ᠮᠠᠨ ᠤ ᠬᠤᠰᠢᠭᠤ ᠰᠦᠢᠳᠬᠡᠯ ᠬᠤᠷᠢᠶᠠᠬᠤ ᠦᠭᠡᠢ ︽ᠬᠤᠶᠠᠷ ᠦᠮᠠᠨ︾ ᠤ ᠪᠠᠶᠢᠴᠠᠭᠠᠯᠳᠠ ᠪᠠᠷ ᠡᠮᠡᠭᠳᠡᠶᠢᠴᠤᠳ ᠤᠨ ᠡᠷᠡᠬᠦᠯ ᠮᠡᠨᠳᠤ ᠶᠢ ᠬᠠᠯᠠᠮᠵᠢᠯᠠᠵᠦ ᠪᠤᠢ
ᠨᠡᠶᠢᠲᠡᠯᠡᠭᠰᠡᠨ ᠴᠠᠭ᠄
2020/9/1
     ᠣᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ 2020 ᠣᠨ ᠤ ᠡᠮᠡᠭᠳᠠᠶᠢᠴᠦᠳ ᠤᠨ ︽ᠬᠤᠶᠠᠷ ᠦᠮᠠᠨ︾ ᠤ ᠪᠠᠶᠢᠴᠠᠭᠠᠯᠳᠠ ᠶᠢᠨ ᠠᠵᠢᠯ ᠪᠦᠬᠦ ᠲᠠᠯ᠎ᠠ ᠪᠠᠷ ᠡᠬᠢᠯᠡᠵᠦ ᠭᠠᠯᠠᠭᠤᠳᠤ ᠪᠠᠯᠭᠠᠰᠤᠨ ᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶᠠᠨ ᠤ ᠬᠢᠨ ᠡᠨᠡ ᠵᠢᠯ ᠲᠤᠰᠬᠠᠶᠢᠯᠠᠨ ᠨᠡᠶᠢᠰᠯᠡᠯ ᠤᠨ ᠡᠮᠨᠡᠯᠬᠡ ᠶᠢᠨ ᠶᠡᠭᠡ ᠰᠤᠷᠭᠠᠭᠤᠯᠢ ᠶᠢᠨ ᠫᠷᠣᠹᠧᠰᠰᠣᠷ ᠢ ᠤᠷᠢᠵᠤ  ᠰᠤᠮᠤ ᠪᠠᠯᠭᠠᠰᠣᠨ ᠤ ᠮᠠᠯᠴᠢᠨ ᠲᠠᠷᠢᠶᠠᠴᠢᠨ ᠤ ᠲᠡᠷᠭᠡᠳᠡ ᠬᠦᠷᠴᠤ ᠪᠠᠶᠢᠴᠠᠭᠠᠯᠲᠠ ᠬᠢᠵᠦ ᠪᠠᠶᠢᠯ᠎ᠠ᠃      ᠬᠤᠰᠢᠭᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶᠠᠨ ᠤ ᠳᠡᠳ᠋ ᠲᠠᠷᠤᠭ᠎ᠠ ᠭᠠᠷᠠᠭ᠄ ︽ᠡᠨᠡ ᠤᠳᠠᠭᠠᠨ ᠤ ᠠᠵᠢᠯᠯᠠᠭᠠᠨ ᠤ ᠵᠣᠷᠢᠯᠭ᠎ᠠ ᠨᠢ ᠡᠮᠡᠭᠲᠡᠶᠢᠴᠦᠳ ᠤᠨ ᠬᠤᠶᠠᠷ ᠥᠮᠡᠨ ᠤ ᠪᠠᠶᠢᠴᠠᠭᠠᠯᠲᠠ ᠪᠠᠷ ᠳᠠᠮᠵᠢᠭᠠᠳ ᠡᠮᠡᠭᠲᠡᠶᠢᠴᠦᠳ ᠤᠨ ᠬᠤᠶᠠᠷ ᠥᠮᠡᠨ ᠢ ᠰᠡᠷᠭᠡᠶᠢᠯᠡᠬᠦ ᠮᠡᠳᠡᠷᠡᠮᠵᠢ᠂ ᠬᠤᠶᠠᠷ ᠥᠮᠡᠨ ᠤ ᠲᠤᠬᠠᠢ ᠮᠡᠳᠡᠯᠭᠡ ᠶᠢ ᠳᠡᠭᠡᠭᠰᠢᠯᠡᠬᠦᠯᠬᠦ ᠰᠠᠨᠠᠭᠠᠲᠠᠢ ᠶᠤᠮ︾ ᠭᠡᠪᠡ᠃      ᠲᠤᠭ ᠪᠠᠯᠭᠠᠰᠤᠨ ᠤ ᠮᠠᠶᠢᠷᠠᠨᠰᠦ᠋ᠮ᠎ᠡ ᠭᠠᠴᠠᠭᠠᠨ ᠤ ᠮᠠᠯᠴᠢᠨ ᠡᠷᠳᠡᠨᠢᠬᠤᠷᠯᠣ ᠲᠤᠰ ᠤᠳᠠᠭ᠎ᠠ ᠭᠡᠷ ᠤᠨ ᠢᠶᠠᠨ ᠡᠭᠦᠳᠡᠨ ᠳᠤ ᠪᠡᠭᠡᠵᠢᠩ ᠤᠨ ᠨᠡᠷᠡᠲᠦ ᠲᠤᠰᠬᠠᠢ ᠲᠤᠬᠠᠢ ᠮᠡᠷᠭᠡᠵᠢᠯᠲᠡᠨ ᠤ ᠡᠮᠴᠢᠯᠡᠭᠡ ᠪᠠᠶᠢᠴᠠᠭᠠᠯᠲᠠ ᠶᠢ ᠬᠦᠷᠲᠡᠵᠦ ᠠᠩᠬᠠᠷᠴᠤ ᠬᠢᠴᠢᠶᠡᠬᠦ ᠲᠤᠬᠠᠢ ᠮᠡᠳᠡᠯᠭᠡ ᠶᠢ ᠤᠶᠢᠯᠠᠭᠠᠭᠠᠳ ᠰᠡᠳᠬᠢᠯ ᠬᠠᠨᠤᠮᠵᠢᠳᠠᠢ ᠪᠠᠶᠢᠯ᠎ᠠ᠃      ᠮᠠᠶᠢᠷᠠᠨᠰᠦ᠋ᠮ᠎ᠡ ᠭᠠᠴᠠᠭᠠᠨ ᠤ ᠮᠠᠯᠴᠢᠨ ᠡᠷᠳᠡᠨᠢᠬᠤᠷᠯᠣ᠄ ︽ᠪᠡᠭᠡᠵᠢᠩ ᠠᠴᠠ ᠳᠣᠰᠬᠠᠢ ᠮᠡᠷᠭᠡᠵᠢᠯᠲᠡᠨ ᠢᠷᠡᠵᠦ ᠮᠠᠨ ᠤ ᠮᠠᠯᠴᠢᠨ ᠲᠠᠷᠢᠶᠠᠴᠢᠨ ᠳᠤ ᠲᠤᠶᠢᠯ ᠤᠨ ᠳᠦᠭᠦᠮ ᠦᠵᠡᠭᠦᠯᠦᠯ᠎ᠡ᠂ ᠮᠠᠨ ᠤ ᠮᠠᠯᠴᠢᠳ ᠭᠡᠷ ᠠᠴᠠ ᠪᠠᠨ ᠭᠠᠷᠴᠤ ᠵᠠᠪᠳᠤᠬᠤ ᠦᠭᠡᠢ᠂ ᠬᠤᠯᠠ ᠶᠠᠪᠤᠵᠤ ᠦᠵᠡᠭᠦᠯᠵᠤ ᠳᠡᠶᠢᠯᠭᠦ ᠦᠭᠡᠢ᠂ ᠬᠢᠲᠡᠯ ᠳᠤ ᠪᠠᠨ ᠶᠠᠭᠠᠷᠠᠭᠠᠳ ᠡᠪᠡᠳᠴᠢᠨ ᠢᠶᠠᠨ ᠭᠦᠨᠳᠦᠷᠡᠭᠦᠯᠤᠭᠰᠨ ᠭᠦᠮᠤᠨ ᠮᠠᠰᠢ ᠠᠷᠪᠢᠨ ᠪᠡᠶᠢᠨ᠎ᠠ᠃ ᠨᠠᠮ ᠵᠠᠰᠠᠭ ᠠᠴᠠ ᠡᠶᠢᠮᠤ ᠰᠡᠶᠢᠬᠠᠨ ᠬᠠᠷᠠᠭᠠᠯᠵᠠᠯ ᠤᠨ ᠲᠦᠷᠤ ᠶᠢᠨ ᠪᠤᠳᠤᠯᠭ᠎ᠠ  ᠭᠡᠷᠡᠭᠵᠢᠬᠦᠯᠦᠨ ᠡᠭᠦᠲᠡᠨ ᠳᠤ ᠨᠢ ᠢᠷᠡᠵᠦ ᠦᠢᠯᠡᠴᠢᠯᠡᠯ᠎ᠠ᠂ ᠵᠢᠯ ᠪᠤᠯᠭᠠᠨ ᠬᠤᠶᠠᠷ ᠦᠮᠡᠨ ᠤ ᠪᠡᠶᠢᠴᠠᠭᠠᠯᠲᠠ ᠬᠢᠵᠤ ᠪᠡᠶᠢᠨ᠎ᠠ᠂ ᠲᠣᠩ ᠲᠠᠯᠠᠷᠬᠠᠵᠤ ᠪᠡᠶᠢᠨ᠎ᠠ︾ ᠭᠡᠪᠡ᠃      2016 ᠣᠨ ᠠᠴᠠ ᠡᠬᠢᠯᠡᠨ ᠮᠠᠨ ᠤ ᠬᠤᠳᠠ ᠵᠢᠯ ᠪᠦᠷᠢ ᠵᠢᠷᠭᠤᠭᠠᠨ ᠵᠠᠭᠤᠨ ᠲᠥᠮᠡᠨ ᠲᠥᠬᠦᠷᠢᠭ ᠤᠨ ᠲᠤᠰᠬᠠᠢ ᠪᠡᠯᠡ ᠪᠠᠭᠤᠯᠭᠠᠵᠦ ᠡᠮᠡᠭᠳᠠᠶᠢᠴᠤᠳ ᠤᠨ ︽ᠰᠠᠪᠠᠨ ᠬᠦᠵᠦᠬᠦᠨ ᠤ ᠦᠮᠠᠨ︾ ᠪᠠ ︽ᠬᠦᠬᠦᠨ ᠪᠤᠯᠴᠢᠷᠬᠠᠢ  ᠶᠢᠨ ᠦᠮᠠᠨ︾ ᠤ ᠰᠦᠢᠳᠬᠡᠯ ᠦᠭᠡᠢ ᠪᠠᠶᠢᠴᠠᠭᠠᠯᠳᠠ ᠶᠢ ᠦᠷᠨᠢᠬᠦᠯᠬᠦ ᠶᠢᠨ ᠬᠠᠮᠳᠤ ᠶᠠᠳᠠᠭᠤ ᠬᠦᠴᠢᠷᠳᠡᠯᠳᠡᠢ ᠡᠪᠡᠳᠴᠢᠳᠡᠳ ᠲᠤ ᠲᠥᠮᠡᠨ ᠲᠥᠬᠦᠷᠢᠭ ᠤᠨ ᠨᠥᠬᠦᠪᠦᠷᠢ ᠣᠯᠭᠤᠵᠦ ᠡᠮ ᠡᠮᠨᠡᠯᠭᠡ ᠶᠢᠨ ᠦᠢᠯᠡᠴᠢᠯᠡᠭᠡ ᠶᠢ ᠬᠦᠳᠡᠭᠡ ᠲᠤᠰᠬᠤᠨ ᠮᠠᠯᠵᠢᠬᠤ ᠣᠷᠤᠨ ᠳᠤ ᠬᠦᠷᠬᠡᠬᠦ᠂ ᠬᠡᠷ ᠪᠦᠯᠢ ᠶᠢᠨ ᠡᠮᠴᠢᠯᠡᠭᠡ᠂ ᠡᠮ ᠡᠮᠨᠡᠯᠭᠡ ᠪᠠᠷ ᠠᠷᠠᠳ ᠢ ᠬᠠᠷᠠᠭᠠᠯᠵᠠᠬᠤ ᠵᠡᠷᠭᠡ ᠣᠯᠠᠨ ᠠᠷᠪᠢᠨ ᠲᠦᠷᠦ ᠶᠢᠨ ᠪᠤᠳᠤᠯᠭ᠎ᠠ ᠶᠢ ᠲᠤᠭᠳᠠᠭᠠᠨ ᠬᠡᠷᠡᠭᠵᠢᠬᠦᠯᠵᠦ ᠣᠳᠤᠬᠠᠨ ᠪᠤᠯᠳᠠᠯ᠎ᠠ ᠲᠤᠰᠪᠤᠷᠢ ᠰᠠᠪᠠᠨ ᠬᠦᠵᠦᠭᠦᠨ ᠦᠮᠡᠨ ᠢ ᠵᠢᠯ ᠪᠣᠯᠭᠠᠨ 40680 ᠬᠥᠮᠥᠨ ᠤᠳᠠᠭ᠎ᠠ᠂ ᠬᠥᠬᠦᠨ ᠪᠤᠯᠴᠢᠷᠬᠠᠢ ᠶᠢᠨ ᠦᠮᠡᠨ ᠢ ᠵᠢᠯ ᠪᠣᠯᠭᠠᠨ 67800 ᠬᠥᠮᠥᠨ ᠤᠳᠠᠭ᠎ᠠ ᠪᠠᠶᠢᠴᠠᠭᠠᠵᠦ ᠦᠷᠬᠡᠨ ᠣᠯᠠᠨ ᠡᠮᠡᠭᠳᠠᠶᠢᠴᠦᠳ ᠲᠤ ᠬᠠᠶᠢᠷ᠎ᠠ ᠬᠠᠯᠠᠮᠵᠢ ᠬᠦᠷᠳᠡᠬᠡᠵᠦ ᠡᠶ᠎ᠡ ᠵᠤᠬᠢᠴᠠᠯᠳᠠᠢ ᠵᠤᠯ ᠵᠢᠷᠭᠠᠯᠳᠤ ᠨᠡᠶᠢᠬᠡᠮ ᠤᠨ ᠣᠷᠴᠢᠨ ᠢ ᠪᠦᠷᠢᠯᠳᠦᠬᠦᠯᠬᠦ ᠳᠤ ᠢᠳᠡᠪᠬᠢ ᠦᠢᠯᠡᠳᠤᠯ  ᠦᠵᠡᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号