ᠮᠠᠯ ᠲᠠᠷᠢᠶᠠᠯᠠᠩ ᠤᠨ ᠪᠦᠳᠦᠭᠡᠭᠳᠡᠭᠦᠨ ᠠᠴᠠ ᠪᠠᠶᠠᠵᠢᠯ ᠤᠨ ᠵᠠᠮ ᠲᠤᠷᠠᠶᠢᠨ᠎ᠠ
ᠨᠡᠶᠢᠲᠡᠯᠡᠭᠰᠡᠨ ᠴᠠᠭ᠄
2020/9/10
    ᠣᠶᠢᠷ᠎ᠠ ᠳᠤ᠂ ᠤᠯᠠᠭᠠᠨᠳᠤᠯᠤᠭᠠᠢ ᠪᠠᠯᠭᠠᠰᠤ ︽ᠨᠠᠮ ᠤᠨ ᠪᠠᠶᠢᠭᠤᠯᠤᠯᠳᠡ + ᠲᠠᠷᠢᠶᠠᠯᠠᠩ ᠮᠠᠯ ᠠᠵᠤ ᠠᠬᠤᠢ ᠶᠢᠨ ᠤᠶᠢᠯᠡᠰ + ᠰᠤᠶᠤᠯ ᠵᠢᠭᠤᠯᠴᠢᠯᠠᠯ︾ ᠤᠨ ᠰᠢᠷᠢᠰ ᠠᠵᠢᠯᠯᠠᠭ᠎ᠠ ᠵᠢᠴᠢ ᠤᠨᠴᠠᠯᠢᠬᠳᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠢ ᠤᠬᠠᠭᠤᠯᠤᠨ ᠪᠤᠷᠤᠯᠠᠭᠤᠯᠬᠤ ᠠᠵᠢᠯᠯᠠᠭ᠎ᠠ ᠥᠷᠨᠢᠬᠦᠯᠵᠦ᠂ ᠺᠠᠳ᠋ᠷ ᠠᠵᠢᠯᠳᠠᠳ ᠭᠠᠷᠠᠭ ᠤᠨ ᠰᠡᠬᠦᠯᠴᠢ ᠶᠢᠨ ᠠᠮᠠᠷᠠᠯᠳᠠ ᠶᠢᠨ ᠴᠠᠭ ᠢᠶᠠᠨ ᠠᠰᠢᠬᠯᠠᠨ ᠮᠠᠯᠴᠢᠨ ᠲᠠᠷᠢᠶᠠᠴᠢᠨ ᠢ ᠬᠠᠪᠰᠤᠷᠤᠨ ᠪᠤᠬᠢᠷᠳᠦᠯ ᠦᠬᠡᠢ ᠵᠢᠮᠢᠰ ᠨᠤᠭᠤᠭ᠎ᠠ᠂ ᠤᠷᠳᠤᠰ ᠤᠨ ᠨᠠᠷᠢᠨ ᠨᠤᠤᠰᠤᠳᠤ ᠬᠤᠨᠢᠨ ᠤ ᠮᠢᠬ᠎ᠠ᠂ ᠲᠠᠯ᠎ᠠ ᠨᠤᠲᠤᠭ ᠤᠨ ᠤᠯᠠᠭᠠᠨ ᠦᠬᠡᠷ ᠤᠨ ᠮᠢᠬ ᠎ᠠ᠂ ᠬᠤᠸᠠᠩ ᠰᠢᠶᠠᠩ ᠲᠡᠮᠳᠡᠭᠳᠦ ᠭᠠᠭ᠋ᠠᠢ ᠶᠢᠨ ᠮᠢᠬ᠎ᠠ᠂ ᠴᠠᠭᠠᠨ ᠢᠳᠡᠭᠡᠨ ᠵᠡᠷᠭᠡ ᠶᠢ ᠲᠤᠭᠤᠶᠢᠯᠠᠩ ᠠᠭᠤᠳᠠᠮ ᠲᠠᠯᠠᠪᠠᠢ ᠲᠡᠭᠡᠷ᠎ᠡ ᠤᠬᠠᠭᠤᠯᠤᠨ ᠪᠤᠷᠤᠯᠠᠭᠤᠯᠵᠤ᠂ ᠦᠷᠭᠡᠨ ᠤᠯᠠᠨ ᠰᠠᠭᠤᠭᠠᠯᠢ ᠠᠷᠠᠳ ᠤᠨ ᠠᠩᠬᠠᠷᠤᠯ ᠳᠤ ᠬᠦᠷᠭᠡᠵᠤ ᠪᠤᠯᠢᠶᠠᠯᠳᠤᠨ ᠬᠤᠳᠠᠯᠳᠤᠨ ᠠᠪᠴᠠᠭᠠᠪᠠ᠃
    ︽ᠵᠢᠷᠭᠢᠶ᠎ᠠ ᠶᠢᠨ ᠨᠠᠶᠢᠵᠠ ᠶᠢᠨ ᠲᠤᠭᠤᠷᠢᠭ ᠠᠴᠠ ᠤᠬᠠᠭᠤᠯᠤᠨ ᠪᠤᠷᠤᠯᠠᠭᠤᠯᠬᠤ ᠠᠵᠢᠯᠯᠠᠭ᠎ᠠ ᠶᠢ ᠤᠯᠵᠦ ᠦᠵᠡᠭᠡᠳ ᠲᠤᠰᠬᠠᠶᠢᠯᠠᠨ ᠠᠮᠰᠠᠵᠤ ᠦᠵᠡᠬᠦ ᠪᠠᠷ ᠢᠷᠡᠯ᠎ᠡ᠂ ᠪᠤᠬᠢᠷᠳᠤᠯ ᠦᠬᠡᠢ ᠨᠤᠭᠤᠭ᠎ᠠ ᠵᠢᠮᠢᠰ ᠨᠢ ᠰᠢᠨ᠎ᠡ ᠰᠤᠷᠭᠤᠭ᠂ ᠭᠡᠷ ᠤᠨ ᠭᠦᠮᠦᠰ ᠲᠡᠭᠡᠨ ᠪᠤᠬᠢᠷᠳᠤᠯ ᠦᠬᠡᠢ ᠨᠤᠭᠤᠭ᠎ᠠ ᠵᠢᠮᠢᠰ ᠠᠪᠤᠯ᠎ᠠ︾ ᠬᠡᠵᠤ ᠬᠤᠳᠠ ᠶᠢᠨ ᠠᠷᠠᠳ ᠸᠠᠩ ᠶᠤᠸᠠᠢ ᠬᠡᠯᠡᠪᠡ᠃     ᠤᠯᠠᠭᠠᠨᠳᠤᠯᠤᠭᠠᠢ ᠪᠠᠯᠭᠠᠰᠤ ᠨᠢ ᠪᠠᠰᠠ ︽ᠰᠦᠯᠵᠢᠶᠠᠨ ᠲᠡᠬᠡᠷᠡᠬᠢ ᠨᠤᠭᠤᠭ᠎ᠠ ᠶᠢᠨ ᠲᠡᠯᠬᠡᠭᠦᠷ︾ ᠭᠠᠷᠭᠠᠵᠤ᠂ ᠬᠤᠳᠠ ᠶᠢᠨ ᠠᠷᠠᠳ ᠵᠢᠷᠭᠢᠶ᠎ᠠ ᠪᠠᠷ ᠵᠠᠬᠢᠶᠠᠯᠠᠨ ᠠᠪᠴᠦ ᠪᠤᠯᠬᠤ ᠪᠤᠯᠤᠬᠰᠠᠨ ᠪᠠᠶᠢᠨ᠎ᠠ᠃ ᠤᠶᠢᠯᠠᠭᠠᠬᠰᠠᠨ ᠢᠶᠠᠷ ᠲᠤᠰ ᠤᠳᠠᠭᠠᠨ ᠤ ᠠᠵᠢᠯᠯᠠᠭᠠᠨ ᠳᠤ ᠬᠤᠩ ᠴᠢ ᠲᠤᠰᠬᠤᠨ ᠤ 1220 ᠵᠢᠩ ᠵᠢᠮᠢᠰ ᠨᠤᠭᠤᠭ᠎ᠠ ᠶᠢ ᠪᠦᠭᠦᠨ ᠢ ᠪᠤᠷᠤᠯᠠᠭᠤᠯᠵᠤ᠂ ᠨᠠᠶᠢᠳᠠ 5023 ᠲᠦᠭᠦᠷᠢᠭ ᠪᠤᠷᠤᠯᠠᠭᠤᠯᠤᠬᠰᠠᠨ ᠪᠠᠶᠢᠨ᠎ᠠ᠃ ᠲᠤᠰ ᠠᠵᠢᠯᠯᠠᠭ᠎ᠠ ᠨᠢ ᠮᠦᠨ ᠦᠷᠭᠦᠯᠵᠢᠯᠠᠨ ᠶᠠᠪᠤᠬᠳᠠᠵᠤ ᠪᠠᠶᠢᠨ᠎ᠠ᠃     ᠤᠯᠠᠭᠠᠨᠳᠤᠯᠤᠭᠠᠢ ᠪᠠᠯᠭᠠᠰᠤ ᠨᠢ ᠭᠠᠵᠠᠷ ᠤᠷᠤᠨ᠂ ᠡᠬᠢ ᠪᠠᠶᠠᠯᠢᠭ᠂ ᠰᠤᠶᠤᠯ ᠤᠨ ᠲᠠᠪᠠᠭᠤᠯᠢᠭ ᠢᠶᠠᠨ ᠠᠰᠢᠬᠯᠠᠨ ︽ᠨᠠᠮ ᠤᠨ ᠪᠠᠶᠢᠭᠤᠯᠤᠯᠳᠡ +︾ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠵᠤᠬᠢᠶᠡᠨ ᠪᠠᠶᠢᠭᠤᠯᠤᠯᠳᠡ ᠪᠠ ᠨᠠᠮ ᠤᠨ ᠭᠡᠰᠢᠭᠦᠳ ᠤᠨ ᠠᠵᠤ ᠤᠶᠢᠯᠡᠰ ᠤᠨ ᠭᠦᠭᠵᠢᠯᠳᠡ ᠶᠢ ᠵᠢᠯᠤᠭᠤᠳᠤᠨ ᠲᠠᠶᠢᠴᠢᠯᠠᠵᠤ ᠲᠤᠯᠭᠠᠭᠤᠷᠢᠯᠠᠬᠤ ᠤᠶᠢᠯᠡᠳᠥᠯ ᠢ ᠭᠦᠢᠴᠡᠳ ᠪᠠᠳᠠᠷᠠᠭᠤᠯᠵᠤ᠂ ᠤᠯᠠᠭᠠᠨᠳᠤᠯᠤᠭᠠᠢ ᠪᠠᠯᠭᠠᠰᠤᠨ ᠤ ᠮᠠᠯ ᠲᠠᠷᠢᠶᠠᠯᠠᠩ ᠤᠨ ᠤᠨᠴᠠᠯᠢᠬᠳᠤ ᠰᠢᠯᠢᠳᠡᠭ ᠪᠦᠳᠦᠭᠡᠭᠳᠡᠭᠦᠨ ᠨᠡᠷᠡᠳᠥ ᠲᠡᠮᠳᠡᠭ ᠢ ᠪᠦᠭᠦ ᠲᠠᠯ᠎ᠠ ᠪᠠᠷ ᠡᠭᠦᠳᠴᠦ᠂ ᠮᠠᠯᠴᠢᠨ ᠲᠠᠷᠢᠶᠠᠴᠢᠨ ᠢ ᠨᠡᠩ ᠰᠠᠶᠢᠨ ᠢᠶᠠᠷ ᠲᠠᠶᠢᠴᠢᠯᠠᠨ ᠤᠷᠤᠯᠭ᠎ᠠ ᠶᠢ ᠨᠡᠮᠡᠭᠳᠡᠭᠦᠯᠦᠨ ᠪᠠᠶᠠᠵᠢᠯ ᠤᠨ ᠵᠠᠮ ᠳᠤ ᠭᠦᠳᠦᠯᠵᠦ ᠪᠠᠶᠢᠨ᠎ᠠ᠃ ᠮᠦᠨ ᠴᠦ ᠪᠦᠭᠦ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠪᠠ ᠬᠦᠳᠡᠭᠡ ᠲᠤᠰᠬᠤᠨ ᠢ ᠭᠦᠭᠵᠢᠭᠦᠯᠭᠦ ᠬᠦᠷᠢᠶ᠎ᠡ ᠴᠠᠷᠠᠭᠠᠨ ᠳᠠᠬᠢ ᠴᠢᠨᠠᠷᠯᠢᠭ ᠭᠦᠭᠵᠢᠯᠳᠡ ᠳᠤ ᠪᠠᠳᠦ ᠪᠠᠬᠢ ᠰᠠᠭᠤᠷᠢ ᠶᠢ ᠲᠠᠯᠪᠢᠵᠤ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号