︽ᠦᠨᠡᠨ︾ ᠰᠡᠳᠭᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ︽ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠪᠤᠯᠤᠨ᠎ᠠ︾ ᠢ ᠨᠡᠶᠢᠳᠡᠯᠡᠪᠡ
ᠨᠡᠶᠢᠲᠡᠯᠡᠭᠰᠡᠨ ᠴᠠᠭ᠄
2020/9/1
     9 ᠰᠠᠷ᠎ᠠ ᠶᠢᠨ 1 ᠤ ᠡᠳᠦᠷ ᠬᠡᠪᠯᠡᠭᠳᠡᠭᠰᠡᠨ 17 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠪᠤᠯᠤᠨ᠎ᠠ︾ ᠭᠡᠬᠦ ᠴᠢᠬᠤᠯᠠ ᠵᠤᠬᠢᠶᠠᠯ ᠢ ᠨᠡᠶᠢᠲᠡᠯᠡᠪᠡ᠃      ᠵᠣᠬᠢᠶᠠᠯ ᠳᠤ᠂ ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠪᠤᠯᠤᠨ᠎ᠠ᠃ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠤᠨ ᠬᠠᠮᠤᠭ ᠤᠨ ᠴᠢᠬᠤᠯᠠ ᠨᠢ ᠵᠥᠪ ᠦᠵᠡᠯ ᠰᠠᠨᠠᠭ᠎ᠠ ᠶᠢ ᠵᠢᠭᠠᠵᠤ᠂ ᠵᠥᠪ ᠵᠠᠮ ᠢᠶᠠᠷ ᠬᠥᠲᠥᠯᠥᠨ ᠳᠠᠭᠠᠭᠤᠯᠬᠤ ᠶᠠᠪᠤᠳᠠᠯ ᠪᠣᠯᠤᠨ᠎ᠠ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠪᠣᠯ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠪᠣᠯᠤᠨ᠎ᠠ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠦᠢᠯᠡᠳᠦᠯ ᠢ ᠣᠷᠣᠯᠠᠭᠤᠯᠵᠤ ᠪᠣᠯᠤᠰᠢ ᠦᠭᠡᠢ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠠᠶᠢᠲᠤᠷ ᠡᠷᠬᠢᠯᠡᠬᠦ ᠳᠤ᠂ ᠬᠠᠮᠤᠭ ᠤᠨ ᠦᠨᠳᠦᠰᠦᠨ ᠵᠦᠢᠯ ᠪᠣᠯ ᠨᠠᠮ‌‍ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠠᠮᠠᠷ ᠬᠥᠮᠦᠨ ᠢ ᠬᠥᠮᠦᠵᠢᠭᠦᠯᠬᠦ᠂ ᠬᠡᠷᠬᠢᠨ ᠬᠥᠮᠦᠵᠢᠭᠦᠯᠬᠦ᠂ ᠬᠡᠨ ᠤ ᠲᠥᠯᠥᠭᠡ ᠬᠥᠮᠦᠵᠢᠭᠦᠯᠬᠦ ᠡᠨᠡ ᠬᠦ ᠦᠨᠳᠦᠰᠦᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠠᠪᠤᠳᠠᠯ ᠪᠣᠯᠤᠨ᠎ᠠ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠠᠶᠢᠲᠤᠷ ᠡᠷᠬᠢᠯᠡᠬᠦ ᠳᠤ ᠮᠠᠷᠺᠰ ᠤᠨ ᠦᠵᠡᠯ ᠤᠨ ᠤᠨᠤᠯ ᠤᠨ ᠬᠥᠮᠦᠵᠢᠯ ᠥᠷᠨᠢᠭᠦᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠬᠥᠮᠦᠨ ᠢ ᠬᠥᠮᠦᠵᠢᠭᠦᠯᠤᠨ ᠰᠦᠭ ᠰᠦᠨᠡᠰᠦ ᠶᠢ ᠱᠤᠭᠤᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠨᠢ ᠨᠡᠮᠡᠭᠳᠡᠭᠦᠯᠵᠤ᠂ ᠤᠯᠤᠰ ᠢᠶᠠᠨ ᠬᠠᠶᠢᠷᠠᠯᠠᠬᠤ ᠰᠡᠳᠭᠢᠯᠭᠡ ᠶᠢ ᠨᠢ ᠵᠤᠵᠠᠭᠠᠳᠬᠠᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ᠂ ᠤᠯᠤᠰ ᠢᠶᠠᠨ ᠬᠦᠴᠦᠷᠬᠡᠭᠵᠢᠭᠦᠯᠬᠦ ᠵᠣᠷᠢᠭ᠂ ᠤᠯᠤᠰ ᠤᠨ ᠢᠶᠠᠨ ᠲᠥᠯᠥᠭᠡ ᠵᠢᠳᠬᠦᠬᠦ ᠦᠢᠯᠡ ᠠᠵᠢᠯᠯᠠᠭ᠎ᠠ ᠶᠢ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠮᠡᠴᠡᠯ ᠳᠤᠮᠳᠠ ᠤᠬᠠᠮᠰᠠᠷ ᠠᠴᠠ ᠪᠠᠨ ᠠᠭᠤᠰᠤᠯᠴᠠᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃      ᠵᠣᠬᠢᠶᠠᠯ ᠳᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠠᠶᠢᠲᠤᠷ ᠡᠷᠬᠢᠯᠡᠬᠦ ᠶᠢ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠤ ᠲᠠᠯᠪᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠦᠨᠳᠦᠷᠴᠡ ᠠᠴᠠ ᠬᠠᠨᠳᠤᠬᠤ ᠬᠡᠷᠡᠭᠲᠡᠢ᠃ ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠢ ᠪᠦᠲᠦᠭᠡᠬᠦ ᠪᠠᠷ ᠵᠣᠷᠢᠭ ᠰᠢᠭᠤᠳᠴᠤ ᠪᠠᠶᠢᠭ᠎ᠠ ᠪᠣᠯᠬᠤᠷ ᠡᠷᠬᠡᠪᠰᠢ ᠦᠶ᠎ᠠ ᠦᠶ᠎ᠠ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ ᠬᠦᠷᠢᠶᠡᠯᠡᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠲᠥᠯᠥᠭᠡ ᠨᠠᠰᠤᠨ ᠲᠤᠷᠰᠢᠳᠠ ᠲᠡᠮᠡᠴᠡᠬᠦ ᠪᠠᠷ ᠵᠣᠷᠢᠭ ᠰᠢᠭᠤᠳᠤᠭᠰᠠᠨ ᠬᠡᠷᠡᠭᠴᠡᠭᠡ ᠲᠠᠢ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ᠃ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠳᠤ ᠠᠯᠬᠤᠮ ᠠᠯᠬᠤᠮ ᠢᠶᠠᠷ ᠡᠷᠭᠢᠭᠦᠯᠭᠡ ᠮᠠᠶ᠋ᠢᠭ ᠢᠶᠠᠷ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠭᠤᠯᠬᠤ ᠨᠢ ᠮᠠᠰᠢ ᠴᠢᠬᠤᠯᠠ ᠶᠤᠮ᠂ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠴᠢᠬᠤᠯᠠ ᠪᠠᠲᠤᠯᠠᠭ᠎ᠠ ᠮᠥᠨ ᠭᠡᠵᠤ ᠵᠢᠭᠠᠵᠤ ᠭᠠᠷᠭᠠᠪᠠ᠃      ᠵᠣᠬᠢᠶᠠᠯ ᠳᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠠᠶᠢᠲᠤᠷ ᠶᠠᠷᠢᠬᠤ ᠨᠢ ᠲᠡᠶᠢᠮᠦ ᠬᠢᠯᠪᠠᠷ ᠪᠢᠰᠢ᠂ ᠤᠴᠢᠷ ᠨᠢ ᠡᠨᠡ ᠬᠢᠴᠢᠶᠡᠯ ᠤᠨ ᠱᠠᠭᠠᠷᠳᠠᠯᠭ᠎ᠠ ᠥᠨᠳᠥᠷ ᠶᠤᠮ᠃ ︽ᠨᠣᠮ ᠤᠨ ᠪᠠᠭᠰᠢ ᠶᠢ ᠤᠯᠬᠤ ᠳᠤ ᠬᠢᠯᠪᠠᠷ᠂ ᠬᠥᠮᠦᠨ ᠤ ᠪᠠᠭᠰᠢ ᠶᠢ ᠤᠯᠬᠤ ᠳᠤ ᠬᠦᠴᠢᠷ︾᠃ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠢ ᠰᠠᠶᠢᠲᠤᠷ ᠡᠷᠬᠢᠯᠡᠬᠦ ᠶᠢᠨ ᠵᠠᠩᠭᠢᠯᠠᠭ᠎ᠠ ᠨᠢ ᠪᠠᠭᠰᠢ ᠳᠤ ᠪᠠᠶᠢᠨ᠎ᠠ᠂ ᠵᠠᠩᠭᠢᠯᠠᠭ᠎ᠠ ᠨᠢ ᠪᠠᠭᠰᠢ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠪᠠᠳᠠᠷᠠᠭᠤᠯᠬᠤ ᠳᠤ ᠪᠠᠶᠢᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ᠂ ᠰᠤᠷᠤᠭᠴᠢᠳ ᠤᠨ ᠤᠶᠤᠨ ᠰᠠᠨᠠᠭᠠᠨ ᠳᠤ ᠦᠨᠡᠨ ᠰᠠᠶᠢᠨ ᠰᠠᠶᠢᠬᠠᠨ ᠤ ᠦᠷ᠎ᠡ ᠶᠢ ᠲᠠᠷᠢᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠳᠦᠷ ᠠᠯᠬᠤᠭᠤᠯᠬᠤ ᠬᠡᠷᠡᠭᠲᠡᠶ᠃ ᠨᠢᠭᠡᠳᠦᠭᠡᠷ ᠲᠤ᠂ ᠤᠯᠤᠰ ᠲᠦᠷᠦ ᠶᠢ ᠬᠦᠴᠦᠷᠬᠡᠭᠵᠢᠭᠦᠯᠬᠦ ᠳᠤ᠂ ᠢᠲᠡᠭᠡᠯ ᠪᠢᠰᠢᠷᠡᠯ ᠲᠠᠢ ᠬᠥᠮᠦᠰ ᠢᠶᠠᠷ ᠢᠲᠡᠭᠡᠯ ᠪᠢᠰᠢᠷᠡᠯ ᠢ ᠶᠠᠷᠢᠭᠤᠯᠬᠤ ᠬᠡᠷᠡᠭᠲᠡᠶ᠃ ᠬᠤᠶᠠᠳᠤᠭᠠᠷ ᠲᠤ᠂ ᠬᠠᠶᠢᠷ᠎ᠠ ᠰᠡᠳᠬᠢᠯᠭᠡ ᠪᠠᠨ ᠭᠦᠨ ᠵᠤᠵᠠᠭᠠᠠ ᠪᠠᠶᠢᠯᠭᠠᠵᠦ᠂ ᠤᠯᠤᠰ ᠭᠡᠷ ᠤᠨ ᠬᠠᠶᠢᠷ᠎ᠠ ᠰᠡᠳᠬᠢᠯᠭᠡ᠂ ᠶᠤᠰᠤ ᠰᠤᠷᠳᠠᠬᠤᠨ ᠤᠯᠠᠮᠵᠢᠯᠠᠬᠤ ᠬᠠᠶᠢᠷ᠎ᠠ ᠰᠡᠳᠬᠢᠯᠭᠡ᠂ ᠡᠨᠡᠷᠢᠩᠭᠦᠶ ᠬᠠᠶᠢᠷ᠎ᠠ ᠰᠡᠳᠬᠢᠯᠭᠡ ᠲᠠᠢ ᠪᠠᠶᠢᠬᠤ ᠬᠡᠷᠡᠭᠲᠡᠶ᠃ ᠭᠤᠷᠪᠠᠳᠤᠭᠠᠷ ᠲᠤ᠂ ᠰᠡᠳᠬᠢᠬᠦᠶ ᠪᠠᠨ ᠰᠢᠨᠡᠴᠢᠯᠡᠵᠦ᠂ ᠬᠤᠪᠢᠰᠤᠩᠭᠤᠶ ᠪᠣᠳᠠᠰᠴᠢ ᠦᠵᠡᠯ ᠪᠠ ᠲᠡᠤᠬᠡ ᠶᠢᠨ ᠪᠣᠳᠠᠰᠴᠢ ᠦᠵᠡᠯ ᠢ ᠰᠤᠷᠴᠤ ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠰᠢᠨ᠎ᠡ ᠶᠢ ᠡᠭᠦᠳᠬᠦ ᠬᠡᠷᠡᠭᠲᠡᠶ᠃ ᠳᠥᠷᠪᠡᠳᠦᠭᠡᠷ ᠲᠤ᠂ ᠬᠠᠷᠠᠭᠠᠰᠤ ᠥᠷᠭᠡᠨ ᠪᠠᠶᠢᠬᠤ ᠭᠡᠷᠡᠭᠲᠡᠢ᠂ ᠮᠡᠳᠡᠯᠭᠡ ᠶᠢᠨ ᠬᠠᠷᠠᠭᠠᠰᠤ᠂ ᠤᠯᠠᠨ ᠤᠯᠤᠰ ᠤᠨ ᠬᠠᠷᠠᠭᠠᠰᠤ᠂ ᠲᠡᠤᠬᠡ ᠶᠢᠨ ᠬᠠᠷᠠᠭᠠᠰᠣ ᠲᠠᠢ ᠪᠠᠶᠢᠬᠤ ᠬᠡᠷᠡᠭᠲᠡᠶ᠃ ᠲᠠᠪᠤᠳᠤᠭᠠᠷ ᠲᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠢᠴᠢᠶᠡᠯ ᠲᠡᠭᠡᠷ᠎ᠠ ᠪᠠ ᠬᠢᠴᠢᠶᠡᠯ ᠠᠴᠠ ᠭᠠᠲᠠᠭᠤᠷ ᠠᠳᠠᠯᠢᠬᠠᠨ᠂ ᠰᠦᠯᠵᠢᠶᠡᠨ ᠳᠡᠭᠡᠷ᠎ᠠ ᠪᠠ ᠰᠦᠯᠵᠢᠶᠡᠨ ᠠᠴᠠ ᠭᠠᠲᠠᠭᠤᠷ ᠨᠢᠭᠡᠳᠦᠯᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠵᠢᠷᠭᠤᠳᠤᠭᠠᠷ ᠲᠤ᠂ ᠵᠠᠩ ᠴᠢᠨᠠᠷ ᠢᠶᠠᠨ ᠲᠥᠪ ᠴᠢᠬᠡᠴᠢ ᠪᠠᠶᠢᠯᠭᠠᠵᠤ᠂ ᠡᠷᠬᠢᠮ ᠳᠡᠭᠡᠳᠦ ᠵᠠᠩ ᠰᠤᠷᠲᠠᠯ ᠢᠶᠠᠷ ᠰᠤᠷᠤᠭᠴᠢᠳ ᠢ ᠨᠥᠯᠥᠭᠡᠯᠡᠵᠦ᠂ ᠰᠤᠷᠤᠭᠴᠢᠳ ᠤᠨ ᠰᠡᠳᠭᠢᠯ ᠢ ᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ᠃      ᠵᠣᠬᠢᠶᠠᠯ ᠳᠤ᠂ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠦᠵᠡᠯ ᠰᠠᠨᠠᠭᠠᠴᠢ ᠴᠢᠨᠠᠷ᠂ ᠤᠨᠤᠯᠴᠢ ᠴᠢᠨᠠᠷ ᠪᠠ ᠳᠣᠲᠣᠨᠣ ᠬᠦᠴᠦᠨ᠂ ᠬᠠᠨᠳᠤᠯᠭᠠᠲᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠥᠭᠡᠷᠡᠴᠢᠯᠡᠯᠲᠡ ᠰᠢᠨᠡᠴᠢᠯᠡᠯᠳᠡ ᠶᠢ ᠠᠬᠢᠭᠤᠯᠬᠤ ᠳᠤ ᠳᠣᠣᠷᠠᠬᠢ ᠬᠡᠳᠦᠨ ︽ᠨᠢᠭᠡᠳᠦᠯ︾ ᠢ ᠪᠡᠶᠡᠯᠡᠭᠦᠯᠬᠦ ᠬᠡᠷᠡᠭᠲᠡᠢ᠃ ᠤᠯᠤᠰ ᠲᠦᠷᠦᠴᠢ ᠴᠢᠨᠠᠷ ᠪᠣᠯᠤᠨ ᠤᠶᠤᠨᠴᠢ ᠴᠢᠨᠠᠷ ᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ︔ ᠥᠷᠲᠡᠭᠲᠦ ᠴᠢᠨᠠᠷ ᠪᠠ ᠮᠡᠳᠡᠯᠭᠡᠲᠦ ᠴᠢᠨᠠᠷ ᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ︔ ᠪᠦᠲᠦᠭᠡᠯᠴᠢ ᠴᠢᠨᠠᠷ ᠪᠠ ᠰᠢᠭᠦᠮᠵᠢᠯᠡᠯᠳᠤ ᠴᠢᠨᠠᠷ ᠢ ᠨᠢᠭᠡᠳᠬᠡᠬᠦ ᠶᠢ ᠪᠠᠷᠢᠮᠲᠠᠯᠠᠬᠤ ᠭᠡᠷᠡᠭᠲᠡᠢ︔ ᠤᠨᠤᠯᠴᠢ ᠴᠢᠨᠠᠷ ᠪᠠ ᠦᠢᠯᠡᠳᠦᠯᠭᠡᠲᠦ ᠴᠢᠨᠠᠷ ᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ︔ ᠨᠢᠭᠡᠳᠤᠯᠳᠤ ᠴᠢᠨᠠᠷ ᠪᠠ ᠤᠯᠠᠨ ᠶᠠᠩᠵᠤᠲᠤ ᠴᠢᠨᠠᠷ ᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ︔ ᠭᠤᠣᠯᠯᠠᠬᠤ ᠴᠢᠨᠠᠷ ᠪᠠ ᠭᠤᠤᠯ ᠴᠣᠭᠴᠠ ᠶᠢᠨ ᠴᠢᠨᠠᠷ ᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ︔ ᠶᠡᠭᠦᠯᠡᠬᠦ ᠴᠢᠨᠠᠷ ᠪᠠ ᠰᠡᠩᠬᠡᠷᠡᠭᠦᠯᠬᠦ ᠴᠢᠨᠠᠷ‌ᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ︔ ᠢᠯᠡ ᠰᠤᠷᠭᠠᠨ ᠬᠥᠮᠦᠵᠢᠯ ᠪᠠ ᠳᠠᠯᠳᠠ ᠰᠤᠷᠭᠠᠨ ᠬᠥᠮᠦᠵᠢᠯ ᠢ ᠨᠢᠭᠡᠳᠬᠡᠬᠦ ᠶᠢ ᠪᠠᠷᠢᠮᠲᠠᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠵᠣᠬᠢᠶᠠᠯ ᠳᠤ᠂ ᠦᠵᠡᠯ ᠰᠠᠨᠠᠭ᠎ᠠ ᠤᠯᠤᠰ ᠲᠦᠷᠦ ᠤᠨᠤᠯ ᠤᠨ ᠬᠢᠴᠢᠶᠡᠯ ᠤᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠠᠵᠢᠯ ᠤᠨ ᠪᠠᠶᠢᠷᠢᠰᠢᠯ᠂ ᠡᠩᠨᠡᠭᠡᠨ ᠤ ᠪᠠᠶᠢᠭᠤᠯᠤᠯᠲᠠ᠂ ᠳᠡᠮᠵᠢᠯᠭᠡ ᠦᠵᠡᠭᠦᠯᠬᠦ ᠪᠠ ᠪᠠᠲᠤᠯᠠᠬᠤ ᠵᠡᠷᠭᠡ ᠲᠠᠯ᠎ᠠ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠬᠡᠷᠡᠭᠲᠡᠶ᠃ ᠪᠦᠬᠦ ᠨᠠᠮ ᠪᠦᠬᠦ ᠨᠡᠶᠢᠭᠡᠮ ᠢᠶᠠᠷ ᠢᠶᠠᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠠᠶᠢᠲᠤᠷ ᠡᠷᠬᠢᠯᠡᠬᠦ ᠪᠠᠷ ᠴᠢᠷᠮᠠᠶᠢᠬᠤ᠂ ᠪᠠᠭᠰᠢ ᠨᠠᠷ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠠᠷᠢᠨ ᠬᠢᠨᠠᠮᠠᠭᠠᠢ ᠰᠠᠶᠢᠲᠤᠷ ᠵᠢᠭᠠᠬᠤ᠂ ᠰᠤᠷᠤᠭᠴᠢᠳ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠢᠳᠡᠪᠬᠢᠲᠡᠢ ᠰᠠᠶᠢᠲᠤᠷ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠰᠤᠷᠭᠠᠭᠤᠯᠢ ᠶᠢᠨ ᠨᠠᠮ ᠤᠨ ᠬᠤᠷᠢᠶ᠎ᠠ ᠴᠢᠩᠭ᠎ᠠ ᠬᠠᠮᠢᠶᠠᠷᠬᠤ ᠪᠠ ᠰᠢᠨᠵᠢᠯᠡᠬᠦ ᠤᠬᠠᠭᠠᠨᠴᠢ ᠪᠠᠷ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠰᠤᠷᠭᠠᠭᠤᠯᠢ ᠶᠢᠨ ᠵᠠᠬᠢᠷᠤᠯ ᠲᠦᠷᠦᠭᠦᠯᠡᠨ ᠬᠢᠴᠢᠶᠡᠯ ᠤᠨ ᠲᠠᠩᠬᠢᠮ ᠳᠤ ᠣᠷᠣᠵᠤ᠂ ᠲᠦᠷᠦᠭᠦᠯᠡᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠵᠦ᠂ ᠲᠦᠷᠦᠭᠦᠯᠡᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠲᠠᠢ ᠬᠠᠷᠢᠯᠴᠠᠬᠤ ᠬᠡᠷᠡᠭᠲᠡᠢ᠃ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠶᠢ ᠨᠢᠭᠡ ᠴᠢᠬᠤᠯᠠ ᠢᠨᠵᠧᠨᠧᠷᠢᠩ ᠪᠣᠯᠭᠠᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠠᠭᠤᠯᠤᠭᠳᠠᠬᠤᠨ ᠤ ᠬᠡᠯᠪᠡᠷᠢ ᠪᠠᠷ ᠬᠥᠭᠵᠢᠭᠦ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢᠳᠡᠪᠬᠢᠲᠡᠶ ᠪᠠᠷ ᠰᠤᠷᠭᠠᠭᠤᠯᠢ ᠳᠤ ᠣᠴᠢᠵᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠣᠷᠣᠬᠤ ᠬᠡᠷᠡᠭᠲᠡᠶ ᠭᠡᠵᠦ ᠴᠢᠬᠤᠯᠠᠴᠢᠯᠠᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号