2020 ᠣᠨ ᠤ ᠪᠦᠬᠦ ᠬᠤᠰᠢᠭᠤᠨ ᠤ ᠰᠠᠯᠠᠭᠠᠨ ᠳᠡᠰ ᠤᠨ ᠺᠠᠳ᠋ᠷᠴᠣᠳ ᠤᠨ ᠭᠠᠵᠢᠭᠤ ᠨᠣᠮᠯᠠᠯ ᠢ ᠡᠰᠡᠷᠬᠦᠴᠡᠬᠦ ᠳᠣᠰᠬᠠᠢ ᠰᠡᠳᠣᠪᠲᠣ ᠳᠠᠶᠢᠯᠦᠮᠵᠢ ᠶᠠᠪᠤᠭᠳᠠᠪᠠ
ᠨᠡᠶᠢᠲᠡᠯᠡᠭᠰᠡᠨ ᠴᠠᠭ᠄
2020/9/1
   8 ᠰᠠᠷ᠎ᠠ ᠶᠢᠨ 27 ᠳᠤ᠂ ᠬᠤᠰᠢᠭᠤ ᠵᠣᠬᠢᠶᠠᠨ ᠪᠠᠶᠢᠭᠤᠯᠬᠤ ᠬᠡᠯᠳᠡᠰ᠂ ᠨᠠᠮ ᠤᠨ ᠰᠣᠷᠭᠠᠭᠤᠯᠢ ᠠᠴᠠ 2020 ᠣᠨ ᠤ ᠦᠦᠰᠢᠨ ᠬᠤᠰᠢᠭᠤᠨ ᠤ ᠰᠠᠯᠠᠭᠠᠨ ᠳᠡᠰ ᠤᠨ ᠺᠠᠳ᠋ᠷᠴᠣᠳ ᠤᠨ ᠭᠠᠵᠢᠭᠤ ᠨᠣᠮᠯᠠᠯ ᠢ ᠡᠰᠡᠷᠬᠦᠴᠡᠬᠦ ᠳᠣᠰᠬᠠᠢ ᠰᠡᠳᠣᠪᠲᠣ ᠳᠠᠶᠢᠯᠦᠮᠵᠢ ᠡᠷᠬᠢᠯᠡᠨ ᠶᠠᠪᠣᠭᠳᠠᠭᠤᠯᠣᠭᠰᠠᠨ ᠪᠠᠶᠢᠨ᠎ᠠ᠃    ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠠᠵᠢᠭᠤ ᠨᠣᠮᠯᠠᠯ ᠢ ᠡᠰᠡᠷᠬᠦᠴᠡᠬᠦ ᠨᠡᠶᠢᠬᠡᠮᠯᠢᠭ ᠤᠨ ᠨᠠᠷᠢᠨ ᠪᠢᠴᠢᠭᠡᠴᠢ ᠶᠢᠨ ᠳᠠᠷᠤᠭ᠎ᠠ ᠵᠣᠣ ᠵᠢᠶᠠᠨ ᠮᠢᠨ ᠳᠣᠬᠠᠶᠢᠯᠠᠭᠰᠠᠨ ᠠᠵᠢᠯ ᠠᠴᠠ ᠪᠠᠨ ᠭᠠᠷᠳᠠᠵᠦ ᠭᠠᠵᠢᠭᠤ ᠨᠣᠮᠯᠠᠯ  ᠢ  ᠢᠯᠡᠷᠡᠬᠦᠯᠦᠨ ᠡᠰᠡᠷᠬᠦᠴᠡᠭᠰᠡᠨ ᠪᠣᠳᠠᠳᠣ ᠬᠡᠷᠡᠭ ᠤᠨ ᠵᠢᠱᠢᠶ᠎ᠡ ᠲᠠᠢ ᠣᠶᠠᠯᠳᠣᠭᠤᠯᠣᠨ ᠣᠯᠣᠰ ᠤᠨ ᠳᠣᠳᠣᠭᠠᠲᠣ ᠭᠠᠳᠠᠭᠠᠲᠣ ᠶᠢᠨ ᠭᠠᠵᠢᠭᠤ ᠨᠣᠮᠯᠠᠯ ᠤᠨ ᠠᠵᠢᠯᠯᠠᠭᠠᠨ ᠤ ᠠᠬᠤᠢ ᠪᠠᠶᠢᠳᠠᠯ ᠤᠨ ᠳᠣᠬᠠᠢ ᠠᠮᠢᠳᠣᠯᠢᠭ ᠣᠶᠢᠯᠠᠭᠠᠮᠵᠢᠲᠠᠢ ᠵᠠᠳᠠᠯᠣᠨ ᠳᠠᠶᠢᠯᠪᠣᠷᠢᠯᠠᠭᠰᠠᠨ ᠪᠠᠶᠢᠨ᠎ᠠ᠃     ᠳᠠᠶᠢᠯᠦᠮᠵᠢ ᠪᠠᠷ ᠺᠠᠳ᠋ᠷ ᠠᠵᠢᠯᠳᠠᠳ ᠤᠨ ᠭᠠᠵᠢᠭᠤ ᠨᠣᠮᠯᠠᠯ ᠤᠨ ᠳᠣᠬᠠᠢ ᠳᠠᠨᠢᠯᠳᠠ ᠣᠶᠢᠯᠠᠭᠠᠯᠳᠠ ᠶᠢ ᠦᠷᠭᠡᠳᠭᠡᠵᠦ ᠭᠠᠵᠢᠭᠤ ᠨᠣᠮᠯᠠᠯ ᠢ ᠡᠰᠡᠷᠬᠦᠴᠡᠬᠦ ᠦᠵᠡᠯ ᠣᠬᠠᠮᠰᠠᠷ ᠢ ᠳᠡᠭᠡᠭᠰᠢᠯᠡᠬᠦᠯᠦᠨ ᠭᠠᠵᠢᠭᠤ ᠨᠣᠮᠯᠠᠯ ᠢ ᠡᠰᠡᠷᠬᠦᠴᠡᠬᠦ ᠳᠠᠶᠢᠴᠢᠯᠠᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠦ ᠣᠬᠠᠭᠤᠯᠭ᠎ᠠ ᠬᠦᠮᠦᠵᠢᠯ ᠢ ᠰᠠᠶᠢᠳᠣᠷ ᠬᠢᠬᠦ  ᠶᠢ ᠣᠷᠢᠶᠠᠯᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号