠪᠤᠷᠢᠯᠠᠨ ᠦᠷ᠎ᠡ ᠪᠦᠲᠦᠮᠵᠢ ᠢᠯᠡᠷᠬᠡᠶ᠂ ᠣᠯᠠᠨ ᠲᠦᠮᠡᠨ ᠬᠠᠨᠤᠮᠵᠢᠲᠠᠶ ᠪᠠᠶᠢᠬᠤ ᠶᠢ ᠪᠠᠶᠠᠯᠠᠭᠦᠯᠭᠦ ᠭᠡᠷᠡᠭᠳᠠᠢ᠃ ᠲᠦᠷᠦᠭᠦᠯᠡᠨ ᠲᠤᠭᠳᠠᠯᠴᠠᠭ᠎ᠠ ᠶᠢ ᠪᠠᠶᠢᠭᠤᠯᠤᠨ ᠲᠠᠭᠦᠯᠳᠡᠷᠵᠢᠭᠦᠯᠵᠤ ᠥᠩᠭᠡᠨ ᠲᠠᠯ᠎ᠠ ᠶᠢ ᠵᠠᠰᠠᠬᠤ ᠪᠠ ᠦᠨᠳᠦᠰᠦ ᠠᠴᠠ ᠨᠢ ᠵᠠᠰᠠᠬᠤ ᠶᠢ ᠤᠶᠠᠯᠳᠤᠭᠤᠯᠬᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠰᠠᠶᠢᠵᠢᠷᠠᠭᠤᠯᠬᠤ ᠪᠠ ᠤᠷᠲᠤ ᠬᠤᠭᠤᠴᠠᠭ᠎ᠠ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠥᠳᠥᠮᠵᠢ ᠶᠢ ᠰᠠᠶᠢᠲᠤᠷ ᠬᠡᠷᠡᠭᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠲᠦᠷᠦᠭᠦᠯᠡᠨ ᠰᠤᠷᠲᠠᠯ ᠢᠶᠠᠨ ᠬᠤᠪᠢᠷᠠᠭᠤᠯᠵᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠬᠦᠴᠦᠲᠡᠶ ᠭᠠᠷᠳᠠᠴᠠ ᠪᠤᠯᠭᠠᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠨᠠᠮ ᠤᠨ ᠭᠡᠰᠢᠭᠦᠨ ᠺᠠᠳ᠋ᠷᠴᠤᠳ ᠠᠷᠢᠭᠤᠨ ᠴᠢᠬᠡᠴᠢ ᠠᠯᠪᠠᠨ ᠵᠠᠷᠤᠴᠠ ᠶᠢᠨ ᠤᠭ ᠴᠢᠨᠠᠷ ᠢᠶᠠᠨ ᠡᠭᠦᠷᠢᠳᠡ ᠬᠠᠳᠠᠭᠠᠯᠠᠵᠤ ᠰᠤᠷᠲᠠᠯ ᠴᠢᠬᠡᠴᠢ᠂ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠤᠢ ᠪᠤᠯᠭᠠᠨ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠳᠤ ᠬᠦᠴᠦᠲᠡᠶ ᠪᠠᠲᠤᠯᠠᠭ᠎ᠠ ᠬᠠᠩᠭᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号