ᠰᠤᠷᠤᠭᠴᠢᠳ ᠠᠮᠠᠷᠠᠯᠳᠡ ᠶᠢᠨ ᠬᠤᠭᠤᠴᠠᠭᠠᠨ ᠳᠤ ᠪᠠᠨ ᠪᠤᠳᠠᠳᠠᠢ ᠤᠶᠢᠯᠡᠳᠤᠯᠭᠡ ᠰᠤᠷᠤᠯᠴᠠᠯᠭ᠎ᠠ ᠳᠤ ᠤᠷᠤᠯᠴᠠᠵᠤ ᠪᠠᠶᠢᠨ᠎ᠠ
ᠨᠡᠶᠢᠲᠡᠯᠡᠭᠰᠡᠨ ᠴᠠᠭ᠄
2020/9/1
    ᠤᠶᠢᠷ᠎ᠠ ᠳᠤ᠂ ᠬᠤᠰᠢᠭᠤ ᠮᠤᠩᠭᠤᠯ ᠦᠨᠳᠤᠰᠤᠳᠡᠨ ᠤ ᠲᠤᠷᠰᠢᠯᠳᠡ ᠶᠢᠨ ᠪᠠᠭ᠎ᠠ ᠰᠤᠷᠭᠠᠭᠤᠯᠢ ᠶᠢᠨ ᠲᠦᠷᠪᠡᠳᠤᠭᠡᠷ ᠤᠨ ᠤ ᠭᠤᠷᠪᠠᠳᠤᠭᠠᠷ ᠠᠩᠭᠢ ᠶᠢᠨ ᠬᠢᠨ ᠬᠠᠨᠳᠢᠪ ᠤᠨ ᠠᠵᠢᠯᠯᠠᠭ᠎ᠠ ᠪᠤᠯᠤᠨ ᠨᠤᠮ ᠤᠩᠰᠢᠬᠤ ᠠᠵᠢᠯᠯᠠᠭ᠎ᠠ ᠦᠷᠨᠢᠭᠦᠯᠵᠦ  ᠰᠤᠷᠤᠭᠴᠢᠳ ᠤᠨ ᠠᠮᠠᠷᠠᠯᠳᠡ ᠶᠢᠨ ᠬᠤᠭᠤᠴᠠᠭ᠎ᠠ ᠶᠢ ᠪᠠᠶᠠᠯᠢᠭᠵᠢᠭᠤᠯᠵᠤ ᠪᠠᠶᠢᠨ᠎ᠠ᠃     ᠬᠤᠰᠢᠭᠤ ᠮᠤᠩᠭᠤᠯ ᠦᠨᠳᠤᠰᠤᠳᠡᠨ ᠤ ᠲᠤᠷᠰᠢᠯᠳᠡ ᠶᠢᠨ ᠪᠠᠭ᠎ᠠ ᠰᠤᠷᠭᠠᠭᠤᠯᠢ ᠶᠢᠨ ᠲᠦᠷᠪᠡᠳᠤᠭᠡᠷ ᠤᠨ ᠤ ᠭᠤᠷᠪᠠᠳᠤᠭᠠᠷ ᠠᠩᠭᠢ ᠶᠢᠨ ᠰᠤᠷᠤᠭᠴᠢᠳ ᠪᠤᠯᠤᠨ ᠭᠡᠰᠡᠭ ᠭᠡᠷ ᠤᠨ ᠠᠬᠠᠮᠠᠳ ᠠᠮᠢᠳᠤᠷᠠᠯ ᠬᠦᠴᠢᠷᠳᠡᠯᠳᠡᠢ ᠰᠤᠷᠤᠭᠴᠢ ᠨᠠᠶᠠᠨᠳᠠᠢ ᠶᠢᠨ ᠬᠢᠨ ᠳᠤ ᠤᠴᠢᠵᠤ ᠠᠮᠢᠳᠤᠷᠠᠯ ᠤᠨ ᠪᠤᠳᠠᠰ ᠪᠤᠯᠤᠨ ᠵᠤᠭᠤᠰ ᠮᠦᠩᠭᠦ ᠪᠠᠷ ᠲᠡᠮᠵᠢᠨ ᠲᠤᠰᠠᠯᠠᠵᠤ ᠬᠠᠮᠳᠤ ᠰᠤᠷᠤᠯᠭᠠᠳᠠᠳ ᠤᠨ ᠬᠤᠭᠤᠷᠤᠨᠳᠤᠭᠢ ᠪᠦᠯᠭᠦᠮᠳᠡᠯ ᠨᠢᠭᠳᠠᠷᠠᠯ ᠢ ᠬᠠᠷᠠᠭᠤᠯᠤᠭᠰᠠᠨ ᠪᠠᠶᠢᠨ᠎ᠠ᠃     ᠰᠤᠷᠤᠭᠴᠢᠳ ᠪᠠᠰᠠ ᠪᠢᠯᠢᠭ ᠤᠨ ᠰᠠᠩ ᠮᠤᠩᠭᠤᠯ ᠨᠤᠮ ᠤᠨ ᠤᠪᠤᠭ᠎ᠠ ᠪᠠᠷ ᠲᠤᠭᠤᠷᠢᠨ ᠦᠵᠡᠵᠦ ᠨᠤᠮ ᠤᠨ ᠤᠷᠳᠤᠨ  ᠳᠤ ᠬᠠᠳᠠᠭᠠᠯᠠᠵᠤ ᠪᠠᠶᠢᠭ᠎ᠠ ᠤᠯᠠᠨ ᠲᠦᠷᠥᠯ ᠤᠨ ᠨᠤᠮ ᠰᠤᠳᠤᠷ ᠠᠴᠠ ᠦᠪᠡᠷ ᠤᠨ ᠲᠤᠭᠤᠵᠤ ᠪᠠᠭ᠋ᠠᠷᠬᠠᠭᠰᠠᠨ ᠨᠤᠮ ᠰᠤᠳᠤᠷ  ᠢᠶᠠᠨ ᠰᠤᠩᠭᠤᠨ ᠤᠩᠰᠢᠭᠰᠠᠨ ᠤ ᠲᠠᠷᠠᠭ᠎ᠠ ᠤᠶᠢᠯᠠᠭᠠᠵᠦ ᠮᠡᠳᠡᠭᠰᠡᠨ ᠵᠦᠢᠯᠡᠰ ᠢᠶᠠᠨ ᠲᠠᠶᠠᠭᠠᠷ ᠣᠯᠠᠨ ᠲᠠᠢ ᠬᠤᠪᠢᠶᠠᠯᠴᠠᠭᠰᠠᠨ ᠪᠠᠶᠢᠨ᠎ᠠ᠃     ᠦᠢᠯᠡᠳᠦᠯᠭᠡ ᠰᠤᠷᠤᠯᠴᠠᠯᠭ᠎ᠠ ᠪᠠᠷ ᠳᠠᠮᠵᠢᠨ ᠰᠤᠷᠤᠭᠴᠢᠳ ᠤᠨ ᠠᠮᠠᠷᠠᠯᠳᠡ ᠶᠢᠨ ᠬᠤᠭᠤᠴᠠᠭ᠎ᠠ ᠶᠢ ᠤᠳᠬ᠎ᠠ ᠠᠭᠤᠯᠭ᠎ᠠ  ᠲᠠᠢ ᠪᠠᠶᠠᠷ ᠬᠦᠷ ᠲᠠᠢ ᠪᠤᠯᠭᠠᠭᠰᠠᠨ ᠮᠥᠷᠲᠡᠭᠡᠨ ᠲᠡᠳᠡᠨ ᠳᠤ ᠶᠤᠰᠤ ᠰᠤᠷᠳᠠᠬᠤᠨ ᠤ ᠬᠦᠮᠦᠵᠢᠯ᠂ ᠣᠶᠣᠨ ᠮᠡᠳᠡᠯᠭᠡ ᠶᠢᠨ ᠰᠢᠮ᠎ᠡ ᠶᠢ ᠬᠦᠷᠲᠡᠭᠡᠵᠤ ᠰᠤᠷᠤᠭᠴᠢ᠂ ᠭᠡᠷ ᠤᠨ ᠠᠬᠠᠮᠠᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号