ᠮᠠᠨ ᠤ ᠬᠤᠰᠢᠭᠤ ᠪᠤᠯᠪᠠᠰᠤᠨ ᠤ ᠦᠢᠯᠡᠳᠦᠯᠭᠡᠵᠢᠬᠦᠯᠬᠡ ᠶᠢ ᠠᠷᠠᠳ ᠤᠨ ᠰᠡᠳᠬᠢᠯ ᠳᠤ ᠬᠦᠷᠬᠡᠵᠦ ᠪᠠᠶᠢᠨ᠎ᠠ
ᠨᠡᠶᠢᠲᠡᠯᠡᠭᠰᠡᠨ ᠴᠠᠭ᠄
2020/9/1
    ᠮᠠᠨ ᠤ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠤᠯᠤᠰ ᠤᠨ ᠲᠡᠰ ᠤᠨ ᠭᠤᠤᠯᠳᠠᠯᠭᠠᠳᠤ ᠲᠤᠷᠰᠢᠯᠳᠠ ᠶᠢᠨ ᠬᠤᠰᠢᠭᠤ ᠪᠤᠯᠤᠭᠰᠠᠨ ᠤ ᠬᠤᠪᠢ ᠳᠤ ᠣᠨᠣᠯ ᠪᠠ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠰᠡᠯᠡᠭᠦᠴᠡᠯ ᠵᠤᠭᠠᠴᠠᠯ ᠲᠠᠢ ᠣᠷᠭᠠᠨᠢᠭ ᠢᠶᠠᠷ ᠠᠭᠤᠰᠤᠯᠴᠠᠭᠤᠯᠵᠤ ᠰᠤᠷᠭᠠᠨ ᠬᠥᠮᠦᠵᠢᠯ ᠢ ᠪᠠᠶᠠᠷ ᠴᠡᠩᠭᠡᠯ ᠳᠤ ᠠᠭᠤᠰᠬᠠᠨ ᠪᠤᠯᠪᠠᠰᠤᠨ ᠤ ᠦᠢᠯᠡᠳᠦᠯᠭᠡᠵᠢᠬᠦᠯᠬᠡ ᠶᠢ ᠠᠮᠢᠳᠤᠯᠢᠭ ᠢᠶᠠᠷ ᠣᠬᠠᠭᠤᠯᠵᠦ ᠪᠠᠶᠢᠨ᠎ᠠ᠃     ᠣᠶᠢᠷ᠎ᠠ ᠶᠢᠨ ᠬᠤᠭᠤᠴᠠᠭᠠᠨ ᠳᠤ᠂ ᠦᠳᠡᠰᠢ ᠶᠢᠨ ᠨᠠᠢᠮᠠᠨ ᠴᠠᠭ ᠪᠤᠯᠬᠤ ᠪᠦᠷᠢ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠲᠥᠪ ᠤᠨ ᠠᠵᠢᠯᠳᠠᠳ ᠭᠠᠯᠠᠭᠤᠳᠤ ᠪᠠᠯᠭᠠᠰᠤᠨ ᠤ ᠠᠷᠠᠳ ᠤᠨ ᠠᠭᠤᠳᠠᠮ ᠲᠠᠯᠠᠪᠠᠢ ᠳᠤ ᠴᠠᠭ ᠲᠠᠭᠠᠨ ᠢᠷᠡᠵᠦ ᠠᠮᠠᠷᠠᠨ ᠰᠡᠯᠡᠬᠦᠴᠡᠵᠦ ᠪᠠᠶᠢᠭ᠎ᠠ ᠰᠠᠭᠤᠭᠠᠯᠢ ᠠᠷᠠᠳ ᠲᠠᠢ ᠬᠠᠮᠳᠤ ᠨᠠᠮ ᠵᠠᠰᠠᠭ ᠤᠨ ᠲᠦᠷᠦ ᠶᠢᠨ ᠪᠤᠳᠤᠯᠭ᠎ᠠ ᠶᠢᠨ ᠲᠤᠬᠠᠢ ᠮᠡᠳᠡᠯᠭᠡ ᠮᠡᠳᠡᠴᠡ ᠪᠠ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡᠵᠢᠬᠦᠯᠬᠡ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ ᠣᠯᠠᠨ ᠲᠠᠶᠠᠭᠠᠷ  ᠲᠠᠢ ᠦᠵᠡᠯ ᠪᠤᠳᠤᠯ ᠢᠶᠠᠨ ᠬᠤᠪᠢᠶᠠᠯᠴᠠᠳᠠᠭ ᠪᠠᠶᠢᠨ᠎ᠠ᠃     ᠰᠠᠭᠤᠭᠠᠯᠢ ᠠᠷᠠᠳ ᠶᠠᠩ ᠨᠠ᠄ ︽ᠪᠠᠭᠰᠢ ᠶᠢᠨ ᠲᠠᠶᠢᠯᠪᠤᠷᠢᠯᠠᠯᠲᠠ ᠶᠢ ᠰᠣᠨᠣᠰᠤᠭᠠᠳ ᠣᠯᠣᠯᠳᠠ ᠶᠡᠬᠡᠳᠡᠢ ᠪᠠᠶᠢᠨ᠎ᠠ᠃  ᠰᠠᠨᠠᠭᠠᠨ ᠳᠤ ᠦᠭᠡᠢ ᠲᠤᠭᠤᠷᠢᠨ ᠰᠡᠯᠡᠬᠦᠴᠡᠵᠦ ᠪᠠᠶᠢᠳᠠᠯ᠎ᠠ ᠮᠠᠨ ᠤ ᠡᠩ ᠤᠨ ᠴᠠᠭ ᠲᠤ ᠣᠶᠢᠯᠠᠭᠠᠵᠦ ᠮᠡᠳᠡᠬᠦ ᠦᠭᠡᠢ ᠲᠦᠷᠦ ᠶᠢᠨ ᠪᠤᠳᠤᠯᠭ᠎ᠠ ᠶᠢ ᠪᠢᠳᠠᠨ ᠳᠤ ᠣᠶᠢᠯᠠᠭᠠᠮᠵᠢᠳᠠᠢ ᠶᠠᠷᠢᠵᠦ ᠦᠭᠬᠦᠯ᠎ᠡ᠂ ᠡᠨᠡ ᠨᠢ ᠪᠢᠳᠠᠨ ᠤ ᠠᠮᠢᠳᠤᠷᠠᠯ ᠲᠠᠢ ᠨᠢᠭᠳᠠ ᠬᠤᠯᠪᠤᠭ᠎ᠠ ᠲᠠᠢ ᠰᠢᠤ︾ ᠬᠡᠵᠦ ᠪᠠᠶᠢᠯ᠎ᠠ᠃    ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠲᠥᠪ ᠨᠢ ᠣᠯᠠᠨ ᠲᠦᠮᠡᠨ ᠬᠠᠮᠢᠭ᠎ᠠ ᠪᠠᠶᠢᠪᠠᠯ ᠪᠣᠯᠪᠠᠰᠤᠨ ᠤ ᠦᠢᠯᠡᠳᠦᠯᠬᠡ ᠳᠠᠷᠤᠶ ᠲᠡᠨᠳᠡ ᠦᠷᠬᠦᠯᠵᠢᠯᠡᠬᠦ ᠶᠢ ᠪᠠᠷᠢᠮᠳᠠᠯᠠᠵᠦ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ 15 ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠶᠢᠨ 30 ᠭᠠᠷᠤᠶ ᠰᠠᠯᠠᠭ᠎ᠠ ᠮᠥᠴᠢᠷ ᠢ ᠨᠢᠭᠡᠳᠦᠯᠲᠡᠶ ᠵᠤᠬᠢᠶᠠᠨ ᠪᠠᠶᠢᠭᠤᠯᠤᠭᠰᠠᠨ ᠤ ᠬᠠᠮᠲᠤ ᠡᠯ᠎ᠡ ᠰᠠᠯᠠᠭ᠎ᠠ ᠮᠥᠴᠢᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠣᠶᠢᠷᠠᠳᠤᠭᠰᠠᠨ ᠠᠳᠠᠯᠢ ᠪᠤᠰᠤ ᠲᠤᠬᠠᠶᠢᠯᠠᠭᠰᠠᠨ ᠠᠵᠢᠯ ᠤᠨ ᠦᠢᠯᠡᠴᠢᠯᠡᠬᠡᠨ ᠤ ᠠᠭᠤᠯᠭ᠎ᠠ ᠳᠤ ᠲᠦᠰᠢᠭᠯᠡᠵᠦ ᠣᠯᠠᠨ ᠲᠥᠮᠡᠨ ᠤ ᠡᠯ᠎ᠡ ᠲᠠᠯ᠎ᠠ ᠶᠢᠨ ᠬᠦᠰᠡᠯ ᠱᠠᠭᠠᠷᠳᠠᠯᠭ᠎ᠠ ᠶᠢ ᠬᠠᠩᠭᠠᠨ ᠤᠯᠠᠨ ᠲᠦᠮᠡᠨ ᠢ ᠣᠬᠠᠭᠤᠯᠵᠦ ᠬᠥᠲᠥᠯᠥᠨ ᠵᠢᠯᠤᠭᠤᠳᠬᠤ᠂ ᠤᠯᠠᠨ ᠲᠦᠮᠡᠨ ᠢ ᠨᠢᠭᠳᠠᠷᠠᠭᠤᠯᠵᠦ ᠬᠥᠮᠦᠵᠢᠭᠦᠯᠬᠦ ᠪᠠ ᠤᠯᠠᠨ ᠲᠦᠮᠡᠨ ᠢ ᠬᠠᠯᠠᠮᠵᠢᠯᠠᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠳᠡᠷᠡᠬᠦᠯᠵᠦ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号