ᠨᠡᠷᠡᠲᠦ ᠲᠡᠮᠳᠡᠭᠲᠦ ᠨᠢ ᠲᠠᠷᠪᠤᠰ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠦᠯ᠎ᠡ
ᠨᠡᠶᠢᠲᠡᠯᠡᠭᠰᠡᠨ ᠴᠠᠭ᠄
2020/9/1
    ᠣᠶᠢᠷ᠎ᠠ ᠶᠢᠨ ᠬᠤᠭᠤᠴᠠᠭᠠᠨ ᠳᠤ᠂ ᠮᠤᠤᠠᠤᠰᠤ ᠡᠯᠡᠰᠦᠨ ᠭᠠᠵᠠᠷ ᠤᠨ ᠰᠧᠯᠧᠨ ᠡᠯᠪᠡᠭ ᠠᠭᠤᠯᠤᠭᠰᠠᠨ ᠲᠠᠷᠪᠤᠰ ᠡᠯᠪᠡᠭ ᠬᠤᠷᠢᠶᠠᠯᠲᠠ ᠣᠯᠵᠦ ᠠᠮᠢ ᠠᠬᠤᠢ ᠶᠢᠨ ᠪᠣᠬᠢᠷᠳᠤᠯ ᠦᠭᠡᠢ ᠨᠡᠷᠡᠳᠤ ᠲᠡᠮᠳᠡᠭᠳᠤ ᠪᠠᠷ ᠢᠶᠠᠨ ᠵᠠᠬ᠎ᠠ ᠳᠡᠯᠭᠡᠭᠦᠷ  ᠤᠨ ᠬᠦᠷᠢᠶᠡᠯᠡᠯ ᠢ ᠣᠯᠵᠦ ᠲᠠᠷᠪᠤᠰ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠦᠯ᠎ᠡ᠃     ᠦᠪᠦᠷ ᠮᠤᠩᠭᠤᠯ ᠤᠨ ᠮᠣᠣᠠᠣᠰᠤ ᠡᠯᠡᠰᠤᠨ ᠭᠠᠵᠠᠷ ᠤᠨ ᠰᠧᠯᠧᠨ ᠡᠯᠪᠡᠭ ᠠᠭᠤᠯᠤᠭᠰᠠᠨ ᠲᠠᠷᠪᠤᠰ ᠤᠨ ᠰᠠᠭᠤᠷᠢᠨ ᠭᠠᠵᠠᠷ ᠮᠠᠨ ᠤ ᠬᠤᠰᠢᠭᠤᠨ ᠳᠤ ᠪᠠᠶᠢᠷᠢᠯᠠᠵᠦ ᠪᠠᠶᠢᠭ᠎ᠠ ᠶᠤᠮ᠂ ᠡᠨᠡ ᠵᠢᠯ ᠲᠤᠰ ᠰᠠᠭᠤᠷᠢᠨ ᠭᠠᠵᠠᠷ ᠤᠨ ᠲᠠᠷᠢᠭᠰᠠᠨ ᠲᠠᠷᠪᠤᠰ ᠨᠢ ᠡᠯᠪᠡᠭ ᠬᠤᠷᠢᠶᠠᠯᠳᠠ ᠣᠯᠵᠦ ᠡᠯ᠎ᠡ ᠭᠠᠵᠠᠷ ᠤᠨ ᠬᠤᠳᠠᠯᠳᠤᠭᠠᠴᠢᠳ ᠤᠨ ᠬᠠᠯᠠᠭᠤᠨ ᠬᠦᠷᠢᠶᠡᠯᠡᠯ ᠢ ᠣᠯᠵᠦ ᠪᠠᠶᠢᠨ᠎ᠠ᠃     ᠮᠠᠨ ᠤ ᠬᠤᠰᠢᠭᠤᠨ ᠤ ᠸᠠᠨ ᠬᠤ᠋ ᠲᠠᠷᠢᠵᠤ ᠲᠡᠵᠢᠬᠡᠬᠦ ᠲᠤᠰᠬᠠᠶ ᠬᠤᠷᠰᠢᠶᠠᠵᠢᠯ ᠤᠨ ᠰᠧᠯᠧᠨ ᠡᠯᠪᠡᠭ ᠠᠭᠤᠯᠤᠭᠰᠠᠨ ᠲᠠᠷᠪᠤᠰ ᠲᠠᠷᠢᠭᠰᠠᠨ ᠶᠡᠷᠦᠩᠬᠡᠶ ᠲᠠᠯᠠᠪᠠᠢ ᠨᠢ 600 ᠭᠠᠷᠤᠶ ᠮᠦ ᠪᠠᠶᠢᠵᠦ ᠬᠥᠷᠥᠰᠥ ᠰᠢᠷᠣᠶ ᠶᠢ ᠰᠢᠯᠭᠠᠨ ᠪᠠᠶᠢᠴᠠᠭᠠᠬᠤ ᠠᠴᠠ ᠡᠬᠢᠯᠡᠨ ᠦᠷ᠎ᠡ ᠰᠤᠩᠭᠤᠬᠤ᠂ ᠲᠠᠷᠢᠵᠦ ᠪᠤᠶᠢᠵᠢᠭᠤᠯᠬᠤ᠂ ᠠᠷᠠᠴᠢᠯᠠᠵᠦ ᠬᠠᠮᠠᠭᠠᠯᠠᠨ ᠲᠡᠬᠦᠵᠦ ᠪᠤᠷᠤᠯᠠᠭᠤᠯᠬᠤ ᠬᠦᠷᠲᠡᠯᠡᠬᠢ ᠦᠢᠯᠡᠳᠪᠦᠷᠢᠯᠡᠯ ᠤᠨ ᠪᠦᠬᠦᠶᠢᠯᠡ ᠶᠠᠪᠤᠴᠠ ᠳᠤ ᠴᠦᠮ ᠠᠮᠢ ᠠᠬᠤᠢ ᠶᠢᠨ ᠪᠤᠬᠢᠷᠳᠤᠯ ᠦᠭᠡᠢ ᠪᠠᠷᠢᠮᠵᠢᠶ᠎ᠠ ᠱᠠᠭᠠᠷᠳᠠᠯᠭ᠎ᠠ ᠶᠤᠰᠤᠭᠠᠷ ᠡᠵᠡᠩᠨᠡᠭᠰᠡᠨ ᠢᠶᠠᠷ ᠬᠠᠮᠢᠶ᠎ᠠ ᠪᠦᠬᠦᠢ ᠪᠠᠶᠢᠭᠤᠯᠭ᠎ᠠ ᠶᠢᠨ ᠬᠢᠨᠡᠨ ᠲᠤᠭᠳᠠᠭᠠᠯᠳᠠ ᠪᠠᠷ ᠲᠠᠮᠵᠢᠨ ᠴᠢᠨᠠᠷ ᠰᠠᠶᠢᠳᠠᠢ ᠲᠠᠷᠪᠤᠰ ᠤᠨ ᠨᠡᠷᠡᠳᠤ ᠲᠡᠮᠳᠡᠭᠳᠤ ᠶᠢᠨ ᠵᠢᠭᠰᠠᠭᠠᠯᠳᠠ ᠳᠤ ᠣᠷᠤᠭᠰᠠᠨ ᠪᠠᠶᠢᠨ᠎ᠠ᠃     ᠸᠠᠨ ᠬᠤ᠋ ᠲᠠᠷᠢᠵᠤ ᠲᠡᠵᠢᠬᠡᠬᠦ ᠲᠤᠰᠬᠠᠶ ᠬᠤᠷᠰᠢᠶᠠᠵᠢᠯ ᠤᠨ ᠬᠠᠷᠢᠭᠤᠴᠠᠯᠭᠠᠳᠠᠨ ᠦ᠋ ᠵᠠᠨ ᠪᠤᠤ᠄ ︽ᠮᠠᠨ ᠤ ᠲᠠᠷᠪᠤᠰ ᠤᠨ ᠲᠠᠷᠢᠶᠠᠨ ᠳᠤ ᠲᠠᠷᠪᠤᠰ ᠪᠤᠯᠤᠨ ᠡᠪᠡᠰᠤ ᠬᠠᠮᠳᠤᠷᠠᠨ ᠣᠷᠭᠤᠵᠦ ᠪᠠᠶᠢᠨ᠎ᠠ᠂ ᠡᠨᠡ ᠨᠢ ᠲᠠᠷᠤᠢ ᠶᠠᠮᠠᠷᠴᠤ ᠬᠢᠮᠢ ᠶᠢᠨ ᠪᠤᠷᠳᠤᠭᠤᠷ ᠬᠡᠷᠡᠭᠯᠡᠭᠰᠡᠨ ᠦᠭᠡᠢ ᠪᠠᠶᠢᠭᠠᠯᠢᠯᠢᠭ ᠢᠶᠠᠷ ᠣᠷᠭᠤᠭᠰᠠᠨ ᠢ ᠬᠠᠷᠠᠭᠤᠯᠵᠦ ᠪᠠᠶᠢᠨ᠎ᠠ᠃ ᠴᠦᠮ ᠠᠮᠢᠳᠤ ᠪᠤᠳᠠᠰ ᠤᠨ ᠣᠷᠭᠠᠨᠢᠭ ᠰᠢᠮ᠎ᠡ ᠲᠡᠵᠢᠬᠡᠯ ᠪᠤᠯᠬᠤᠷ ᠰᠧᠯᠧᠨ ᠤ ᠠᠭᠤᠯᠤᠭᠳᠠᠴᠠ ᠶᠢ ᠪᠠᠳᠤᠯᠠᠵᠦ ᠴᠢᠳᠠᠨ᠎ᠠ︾ ᠭᠡᠪᠡ᠃
    ᠮᠠᠨ ᠤ ᠬᠤᠰᠢᠭᠤ ᠮᠤᠤᠠᠤᠰᠤ ᠡᠯᠡᠰᠦᠨ ᠤ ᠦᠷᠦᠴᠡᠨ ᠳᠤ ᠪᠠᠶᠢᠷᠢᠰᠢᠵᠦ ᠭᠠᠵᠠᠷ ᠲᠤᠤᠷᠠᠬᠢ ᠰᠧᠯᠧᠨ ᠤ ᠠᠭᠤᠯᠤᠭᠳᠠᠴᠠ ᠡᠯᠪᠡᠭ ᠪᠠᠶᠢᠳᠠᠭ ᠠᠴᠠ ᠡᠨᠡ ᠵᠢᠯ ᠲᠤᠰ ᠬᠤᠷᠰᠢᠶᠠᠵᠢᠯ ᠤᠨ ᠬᠢᠨ ᠣᠯᠣᠰ ᠤᠨ ᠲᠠᠷᠢᠶᠠᠯᠠᠩ ᠤᠨ ᠶᠠᠮᠤᠨ ᠤ ᠲᠤᠰᠬᠠᠢ ᠮᠡᠷᠬᠡᠵᠢᠯᠳᠡ ᠢ ᠣᠷᠢᠨ  ᠮᠡᠷᠬᠡᠵᠢᠯ ᠤᠨ ᠵᠢᠯᠤᠭᠤᠳᠤᠯᠭ᠎ᠠ ᠬᠢᠯᠬᠡᠵᠦ ᠭᠠᠵᠠᠷ ᠣᠷᠤᠨ ᠤ ᠲᠠᠪᠠᠭᠤᠯᠢᠭ ᠢ ᠬᠦᠢᠴᠡᠳ ᠪᠠᠳᠠᠷᠠᠭᠤᠯᠤᠨ ᠣᠷᠤᠨ ᠨᠤᠲᠤᠭ ᠤᠨ ᠨᠡᠷᠡᠳᠦ ᠲᠡᠮᠳᠡᠭ ᠢ ᠢᠳᠡᠪᠬᠢᠳᠡᠢ ᠡᠬᠦᠳᠦᠭᠰᠡᠨ ᠢᠶᠠᠷ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠵᠦ ᠵᠢᠩ ᠪᠦᠷᠢ ᠳᠡᠭᠡᠨ ᠵᠠᠬ᠎ᠠ ᠳᠡᠯᠭᠡᠭᠦᠷ ᠤᠨ ᠦᠨ᠎ᠡ ᠠᠴᠠ ᠬᠤᠷᠢᠨ ᠮᠥᠩᠭᠦ ᠠᠴᠠ ᠳᠡᠭᠡᠭᠰᠢ ᠥᠨᠳᠥᠷ ᠦᠨ᠎ᠡ ᠪᠠᠷ ᠪᠤᠷᠤᠯᠠᠭᠤᠯᠵᠦ ᠮᠤ᠋ ᠪᠦᠷᠢ ᠶᠢᠨ ᠲᠠᠷᠪᠤᠰ ᠤᠨ ᠣᠷᠤᠯᠭ᠎ᠠ ᠶᠢ ᠭᠤᠷᠪᠠ  ᠠᠴᠠ ᠲᠦᠷᠪᠡᠨ ᠵᠠᠭᠤᠨ ᠲᠥᠬᠦᠷᠢᠭ ᠨᠡᠮᠡᠭᠳᠡᠨ 80 ᠭᠠᠷᠤᠢ ᠲᠠᠷᠪᠤᠰ ᠤᠨ ᠲᠠᠷᠢᠶᠠᠴᠢᠳ ᠠᠰᠢᠭ ᠬᠦᠷᠳᠡᠭᠰᠡᠨ ᠪᠠᠶᠢᠨ᠎ᠠ᠃     ᠡᠾᠧᠨᠠᠨ ᠮᠤᠵᠢ ᠶᠢᠨ ᠲᠠᠷᠪᠤᠰ ᠤᠨ ᠠᠷᠡᠯᠵᠢᠶᠠᠴᠢᠨ ᠭᠦ᠋ ᠯᠢᠶᠠᠨ ᠶᠢᠩ᠄ ︽ᠮᠣᠣᠠᠣᠰᠤ ᠡᠯᠡᠰᠤᠨ ᠭᠠᠵᠠᠷ ᠤᠨ ᠲᠠᠷᠪᠤᠰ ᠨᠢ ᠣᠰᠤ ᠨᠢ ᠪᠠᠭ᠎ᠠ᠂ ᠰᠢᠬᠢᠷ ᠤᠨ ᠠᠭᠤᠯᠠᠭᠳᠠᠴᠠ ᠦᠨᠳᠤᠷ ᠪᠤᠯᠬᠤᠷ ᠡᠮᠤᠨᠡᠳᠤ ᠣᠷᠤᠨ ᠢᠶᠠᠷ ᠪᠤᠷᠤᠯᠠᠭᠤᠯᠭ᠎ᠠ ᠲᠤᠩ ᠰᠠᠶᠢᠨ᠂  ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠰᠢᠭ ᠪᠠᠶᠢᠨ᠎ᠠ᠂ ᠡᠨᠡ ᠵᠢᠯ ᠪᠢᠳᠠ ᠪᠠᠷᠤᠭ 100 ᠲᠥᠮᠡᠨ ᠵᠢᠩ ᠪᠤᠷᠤᠯᠠᠭᠤᠯᠬᠤ ᠪᠠᠷ ᠲᠦᠯᠦᠪᠯᠡᠵᠦ ᠪᠠᠶᠢᠨ᠎ᠠ︾ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号