ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠤᠭᠰᠠᠨ 75 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2020/9/10
   ︵2020 ᠣᠨ ᠤ 9 ᠰᠠᠷ᠎ᠠ ᠶᠢᠨ 3 ᠤ ᠡᠳᠦᠷ︶    ᠰᠢ ᠶᠢᠨ ᠫᠢᠩ    ᠠᠬ᠎ᠠ ᠳᠡᠭᠦᠤ ᠨᠡᠷ ᠡ᠂ ᠨᠥᠬᠦᠳ ᠡ᠂ ᠨᠠᠶᠢᠵᠠ ᠨᠠᠷ ᠡ᠄    ᠡᠨᠡ ᠡᠳᠦᠷ ᠪᠢᠳᠡ ᠠᠳᠡ ᠦᠪᠡᠳᠡᠭᠰᠢ ᠶᠡᠭᠡ ᠴᠤᠭᠯᠠᠭᠠᠨ ᠪᠤᠯᠵᠦ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ‌ᠢ ᠡᠰᠡᠷᠭᠦᠴᠡᠬᠦ ᠲᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠤᠭᠰᠠᠨ 75 ᠵᠢᠯ ᠤᠨ ᠤᠢ ᠶᠢ ᠳᠤᠷᠠᠰᠬᠠᠵᠦ ᠪᠠᠶᠢᠨ᠎ᠠ᠃    75 ᠵᠢᠯ ᠤᠨ ᠡᠮᠦᠨᠡᠬᠢ ᠡᠨᠡ ᠡᠳᠦᠷ᠂ ᠳᠤᠮᠳᠠᠳᠤ ᠤᠯᠤᠰ ᠤᠨ ᠠᠷᠠᠳ ᠲᠦᠮᠡᠨ ᠳᠡᠯᠡᠬᠡᠶ ᠶᠢᠨ ᠠᠷᠠᠳ ᠲᠦᠮᠡᠨ ᠲᠠᠢ ᠬᠠᠮᠲᠤ ᠪᠠᠷ ᠡᠷᠡᠰ ᠬᠠᠲᠠᠭᠤ ᠵᠣᠷᠢᠭ ᠪᠠ ᠡᠷᠡᠯᠬᠡᠭ ᠪᠠᠭᠠᠲᠤᠷᠯᠢᠭ ᠲᠡᠮᠡᠴᠡᠯ ᠢᠶᠠᠷ ᠹᠠᠱᠢᠰ ᠤᠨ ᠦᠵᠡᠯ ᠢ ᠲᠦᠢᠯᠪᠤᠷᠢᠲᠠᠶ ᠢᠯᠠᠵᠤ᠂ ᠰᠢᠳᠤᠷᠭᠤ ᠶᠣᠰᠣ ᠨᠢ ᠬᠠᠷᠭᠢᠰ ᠬᠡᠷᠴᠡᠭᠡᠶ ᠶᠢ ᠢᠯᠠᠬᠤ᠂ ᠭᠡᠭᠡᠨ ᠰᠠᠷᠠᠭᠤᠯ ᠨᠢ ᠪᠠᠯᠠᠷ ᠬᠠᠷᠠᠩᠭᠤᠶ ᠶᠢ ᠢᠯᠠᠬᠤ᠂ ᠳᠠᠪᠰᠢᠩᠭᠤᠢ ᠨᠢ ᠲᠡᠷᠰᠯᠡᠭᠦᠤ ᠶᠢ ᠢᠯᠠᠬᠤ ᠠᠭᠤᠤ ᠶᠡᠭᠡ ᠢᠯᠠᠯᠲᠠ ᠶᠢ ᠤᠯᠪᠠ︕    75 ᠵᠢᠯ ᠤᠨ ᠡᠮᠦᠨᠡᠬᠢ ᠡᠨᠡ ᠡᠳᠦᠷ᠂ ᠳᠤᠮᠳᠠᠳᠤ ᠤᠯᠤᠰ ᠤᠨ ᠠᠷᠠᠳ ᠲᠦᠮᠡᠨ 14 ᠵᠢᠯ ᠨᠤᠭᠤᠷᠠᠰᠢ ᠦᠭᠡᠶ ᠪᠠᠷ ᠴᠢᠰᠤᠨ ᠪᠠᠶᠢᠯᠳᠤᠭᠠᠨ ᠬᠢᠵᠦ ᠲᠦᠢᠯ ᠤᠨ ᠬᠠᠷᠭᠢᠰ ᠬᠡᠷᠴᠡᠭᠡᠶ ᠶᠠᠫᠣᠨ ᠤ ᠴᠡᠷᠢᠭᠯᠡᠬᠦ ᠦᠵᠡᠯ ᠤᠨ ᠲᠦᠷᠢᠮᠡᠬᠡᠶᠢᠯᠡᠭᠴᠢᠳ ᠢ ᠢᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠠᠭᠤᠤ ᠶᠡᠭᠡ ᠢᠯᠠᠯᠲᠠ ᠶᠢ ᠤᠯᠪᠠ︕    ᠡᠨᠡ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠶᠢᠨ ᠳᠠᠶᠢᠰᠤᠨ‌‍ᠤ ᠲᠦᠷᠢᠮᠡᠬᠡᠶᠢᠯᠡᠯ ᠢ ᠡᠰᠡᠷᠬᠦᠴᠡᠭᠰᠡᠨ ᠴᠠᠭ ᠢᠶᠠᠷ ᠬᠠᠮᠤᠭ ᠤᠨ ᠤᠷᠲᠤ᠂ ᠬᠡᠪᠴᠢᠶ᠎ᠡ ᠪᠠᠷ ᠬᠠᠮᠤᠭ ᠤᠨ ᠶᠡᠭᠡ᠂ ᠦᠷᠡᠭᠳᠡᠯ ᠢᠶᠠᠷ ᠬᠠᠮᠤᠭ ᠤᠨ ᠣᠯᠠᠨ ᠦᠨᠳᠦᠰᠦᠲᠡᠨ ᠤ ᠴᠢᠯᠥᠭᠡᠯᠡᠯᠲᠡ ᠶᠢᠨ ᠲᠡᠮᠡᠴᠡᠯ ᠪᠣᠯᠤᠨ᠎ᠠ᠂ ᠮᠥᠨ ᠴᠦ ᠦᠨᠳᠦᠰᠦᠲᠡᠨ ᠤ ᠴᠢᠯᠥᠭᠡᠯᠡᠯᠲᠡ ᠶᠢᠨ ᠠᠩᠬᠠᠳᠠᠭᠴᠢ ᠪᠦᠷᠢᠨ ᠢᠯᠠᠯᠲᠠ ᠶᠢ ᠣᠯᠤᠭᠰᠠᠨ ᠲᠡᠮᠡᠴᠡᠯ ᠪᠤᠯᠤᠨ᠎ᠠ᠃ ᠡᠨᠡ ᠬᠦ ᠠᠭᠤᠤ ᠶᠡᠭᠡ ᠢᠯᠠᠯᠲᠠ ᠨᠢ ᠳᠤᠮᠳᠠᠳᠤ ᠶᠢᠨ ᠦᠨᠳᠦᠰᠦᠲᠡᠨ ᠤᠢᠢᠷ᠎ᠠ ᠦᠶ᠎ᠡ ᠠᠴᠠ ᠨᠠᠭᠠᠰᠢ ᠬᠦᠨᠳᠦ ᠬᠡᠴᠡᠭᠦᠤ ᠬᠢᠮᠤᠷᠠᠯ ᠳᠤ ᠤᠷᠤᠬᠰᠠᠨ ᠠᠴᠠ ᠪᠠᠨ ᠠᠭᠤᠤ ᠶᠡᠭᠡ ᠰᠡᠷᠭᠦᠨ ᠮᠠᠨᠳᠤᠯᠲᠠ ᠲᠡᠶᠢᠰᠢ ᠤᠷᠤᠭᠰᠢᠯᠠᠭᠰᠠᠨ ᠲᠡᠤᠬᠡᠨ ᠡᠷᠭᠢᠯᠲᠡ ᠮᠥᠨ᠂ ᠪᠠᠰᠠ ᠴᠤ ᠳᠡᠯᠡᠬᠡᠶ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠤᠯᠤᠰ ᠤᠨ ᠠᠷᠠᠳ ᠲᠦᠮᠡᠨ ᠤ ᠢᠯᠠᠯᠲᠠ ᠮᠥᠨ᠂ ᠪᠠᠰᠠ ᠴᠤ ᠳᠡᠯᠡᠬᠡᠶ ᠶᠢᠨ ᠠᠷᠠᠳ ᠲᠦᠮᠡᠨ ᠤ ᠢᠯᠠᠯᠲᠠ ᠮᠥᠨ᠃    ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠠᠭᠤᠤ ᠶᠡᠭᠡ ᠢᠯᠠᠯᠲᠠ ᠨᠢ ᠳᠤᠮᠳᠠᠳᠤ ᠶᠢᠨ ᠦᠨᠳᠦᠰᠦᠲᠡᠨ ᠤ ᠲᠡᠤᠬᠡ ᠶᠢᠨ ᠬᠠᠭᠤᠳᠠᠰᠤᠨ ᠳᠤ ᠥᠨᠢᠳᠡ ᠲᠡᠮᠳᠡᠭᠯᠡᠭᠳᠡᠬᠦ ᠪᠤᠯᠤᠨ᠎ᠠ︕ ᠬᠥᠮᠦᠨ ᠲᠥᠷᠥᠯᠬᠢᠲᠡᠨ ᠤ ᠰᠢᠳᠤᠷᠭᠤ ᠶᠣᠰᠣᠨ ᠤ ᠦᠢᠯᠡᠰ ᠤᠨ ᠲᠡᠦᠬᠡ ᠶᠢᠨ ᠬᠠᠭᠤᠳᠠᠰᠤᠨ ᠳᠤ ᠥᠨᠢᠳᠡ ᠰᠡᠶᠢᠯᠦᠭᠳᠡᠬᠦ ᠪᠤᠯᠤᠨ᠎ᠠ︕    ᠠᠳᠡ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ᠂ ᠪᠦᠬᠦ ᠤᠯᠤᠰ ᠤᠨ ᠶᠠᠫᠣᠨ ᠢ ᠡᠰᠡᠷᠭᠦᠴᠡᠬᠦ ᠳᠠᠶᠢᠨ ᠳᠤ ᠣᠷᠣᠯᠴᠠᠵᠤ ᠥᠩᠭᠡᠷᠡᠭᠰᠡᠨ ᠠᠬᠠᠮᠠᠳ ᠪᠠᠶᠢᠯᠳᠤᠭᠴᠢ᠂ ᠠᠬᠠᠮᠠᠳ ᠨᠥᠬᠦᠳ᠂ ᠤᠯᠤᠰ ᠢᠶᠠᠨ ᠬᠠᠶᠢᠷᠠᠯᠠᠬᠤ ᠬᠥᠮᠦᠰ ᠪᠠ ᠶᠠᠫᠣᠨ ᠢ ᠡᠰᠡᠷᠭᠦᠴᠡᠬᠦ ᠵᠠᠩᠵᠤᠨ ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠶᠢ ᠣᠯᠬᠤ ᠳᠤ ᠲᠡᠦᠬᠡᠲᠦ ᠭᠠᠪᠢᠶ᠎ᠠ ᠵᠢᠳᠬᠦᠯ ᠪᠠᠶᠢᠭᠤᠯᠤᠬᠰᠠᠨ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠢ ᠳᠠᠮᠵᠢᠵᠤ ᠬᠠᠪᠰᠤᠷᠤᠭᠰᠠᠨ ᠭᠠᠳᠠᠭᠠᠳᠤ ᠤᠯᠤᠰ ᠤᠨ ᠵᠠᠰᠠᠭ ᠤᠨ ᠣᠷᠳᠣᠨ ᠪᠣᠯᠤᠨ ᠣᠯᠠᠨ ᠤᠯᠤᠰ ᠤᠨ ᠨᠥᠬᠦᠷᠰᠡᠭ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠢᠯᠠᠯᠲᠠ ᠶᠢᠨ ᠲᠥᠯᠥᠭᠡ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠳ᠂ ᠲᠦᠷᠢᠮᠡᠬᠡᠶᠢᠯᠡᠭᠴᠢᠳ ᠲᠤ ᠬᠠᠷᠠᠰᠠᠯᠲᠠᠶ ᠪᠠᠷ ᠠᠯᠠᠭᠳᠠᠭᠰᠠᠨ ᠬᠦᠮᠦᠰ ᠢ ᠬᠦᠨ ᠢᠶᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠶ᠎ᠡ︕    ᠠᠬ᠎ᠠ ᠳᠡᠭᠦᠤ ᠨᠡᠷ ᠡ᠂ ᠨᠥᠬᠦᠳ ᠡ᠂ ᠨᠠᠶᠢᠵᠠ ᠨᠠᠷ ᠡ︕    ᠳᠤᠮᠳᠠᠳᠤ ᠶᠢᠨ ᠪᠣᠯᠪᠠᠰᠤᠨ 5000 ᠭᠠᠷᠤᠢ ᠵᠢᠯ ᠦᠷᠭᠦᠯᠵᠢᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠶᠡᠷᠦ ᠪᠤᠰᠤ ᠶᠢᠨ ᠪᠦᠲᠦᠭᠡᠯᠴᠢ ᠬᠦᠴᠦᠨ ᠢᠶᠠᠷ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃ ᠭᠡᠪᠡᠴᠦ᠂ 1840 ᠣᠨ ᠠᠴᠠ ᠬᠤᠶᠢᠰᠢ᠂ ᠬᠦᠴᠦᠷᠬᠡᠭ ᠤᠯᠤᠰ ᠤᠳ ᠤᠨ ᠲᠦᠷᠢᠮᠡᠬᠡᠶᠢᠯᠡᠯ ᠪᠠ ᠹᠸᠤᠳᠠᠯ ᠤᠨ ᠨᠣᠶᠠᠷᠬᠠᠯ ᠤᠨ ᠢᠯᠵᠠᠷᠠᠯ ᠠᠴᠠ ᠪᠤᠯᠵᠦ ᠳᠤᠮᠳᠠᠳᠤ ᠤᠯᠤᠰ ᠬᠠᠯᠠ ᠵᠣᠪᠠᠯᠠᠩ ᠢ ᠬᠠᠨᠲᠠᠯ᠎ᠠ ᠠᠮᠰᠠᠵᠦ᠂ ᠳᠤᠮᠳᠠᠳᠤ ᠤᠯᠤᠰ ᠤᠨ ᠠᠷᠠᠳ ᠲᠦᠮᠡᠨ ᠬᠦᠨᠳᠦ ᠬᠡᠴᠡᠭᠦᠦ ᠭᠠᠰᠠᠯᠠᠩ ᠵᠣᠪᠠᠯᠠᠩ ᠠᠮᠰᠠᠵᠠᠢ᠃ ᠶᠠᠫᠣᠨ ᠤ ᠳᠤᠮᠳᠠᠳᠤ ᠤᠯᠤᠰ ᠢ ᠦᠷᠭᠦᠯᠵᠢᠯᠡᠨ ᠲᠦᠷᠢᠮᠡᠬᠡᠶᠢᠯᠡᠭᠰᠡᠨ ᠶᠠᠪᠤᠳᠠᠯ ᠪᠣᠯ ᠣᠷᠴᠢᠨ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠲᠡᠤᠬᠡᠨ ᠳᠡᠭᠡᠷᠡᠬᠢ ᠬᠠᠮᠤᠭ ᠤᠨ ᠬᠠᠷᠠᠩᠭᠤᠶ ᠴᠠᠭ ᠦᠶ᠎ᠠ ᠪᠣᠯᠤᠨ᠎ᠠ᠃ ᠶᠠᠫᠣᠨ ᠤ ᠲᠡᠷᠰᠯᠡᠭᠦᠤ ᠨᠣᠶᠠᠷᠬᠠᠭᠴᠢᠳ ᠳᠤᠮᠳᠠᠳᠤ ᠤᠯᠤᠰ ᠢ ᠤᠳᠠᠭ᠎ᠠ ᠳᠠᠷᠠᠭᠠᠯᠠᠨ ᠲᠦᠷᠢᠮᠡᠬᠡᠶᠢᠯᠡᠵᠦ᠂ 1894 ᠣᠨ ᠳᠤ ᠬᠥᠬᠡ ᠮᠣᠷᠢᠨ ᠵᠢᠯ ᠤᠨ ᠳᠠᠶᠢᠨ ᠢ ᠡᠭᠦᠰᠭᠡᠨ᠂ 1895 ᠣᠨ ᠳᠤ ᠲᠠᠶᠢᠸᠠᠨ ᠪᠠ ᠫᠸᠡᠭ ᠬᠤ᠋ ᠶᠢᠨ ᠡᠩᠨᠡᠭᠡ ᠠᠷᠠᠯ ᠢ ᠲᠦᠷᠢᠮᠡᠬᠡᠶᠢᠯᠡᠨ ᠡᠵᠡᠯᠡᠵᠦ᠂ 1900 ᠣᠨ ᠳᠤ ᠪᠤᠰᠤᠳ ᠡᠵᠡᠷᠬᠡᠭ ᠲᠦᠷᠢᠮᠡᠬᠡᠶ ᠬᠦᠴᠦᠷᠬᠡᠭ ᠤᠯᠤᠰ ᠤᠳ ᠲᠠᠢ ᠬᠠᠮᠲᠤᠷᠠᠨ ᠪᠡᠭᠡᠵᠢᠩ ᠳᠤ ᠲᠦᠷᠢᠮᠡᠬᠡᠶᠢᠯᠡᠨ ᠣᠷᠣᠵᠤ᠂ 1904 ᠣᠨ ᠳᠤ ᠶᠠᠫᠣᠨ ᠣᠷᠣᠰ ᠤᠨ ᠳᠠᠶᠢᠨ ᠢ ᠡᠭᠦᠰᠭᠡᠵᠦ᠂ ᠳᠤᠮᠳᠠᠳᠤ ᠤᠯᠤᠰ ᠤᠨ ᠵᠡᠭᠦᠨ ᠬᠤᠶᠢᠲᠤ ᠣᠷᠣᠨ ᠤ ᠨᠤᠲᠤᠭ ᠳᠡᠪᠢᠰᠬᠡᠷ ᠪᠠ ᠡᠷᠬᠡ ᠮᠡᠳᠡᠯ ᠳᠤ ᠬᠠᠯᠳᠠᠵᠤ᠂ 1914 ᠣᠨ ᠳᠤ ᠴᠢᠩᠳᠣᠤ ᠶᠢ ᠲᠦᠷᠢᠮᠡᠬᠡᠶᠢᠯᠡᠨ ᠡᠵᠡᠯᠡᠵᠦ᠂ 1915 ᠣᠨ ᠳᠤ ︽ᠬᠤᠷᠢᠨ ᠨᠢᠭᠡᠨ ᠵᠤᠷᠪᠤᠰ︾ ᠢ ᠳᠤᠷᠠᠳᠴᠤ᠂ 1931 ᠣᠨ ᠳᠤ ᠶᠢᠰᠦᠨ ᠰᠠᠷ᠎ᠠ ᠶᠢᠨ ᠠᠷᠪᠠᠨ ᠨᠠᠢᠮᠠᠨ ᠤ ᠬᠡᠷᠡᠭ ᠬᠤᠪᠢᠰᠤᠯ ᠢ ᠦᠳᠦᠭᠡᠨ ᠳᠡᠭᠳᠡᠭᠡᠵᠦ᠂ ᠳᠤᠮᠳᠠᠳᠤ ᠤᠯᠤᠰ ᠤᠨ ᠵᠡᠭᠦᠨ ᠬᠤᠶᠢᠲᠤ ᠣᠷᠣᠨ ᠢ ᠪᠦᠬᠦᠨ ᠢ ᠲᠦᠷᠢᠮᠡᠬᠡᠶᠢᠯᠡᠨ ᠡᠵᠡᠯᠡᠵᠦ᠂ 1935 ᠣᠨ ᠳᠤ ᠤᠮᠠᠷᠠᠲᠤ ᠣᠷᠣᠨ ᠤ ᠬᠡᠷᠡᠭ ᠬᠤᠪᠢᠰᠤᠯ ᠢ ᠡᠭᠦᠰᠭᠡᠨ᠂ 1937 ᠣᠨ ᠤ 7 ᠰᠠᠷ᠎ᠠ ᠶᠢᠨ 7 ᠤ ᠡᠳᠦᠷ ᠸᠠᠨ ᠫᠢᠩ ᠰᠢᠶᠠᠨ ᠤ ᠬᠤᠳᠠ ᠶᠢ ᠫᠤᠤᠳᠠᠨ ᠳᠡᠯᠪᠡᠴᠢᠬᠦ ᠪᠠ ᠯᠦ ᠭᠧᠤ ᠴᠢᠶᠣᠤ ᠬᠦᠬᠦᠷᠭᠡ ᠶᠢ ᠳᠠᠭᠠᠷᠢᠨ ᠲᠤᠪᠳᠤᠯᠬᠤ ᠪᠠᠷ ᠪᠡᠯᠭᠡ ᠲᠡᠮᠳᠡᠭ ᠪᠣᠯᠭᠠᠭᠰᠠᠨ ᠳᠤᠮᠳᠠᠳᠤ ᠤᠯᠤᠰ ᠢ ᠪᠦᠬᠦ ᠲᠠᠯ᠎ᠠ ᠪᠠᠷ ᠲᠦᠷᠢᠮᠡᠬᠡᠶᠢᠯᠡᠬᠦ ᠳᠠᠶᠢᠨ ᠢ ᠳᠡᠭᠳᠡᠭᠡᠵᠦ᠂ ᠳᠤᠮᠳᠠᠳᠤ ᠤᠯᠤᠰ ᠢ ᠥᠪᠡᠷ ᠤᠨ ᠭᠠᠭᠴᠠᠭᠠᠷ ᠡᠵᠡᠯᠡᠭᠰᠡᠨ ᠺᠣᠯᠣᠨᠢ ᠣᠷᠣᠨ ᠪᠤᠯᠭᠠᠬᠤ ᠪᠠᠷ ᠭᠤᠷᠢᠳᠠᠵᠤ᠂ ᠡᠭᠦᠨ ᠤ ᠤᠯᠠᠮ ᠢᠶᠠᠷ ᠠᠽᠢᠶ᠎ᠠ ᠲᠢᠪ ᠢ ᠵᠠᠯᠭᠢᠵᠤ᠂ ᠳᠡᠯᠡᠬᠡᠶ ᠳ᠋ᠠᠬᠢᠨ ᠢ ᠡᠵᠡᠷᠬᠡᠬᠦ ᠪᠠᠷ ᠭᠤᠷᠢᠳᠠᠵᠠᠶ᠃ ᠶᠠᠫᠣᠨ ᠤ ᠴᠡᠷᠢᠭᠯᠡᠬᠦ ᠦᠵᠡᠯ ᠤᠨ ᠵᠡᠷᠯᠢᠭ ᠪᠠᠯᠠᠮᠠᠳ ᠲᠦᠷᠢᠮᠡᠬᠡᠶᠢᠯᠡᠯ ᠨᠢ ᠳᠤᠮᠳᠠᠳᠤ ᠤᠯᠤᠰ ᠤᠨ ᠠᠷᠠᠳ ᠲᠦᠮᠡᠨ ᠳᠤ ᠤᠷᠢᠳ ᠡᠮᠦᠨ᠎ᠡ ᠭᠠᠷᠤᠭ᠎ᠠ ᠦᠭᠡᠢ ᠯᠤᠲᠤ ᠶᠡᠭᠡ ᠭᠠᠶ ᠭᠠᠮᠰᠢᠭ ᠤᠴᠠᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠤ ᠡᠷᠡᠰ ᠬᠠᠲᠠᠭᠤ ᠡᠰᠡᠷᠭᠦᠴᠡᠯ ᠢ ᠳᠡᠭᠳᠡᠭᠡᠪᠡ᠃    ᠶᠢᠰᠦᠨ ᠰᠠᠷ᠎ᠠ ᠶᠢᠨ ᠠᠷᠪᠠᠨ ᠨᠠᠢᠮᠠᠨ ᠤ ᠬᠡᠷᠡᠭ ᠬᠤᠪᠢᠰᠤᠯ ᠤᠨ ᠳᠠᠷᠠᠭ᠎ᠠ᠂ ᠳᠤᠮᠳᠠᠳᠤ ᠤᠯᠤᠰ ᠤᠨ ᠠᠷᠠᠳ ᠲᠦᠮᠡᠨ ᠵᠡᠭᠦᠨ ᠬᠤᠶᠢᠳᠦ ᠤᠷᠤᠨ ᠢᠶᠠᠷ ᠪᠣᠰᠣᠯᠴᠠᠨ ᠡᠰᠡᠷᠭᠦᠴᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠡᠬᠢᠯᠡᠯᠲᠡ ᠪᠣᠯᠤᠬᠰᠠᠨ ᠪᠦᠭᠡᠳ ᠳᠡᠯᠡᠬᠡᠶ ᠶᠢᠨ ᠹᠠᠱᠢᠰ ᠢ ᠡᠰᠡᠷᠭᠦᠴᠡᠬᠦ ᠲᠠᠶᠢᠨ ᠤ ᠬᠥᠰᠢᠭᠡ ᠶᠢ ᠨᠡᠭᠡᠭᠡᠭᠰᠡᠨ ᠪᠠᠶᠢᠨ᠎ᠠ᠃ ᠳᠣᠯᠣᠭᠠᠨ ᠰᠠᠷ᠎ᠠ ᠶᠢᠨ ᠳᠣᠯᠣᠭᠠᠨ ᠤ ᠬᠡᠷᠡᠭ ᠬᠤᠪᠢᠰᠤᠯ ᠤᠨ ᠳᠠᠷᠠᠭ᠎ᠠ᠂ ᠲᠦᠷᠢᠮᠡᠬᠡᠶᠢᠯᠡᠯ ᠢ ᠡᠰᠡᠷᠭᠦᠴᠡᠨ᠂ ᠮᠥᠬᠦᠯ ᠠᠴᠠ ᠠᠪᠤᠷᠠᠬᠤ ᠨᠢ ᠳᠤᠮᠳᠠᠳᠤ ᠤᠯᠤᠰ ᠤᠨ ᠡᠯ᠎ᠡ ᠨᠠᠮ ᠪᠦᠯᠦᠭ᠂ ᠡᠯ᠎ᠡ ᠦᠨᠳᠦᠰᠦᠲᠡᠨ᠂ ᠡᠯ᠎ᠡ ᠠᠩᠭᠢ᠂ ᠡᠯ᠎ᠡ ᠳᠠᠪᠬᠤᠷᠭ᠎ᠠ᠂ ᠡᠯ᠎ᠡ ᠪᠦᠯᠬᠦᠮ ᠵᠢᠴᠢ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠪᠠ ᠳᠤᠮᠳᠠᠳᠤᠴᠤᠳ ᠤᠨ ᠬᠠᠮᠲᠤ ᠶᠢᠨ ᠵᠣᠷᠢᠭ ᠰᠠᠨᠠᠭ᠎ᠠ ᠪᠠ ᠠᠵᠢᠯᠯᠠᠭ᠎ᠠ ᠪᠣᠯᠵᠤ᠂ ᠳᠤᠮᠳᠠᠳᠤ ᠤᠯᠤᠰ ᠡᠭᠦᠨ ᠠᠴᠠ ᠪᠦᠬᠦ ᠦᠨᠳᠦᠰᠦᠲᠡᠨ ᠢᠶᠠᠷ ᠢᠶᠠᠨ ᠶᠠᠫᠣᠨ ᠢ ᠡᠰᠡᠷᠭᠦᠴᠡᠬᠦ ᠳᠠᠶᠢᠨ ᠤ ᠱᠠᠲᠤᠨ ᠳᠤ ᠣᠷᠣᠵᠦ᠂ ᠲᠡᠷᠡᠴᠢᠯᠡᠨ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠤ ᠳᠣᠷᠣᠨᠠᠳᠠᠬᠢᠨ ᠤ ᠭᠤᠣᠯ ᠳᠠᠶᠢᠨ ᠤ ᠲᠠᠯᠠᠪᠤᠷ ᠢ ᠨᠡᠭᠡᠭᠡᠭᠰᠡᠨ ᠪᠠᠶᠢᠨ᠎ᠠ᠃    ᠪᠡᠷᠬᠡ ᠬᠠᠲᠠᠭᠤᠵᠢᠯᠲᠠᠶ ᠶᠠᠫᠣᠨ ᠢ ᠡᠰᠡᠷᠭᠦᠴᠡᠬᠦ ᠳᠠᠶᠢᠨ ᠤ ᠳᠤᠮᠳᠠ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠯᠤᠰ ᠣᠷᠣᠨ ᠤ ᠪᠠᠨ ᠣᠷᠣᠰᠢᠯ ᠲᠣᠭᠲᠠᠨᠢᠯ ᠤᠨ ᠲᠥᠯᠥᠭᠡ ᠪᠠᠶᠢᠯᠳᠤᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠪᠠᠶᠢᠯᠳᠤᠵᠤ᠂ ᠬᠥᠮᠦᠨ ᠲᠥᠷᠥᠯᠬᠢᠲᠡᠨ ᠤ ᠰᠢᠳᠤᠷᠭᠤ ᠶᠣᠰᠣᠨ ᠤ ᠲᠥᠯᠥᠭᠡ ᠪᠠᠶᠢᠯᠳᠤᠵᠠᠢ ᠂ ᠨᠡᠶᠢᠭᠡᠮ ᠤᠨ ᠲᠠᠶᠢᠴᠢᠯᠠᠯᠳᠠ‌‍ᠶᠢᠨ ᠬᠡᠪᠴᠢᠶ᠎ᠡ ᠥᠷᠭᠡᠨ᠂ ᠦᠨᠳᠦᠰᠦᠲᠡᠨ ᠤ ᠰᠡᠬᠡᠭᠡᠷᠡᠯᠲᠡ ᠶᠢᠨ ᠬᠡᠮᠵᠢᠶ᠎ᠡ ᠭᠦᠨ᠂ ᠳᠠᠶᠢᠴᠢᠨ ᠵᠣᠷᠢᠭ ᠤᠨ ᠡᠷᠡᠰ ᠬᠠᠲᠠᠭᠤ᠂ ᠵᠠᠪᠠᠯ ᠢᠯᠠᠬᠤ ᠢᠲᠡᠭᠡᠯ ᠵᠣᠷᠢᠭ ᠤᠨ ᠬᠠᠳᠠᠨ ᠪᠠᠳᠤ ᠪᠠᠶᠢᠬᠤ ᠵᠡᠷᠭᠡ ᠲᠠᠯ᠎ᠠ ᠪᠠᠷ ᠴᠥᠮ ᠤᠷᠢᠳ ᠡᠮᠦᠨ᠎ᠡ ᠪᠠᠶᠢᠭ᠎ᠠ ᠦᠭᠡᠢ ᠳᠡᠭᠡᠳᠦ ᠬᠡᠮᠵᠢᠶᠡᠨ ᠳᠤ ᠬᠦᠷᠦᠭᠰᠡᠨ ᠪᠠᠶᠢᠨ᠎ᠠ᠃ ᠶᠠᠩ ᠵᠢᠩ ᠢᠦᠶ᠂ ᠵᠤᠤ ᠱᠠᠩ ᡁᠢ᠂ ᠽᠦᠸᠧ ᠴᠢᠤᠸᠠᠨ᠂ ᠫᠧᠩ ᠰᠢᠤᠸᠠᠢ ᠹᠧᠩ᠂ ᠲᠦᠩ ᠯᠢᠨ ᠭᠧ᠂ ᠵᠤᠤ ᠳ᠋ᠧᠩ ᠢᠦᠶ᠂ ᠵᠠᠩ ᠽᠢ ᠵᠥᠩ᠂ ᠳ᠋ᠠᠶ ᠠᠨ ᠯᠠᠨ ᠵᠡᠷᠭᠡ ᠤᠯᠤᠰ ᠤᠨ ᠢᠶᠠᠨ ᠲᠥᠯᠥᠭᠡ ᠪᠡᠶ᠎ᠡ ᠦᠷᠡᠭᠳᠡᠭᠰᠡᠨ ᠵᠠᠩᠵᠤᠨ᠂ ᠨᠠᠢᠮᠠᠳᠤᠭᠠᠷ ᠵᠠᠮ ᠤᠨ ᠴᠡᠷᠢᠭ ᠤᠨ ︽ᠯᠠᠩ ᠶᠠ ᠱᠠᠨ ᠠᠭᠤᠯᠠᠨ ᠤ ᠲᠠᠪᠤᠨ ᠪᠠᠭᠠᠲᠤᠷ︾᠂ ᠰᠢᠨ᠎ᠡ ᠳᠥᠷᠪᠡᠳᠦᠭᠡᠷ ᠠᠷᠮᠢ ᠶᠢᠨ ︽ᠯᠢᠦ ᠯᠣᠤ ᠵᠤᠸᠠᠩ ᠰᠤᠮᠤ︾᠂ ᠵᠡᠭᠦᠨ ᠬᠤᠶᠢᠲᠤ ᠶᠢᠨ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠨᠠᠢᠮᠠᠨ ᠡᠮᠡᠭᠲᠡᠶ ᠪᠠᠶᠢᠯᠳᠤᠭᠴᠢ᠂ ᠭᠤᠮᠢᠨᠳᠠᠩ ᠤᠨ ᠴᠡᠷᠢᠭ ᠤᠨ ︽ᠨᠠᠢᠮᠠᠨ ᠵᠠᠭᠤᠨ ᠪᠠᠭᠠᠲᠤᠷ︾ ᠨᠠᠷ ᠪᠤᠯ ᠶᠠᠫᠣᠨ ᠢ ᠡᠰᠡᠷᠭᠦᠴᠡᠬᠦ ᠲᠦᠭ ᠲᠦᠮᠡᠨ ᠳᠠᠷᠤᠭ᠎ᠠ ᠪᠠᠶᠢᠯᠳᠤᠭᠴᠢᠳ ᠤᠨ ᠭᠠᠷᠮᠠᠭᠠᠶ ᠲᠥᠯᠥᠭᠡᠯᠡᠭᠴᠢ ᠮᠥᠨ᠃ ᠳᠤᠮᠳᠠᠳᠤ ᠤᠯᠤᠰ ᠤᠨ ᠠᠷᠠᠳ ᠲᠦᠮᠡᠨ ᠬᠠᠳᠠᠨ ᠪᠠᠳᠤ ᠵᠤᠷᠢᠭ ᠢᠶᠠᠷ ᠬᠦᠴᠦᠷᠭᠡᠭ ᠲᠠᠶᠢᠰᠤᠨ ᠲᠠᠢ ᠲᠤᠯᠤᠯᠳᠤᠵᠦ᠂ ᠮᠢᠬ᠎ᠠ ᠴᠢᠰᠤ ᠪᠠᠷ ᠢᠶᠠᠨ ᠤᠷᠲᠤ ᠴᠠᠭᠠᠨ ᠬᠡᠷᠡᠮ ᠢ ᠴᠣᠭᠴᠠᠯᠠᠵᠤ᠂ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠨ ᠤᠯᠤᠰ ᠤᠷᠤᠨ ᠢᠶᠠᠨ ᠠᠶᠤᠯ ᠵᠣᠪᠠᠯᠠᠩ ᠠᠴᠠ ᠠᠪᠤᠷᠠᠬᠤ ᠪᠠᠷ ᠴᠢᠷᠮᠠᠶᠢᠵᠦ᠂ ᠲᠩᠷᠢ ᠭᠠᠵᠠᠷ ᠢ ᠳᠣᠩᠰᠣᠯᠭᠠᠮ᠎ᠠ᠂ ᠰᠦᠷ ᠵᠢᠪᠬᠤᠯᠠᠩᠳᠦ ᠲᠤᠤᠯᠢᠰ ᠢ ᠪᠢᠴᠢᠭᠯᠡᠪᠡ᠃    ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠠᠭᠤᠤ ᠶᠡᠭᠡ ᠢᠯᠠᠯᠲᠠ ᠨᠢ ᠶᠠᠫᠣᠨ ᠤ ᠴᠡᠷᠢᠭᠯᠡᠬᠦ ᠦᠵᠡᠯ ᠤᠨ ᠳᠤᠮᠳᠠᠳᠤ ᠤᠯᠤᠰ ᠢ ᠺᠤᠯᠤᠨᠢᠴᠢᠯᠠᠨ ᠪᠣᠭᠤᠯᠴᠢᠯᠠᠬᠤ ᠭᠡᠰᠡᠨ ᠭᠤᠷᠢᠳᠠᠯᠭ᠎ᠠ ᠶᠢ ᠲᠦᠢᠯᠪᠤᠷᠢᠲᠠᠶ ᠪᠤᠲᠠ ᠨᠢᠷᠭᠡᠵᠦ᠂ ᠤᠯᠤᠰ ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ ᠤᠨ ᠪᠦᠷᠢᠨ ᠪᠦᠲᠦᠨ ᠢ ᠬᠦᠴᠦᠳᠠᠢ ᠬᠠᠮᠠᠭᠠᠯᠠᠵᠦ᠂ ᠣᠷᠴᠢᠨ ᠦᠶ᠎ᠡ ᠠᠴᠠ ᠨᠠᠭᠠᠰᠢ ᠭᠠᠳᠠᠭᠠᠳᠤ ᠶᠢᠨ ᠲᠦᠷᠢᠮᠡᠬᠡᠶᠢᠯᠡᠯ ᠢ ᠡᠰᠡᠷᠭᠦᠴᠡᠭᠡᠳ ᠤᠳᠠᠭ᠎ᠠ ᠳᠠᠷᠠᠭᠠᠯᠠᠨ ᠢᠯᠠᠭᠳᠠᠵᠦ ᠪᠠᠶᠢᠭᠰᠠᠨ ᠦᠨᠳᠦᠰᠦᠲᠡᠨ ᠤ ᠢᠴᠢᠭᠦᠷᠢ ᠭᠤᠲᠤᠮᠰᠢᠭ ᠢ ᠲᠦᠢᠯᠪᠤᠷᠢᠲᠠᠶ ᠠᠷᠢᠯᠭᠠᠵᠠᠶ︕    ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠠᠭᠤᠤ ᠶᠡᠭᠡ ᠢᠯᠠᠯᠲᠠ ᠨᠢ ᠳᠤᠮᠳᠠᠳᠤ ᠤᠯᠤᠰ ᠤᠨ ᠳᠡᠯᠡᠬᠡᠶ ᠳᠡᠭᠡᠷᠡᠬᠢ ᠲᠣᠮᠣ ᠤᠯᠤᠰ ᠤᠨ ᠪᠠᠶᠢᠷᠢ ᠰᠠᠭᠤᠷᠢ ᠶᠢ ᠳᠠᠬᠢᠨ ᠲᠣᠭᠲᠠᠭᠠᠵᠤ᠂ ᠳᠤᠮᠳᠠᠳᠤ ᠤᠯᠤᠰ ᠤᠨ ᠠᠷᠠᠳ ᠲᠦᠮᠡᠨ ᠳᠡᠯᠡᠬᠡᠶ ᠶᠢᠨ ᠡᠩᠬᠡ ᠲᠠᠶᠢᠪᠤᠩ ᠢ ᠡᠷᠬᠢᠮᠯᠡᠭᠴᠢ ᠠᠷᠠᠳ ᠲᠦᠮᠡᠨ ᠤ ᠬᠦᠨᠳᠦᠳᠬᠡᠯ ᠢ ᠣᠯᠵᠦ᠂ ᠳᠤᠮᠳᠠᠳᠤ‌‍ᠶᠢᠨ ᠦᠨᠳᠦᠰᠦᠲᠡᠨ ᠡᠷᠬᠢᠮ ᠳᠡᠭᠡᠳᠦ ᠦᠨᠳᠦᠰᠦᠲᠡᠨ ᠤ ᠨᠡᠷ᠎ᠡ ᠬᠦᠨᠳᠦ ᠶᠢ ᠤᠯᠪᠠ︕    ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠠᠭᠤᠤ ᠶᠡᠭᠡ ᠢᠯᠠᠯᠲᠠ ᠨᠢ ᠳᠤᠮᠳᠠᠳᠤ ᠤᠯᠤᠰ ᠤᠨ ᠠᠷᠠᠳ ᠲᠦᠮᠡᠨ ᠤ ᠦᠨᠳᠦᠰᠦᠲᠡᠨ ᠤ ᠲᠤᠰᠠᠭᠠᠷ ᠲᠣᠭᠲᠠᠨᠢᠯ᠂ ᠡᠷᠬᠡ ᠴᠢᠯᠥᠭᠡ᠂ ᠴᠢᠯᠥᠭᠡᠯᠡᠯᠲᠡ ᠶᠢ ᠬᠥᠭᠡᠭᠡᠴᠡᠯᠳᠦᠬᠦ ᠵᠣᠷᠢᠭ ᠰᠠᠨᠠᠭ᠎ᠠ ᠶᠢ ᠪᠠᠲᠤᠳᠬᠠᠵᠤ᠂ ᠡᠷᠲᠡᠨ ᠤ ᠳᠤᠮᠳᠠᠳᠤ ᠤᠯᠤᠰ ᠤᠨ ᠡᠰᠡᠨᠢᠯ ᠬᠦᠭᠵᠢᠯ ᠢ ᠤᠬᠳᠤᠬᠰᠠᠨ ᠲᠡᠦᠬᠡ ᠶᠢᠨ ᠰᠢᠨ᠎ᠡ ᠠᠶᠠᠨ ᠢ ᠡᠬᠢᠯᠡᠭᠦᠯᠵᠡᠢ︕    ᠠᠬ᠎ᠠ ᠳᠡᠭᠦᠤ ᠨᠡᠷ ᠡ᠂ ᠨᠥᠬᠦᠳ ᠡ᠂ ᠨᠠᠶᠢᠵᠠ ᠨᠠᠷ ᠡ︕    — ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠤ ᠢᠯᠠᠯᠲᠠ ᠪᠣᠯ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠤᠯᠯᠠᠭᠤᠯᠤᠭᠰᠠᠨ ᠦᠨᠳᠦᠰᠦᠲᠡᠨ ᠤ ᠵᠣᠷᠢᠭ ᠰᠠᠨᠠᠭᠠᠨ ᠤ ᠠᠭᠤᠤ ᠶᠡᠭᠡ ᠢᠯᠠᠯᠲᠠ ᠮᠥᠨ᠃ ᠤᠯᠤᠰ ᠢᠶᠠᠨ ᠬᠠᠶᠢᠷᠠᠯᠠᠬᠤ ᠦᠵᠡᠯ ᠪᠣᠯ ᠮᠠᠨ ᠤ ᠦᠨᠳᠦᠰᠦᠲᠡᠨ ᠤ ᠵᠣᠷᠢᠭ ᠰᠠᠨᠠᠭᠠᠨ ᠤ ᠭᠤᠤᠯ ᠴᠢᠮᠥᠭᠡ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠨᠢᠭᠡ ᠰᠡᠳᠬᠢᠯ ᠨᠢᠭᠡ ᠵᠣᠷᠢᠭ ᠢᠶᠠᠷ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠬᠤᠯᠪᠣᠭᠠᠰᠤ ᠮᠥᠨ᠃ ᠤᠯᠤᠰ ᠪᠠ ᠦᠨᠳᠦᠰᠦᠲᠡᠨ ᠤ ᠦᠬᠦᠵᠦ ᠰᠡᠬᠡᠬᠦ ᠠᠶᠦᠯ ᠲᠦᠭᠰᠢᠬᠦᠷᠢ ᠶᠢᠨ ᠡᠮᠦᠨ᠎ᠡ᠂ ᠪᠦᠬᠦ ᠳᠤᠮᠳᠠᠳᠤ ᠶᠢᠨ ᠬᠥᠪᠡᠭᠦᠳ ᠥᠬᠢᠳ ᠬᠠᠷᠭᠢᠰ ᠳᠠᠶᠢᠰᠤᠨ ᠢ ᠬᠠᠮᠲᠤ ᠪᠠᠷ ᠬᠤᠷᠣᠰᠤᠨ ᠵᠠᠨᠤᠵᠤ᠂ ᠲᠠᠶᠠᠭᠠᠷ ᠢᠶᠠᠨ ᠰᠡᠳᠭᠢᠯ ᠨᠢᠭᠡᠳᠦᠨ ᠲᠡᠮᠦᠷ ᠭᠡᠷᠡᠮ ᠮᠡᠳᠦ ᠪᠤᠯᠵᠦ᠂ ᠲᠡᠭᠷᠢ ᠭᠠᠵᠠᠷ ᠢ ᠲᠤᠩᠰᠤᠯᠭᠠᠭᠰᠠᠨ ᠤᠯᠤᠰ ᠢᠶᠠᠨ ᠬᠠᠶᠢᠷᠠᠯᠠᠬᠤ ᠦᠵᠡᠯ ᠤᠨ ᠪᠠᠭᠠᠲᠤᠷᠯᠢᠭ ᠳᠠᠭᠤᠯᠠᠯ ᠢ ᠪᠢᠴᠢᠭᠯᠡᠵᠡᠢ᠃ ᠤᠯᠤᠰ ᠢᠶᠠᠨ ᠬᠠᠶᠢᠷᠠᠯᠠᠬᠤ ᠦᠵᠡᠯ ᠪᠣᠯ ᠳᠤᠮᠳᠠᠳᠤ ᠤᠯᠤᠰ ᠤᠨ ᠠᠷᠠᠳ ᠲᠦᠮᠡᠨ ᠢ ᠵᠤᠷᠢᠬᠵᠢᠭᠤᠯᠤᠨ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠤᠨ ᠦᠨᠳᠦᠰᠦᠲᠡᠨ‌‍ᠤ ᠨᠡᠷ᠎ᠡ ᠬᠦᠨᠳᠦ ᠪᠠᠨ ᠬᠠᠮᠠᠭᠠᠯᠠᠵᠤ᠂ ᠲᠡᠤᠬᠡ ᠶᠢᠨ ᠶᠡᠭᠡ ᠤᠷᠤᠰᠬᠠᠯ ᠤᠨ ᠳᠤᠮᠳᠠ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠮᠦᠨ᠂ ᠳᠤᠮᠳᠠᠳᠤ ᠶᠢᠨ ᠦᠨᠳᠦᠰᠦᠲᠡᠨ ᠤ ᠡᠨᠡ ᠬᠦ ᠬᠦᠯᠭᠡ ᠣᠩᠭᠤᠴᠠ ᠰᠠᠯᠬᠢ ᠳᠠᠪᠠᠯᠭᠠᠨ ᠢ ᠵᠦᠰᠦᠨ ᠡᠷᠡᠯᠬᠡᠭᠯᠡᠨ ᠤᠷᠤᠭᠰᠢᠯᠠᠬᠤ ᠬᠦᠴᠦᠳᠦ ᠬᠥᠳᠡᠯᠭᠡᠭᠦᠷ ᠮᠦᠨ᠂ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠢ ᠬᠥᠲᠥᠯᠥᠨ ᠵᠢᠯᠣᠭᠤᠳᠴᠤ ᠠᠭᠤᠯᠠ ᠶᠢ ᠲᠤᠩᠰᠤᠯᠭᠠᠨ ᠲᠠᠯᠠᠢ ᠶᠢ ᠴᠠᠯᠬᠢᠭᠤᠯᠬᠤ ᠲᠡᠤᠬᠡᠨ ᠠᠤᠭ᠎ᠠ ᠬᠦᠴᠦᠨ ᠢ ᠬᠦᠭᠵᠢᠭᠡᠬᠦ᠂ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠢᠷᠠᠭᠤ ᠭᠠᠶᠢᠬᠠᠮᠰᠢᠭᠲᠤ ᠲᠤᠭ ᠮᠥᠨ︕    — ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠤ ᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠷᠤᠰᠬᠠᠯ ᠤᠨ ᠳᠤᠮᠳᠠᠬᠢ ᠤᠷᠭᠤᠭ᠎ᠠ ᠬᠠᠳᠠ ᠪᠣᠯᠬᠤ ᠦᠢᠯᠡᠳᠦᠯ ᠢᠶᠠᠨ ᠪᠠᠳᠠᠷᠠᠭᠤᠯᠤᠭᠰᠠᠨ ᠠᠭᠤᠤ ᠶᠡᠭᠡ ᠢᠯᠠᠯᠲᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠡᠳᠦᠷ ᠠᠴᠠ ᠪᠠᠨ ᠡᠬᠢᠯᠡᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠢ ᠥᠪᠡᠷ ᠤᠨ ᠲᠡᠦᠬᠡᠲᠦ ᠡᠭᠦᠷᠭᠡ ᠪᠠᠨ ᠪᠣᠯᠭᠠᠵᠤ᠂ ᠦᠨᠳᠦᠰᠦᠲᠡᠨ ᠤ ᠲᠤᠰᠠᠭᠠᠷ ᠲᠣᠭᠲᠠᠨᠢᠯ ᠢ ᠬᠠᠮᠠᠭᠠᠯᠠᠬᠤ ᠲᠠᠯ᠎ᠠ ᠪᠠᠷ ᠬᠠᠮᠤᠭ ᠤᠨ ᠪᠠᠲᠤ ᠴᠢᠩᠭ᠎ᠠ᠂ ᠦᠨᠳᠦᠰᠦᠲᠡᠨ ᠤ ᠠᠰᠢᠭ ᠲᠤᠰᠠ ᠶᠢ ᠬᠠᠮᠠᠭᠠᠯᠠᠬᠤ ᠲᠠᠯ᠎ᠠ ᠪᠠᠷ ᠬᠠᠮᠤᠭ ᠤᠨ ᠡᠷᠡᠰ ᠰᠢᠭᠤᠷᠬᠠᠶ᠂ ᠭᠠᠳᠠᠭᠠᠳᠤ ᠶᠢᠨ ᠲᠦᠷᠢᠮᠡᠬᠡᠶᠢᠯᠡᠯ ᠢ ᠡᠰᠡᠷᠭᠦᠴᠡᠬᠦ ᠲᠠᠯ᠎ᠠ ᠪᠠᠷ ᠬᠠᠮᠤᠭ ᠤᠨ ᠡᠷᠡᠯᠬᠡᠭ ᠪᠠᠭᠠᠲᠤᠷᠯᠢᠭ ᠪᠠᠶᠢᠯ᠎ᠠ᠃ ᠶᠠᠫᠣᠨ ᠢ ᠡᠰᠡᠷᠭᠦᠴᠡᠬᠦ ᠳᠠᠶᠢᠨ ᠤ ᠣᠢᠶ᠎ᠠ ᠳᠤ᠂ ᠦᠨᠳᠦᠰᠦᠲᠡᠨ ᠮᠥᠬᠦᠵᠦ ᠰᠥᠨᠥᠬᠦ ᠲᠡᠤᠬᠡ ᠶᠢᠨ ᠵᠠᠩᠭᠢᠯᠠᠭ᠎ᠠ ᠶᠢᠨ ᠣᠢᠶ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠯᠤᠰ ᠲᠥᠷᠥ ᠶᠢᠨ ᠭᠠᠷᠮᠠᠭᠠᠶ ᠤᠳᠤᠷᠢᠳᠬᠤ ᠬᠦᠴᠦᠨ ᠪᠣᠯᠤᠨ ᠪᠠᠶᠢᠯᠳᠤᠬᠤ ᠪᠣᠳᠣᠯᠭ᠎ᠠ ᠶᠢᠨ ᠵᠥᠪ ᠠᠷᠭ᠎ᠠ ᠪᠣᠳᠣᠯᠭ᠎ᠠ‌‍ᠪᠠᠷ ᠳᠤᠮᠳᠠᠳᠤ ᠤᠯᠤᠰ ᠤᠨ ᠶᠠᠫᠣᠨ ᠢ ᠡᠰᠡᠷᠭᠦᠴᠡᠬᠦ ᠳᠠᠶᠢᠨ ᠤ ᠤᠷᠤᠭᠰᠢᠯᠠᠯᠲᠠ ᠶᠢᠨ ᠴᠢᠭᠯᠡᠯ ᠢ ᠵᠢᠯᠣᠭᠤᠳᠴᠤ᠂ ᠪᠦᠬᠦ ᠦᠨᠳᠦᠰᠦᠲᠡᠨ ᠤ ᠶᠠᠫᠤᠨ ᠢ ᠡᠰᠡᠷᠭᠦᠴᠡᠬᠦ᠂ ᠪᠦᠯᠬᠦᠮᠳᠡᠬᠦ᠂ ᠳᠠᠪᠰᠢᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠪᠠᠭᠤᠵᠦ ᠦᠭᠬᠦ᠂ ᠬᠠᠭᠠᠴᠠᠭᠤᠯᠬᠤ᠂ ᠤᠬᠤᠷᠢᠬᠤ ᠶᠢ ᠡᠰᠡᠷᠭᠦᠴᠡᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠶᠠᠫᠣᠨ ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ ᠹᠷᠣᠨᠲ ᠤᠨ ᠲᠤᠭ ᠢ ᠥᠨᠳᠥᠷ ᠮᠠᠨᠳᠤᠭᠤᠯᠵᠤ᠂ ᠨᠢᠭᠡᠳᠦᠮᠡᠯ ᠹᠷᠣᠨᠲ ᠢ ᠡᠷᠡᠰ ᠬᠠᠮᠠᠭᠠᠯᠠᠵᠤ᠂ ᠪᠠᠬᠢᠵᠢᠭᠦᠯᠵᠦ᠂ ᠬᠥᠭᠵᠢᠭᠦᠯᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠵᠦ᠂ ᠪᠦᠯᠬᠦᠮᠳᠡᠨ ᠨᠢᠬᠳᠠᠷᠠᠵᠦ ᠶᠠᠫᠣᠨ ᠢ ᠡᠰᠡᠷᠭᠦᠴᠡᠬᠦ ᠶᠢ ᠪᠠᠷᠢᠮᠲᠠᠯᠠᠵᠤ᠂ ᠪᠦᠯᠬᠦᠮᠳᠡᠵᠡᠭᠡᠵᠦ ᠶᠠᠫᠣᠨ ᠢ ᠡᠰᠡᠷᠭᠦᠴᠡᠬᠦ ᠶᠡᠭᠡ ᠲᠠᠯ᠎ᠠ ᠶᠢ ᠬᠠᠮᠠᠭᠠᠯᠠᠪᠠ᠃ ᠳᠤᠮᠳᠠᠳᠤ ᠤᠯᠤᠰ ᠤᠨ ᠡᠪ ᠬᠠᠮᠲᠤᠴᠤᠳ ᠶᠠᠫᠣᠨ ᠢ ᠡᠰᠡᠷᠭᠦᠴᠡᠬᠦ ᠳᠠᠶᠢᠨ ᠤ ᠬᠠᠮᠤᠭ ᠤᠨ ᠡᠮᠦᠨ᠎ᠡ ᠹᠷᠣᠨᠲ ᠲᠤ ᠪᠠᠭᠠᠲᠤᠷᠯᠢᠭ ᠢᠶᠠᠷ ᠪᠠᠶᠢᠯᠳᠤᠵᠤ᠂ ᠳᠤᠮᠳᠠᠳᠤ ᠶᠢᠨ ᠦᠨᠳᠦᠰᠦᠲᠡᠨ ᠤ ᠮᠥᠬᠦᠯ ᠠᠴᠠ ᠠᠪᠤᠷᠠᠵᠤ ᠣᠷᠣᠰᠢᠨ ᠲᠣᠭᠲᠠᠨᠢᠬᠤ ᠬᠦᠰᠡᠯ ᠡᠷᠡᠮᠡᠯᠵᠡᠯ ᠢ ᠲᠤᠯᠭᠠᠭᠤᠷᠢᠯᠠᠵᠤ᠂ ᠪᠦᠬᠦ ᠦᠨᠳᠦᠰᠦᠲᠡᠨ ᠤ ᠶᠠᠫᠣᠨ ᠢ ᠡᠰᠡᠷᠭᠦᠴᠡᠬᠦ ᠳᠠᠶᠢᠨ ᠤ ᠭᠤᠤᠯ ᠲᠤᠯᠭᠠᠭᠤᠷᠢ ᠬᠦᠴᠤᠨ ᠪᠣᠯᠪᠠ︕    — ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠪᠣᠯ ᠪᠦᠬᠦ ᠦᠨᠳᠦᠰᠦᠲᠡᠨ ᠤ ᠲᠡᠮᠦᠷ ᠬᠡᠷᠡᠮ ᠮᠡᠳᠦ ᠪᠠᠳᠦ ᠪᠦᠯᠬᠦᠮᠳᠡᠨ ᠨᠢᠭᠡᠳᠴᠤ ᠡᠷᠡᠯᠬᠡᠭ ᠪᠠᠭᠠᠲᠤᠷᠯᠢᠭ ᠢᠶᠠᠷ ᠶᠠᠫᠣᠨ ᠢ ᠡᠰᠡᠷᠭᠦᠴᠡᠭᠰᠡᠡ ᠳᠠᠶᠢᠨ ᠤ ᠠᠭᠤᠤ ᠶᠡᠭᠡ ᠢᠯᠠᠯᠲᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠳᠠᠶᠢᠴᠢᠯᠠᠬᠤ᠂ ᠠᠷᠠᠳ ᠲᠦᠮᠡᠨ ᠢ ᠲᠦᠰᠢᠭᠯᠡᠬᠦ ᠶᠢ ᠪᠠᠷᠢᠮᠲᠠᠯᠠᠵᠤ᠂ ᠪᠦᠬᠦ ᠦᠨᠳᠦᠰᠦᠲᠡᠨ ᠤ ᠶᠠᠫᠣᠨ ᠢ ᠡᠰᠡᠷᠭᠦᠴᠡᠬᠦ ᠳᠠᠶᠢᠨ ᠤ ᠲᠡᠤᠬᠡ ᠶᠢᠨ ᠶᠡᠭᠡ ᠤᠷᠤᠰᠬᠠᠯ ᠢ ᠪᠤᠢ ᠪᠣᠯᠭᠠᠬᠤ ᠶᠢ ᠠᠬᠢᠭᠤᠯᠪᠠ᠃ ᠮᠠᠤ ᠽᠧ ᠳ᠋ᠦᠩ ᠨᠥᠬᠦᠷ ᠪᠦᠬᠦ ᠤᠯᠤᠰ ᠤᠨ ᠶᠠᠫᠣᠨ ᠢ ᠡᠰᠡᠷᠭᠦᠴᠡᠬᠦ ᠳᠠᠶᠢᠨ ᠡᠬᠢᠯᠡᠭᠰᠡᠨ ᠤ ᠳᠠᠷᠠᠭ᠎ᠠ᠄ ︽ᠪᠢᠳᠡ ᠪᠦᠬᠦ ᠤᠯᠤᠰ ᠤᠨ ᠠᠷᠠᠳ ᠲᠦᠮᠡᠨ ᠢ ᠶᠡᠷᠦᠩᠬᠡᠶᠢᠯᠡᠨ ᠳᠠᠶᠢᠴᠢᠯᠠᠬᠰᠠᠨ ᠪᠦᠷᠢᠨ ᠪᠦᠲᠦᠨ ᠦᠨᠳᠦᠰᠦᠲᠡᠨ ᠤ ᠬᠤᠪᠢᠰᠬᠠᠯᠲᠤ ᠳᠠᠶᠢᠨ ᠢ ᠵᠣᠷᠢᠵᠤ ᠪᠠᠶᠢᠨ᠎ᠠ᠃ ᠡᠰᠡᠬᠦᠯ᠎ᠡ ᠪᠦᠬᠦ ᠲᠠᠯ᠎ᠠ ᠪᠠᠷ ᠶᠠᠫᠣᠨ ᠢ ᠡᠰᠡᠷᠭᠦᠴᠡᠬᠦ ᠳᠠᠶᠢᠨ ᠢ ᠵᠤᠷᠢᠵᠦ ᠪᠠᠶᠢᠨ᠎ᠠ᠃ ᠤᠴᠢᠷ ᠨᠢ ᠭᠠᠭᠴᠠ ᠬᠦ ᠢᠩᠭᠢᠵᠦ ᠶᠠᠫᠤᠨ ᠢ ᠡᠰᠡᠷᠭᠦᠴᠡᠪᠡᠯ ᠰᠠᠶ᠋ᠢ ᠤᠯᠠᠨ ᠲᠦᠮᠡᠨ ᠤ ᠳᠠᠶᠢᠨ ᠪᠤᠯᠵᠤ᠂ ᠡᠬᠡ ᠤᠯᠤᠰ ᠢᠶᠠᠨ ᠬᠠᠮᠠᠭᠠᠯᠠᠬᠤ ᠵᠣᠷᠢᠯᠭ᠎ᠠ ᠳᠠᠭᠠᠨ ᠬᠦᠷᠴᠦ ᠴᠢᠳᠠᠨ᠎ᠠ︾ ᠭᠡᠵᠦ ᠲᠤᠳᠤᠷᠬᠠᠢ ᠲᠤᠷᠠᠳᠴᠠᠢ᠃ ᠳᠤᠮᠳᠠᠳᠤ ᠤᠯᠤᠰ ᠤᠨ ᠡᠪ ᠬᠠᠮᠲᠤ ᠨᠠᠮ ᠴᠡᠷᠢᠭ ᠠᠷᠠᠳ ᠪᠣᠯ ᠢᠯᠠᠯᠲᠠ ᠶᠢᠨ ᠦᠨᠳᠦᠰᠦ ᠪᠤᠯᠬᠤ ᠭᠡᠲᠡᠭ ᠢ ᠪᠠᠷᠢᠮᠲᠠᠯᠠᠵᠤ᠂ ᠤᠳᠠᠭᠠᠨ ᠳᠠᠭᠠᠭᠠᠮᠠᠭᠠᠶ ᠳᠠᠶᠢᠨ ᠬᠢᠬᠦ ᠪᠠᠶᠢᠯᠳᠤᠬᠤ ᠪᠤᠳᠤᠯᠭ᠎ᠠ ᠶᠢᠨ ᠶᠡᠷᠦᠩᠬᠡᠶ ᠴᠢᠭᠯᠡᠯᠲᠡ ᠪᠠ ᠠᠷᠠᠳ ᠤᠨ ᠳᠠᠶᠢᠨ ᠤ ᠢᠵᠢ ᠪᠦᠷᠢᠨ ᠪᠠᠶᠢᠯᠳᠤᠬᠤ ᠪᠤᠳᠤᠯᠭ᠎ᠠ ᠪᠠᠶᠢᠯᠳᠤᠬᠤ ᠠᠷᠭ᠎ᠠ ᠶᠢ ᠳᠤᠷᠠᠳᠴᠦ᠂ ᠳᠠᠶᠢᠰᠤᠨ ᠤ ᠠᠷᠤ ᠲᠠᠯ᠎ᠠ ᠶᠢᠨ ᠰᠠᠭᠤᠷᠢᠨ ᠭᠠᠵᠠᠷ ᠤᠨ ᠴᠡᠷᠢᠭ ᠠᠷᠠᠳ ᠪᠦᠭᠭᠦᠨ ᠴᠣᠬᠢᠬᠤ ᠪᠠᠶᠢᠯᠳᠤᠭᠠᠨ᠂ ᠡᠪᠳᠡᠨ ᠳᠠᠭᠠᠷᠢᠬᠤ ᠪᠠᠶᠢᠯᠳᠤᠭᠠᠨ᠂ ᠮᠢᠨ᠎ᠠ ᠶᠢᠨ ᠪᠠᠶᠢᠯᠳᠤᠭᠠᠨ᠂ ᠨᠦᠬᠡᠨ ᠵᠠᠮ ᠤᠨ ᠪᠠᠶᠢᠯᠳᠤᠭᠠᠨ᠂ ᠨᠤᠤᠷᠠᠯᠳᠤᠨ ᠪᠠᠶᠢᠯᠳᠤᠬᠤ ᠪᠠᠶᠢᠯᠳᠤᠭᠠᠨ ᠵᠡᠷᠭᠡ ᠫᠠᠷᠲ᠋ᠢᠽᠠᠨ ᠳᠠᠶᠢᠨ ᠤ ᠪᠠᠶᠢᠯᠳᠤᠬᠤ ᠮᠡᠷᠭᠡᠵᠢᠯ ᠪᠠᠶᠢᠯᠳᠤᠬᠤ ᠠᠷᠭ᠎ᠠ ᠶᠢ ᠥᠷᠭᠡᠨ ᠢᠶᠠᠷ ᠥᠷᠨᠢᠭᠦᠯᠵᠦ᠂ ᠶᠠᠫᠣᠨ ᠤ ᠲᠦᠷᠢᠮᠡᠬᠡᠶᠢᠯᠡᠭᠴᠢᠳ ᠢ ᠠᠷᠠᠳ ᠤᠨ ᠲᠠᠶᠢᠨ ᠤ ᠨᠡᠯᠦᠭᠡᠷ ᠶᠡᠭᠡ ᠳᠠᠯᠠᠢ ᠳᠤ ᠵᠢᠪᠪᠦᠭᠦᠯᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠠ ᠨᠡᠭᠡᠭᠡᠭᠰᠡᠡ ᠳᠠᠶᠢᠰᠤᠨ ᠤ ᠠᠷᠤ ᠲᠠᠯ᠎ᠠ ᠶᠢᠨ ᠳᠠᠶᠢᠨ ᠤ ᠲᠠᠯᠠᠪᠤᠷ ᠪᠣᠯᠤᠨ ᠭᠤᠮᠢᠨᠳᠠᠩ ᠤᠨ ᠵᠢᠯᠣᠭᠤᠳᠤᠭᠰᠠᠨ ᠵᠥᠪ ᠲᠠᠯ᠎ᠠ ᠶᠢᠨ ᠳᠠᠶᠢᠨ ᠤ ᠲᠠᠯᠠᠪᠤᠷ ᠬᠦᠴᠤ ᠪᠠᠨ ᠬᠠᠮᠲᠤᠳᠬᠠᠠ ᠬᠠᠮᠲᠤᠷᠠᠯᠴᠠᠵᠦ᠂ ᠶᠠᠫᠣᠨ ᠤ ᠲᠦᠷᠢᠮᠡᠬᠡᠶᠢᠯᠡᠭᠴᠢᠳ ᠢ ᠬᠠᠮᠲᠤ ᠪᠠᠷ ᠡᠰᠡᠷᠭᠦᠴᠡᠬᠦ ᠪᠠᠶᠢᠯᠳᠤᠬᠤ ᠪᠣᠳᠣᠯᠭ᠎ᠠ ᠶᠢᠨ ᠪᠠᠶᠢᠳᠠᠯ ᠢ ᠪᠦᠷᠢᠯᠳᠦᠭᠦᠯᠪᠡ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠪᠣᠯ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠬᠦᠴᠦ ᠪᠠᠨ ᠬᠠᠮᠲᠤᠳᠬᠠᠵᠤ ᠰᠡᠳᠭᠢᠯ ᠢᠶᠠᠨ ᠨᠢᠭᠡᠳᠭᠡᠵᠦ᠂ ᠪᠠᠭᠤᠷᠠᠶ ᠪᠠᠷ ᠬᠦᠴᠦᠷᠬᠡᠭ ᠢ ᠢᠯᠠᠭᠰᠠᠨ ᠰᠦᠷ ᠵᠢᠪᠬᠤᠭᠠᠳᠤ ᠲᠤᠤᠯᠢᠰ ᠮᠦᠨ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠬᠥᠪᠡᠭᠦᠳ ᠥᠬᠢᠳ ᠤᠨ ᠢᠯᠠᠭᠳᠠᠰᠢ ᠦᠭᠡᠢ ᠠᠤᠭ᠎ᠠ ᠶᠡᠭᠡ ᠬᠦᠴᠦᠨ ᠢ ᠢᠯᠡᠷᠡᠭᠦᠯᠦᠭᠰᠡᠨ ᠪᠠᠶᠢᠨ᠎ᠠ︕    — ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠹᠠᠱᠢᠰ ᠢ ᠡᠰᠡᠷᠭᠦᠴᠡᠬᠦ ᠬᠤᠯᠪᠣᠭᠠᠲᠠᠨ ᠤᠯᠤᠰ ᠪᠠ ᠡᠯ᠎ᠡ ᠤᠯᠤᠰ ᠤᠨ ᠠᠷᠠᠳ ᠲᠦᠮᠡᠨ ᠲᠠᠢ ᠮᠥᠷᠥ ᠵᠡᠷᠭᠡᠴᠡᠨ ᠲᠡᠮᠡᠴᠡᠭᠰᠡᠨ ᠠᠭᠤᠤ ᠶᠡᠭᠡ ᠢᠯᠠᠯᠲᠠ ᠮᠥᠨ᠃ ᠳᠡᠯᠡᠬᠡᠶ ᠳᠡᠭᠡᠷᠡᠬᠢ ᠡᠩᠭᠡ ᠲᠠᠶᠢᠪᠤᠩ ᠪᠠ ᠰᠢᠳᠤᠷᠭᠤ ᠶᠣᠰᠣ ᠶᠢ ᠡᠷᠬᠢᠮᠯᠡᠳᠡᠭ ᠤᠯᠤᠰ ᠪᠠ ᠠᠷᠠᠳ ᠲᠦᠮᠡᠨ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠵᠡᠷᠭᠡ ᠹᠠᠱᠢᠰ ᠢ ᠡᠰᠡᠷᠭᠦᠴᠡᠬᠦ ᠡᠯ᠎ᠡ ᠵᠦᠢᠯ ᠤᠨ ᠬᠦᠴᠦᠨ ᠤ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠳᠤ ᠦᠵᠡᠭᠦᠯᠦᠭᠰᠡᠨ ᠡᠷᠬᠢᠮ ᠨᠠᠨᠳᠢᠨ ᠲᠤᠰᠠᠯᠠᠮᠵᠢ ᠪᠠ ᠳᠡᠮᠵᠢᠯᠭᠡ ᠶᠢ ᠳᠤᠮᠳᠠᠳᠤ ᠤᠯᠤᠰ ᠤᠨ ᠠᠷᠠᠳ ᠲᠦᠮᠡᠨ ᠥᠨᠢ ᠡᠭᠦᠷᠢᠳᠡ ᠮᠠᠷᠲᠠᠬᠤ ᠦᠭᠡᠢ ᠶᠤᠮ᠃ ᠵᠥᠪᠯᠡᠯᠲᠦ ᠬᠤᠯᠪᠣᠭᠠᠲᠤ ᠤᠯᠤᠰ ᠳᠤᠮᠳᠠᠳᠤ ᠤᠯᠤᠰ ᠤᠨ ᠶᠠᠫᠣᠨ ᠢ ᠡᠰᠡᠷᠭᠦᠴᠡᠬᠦ ᠳᠠᠶᠢᠨ ᠳᠤ ᠡᠳ᠋ ᠪᠣᠳᠠᠰ ᠤᠨ ᠬᠦᠴᠦᠳᠦ ᠳᠡᠮᠵᠢᠯᠭᠡ ᠦᠵᠡᠭᠦᠯᠵᠦ᠂ ᠠᠮᠧᠷᠢᠺᠠ ᠶᠢᠨ ︽ᠵᠢᠭᠦᠷᠳᠦ ᠪᠠᠷᠰ ᠤᠨ ᠠᠩᠭᠢ︾ ᠲᠡᠮᠡᠭᠡᠨ ᠪᠦᠬᠦ ᠶᠢᠨ ᠬᠡᠯᠪᠡᠷᠢ ᠶᠢᠨ ᠠᠶᠠᠯᠠᠯ ᠤᠨ ᠱᠤᠭᠤᠮ ᠢ ᠭᠡᠨᠡᠨ ᠢᠶᠠᠷ ᠨᠡᠭᠡᠭᠡᠵᠦ᠂ ᠰᠣᠯᠣᠩᠭᠤᠰ᠂ ᠸᠢᠶᠧᠲᠨᠠᠮ᠂ ᠺᠠᠨᠠᠳᠠ᠂ ᠡᠨᠡᠳᠬᠡᠭ᠂ ᠰᠢᠨ᠎ᠡ ᠽᠢᠯᠠᠨᠳ᠋᠂ ᠫᠤᠯᠠᠨᠳ᠋᠂ ᠳ᠋ᠠᠨᠮᠠᠷᠺ ᠵᠢᠴᠢ ᠭᠧᠷᠮᠠᠨ᠂ ᠠᠦ᠋ᠰᠲᠷᠢᠶ᠎ᠠ᠂ ᠷᠣᠮᠠᠨᠢᠶ᠎ᠠ᠂ ᠪᠤᠯᠭᠠᠷᠢᠶ᠎ᠠ᠂ ᠶᠠᠫᠣᠨ ᠵᠡᠷᠭᠡ ᠤᠯᠤᠰ ᠤᠨ ᠹᠠᠱᠢᠰ ᠢ ᠡᠰᠡᠷᠭᠦᠴᠡᠬᠦ ᠦᠯᠡᠮᠵᠢ ᠣᠯᠠᠨ ᠪᠠᠶᠢᠯᠳᠤᠭᠴᠢ ᠳᠤᠮᠳᠠᠳᠤ ᠤᠯᠤᠰ ᠤᠨ ᠶᠠᠫᠣᠨ ᠢ ᠡᠰᠡᠷᠭᠦᠴᠡᠬᠦ ᠳᠠᠶᠢᠨ ᠳᠤ ᠰᠢᠭᠤᠳ ᠣᠷᠣᠯᠴᠠᠪᠠ᠃ ᠺᠠᠨᠠᠳᠠ ᠶᠢᠨ ᠡᠮᠴᠢ ᠪᠧᠲ᠋ᠢᠶᠦ᠋ᠨ ᠡᠨᠡᠳᠬᠡᠭ ᠤᠨ ᠡᠮᠴᠢ ᠺᠧᠳᠢᠬᠤᠸᠠ ᠲᠦᠮᠡᠨ ᠭᠠᠵᠠᠷ ᠢ ᠬᠤᠯᠠ ᠭᠡᠵᠦ ᠪᠤᠳᠤᠬᠰᠠᠨ ᠦᠭᠡᠢ ᠳᠤᠮᠳᠠᠳᠤ ᠤᠯᠤᠰ ᠲᠤ ᠢᠷᠡᠵᠦ ᠦᠭᠦᠯ ᠠᠴᠠ ᠠᠪᠤᠷᠠᠠ ᠰᠢᠷᠬᠠᠲᠤᠭᠰᠠᠳ ᠢ ᠲᠡᠩᠭᠡᠷᠡᠭᠦᠯᠵᠦ᠂ ᠹᠷᠠᠨᠼᠢ ᠶᠢᠨ ᠡᠮᠴᠢ ᠪᠧᠰᠢᠶᠧ ᠡᠮ ᠵᠥᠭᠡᠭᠡᠪᠦᠷᠢᠯᠡᠬᠦ ᠳᠤᠭᠤᠶ ᠲᠡᠷᠭᠡᠨ ᠤ ︽ᠲᠡᠮᠡᠭᠡᠨ ᠪᠦᠬᠦ ᠶᠢᠨ ᠬᠡᠯᠪᠡᠷᠢ︾ ᠶᠢᠨ ᠵᠠᠮ ᠢ ᠨᠡᠭᠡᠭᠡᠵᠡᠶ ᠂ ᠭᠧᠷᠮᠠᠨ ᠤ ᠯᠠᠪᠧᠶ᠂ ᠳ᠋ᠠᠨᠮᠠᠷᠺ ᠤᠨ ᠰᠢᠨᠳᠧᠪᠧᠭᠧ ᠨᠠᠨᠵᠢᠩ ᠤᠨ ᠶᠡᠭᠡ ᠬᠢᠳᠤᠯᠭ᠎ᠠ ᠶᠢᠨ ᠳᠤᠮᠳᠠ ᠠᠷᠭ᠎ᠠ ᠪᠦᠬᠦᠨ ᠢ ᠰᠦᠪᠡᠭᠴᠢᠯᠡᠵᠦ ᠳᠤᠮᠳᠠᠳᠤ ᠤᠯᠤᠰ ᠤᠨ ᠭᠠᠴᠢᠭᠳᠠᠯᠳᠤ ᠠᠷᠠᠳ ᠢ ᠬᠠᠮᠠᠭᠠᠯᠠᠵᠦ᠂ ᠠᠩᠭ᠍ᠯᠢ ᠶᠢᠨ ᠯᠢᠨᠮᠠᠶᠢᠺᠧ᠂ ᠢᠨᠲ᠋ᠧᠷᠨᠠᠼᠢᠣᠨᠠᠯ ᠤᠨ ᠪᠠᠶᠢᠯᠳᠤᠭᠴᠢ ᠬᠠᠨᠰ · ᠰᠢᠪᠧ ᠵᠡᠷᠭᠡ ᠰᠤᠷᠪᠤᠯᠵᠢᠯᠠᠭᠴᠢ ᠳᠤᠮᠳᠠᠳᠤ ᠤᠯᠤᠰ ᠤᠨ ᠶᠠᠫᠣᠨ ᠢ ᠡᠰᠡᠷᠭᠦᠴᠡᠬᠦ ᠳᠠᠶᠢᠨ ᠤ ᠠᠤᠭ᠎ᠠ ᠦᠢᠯᠡᠰ ᠢ ᠢᠳᠡᠪᠬᠢᠲᠡᠶ ᠮᠡᠳᠡᠭᠡᠯᠡᠨ ᠤᠬᠠᠭᠤᠯᠪᠠ᠃ ᠲᠡᠳᠡᠨ ᠤ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠠ ᠡᠷᠬᠢᠮ ᠳᠡᠭᠡᠳᠦ ᠬᠡᠪ ᠰᠤᠷᠲᠠᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠰᠡᠳᠬᠢᠯ ᠳᠤ ᠥᠨᠢᠳᠡ ᠬᠠᠳᠠᠩᠰᠢᠵᠠᠢ︕    ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠰᠦᠷ ᠳᠠᠯᠠᠶᠢᠴᠠᠲᠠᠶ ᠠᠬᠢᠴᠠ ᠳᠤ ᠶᠠᠫᠣᠨ ᠢ ᠡᠰᠡᠷᠭᠦᠴᠡᠬᠦ ᠠᠭᠤᠤ ᠶᠡᠭᠡ ᠳᠠᠶᠢᠨ ᠤ ᠵᠣᠷᠢᠭ ᠰᠠᠨᠠᠭ᠎ᠠ ᠶᠢ ᠬᠦᠪᠦᠷᠡᠭᠦᠯᠵᠦ᠂ ᠳᠡᠯᠡᠬᠡᠶ ᠳ᠋ᠠᠬᠢᠨ ᠳᠤ ᠲᠦᠷᠦ ᠤᠯᠤᠰ ᠤᠨ ᠮᠠᠨᠳᠤᠵᠤ ᠮᠥᠬᠦᠬᠦ ᠳᠤ ᠲᠦᠮᠡᠨ ᠤᠯᠠᠨ ᠢᠶᠠᠷ ᠢᠶᠠᠨ ᠬᠠᠷᠢᠭᠤᠴᠠᠯᠭ᠎ᠠ ᠲᠠᠢ ᠪᠠᠶᠢᠬᠤ ᠤᠯᠤᠰ ᠢᠶᠠᠨ ᠬᠠᠶᠢᠷᠠᠯᠠᠬᠤ ᠰᠡᠳᠬᠢᠯᠭᠡ᠂ ᠦᠬᠦᠬᠦ ᠠᠴᠠ ᠦᠯᠦ ᠠᠶᠤᠬᠤ᠂ ᠦᠬᠦᠬᠦ ᠠᠴᠠ ᠪᠢᠰᠢ ᠨᠤᠭᠤᠷᠠᠬᠤ ᠦᠭᠡᠢ ᠦᠨᠳᠦᠰᠦᠲᠡᠨ ᠤ ᠴᠢᠩ ᠵᠣᠷᠢᠭ᠂ ᠬᠦᠴᠦᠷᠬᠡᠭᠯᠡᠯ ᠲᠤᠷᠤᠮᠵᠢᠯᠠᠯ ᠠᠴᠠ ᠠᠶᠤᠬᠤ ᠦᠭᠡᠢ᠂ ᠡᠴᠦᠰ ᠲᠤᠨᠢ ᠲᠤᠯᠲᠠᠯ᠎ᠠ ᠴᠢᠰᠤᠲᠤ ᠪᠠᠶᠢᠯᠳᠤᠭᠠᠠ ᠬᠢᠬᠦ ᠪᠠᠭᠠᠲᠤᠷ ᠵᠣᠷᠢᠭ᠂ ᠴᠤᠴᠠᠯᠲᠠ ᠦᠭᠡᠢ᠂ ᠨᠤᠭᠤᠷᠠᠰᠢ ᠦᠭᠡᠢ ᠲᠡᠮᠡᠴᠡᠵᠦ ᠵᠠᠪᠠᠯ ᠢᠯᠠᠬᠤ ᠪᠠᠲᠤ ᠴᠢᠩᠭ᠎ᠠ ᠢᠲᠡᠭᠡᠯ ᠵᠣᠷᠢᠭ ᠢ ᠢᠯᠡᠷᠡᠭᠦᠯᠦᠭᠰᠡᠨ ᠪᠠᠶᠢᠨ᠎ᠠ᠃ ᠶᠠᠫᠣᠨ ᠢ ᠡᠰᠡᠷᠭᠦᠴᠡᠬᠦ ᠠᠭᠤᠤ ᠶᠡᠭᠡ ᠲᠠᠶᠢᠨ ᠤ ᠵᠣᠷᠢᠭ ᠰᠠᠨᠠᠭ᠎ᠠ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠮᠠᠰᠢ ᠡᠷᠬᠢᠮ ᠨᠠᠨᠳᠢᠨ ᠤᠶᠤᠨ ᠰᠠᠨᠠᠭᠠᠨ ᠤ ᠥᠪ ᠬᠦᠷᠦᠩᠭᠡ ᠮᠥᠨ᠂ ᠳᠤᠮᠳᠠᠳᠤ ᠤᠯᠤᠰ ᠤᠨ ᠠᠷᠠᠳ ᠲᠦᠮᠡᠨ ᠤ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ‌‍ᠶᠢ ᠪᠡᠶᠡᠯᠡᠭᠦᠯᠬᠦ ᠶᠢᠨ ᠲᠥᠯᠥᠭᠡ ᠲᠡᠮᠡᠴᠡᠬᠦ ᠶᠢ ᠡᠭᠦᠷᠢᠳᠡ ᠵᠣᠷᠢᠭᠵᠢᠭᠤᠯᠬᠤ ᠪᠣᠯᠤᠨ᠎ᠠ᠃    ᠠᠬ᠎ᠠ ᠳᠡᠭᠦᠤ ᠨᠡᠷ ᠡ᠂ ᠨᠥᠬᠦᠳ ᠡ᠂ ᠨᠠᠶᠢᠵᠠ ᠨᠠᠷ ᠡ︕    ᠳᠤᠮᠳᠠᠳᠤ ᠤᠯᠤᠰ ᠪᠣᠯᠤᠨ ᠶᠠᠫᠣᠨ ᠪᠣᠯ ᠬᠥᠷᠰᠢ ᠵᠡᠷᠭᠡᠯᠡᠳᠡᠭᠡ ᠤᠯᠤᠰ ᠮᠦᠨ᠃ ᠳᠤᠮᠳᠠᠳᠤ ᠶᠠᠫᠣᠨ ᠤ ᠤᠷᠲᠤ ᠬᠤᠭᠤᠴᠠᠭᠠᠨ ᠤ ᠡᠩᠬᠡ ᠲᠠᠶᠢᠪᠤᠩ ᠨᠥᠬᠦᠷᠰᠡᠭ ᠬᠠᠷᠢᠴᠠᠭ᠎ᠠ ᠶᠢ ᠪᠠᠳᠤᠯᠠᠬᠤ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠵᠦ᠂ ᠠᠽᠢᠶ᠎ᠠ ᠲᠢᠪ ᠪᠣᠯᠤᠨ ᠳᠡᠯᠡᠬᠡᠶ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠴᠡᠭᠡ ᠳᠤ ᠨᠡᠶᠢᠴᠡᠵᠦ ᠪᠠᠶᠢᠨ᠎ᠠ᠃ ᠬᠤᠶᠠᠷ ᠤᠯᠤᠰ ᠤᠨ 2000 ᠭᠠᠷᠤᠶ ᠵᠢᠯ ᠤᠨ ᠬᠠᠷᠢᠯᠴᠠᠭᠠᠨ ᠤ ᠲᠡᠤᠬᠡᠨ ᠳᠤ᠂ ᠨᠠᠶᠢᠷᠠᠮᠳᠠᠯ ᠨᠥᠬᠦᠷᠯᠡᠯ ᠨᠢ ᠭᠤᠤᠯ ᠤᠷᠤᠰᠬᠠᠯ ᠪᠤᠯᠤᠬᠰᠠᠭᠠᠷ ᠢᠷᠡᠵᠠᠢ᠃ ᠳᠤᠮᠳᠠᠳᠤ ᠶᠠᠫᠣᠨ ᠤ ᠨᠥᠬᠦᠷᠰᠡᠭ ᠬᠠᠷᠢᠴᠠᠭ᠎ᠠ ᠬᠥᠭᠵᠢᠭᠡᠳ ᠡᠨᠡ ᠡᠳᠦᠷ ᠤᠨ ᠬᠡᠮᠵᠢᠶᠡᠨ ᠳᠤ ᠬᠦᠷᠦᠭᠰᠡᠨ ᠨᠢ ᠲᠡᠶᠢᠮᠦ ᠬᠢᠯᠪᠠᠷ ᠪᠤᠰᠤ ᠶᠤᠮ᠃ ᠪᠢᠳᠡ ᠲᠡᠤᠬᠡ ᠶᠢᠨ ᠬᠠᠷᠠᠴᠠ ᠪᠣᠯᠤᠨ ᠪᠦᠬᠦ ᠪᠥᠮᠪᠥᠷᠴᠡᠭ ᠤᠨ ᠬᠠᠷᠠᠭᠠᠰᠤ ᠪᠠᠷ ᠬᠤᠶᠠᠷ ᠤᠯᠤᠰ ᠤᠨ ᠬᠠᠷᠢᠴᠠᠭ᠎ᠠ ᠶᠢ ᠰᠡᠳᠬᠢᠨ ᠲᠥᠰᠦᠪᠯᠡᠵᠦ᠂ ᠬᠠᠷᠢᠯᠴᠠᠨ ᠬᠦᠨᠳᠦᠳᠬᠡᠬᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ ᠰᠠᠭᠤᠷᠢᠨ ᠳᠡᠭᠡᠷ᠎ᠡ᠂ ᠭᠠᠷ ᠬᠤᠯᠪᠣᠯᠴᠠᠨ ᠬᠠᠮᠲᠤᠷᠠᠯᠴᠠᠬᠤ᠂ ᠬᠠᠷᠢᠯᠴᠠᠨ ᠠᠰᠢᠭᠲᠠᠶ ᠬᠤᠶᠠᠷ ᠲᠠᠯ᠎ᠠ ᠪᠠᠷ ᠢᠶᠠᠨ ᠠᠰᠢᠭ ᠬᠦᠷᠲᠡᠬᠦ ᠰᠢᠨ᠎ᠡ ᠪᠠᠶᠢᠷᠢᠰᠢᠯ ᠢ ᠪᠠᠶᠢᠭᠤᠯᠬᠤ‌‍ᠶᠢ ᠢᠳᠡᠪᠬᠢᠲᠡᠶ ᠠᠬᠢᠭᠤᠯᠵᠤ ᠂ ᠬᠤᠶᠠᠷ ᠤᠯᠤᠰ ᠤᠨ ᠬᠠᠷᠢᠴᠠᠭ᠎ᠠ ᠵᠥᠪ ᠵᠠᠮ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢ ᠪᠠᠷᠢᠮᠲᠠᠯᠠᠪᠠᠯ ᠵᠤᠬᠢᠨ᠎ᠠ᠃    ᠶᠠᠫᠣᠨ ᠤ ᠴᠡᠷᠢᠭᠯᠡᠬᠦ ᠦᠵᠡᠯ ᠤᠨ ᠲᠦᠷᠢᠮᠡᠬᠡᠶ ᠲᠡᠦᠬᠡ ᠳᠤ ᠵᠥᠪ ᠢᠶᠠᠷ ᠬᠠᠨᠳᠤᠵᠤ᠂ ᠭᠦᠨᠵᠡᠭᠡᠶ ᠡᠷᠭᠢᠴᠡᠭᠦᠯᠦᠨ ᠪᠣᠳᠣᠬᠤ‌ᠨᠢ ᠳᠤᠮᠳᠠᠳᠤ ᠶᠠᠫᠣᠨ ᠤ ᠬᠠᠷᠢᠴᠠᠭ᠎ᠠ ᠶᠢ ᠪᠠᠶᠢᠭᠤᠯᠤᠨ ᠬᠥᠭᠵᠢᠭᠦᠯᠬᠦ ᠴᠢᠬᠤᠯᠠ ᠤᠯᠤᠰ ᠲᠦᠷᠦ ᠶᠢᠨ ᠰᠠᠭᠤᠷᠢ ᠮᠥᠨ᠃ ᠶᠠᠫᠣᠨ ᠤ ᠴᠡᠷᠢᠭᠯᠡᠬᠦ ᠦᠵᠡᠯ ᠤᠨ ᠲᠦᠢᠯ ᠤᠨ ᠬᠠᠷᠭᠢᠰ ᠬᠡᠷᠴᠡᠭᠡᠶ ᠲᠦᠷᠢᠮᠡᠬᠡᠢ ᠠᠵᠢᠯᠯᠠᠭ᠎ᠠ᠂ ᠬᠤᠶᠢᠬᠠᠨ ᠦᠰᠦ ᠬᠤᠷᠪᠤᠶᠢᠮ᠎ᠠ ᠬᠢᠳᠤᠯᠭ᠎ᠠ ᠶᠢᠨ ᠶᠠᠯᠠᠳᠤ ᠠᠵᠢᠯᠯᠠᠭ᠎ᠠ᠂ ᠪᠠᠯᠠᠮᠠᠳ ᠭᠡᠷᠴᠡᠭᠡᠢ ᠳᠡᠭᠡᠷᠡᠮᠳᠡᠯ ᠡᠪᠳᠡᠯᠡᠭᠡ ᠨᠢ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠦᠷᠭᠡᠡ ᠤᠯᠠᠠ ᠠᠽᠢᠶ᠎ᠠ ᠲᠢᠪ ᠤᠨ ᠤᠯᠤᠰ ᠤᠳ ᠤᠨ ᠠᠷᠠᠳ ᠲᠦᠮᠡᠨ ᠳᠤ ᠭᠠᠯᠪᠠ ᠳᠤ ᠦᠭᠡᠢ ᠭᠠᠰᠠᠯᠠᠩ ᠵᠣᠪᠠᠯᠠᠩ ᠭᠠᠢ ᠭᠠᠮᠰᠢᠭ ᠤᠴᠠᠷᠠᠭᠤᠯᠵᠠᠢ᠃ ᠪᠣᠳᠠᠲᠤ ᠬᠡᠷᠡᠭ ᠢ ᠪᠠᠯᠠᠯᠵᠤ ᠪᠣᠯᠬᠤ ᠦᠭᠡᠢ᠂ ᠪᠠᠯᠠᠯᠵᠤ ᠴᠦ ᠲᠡᠶᠢᠯᠬᠦ ᠦᠭᠡᠢ ᠶᠤᠮ᠃ ᠲᠦᠷᠢᠮᠡᠬᠡᠶ ᠲᠡᠤᠬᠡ ᠪᠠᠨ ᠦᠭᠡᠶᠢᠰᠬᠡᠵᠦ᠂ ᠴᠢᠨᠠᠭᠰᠢᠯᠠᠪᠠᠯ ᠲᠦᠷᠢᠮᠡᠬᠡᠶ ᠲᠠᠶᠢᠨ ᠪᠠ ᠺᠣᠯᠣᠨᠢᠴᠢᠯᠠᠯ ᠤᠨ ᠨᠣᠶᠠᠷᠬᠠᠯ ᠢᠶᠠᠨ ᠭᠤᠶᠣᠯᠠᠵᠦ ᠴᠢᠮᠡᠭᠰᠡᠨ ᠶᠠᠮᠠᠷᠪᠠ ᠦᠭᠡ ᠶᠠᠷᠢᠶ᠎ᠠ ᠨᠢ ᠴᠥᠮ ᠳᠤᠮᠳᠠᠳᠤ ᠤᠯᠤᠰ ᠤᠨ ᠠᠷᠠᠳ ᠲᠦᠮᠡᠨ ᠪᠠ ᠠᠽᠢᠶ᠎ᠠ ᠲᠢᠪ‌‍ᠤᠨ ᠤᠯᠤᠰ ᠤᠳ ᠤᠨ ᠠᠷᠠᠳ ᠲᠦᠮᠡᠨ ᠤ ᠲᠦᠢᠯ ᠤᠨ ᠶᠡᠭᠡ ᠬᠢᠯᠢᠩ ᠬᠤᠷᠣᠰᠤᠯ᠂ ᠴᠢᠩᠭ᠎ᠠ ᠵᠢᠮᠡᠯᠡᠯ᠂ ᠳᠡᠭᠡᠳᠦ ᠬᠡᠮᠵᠢᠶᠡᠠ‌‍ᠤ ᠰᠡᠷᠡᠮᠵᠢᠯᠡᠯ ᠢ ᠤᠯᠬᠤ ᠦᠭᠡᠢ ᠪᠠᠶᠢᠵᠤ ᠴᠢᠳᠠᠬᠤ ᠦᠭᠡᠢ ᠶᠤᠮ᠃    ᠤᠷᠢᠳᠦ ᠶᠢᠨ ᠶᠠᠪᠤᠳᠠᠯ ᠢ ᠦᠯᠦ ᠮᠠᠷᠲᠠᠪᠠᠰᠤ᠂ ᠬᠤᠵᠢᠮ ᠤᠨ ᠦᠢᠯᠡ ᠳᠤᠷ ᠰᠤᠷᠭᠠᠮᠵᠢ ᠪᠤᠯᠤᠮᠤᠢ᠃ ᠪᠢᠳᠡ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠪᠣᠯᠤᠨ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠤ ᠢᠯᠠᠯᠲᠠ ᠶᠢ ᠳᠤᠷᠠᠰᠬᠠᠵᠤ᠂ ᠲᠦᠷᠢᠮᠡᠬᠡᠶᠢᠯᠡᠭᠴᠢᠳ ᠤᠨ ᠬᠠᠷᠭᠢᠰ ᠬᠡᠷᠴᠡᠭᠡᠶ ᠠᠵᠢᠯᠯᠠᠭ᠎ᠠ ᠶᠢ ᠪᠤᠷᠤᠭᠤᠰᠢᠶᠠᠨ ᠵᠢᠮᠡᠯᠡᠵᠦ᠂ ᠲᠡᠤᠬᠡ ᠶᠢᠨ ᠲᠤᠷᠰᠢᠯᠭ᠎ᠠ ᠪᠣᠯᠤᠨ ᠰᠤᠷᠭᠠᠮᠵᠢ ᠶᠢ ᠪᠠᠲᠤ ᠴᠡᠭᠡᠵᠢᠯᠡᠬᠦ ᠭᠡᠷᠡᠭᠲᠡᠢ ᠭᠡᠵᠦ ᠴᠢᠬᠤᠯᠠᠴᠢᠯᠠᠵᠦ ᠪᠠᠶᠢᠬᠤ ᠨᠢ᠂ ᠥᠰᠢᠶ᠎ᠡ ᠬᠤᠷᠣᠰᠤᠯ ᠢ ᠦᠷᠭᠦᠯᠵᠢᠯᠡᠭᠦᠯᠬᠦ ᠭᠡᠰᠡᠨ ᠪᠢᠰᠢ᠂ ᠬᠠᠷᠢᠨ ᠴᠠᠶᠢᠯᠭᠠᠠ ᠰᠡᠳᠭᠢᠯ ᠲᠠᠢ ᠬᠥᠮᠦᠰ ᠢ ᠡᠩᠬᠡ ᠲᠠᠶᠢᠪᠤᠩ ᠢ ᠬᠦᠰᠡᠨ ᠡᠷᠡᠮᠡᠯᠵᠡᠵᠦ ᠪᠠᠲᠤ ᠰᠠᠬᠢᠬᠤ ᠪᠤᠯᠭᠠᠵᠦ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠢ ᠳᠤ ᠬᠠᠨᠳᠤᠨ᠂ ᠡᠩᠬᠡ ᠲᠠᠶᠢᠪᠤᠩ ᠢ ᠬᠠᠮᠲᠤ ᠪᠠᠷ ᠨᠠᠨᠳᠢᠩᠨᠠᠨ ᠬᠠᠶᠢᠷᠠᠯᠠᠵᠤ᠂ ᠡᠩᠬᠡ ᠲᠠᠶᠢᠪᠤᠩ ᠢ ᠬᠠᠮᠠᠭᠠᠯᠠᠵᠤ᠂ ᠳᠤᠮᠳᠠᠳᠤ ᠶᠠᠫᠣᠨ ᠬᠤᠶᠠᠷ ᠤᠯᠤᠰ ᠤᠨ ᠠᠷᠠᠳ ᠲᠦᠮᠡᠨ ᠢ ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠯᠭᠠᠵᠤ᠂ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠳᠤ ᠥᠨᠢ ᠡᠭᠦᠷᠢᠳᠡ ᠡᠩᠬᠡ ᠲᠠᠶᠢᠪᠤᠩ ᠠᠮᠤᠷ ᠲᠣᠭᠲᠠᠭᠤᠨ ᠢ ᠡᠳ᠋ᠯᠡᠭᠦᠯᠬᠦ ᠶᠢᠨ ᠲᠦᠯᠦᠭᠡ ᠶᠤᠮ᠃    ᠠᠬ᠎ᠠ ᠳᠡᠭᠦᠤ ᠨᠡᠷ ᠡ᠂ ᠨᠥᠬᠦᠳ ᠡ᠂ ᠨᠠᠶᠢᠵᠠ ᠨᠠᠷ ᠡ︕    ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠢᠯᠠᠯᠲᠠ ᠣᠯᠤᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠲᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠦᠷᠬᠡᠭᠵᠢᠬᠦ‌‍ᠪᠠᠷ ᠬᠦᠴᠦᠯᠡᠨ ᠴᠢᠷᠮᠠᠶᠢᠵᠤ᠂ ᠲᠡᠰᠪᠦᠷᠢ ᠬᠠᠲᠠᠭᠤᠵᠢᠯᠲᠠᠶ ᠪᠠᠷ ᠠᠳᠠᠯ ᠦᠢᠯᠡᠰ ᠪᠤᠰᠬᠠᠠ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠡᠭᠦᠳᠴᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠠᠮᠵᠢᠯᠲᠠ ᠲᠠᠢ ᠪᠠᠷ ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠣᠢᠶ᠎ᠠ ᠳᠤ ᠣᠷᠣᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠤᠨ ᠠᠮᠵᠢᠯᠲᠠ ᠶᠢ ᠤᠯᠬᠤ ᠡᠷᠡᠮᠡᠯᠵᠡᠯ ᠲᠠᠢ ᠪᠤᠯᠵᠦ᠂ ᠳᠤᠮᠳᠠᠳᠤ ᠶᠢᠨ ᠦᠨᠳᠦᠰᠦᠲᠡᠨ‌‍ᠤ ᠠᠭᠤᠤ ᠶᠡᠭᠡ ᠰᠡᠷᠭᠦᠨ ᠮᠠᠨᠳᠤᠯᠲᠠ ᠭᠡᠭᠡᠨ ᠰᠠᠷᠠᠭᠤᠯ ᠢᠷᠡᠭᠡᠳᠦᠢ ᠶᠢ ᠤᠭᠲᠤᠨ ᠠᠪᠴᠠᠢ᠃ ᠪᠦᠬᠦ ᠳᠤᠮᠳᠠᠳᠤ ᠶᠢᠨ ᠬᠥᠪᠡᠭᠦᠳ ᠥᠬᠢᠳ ᠡᠭᠦᠨ ᠳᠤ ᠬᠢᠵᠠᠭᠠᠯᠠᠰᠢ ᠦᠭᠡᠢ ᠣᠮᠣᠭᠰᠢᠵᠤ ᠪᠠᠶᠢᠨ᠎ᠠ︕    ᠤᠷᠤᠭᠰᠢᠯᠠᠯᠲᠠ ᠶᠢᠨ ᠵᠠᠮ ᠳᠤ᠂ ᠪᠢᠳᠡ ᠮᠥᠨ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠳᠤ ᠲᠤᠯᠭᠠᠷᠠᠵᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠲᠤ ᠲᠤᠯᠭᠠᠷᠠᠬᠤ ᠪᠣᠯᠤᠨ᠎ᠠ ᠭᠡᠳᠡᠭ ᠢ ᠰᠡᠷᠭᠡᠭ ᠢᠶᠠᠷ ᠲᠠᠨᠢᠵᠦ ᠮᠡᠳᠡᠬᠦ ᠬᠡᠷᠡᠭᠳᠠᠢ᠃ ᠪᠢᠳᠡ ᠶᠠᠫᠣᠨ ᠢ ᠡᠰᠡᠷᠭᠦᠴᠡᠬᠦ ᠠᠭᠤᠤ ᠶᠡᠭᠡ ᠲᠠᠶᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠠᠴᠠ ᠪᠢᠰᠢ ᠬᠦᠴᠢᠷ ᠪᠡᠷᠬᠡᠰᠢᠶᠡᠯ ᠳᠤ ᠪᠠᠭᠤᠵᠦ ᠦᠭᠬᠦ ᠦᠭᠡᠢ ᠪᠠᠶᠢᠬᠤ ᠡᠷᠡᠰ ᠵᠣᠷᠢᠭ ᠪᠠ ᠰᠥᠰᠥ ᠵᠣᠷᠢᠭ ᠢ ᠪᠠᠲᠠᠷᠠᠭᠤᠯᠤᠨ᠂ ᠵᠣᠷᠢᠭᠲᠠᠶ ᠪᠠᠷ ᠲᠡᠮᠡᠴᠡᠵᠦ᠃ ᠡᠭᠦᠳᠦᠨ ᠪᠦᠲᠦᠭᠡᠬᠦ ᠳᠡᠭᠡᠨ ᠴᠢᠲᠠᠮᠠᠭᠠᠢ ᠪᠠᠶᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠡᠴᠦᠰ ᠤᠨ ᠢᠯᠠᠯᠲᠠ ᠶᠢ ᠤᠯᠬᠤ ᠬᠡᠷᠡᠭᠲᠡᠶ᠃    — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠶ᠃ ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠪᠢᠳᠡ ᠳᠤᠮᠳᠠᠳᠤ ᠤᠯᠤᠰ ᠤᠨ ᠣᠷᠴᠢᠨ ᠦᠶ᠎ᠡ ᠠᠴᠠ ᠨᠠᠭᠠᠰᠢᠬᠢ ᠲᠡᠤᠬᠡ ᠶᠢ ᠭᠦᠨᠵᠡᠭᠡᠶ ᠣᠶᠢᠯᠠᠭᠠᠳᠠᠭ ᠯᠠ ᠶᠤᠮ ᠪᠣᠯ᠂ ᠬᠠᠷ᠎ᠠ ᠲᠠᠮᠠᠬᠢ ᠶᠢᠨ ᠲᠠᠶᠢᠨ ᠠᠴᠠ ᠰᠡᠭᠦᠯᠡᠷᠬᠢ ᠮᠠᠰᠢ ᠤᠷᠳᠤ ᠬᠤᠭᠤᠴᠠᠭᠠᠨ ᠳᠤ᠂ ᠳᠤᠮᠳᠠᠳᠤ ᠤᠯᠤᠰ ᠲᠤ ᠲᠤᠰ ᠲᠤᠰ ᠲᠠᠭᠠᠨ ᠲᠤᠭ ᠪᠤᠰᠬᠠᠵᠤ᠂ ᠲᠠᠷᠠᠬᠠᠶ ᠪᠤᠲᠠᠷᠬᠠᠶ ᠪᠠᠶᠢᠭᠰᠠᠨ ᠰᠠᠮᠠᠭᠤᠨ ᠪᠠᠶᠢᠳᠠᠯ ᠢᠯᠡᠷᠡᠭᠰᠡᠨ ᠢ ᠠᠮᠠᠷᠬᠠᠨ ᠤᠯᠵᠦ ᠮᠡᠳᠡᠬᠦ ᠶᠤᠮ᠃ ᠡᠨᠡ ᠪᠣᠯ ᠶᠠᠫᠣᠨ ᠤ ᠴᠡᠷᠢᠭᠯᠡᠬᠦ ᠦᠵᠡᠯ ᠤᠨ ᠳᠤᠮᠳᠠᠳᠤ ᠤᠯᠤᠰ ᠢ ᠪᠦᠬᠦ ᠲᠠᠯ᠎ᠠ ᠪᠠᠷ ᠲᠦᠷᠢᠮᠡᠬᠡᠶᠢᠯᠡᠬᠦ ᠳᠠᠶᠢᠨ ᠢ ᠳᠡᠭᠳᠡᠭᠡᠵᠦ ᠴᠢᠳᠠᠭᠰᠠᠨ ᠤ ᠴᠢᠬᠤᠯᠠ ᠰᠢᠯᠲᠠᠭᠠᠨ ᠪᠤᠯᠤᠨ᠎ᠠ᠃ ᠬᠡᠷᠪᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠦᠭᠡᠢ ᠪᠠᠶᠢᠬᠰᠠᠨ ᠪᠣᠯ᠂ ᠦᠨᠳᠦᠰᠦᠲᠡᠨ ᠤ ᠲᠤᠰᠠᠭᠠᠷ ᠲᠣᠭᠲᠠᠨᠢᠯ ᠪᠠ ᠴᠢᠯᠥᠭᠡᠯᠡᠯᠲᠡ ᠶᠢᠨ ᠡᠭᠦᠷᠭᠡ ᠶᠢ ᠪᠡᠶᠡᠯᠡᠭᠦᠯᠬᠦ ᠵᠠᠪᠤᠳᠠᠯ ᠨᠡᠩ ᠤᠷᠳᠤ ᠬᠤᠭᠤᠴᠠᠭ᠎ᠠ ᠪᠠᠷ ᠬᠤᠶᠢᠰᠢᠯᠠᠬᠳᠠᠵᠦ᠂ ᠨᠡᠩ ᠶᠡᠭᠡ ᠦᠷᠡᠭᠳᠡᠯ ᠭᠠᠷᠭᠠᠵᠤ ᠮᠡᠳᠡᠨ᠎ᠡ᠂ ᠮᠠᠨ ᠤ ᠤᠯᠤᠰ ᠡᠨᠡ ᠡᠳᠦᠷ ᠤᠨ ᠰᠢᠭ ᠡᠶᠢᠮᠦ ᠬᠥᠭᠵᠢᠯᠲᠡ ᠶᠢᠨ ᠠᠮᠵᠢᠯᠲᠠ ᠪᠦᠲᠦᠮᠵᠢ ᠶᠢ ᠨᠡᠩ ᠣᠯᠵᠤ ᠴᠢᠳᠠᠬᠤ ᠦᠭᠡᠢ᠂ ᠡᠨᠡ ᠡᠳᠦᠷ ᠤᠨ ᠰᠢᠭ ᠡᠶᠢᠮᠦ ᠳᠡᠯᠡᠬᠡᠶ ᠳᠡᠭᠡᠷᠡᠬᠢ ᠪᠠᠶᠢᠷᠢ ᠰᠠᠭᠤᠷᠢ ᠲᠠᠢ ᠪᠤᠯᠵᠤ ᠨᠡᠩ ᠴᠤ ᠴᠢᠳᠠᠬᠤ ᠦᠭᠡᠢ ᠶᠤᠮ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠪᠤᠯ ᠤᠯᠤᠰ ᠣᠷᠣᠨ ᠪᠠ ᠦᠨᠳᠦᠰᠦᠲᠡᠨ ᠤ ᠬᠥᠭᠵᠢᠨ ᠮᠠᠨᠳᠤᠬᠤ ᠶᠢᠨ ᠦᠨᠳᠦᠰᠦ ᠮᠥᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢᠨ ᠦᠨᠳᠦᠰᠦ ᠮᠥᠨ᠃ ᠪᠢᠳᠠ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠮᠠᠨ ᠤ ᠨᠠᠮ ᠢᠶᠠᠨ ᠤᠯᠠᠮ ᠠᠴᠠ ᠤᠯᠠᠮ ᠪᠣᠯᠪᠠᠰᠤᠷᠠᠩᠭᠤᠶ᠂ ᠤᠯᠠᠮ ᠠᠴᠠ ᠤᠯᠠᠮ ᠴᠡᠪᠡᠷ᠂ ᠤᠯᠠᠮ ᠠᠴᠠ ᠤᠯᠠᠮ ᠬᠦᠴᠦᠷᠬᠡᠭ᠂ ᠤᠯᠠᠮ ᠠᠴᠠ ᠤᠯᠠᠮ ᠲᠠᠶᠢᠴᠢᠨ ᠬᠦᠴᠦᠨ ᠲᠠᠢ ᠪᠣᠯᠭᠠᠬᠤ ᠬᠡᠷᠡᠭᠲᠡᠶ᠃ ᠪᠦᠬᠦ ᠤᠯᠤᠰ ᠤᠨ ᠡᠯ᠎ᠡ ᠨᠠᠮ ᠪᠦᠯᠦᠭ᠂ ᠡᠯ᠎ᠡ ᠪᠦᠯᠬᠦᠮ᠂ ᠡᠯ᠎ᠡ ᠦᠨᠳᠦᠰᠦᠲᠡᠨ᠂ ᠡᠯ᠎ᠡ ᠳᠠᠪᠬᠤᠷᠭ᠎ᠠ᠂ ᠡᠯ᠎ᠡ ᠡᠲᠡᠭᠡᠳ ᠤᠨ ᠬᠥᠮᠦᠰ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠤᠷᠤᠭᠰᠢᠯᠠᠬᠤ ᠬᠡᠷᠡᠭᠳᠡᠢ᠃ ᠶᠠᠮᠠᠷᠪᠠ ᠬᠥᠮᠦᠨ ᠶᠠᠮᠠᠷᠪᠠ ᠬᠦᠴᠦᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢ ᠭᠠᠵᠢᠭᠤᠳᠠᠭᠤᠯᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨᠵᠢ ᠴᠢᠨᠠᠷ ᠪᠠ ᠵᠣᠷᠢᠯᠲᠠ ᠶᠢ ᠮᠠᠭᠤᠰᠢᠶᠠᠬᠤ ᠭᠤᠷᠢᠳᠠᠯᠭ᠎ᠠ ᠶᠢ ᠳᠤᠮᠳᠠᠳᠤ ᠤᠯᠤᠰ ᠤᠨ ᠠᠷᠠᠳ ᠲᠦᠮᠡᠨ ᠤᠬᠳᠤ ᠵᠥᠪᠰᠢᠶᠡᠷᠡᠬᠦ ᠦᠭᠡᠢ ᠶᠤᠮ︕    — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠬᠡᠷᠡᠭᠲᠡᠶ᠃ ᠵᠠᠮ ᠤᠨ ᠠᠰᠠᠭᠤᠳᠠᠯ ᠪᠣᠯ ᠨᠠᠮ ᠪᠠ ᠠᠷᠠᠳ ᠲᠦᠮᠡᠨ ᠤ ᠦᠢᠯᠡᠰ ᠤᠨ ᠮᠠᠨᠳᠤᠵᠤ ᠪᠠᠭᠤᠷᠠᠬᠤ ᠢᠯᠠᠵᠤ ᠢᠯᠠᠭᠳᠠᠬᠤ ᠲᠠᠢ ᠰᠢᠭᠤᠳ ᠬᠤᠯᠪᠣᠭᠳᠠᠵᠤ ᠪᠠᠶᠢᠭ᠎ᠠ ᠶᠤᠮ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠪᠣᠯ ᠨᠠᠮ ᠪᠠ ᠠᠷᠠᠳ ᠲᠦᠮᠡᠨ ᠤ ᠮᠢᠩᠭᠠᠨ ᠵᠤᠪᠠᠯᠠᠩ ᠲᠦᠮᠡᠨ ᠪᠡᠷᠬᠡᠰᠢᠶᠡᠯ ᠢ ᠲᠤᠭᠤᠯᠵᠤ᠂ ᠮᠢᠩᠭᠠᠨ ᠪᠡᠷᠬᠡ ᠲᠦᠮᠡᠨ ᠪᠠᠷᠲᠠᠭ᠎ᠠ ᠶᠢ ᠢᠯᠠᠨ ᠳᠠᠪᠠᠵᠤ ᠣᠯᠤᠭᠰᠠᠨ ᠡᠷᠬᠢᠮ ᠨᠠᠨᠳᠢᠨ ᠦᠷ᠎ᠡ ᠪᠦᠲᠦᠭᠡᠯ ᠮᠥᠨ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠪᠤᠯ ᠳᠤᠮᠳᠠᠳᠤ ᠤᠯᠤᠰ ᠤᠨ ᠠᠷᠠᠳ ᠲᠦᠮᠡᠨ ᠤ ᠬᠠᠮᠲᠤ ᠶᠢᠨ ᠲᠡᠮᠡᠴᠡᠯ ᠢᠶᠠᠷ ᠪᠤᠢ ᠪᠤᠯᠤᠬᠰᠠᠨ᠂ ᠳᠤᠮᠳᠠᠳᠤ ᠶᠢᠨ ᠡᠬᠡ ᠭᠠᠵᠠᠷ ᠲᠤ ᠦᠨᠳᠦᠰᠦᠯᠡᠭᠰᠡᠨ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠠᠮᠤᠷ ᠠᠮᠤᠭᠤᠯᠠᠩ ᠤᠯᠭᠤᠬᠰᠠᠨ ᠵᠥᠪ ᠵᠠᠮ ᠮᠥᠨ᠃ ᠶᠠᠮᠠᠷᠪᠠ ᠠᠶᠤᠯ ᠲᠦᠭᠰᠢᠭᠦᠷᠢ ᠳᠤ ᠲᠤᠯᠭᠠᠷᠠᠭᠰᠠᠨ ᠴᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠬᠤ ᠡᠨᠡ ᠬᠦ ᠦᠨᠳᠦᠰᠦᠨ ᠠᠰᠠᠭᠤᠳᠠᠯ ᠢ ᠢᠮᠠᠭᠲᠠ ᠲᠤᠭᠤᠰᠢᠯᠠᠭᠤᠯᠬᠤ ᠬᠡᠷᠡᠭᠲᠡᠶ᠂ ᠶᠠᠭᠠᠬᠢᠭᠰᠠᠨ ᠴᠤ ᠡᠯᠳᠡᠪ ᠵᠦᠢᠯ ᠤᠨ ᠳᠠᠭᠤ ᠱᠤᠤᠭᠢᠶᠠᠨ ᠠᠴᠠ ᠪᠤᠯᠵᠤ ᠬᠦᠭ ᠠᠶᠠᠰ ᠢᠶᠠᠨ ᠬᠤᠪᠢᠷᠠᠭᠤᠯᠵᠤ ᠪᠣᠯᠬᠤ ᠦᠭᠡᠢ᠃ ᠰᠢᠨ᠎ᠡ ᠴᠠᠭ ᠦᠶ᠎ᠠ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠠᠭᠤᠤ ᠶᠡᠭᠡ ᠦᠢᠯᠡᠳᠦᠯᠭᠡ ᠲᠠᠰᠤᠷᠠᠯᠲᠠ ᠦᠭᠡᠢ ᠤᠷᠤᠭᠰᠢᠯᠠᠬᠤ ᠶᠢ ᠳᠠᠭᠠᠯᠳᠤᠨ᠂ ᠮᠠᠨ ᠤ ᠵᠠᠮ ᠯᠠᠪᠲᠠᠶ ᠶᠠᠪᠤᠬᠤ ᠲᠤᠳᠤᠮ ᠰᠠᠷᠠᠭᠤᠯ ᠠᠭᠤᠳᠠᠮ ᠪᠤᠯᠵᠤ᠂ ᠮᠠᠨ ᠤ ᠪᠠᠶᠢᠭᠤᠯᠤᠯ ᠯᠠᠪᠲᠠᠶ ᠶᠠᠪᠤᠬᠤ ᠲᠤᠳᠤᠮ ᠪᠣᠯᠪᠠᠰᠤᠷᠠᠩᠭᠤᠶ ᠪᠣᠯᠵᠦ ᠴᠢᠳᠠᠬᠤ ᠶᠤᠮ᠃ ᠶᠠᠮᠠᠷᠪᠠ ᠬᠥᠮᠦᠨ ᠶᠠᠮᠠᠷᠪᠠ ᠬᠦᠴᠦᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠭᠠᠵᠢᠭᠤᠳᠠᠭᠤᠯᠤᠨ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠤ ᠨᠡᠶᠢᠭᠡᠮ ᠵᠢᠷᠤᠮ ᠢ ᠪᠦᠲᠦᠭᠡᠨ ᠪᠠᠶᠢᠭᠤᠯᠤᠭᠰᠠᠨ ᠠᠭᠤᠤ ᠶᠡᠭᠡ ᠠᠮᠵᠢᠯᠲᠠ ᠪᠦᠲᠦᠮᠵᠢ ᠶᠢ ᠦᠭᠡᠶᠢᠰᠬᠡᠵᠦ ᠮᠠᠭᠤᠰᠢᠶᠠᠬᠤ ᠭᠤᠷᠢᠳᠠᠯᠭ᠎ᠠ ᠶᠢ ᠳᠤᠮᠳᠠᠳᠤ ᠤᠯᠤᠰ ᠤᠨ ᠠᠷᠠᠳ ᠲᠦᠮᠡᠨ ᠤᠬᠳᠤ ᠵᠥᠪᠰᠢᠶᠡᠷᠡᠬᠦ ᠦᠭᠡᠢ ᠶᠤᠮ︕    — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ᠂ ᠡᠷᠬᠡᠪᠰᠢ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ ᠠᠷᠠᠳ ᠲᠦᠮᠡᠨ ᠪᠣᠯ ᠲᠡᠤᠬᠡ ᠶᠢᠨ ᠡᠭᠦᠳᠦᠨ ᠪᠦᠲᠦᠭᠡᠭᠴᠢ ᠮᠥᠨ᠂ ᠨᠠᠮ ᠪᠠ ᠤᠯᠤᠰ ᠤᠨ ᠠᠯᠤᠰ ᠢᠷᠡᠭᠡᠳᠦᠶ ᠬᠤᠪᠢ ᠵᠠᠶᠠᠭ᠎ᠠ ᠶᠢ ᠲᠣᠭᠲᠠᠭᠠᠬᠤ ᠦᠨᠳᠦᠰᠦᠨ ᠬᠦᠴᠦᠨ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠬᠦᠯᠬᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠤᠯᠭᠠᠵᠦ᠂ ᠪᠦᠬᠦ ᠰᠡᠳᠬᠢᠯ ᠪᠦᠬᠦ ᠵᠣᠷᠢᠭ ᠵᠶ᠋ᠠᠷ‌‍ᠢᠶ᠋ᠠᠨ ᠠᠷᠠᠳ ᠲᠦᠮᠡᠨ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ ᠪᠠᠨ ᠪᠤᠯᠭᠠᠵᠦ ᠪᠠᠶᠢᠭ᠎ᠠ ᠶᠤᠮ᠃ ᠪᠢᠳᠡ ᠡᠷᠬᠡᠪᠰᠢ ᠠᠯᠢᠪᠠ ᠪᠦᠬᠦᠨ ᠳᠤ ᠠᠷᠠᠳ ᠲᠦᠮᠡᠨ ᠢᠶᠠᠨ ᠪᠤᠳᠤᠬᠤ᠂ ᠠᠯᠢᠪᠠ ᠪᠦᠬᠦᠨ ᠳᠤ ᠠᠷᠠᠳ ᠲᠦᠮᠡᠨ ᠢ ᠲᠦᠰᠢᠭᠯᠡᠬᠦ ᠶᠢ ᠪᠠᠷᠢᠮᠲᠠᠯᠠᠵᠤ᠂ ᠠᠷᠠᠳ ᠲᠦᠮᠡᠨ ᠯᠦᠭᠡ ᠮᠢᠬ᠎ᠠ ᠴᠢᠰᠤᠨ ᠤ ᠪᠠᠷᠢᠯᠳᠤᠯᠭ᠎ᠠ ᠲᠠᠢ ᠪᠠᠶᠢᠬᠤ ᠪᠠᠨ ᠪᠠᠲᠤᠯᠠᠵᠤ᠂ ᠠᠷᠠᠳ ᠲᠦᠮᠡᠨ ᠢᠶᠠᠨ ᠴᠢᠩᠭ᠎ᠠ ᠲᠦᠰᠢᠭᠯᠡᠨ ᠠᠵᠢᠯ ᠦᠢᠯᠡᠰ ᠤᠨ ᠰᠢᠨ᠎ᠡ ᠪᠠᠶᠢᠳᠠᠯ ᠢ ᠡᠭᠦᠳᠴᠦ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠳᠡᠢ᠃ ᠶᠠᠮᠠᠷᠪᠠ ᠬᠥᠮᠦᠨ ᠶᠠᠮᠠᠷᠪᠠ ᠬᠦᠴᠦᠨ ᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠢ ᠰᠠᠯᠭᠠᠵᠤ᠂ ᠡᠰᠡᠷᠭᠦᠴᠡᠯᠳᠦᠭᠦᠯᠬᠦ ᠭᠤᠷᠢᠳᠠᠯᠭ᠎ᠠ ᠶᠢ ᠳᠤᠮᠳᠠᠳᠤ ᠤᠯᠤᠰ ᠤᠨ ᠠᠷᠠᠳ ᠲᠦᠮᠡᠨ ᠤᠬᠳᠤ ᠵᠥᠪᠰᠢᠶᠡᠷᠡᠬᠦ ᠦᠭᠡᠢ ᠶᠤᠮ︕    — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ᠂ ᠡᠷᠬᠡᠪᠰᠢ ᠲᠡᠮᠡᠴᠡᠯ ᠤᠨ ᠵᠣᠷᠢᠭ ᠰᠠᠨᠠᠭ᠎ᠠ ᠶᠢ ᠪᠠᠷᠢᠮᠲᠠᠯᠠᠬᠤ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠪᠣᠯ ᠲᠡᠮᠡᠴᠡᠯ ᠤᠨ ᠳᠤᠮᠳᠠ ᠦᠰᠦᠨ ᠪᠤᠶᠢᠵᠢᠵᠤ ᠪᠤᠵᠠᠭᠠᠶᠢᠷᠠᠭᠰᠠᠨ ᠤᠴᠢᠷ ᠠᠴᠠ᠂ ᠲᠡᠮᠡᠴᠡᠯ ᠤᠨ ᠵᠣᠷᠢᠭ ᠰᠠᠨᠠᠭ᠎ᠠ ᠨᠢ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠴᠠᠭ ᠦᠶ᠎ᠡ ᠳᠤ ᠲᠤᠭᠤᠰᠢᠯᠠᠭᠳᠠᠵᠤ ᠪᠠᠶᠢᠭ᠎ᠠ ᠶᠤᠮ᠃ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠥᠭᠡᠷᠡᠴᠢᠯᠡᠯᠲᠡ ᠬᠥᠭᠵᠢᠯᠲᠡ ᠶᠠᠭ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠴᠢᠬᠤᠯᠠ ᠱᠠᠲᠤᠨ ᠳᠤ ᠣᠷᠣᠰᠢᠵᠤ ᠪᠠᠶᠢᠬᠤ ᠤᠴᠢᠷ ᠠᠴᠠ ᠤᠷᠤᠭᠰᠢᠯᠠᠯᠲᠠ ᠶᠢᠨ ᠵᠠᠮ ᠳᠡᠭᠡᠷ᠎ᠡ ᠪᠢᠳᠡᠨ ᠳᠤ ᠴᠢᠬᠤᠯᠠ ᠶᠡᠭᠡ ᠲᠡᠮᠡᠴᠡᠯ ᠪᠠᠭ᠎ᠠ ᠪᠤᠰᠤ ᠳᠤᠯᠭᠠᠷᠠᠬᠤ ᠶᠤᠮ᠃ ᠪᠢᠳᠡ ᠡᠷᠬᠡᠪᠰᠢ ᠬᠡᠳᠦᠢ ᠶᠡᠭᠡ ᠠᠶᠤᠯ ᠪᠠᠷᠳᠠᠭ᠎ᠠ ᠲᠤᠯᠭᠠᠷᠠᠬᠤ ᠲᠤᠳᠤᠮ ᠲᠡᠳᠦᠢ ᠶᠡᠭᠡ ᠤᠷᠤᠭᠰᠢᠯᠠᠬᠤ ᠵᠣᠷᠢᠭ ᠰᠠᠨᠠᠭ᠎ᠠ ᠪᠠᠷ ᠡᠷᠡᠯᠬᠡᠭᠯᠡᠨ ᠲᠡᠮᠡᠴᠡᠵᠦ᠂ ᠬᠦᠴᠢᠷ ᠢ ᠰᠦᠷᠦᠨ ᠤᠷᠤᠭᠰᠢᠯᠠᠬᠤ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠳᠤ ᠬᠤᠤᠷ ᠬᠦᠨᠦᠬᠡᠯ ᠤᠴᠠᠷᠠᠭᠤᠯᠬᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ᠂ ᠮᠠᠨ ᠤ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠳᠤ ᠬᠤᠤᠷ ᠬᠦᠨᠦᠬᠡᠯ ᠤᠴᠠᠷᠠᠭᠤᠯᠬᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ᠂ ᠮᠠᠨ ᠤ ᠤᠯᠤᠰ ᠤᠨ ᠭᠤᠤᠯᠯᠠᠬᠤ ᠠᠰᠢᠭ ᠲᠤᠰᠠ ᠪᠣᠯᠤᠨ ᠴᠢᠬᠤᠯᠠ ᠶᠡᠭᠡ ᠵᠠᠷᠴᠢᠮ ᠳᠤ ᠬᠤᠤᠷ ᠬᠦᠨᠦᠬᠡᠯ ᠤᠴᠠᠷᠠᠭᠤᠯᠬᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ᠂ ᠮᠠᠨ ᠤ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠬᠤᠤᠷ ᠬᠦᠨᠦᠬᠡᠯ ᠤᠴᠠᠷᠠᠭᠤᠯᠬᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ᠂ ᠮᠠᠨ ᠤ ᠤᠯᠤᠰ ᠤᠨ ︽ᠬᠤᠤᠰ ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠤᠤᠷ ᠬᠦᠨᠦᠬᠡᠯ ᠤᠴᠠᠷᠠᠭᠤᠯᠬᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ᠂ ᠪᠢᠳᠡᠨ ᠳᠤ ᠲᠤᠯᠭᠠᠷᠠᠬᠤ ᠳᠤ ᠯᠡ ᠬᠦᠷᠪᠡᠯ᠂ ᠪᠢᠳᠡ ᠡᠷᠬᠡᠪᠰᠢ ᠡᠷᠡᠰ ᠲᠡᠮᠡᠴᠡᠯ ᠬᠢᠬᠦ ᠬᠡᠷᠡᠭᠳᠠᠢ᠂ ᠥᠴᠦᠬᠡᠨ ᠴᠦ ᠭᠤᠶᠢᠪᠢᠯᠵᠠᠵᠦ ᠪᠤᠯᠬᠤ ᠦᠭᠡᠢ᠂ ᠥᠴᠦᠬᠡᠨ ᠴᠦ ᠤᠬᠤᠷᠢᠵᠦ ᠪᠤᠯᠬᠤ ᠦᠭᠡᠢ ᠂ ᠡᠴᠦᠰ ᠤᠨ ᠢᠯᠠᠯᠲᠠ ᠶᠢ ᠵᠠᠪᠠᠯ ᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠲᠡᠶᠢᠰᠢ ᠤᠷᠤᠭᠰᠢᠯᠠᠬᠤ ᠲᠡᠦᠬᠡ ᠶᠢᠨ ᠠᠯᠬᠤᠮ ᠪᠣᠯ ᠬᠤᠷᠢᠬᠯᠠᠬᠳᠠᠰᠢ ᠦᠭᠡᠢ ᠶᠤᠮ ᠭᠡᠳᠡᠭ ᠢ ᠲᠡᠦᠬᠡ ᠯᠠᠪᠲᠠᠢ ᠭᠡᠷᠡᠴᠢᠯᠡᠬᠦ ᠶᠤᠮ᠃ ᠶᠠᠮᠠᠷᠪᠠ ᠬᠥᠮᠦᠨ ᠶᠠᠮᠠᠷᠪᠠ ᠬᠦᠴᠦᠨ ᠤ ᠲᠤᠷᠤᠮᠵᠢᠯᠠᠬᠤ ᠠᠷᠭ᠎ᠠ ᠪᠠᠷᠢᠯ ᠢᠶᠠᠷ ᠦᠪᠡᠷ ᠤᠨ ᠰᠠᠨᠠᠭ᠎ᠠ ᠵᠤᠷᠢᠯᠳᠠ ᠪᠠᠨ ᠳᠤᠮᠳᠠᠳᠤ ᠤᠯᠤᠰ ᠲᠤ ᠠᠯᠪᠠ ᠪᠠᠷ ᠲᠤᠬᠤᠬᠤ᠂ ᠳᠤᠮᠳᠠᠳᠤ ᠤᠯᠤᠰ ᠤᠨ ᠤᠷᠤᠭᠰᠢᠯᠠᠯᠲᠠ ᠶᠢᠨ ᠴᠢᠭᠯᠡᠯ ᠢ ᠬᠤᠪᠢᠷᠠᠭᠤᠯᠬᠤ᠂ ᠳᠤᠮᠳᠠᠳᠤ ᠤᠯᠤᠰ ᠤᠨ ᠠᠷᠠᠳ ᠲᠦᠮᠡᠨ ᠤ ᠥᠪᠡᠷ ᠤᠨ ᠰᠠᠶᠢᠨ ᠰᠠᠶᠢᠬᠠᠨ ᠠᠮᠢᠳᠤᠷᠠᠯ ᠢᠶᠠᠨ ᠡᠭᠦᠳᠦᠨ ᠪᠦᠲᠦᠭᠡᠬᠦ ᠴᠢᠷᠮᠠᠶᠢᠯᠭ᠎ᠠ ᠶᠢ ᠬᠤᠷᠢᠬᠯᠠᠬᠤ ᠭᠤᠷᠢᠳᠠᠯᠭ᠎ᠠ ᠶᠢ ᠳᠤᠮᠳᠠᠳᠤ ᠤᠯᠤᠰ ᠤᠨ ᠠᠷᠠᠳ ᠲᠦᠮᠡᠨ ᠤᠬᠳᠤ ᠵᠥᠪᠰᠢᠶᠡᠷᠡᠬᠦ ᠦᠭᠡᠢ ᠶᠤᠮ︕    — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ᠂ ᠡᠷᠬᠡᠪᠰᠢ ᠡᠩᠭᠡ ᠲᠠᠶᠢᠪᠤᠩ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠶ᠃ ᠣᠷᠴᠢᠨ ᠦᠶ᠎ᠡ ᠠᠴᠠ ᠬᠤᠶᠢᠰᠢ᠂ ᠳᠤᠮᠳᠠᠳᠤ ᠤᠯᠤᠰ ᠤᠨ ᠠᠷᠠᠳ ᠲᠦᠮᠡᠨ ᠬᠦᠴᠦᠷᠬᠡᠭ ᠤᠯᠤᠰ ᠤᠳ ᠤᠨ ᠲᠦᠷᠢᠮᠡᠬᠡᠶᠢᠯᠡᠯ᠂ ᠲᠤᠷᠤᠮᠵᠢᠯᠠᠯ ᠂ ᠳᠡᠭᠡᠷᠡᠮᠳᠡᠯᠭᠡ ᠶᠢ ᠵᠠᠭᠤᠨ ᠭᠠᠷᠤᠢ ᠵᠢᠯ ᠠᠮᠰᠠᠭᠰᠠᠨ ᠪᠣᠯᠪᠠᠴᠤ᠂ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠬᠦᠴᠦᠷᠬᠡᠭ ᠨᠢ ᠪᠠᠭᠤᠷᠠᠶ ᠪᠠᠨ ᠵᠠᠯᠭᠢᠳᠠᠬ ᠳᠡᠭᠡᠷᠡᠮᠴᠢ ᠯᠣᠭᠢᠭ ᠢ ᠰᠤᠷᠤᠬᠰᠠᠨ ᠪᠢᠰᠢ᠂ ᠬᠠᠷᠢᠨ ᠡᠩᠬᠡ ᠲᠠᠶᠢᠪᠤᠩ ᠢ ᠬᠠᠮᠠᠭᠠᠯᠠᠬᠤ ᠡᠷᠴᠢ ᠵᠤᠷᠢᠬ ᠢᠶᠠᠨ ᠤᠯᠠᠮ ᠪᠠᠳᠤᠳᠬᠠᠬᠰᠠᠨ ᠶᠤᠮ᠃ ᠬᠥᠮᠦᠨ ᠲᠥᠷᠥᠯᠬᠢᠲᠡᠨ ᠬᠤᠪᠢ ᠵᠠᠶᠠᠭ᠎ᠠ ᠵᠢᠷᠭᠠᠯ ᠵᠤᠪᠠᠯᠠᠩ ᠢᠶᠠᠨ ᠬᠠᠮᠳᠤᠳᠬᠠᠪᠠᠯ ᠵᠤᠬᠢᠨ᠎ᠠ᠂ ᠡᠯ᠎ᠡ ᠤᠯᠤᠰ ᠤᠨ ᠠᠷᠠᠳ ᠲᠦᠮᠡᠨ ︽ᠳᠡᠯᠡᠬᠡᠶ ᠳ᠋ᠠᠬᠢᠨ ᠨᠢᠭᠡ ᠬᠡᠷ ᠪᠦᠯᠢ︾ ᠬᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠪᠠᠯ ᠵᠣᠬᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠡᠩᠬᠡ ᠲᠠᠶᠢᠪᠤᠩ ᠢ ᠬᠠᠶᠢᠷᠠᠯᠠᠵᠤ᠂ ᠡᠩᠬᠡ ᠲᠠᠶᠢᠪᠤᠩ ᠢ ᠨᠠᠨᠳᠢᠩᠨᠠᠨ᠂ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠬᠤ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠥᠷᠥ ᠶᠢ ᠡᠰᠡᠷᠭᠦᠴᠡᠬᠦ ᠶᠠᠪᠤᠳᠠᠯ ᠢ ᠥᠪᠡᠷ ᠤᠨ ᠢᠶᠠᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠬᠠᠯᠲᠤᠰᠬᠢᠪᠡᠯ ᠵᠡᠪᠰᠡᠭᠲᠦ ᠬᠦᠴᠦᠨ ᠬᠡᠷᠡᠭᠯᠡᠬᠦ ᠪᠤᠶᠤ ᠵᠡᠪᠰᠡᠭᠲᠦ ᠬᠦᠴᠦ ᠪᠠᠷ ᠤᠯᠤᠰ ᠤᠳ ᠤᠨ ᠬᠤᠭᠤᠷᠤᠨᠳᠤᠬᠢ ᠵᠠᠭᠤᠷᠠᠯᠳᠤᠭᠠᠨ ᠢ ᠰᠢᠢᠳᠪᠦᠷᠢᠯᠡᠬᠦ ᠪᠠᠷ ᠰᠦᠷᠳᠡᠭᠦᠯᠬᠦ ᠶᠢ ᠡᠷᠡᠰ ᠡᠰᠡᠷᠭᠦᠴᠡᠨ᠎ᠡ᠂ ︽ᠠᠷᠠᠳᠴᠢᠯᠠᠯ︾᠂ ︽ᠡᠷᠬᠡ ᠴᠢᠯᠥᠭᠡ︾᠂ ︽ᠬᠥᠮᠦᠨ ᠤ ᠡᠷᠬᠡ︾ ᠭᠡᠬᠦ ᠵᠡᠷᠭᠡ ᠪᠠᠷ ᠰᠢᠯᠳᠠᠬ ᠪᠤᠯᠭᠠᠨ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠳᠤᠷ᠎ᠠ ᠪᠠᠷ ᠢᠶᠠᠨ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠳᠤᠮᠳᠠᠳᠤ ᠤᠯᠤᠰ ᠤᠨ ᠠᠷᠠᠳ ᠲᠦᠮᠡᠨ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠤᠯᠤᠰ ᠤᠨ ᠠᠷᠠᠳ ᠲᠦᠮᠡᠨ ᠲᠠᠢ ᠭᠠᠷ ᠬᠤᠯᠪᠣᠨ ᠴᠢᠷᠮᠠᠶᠢᠵᠤ᠂ ᠬᠥᠮᠦᠨ ᠲᠥᠷᠥᠯᠬᠢᠲᠡᠨ ᠤ ᠰᠠᠶᠢᠨ ᠰᠠᠶᠢᠬᠠᠨ ᠢᠷᠡᠭᠡᠳᠦᠶ ᠶᠢ ᠡᠭᠦᠳᠦᠨ ᠪᠦᠲᠦᠭᠡᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠠ᠃ ᠶᠠᠮᠠᠷᠪᠠ ᠬᠥᠮᠦᠨ ᠶᠠᠮᠠᠷᠪᠠ ᠬᠦᠴᠦᠨ ᠤ ᠳᠤᠮᠳᠠᠳᠤ ᠤᠯᠤᠰ ᠤᠨ ᠠᠷᠠᠳ ᠲᠦᠮᠡᠨ ᠤ ᠡᠩᠭᠡ ᠲᠠᠶᠢᠪᠤᠩ ᠠᠮᠢᠳᠤᠷᠠᠯ ᠪᠠ ᠬᠥᠭᠵᠢᠯᠲᠡ ᠶᠢᠨ ᠡᠷᠬᠡ ᠶᠢ ᠡᠪᠳᠡᠬᠦ᠂ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠪᠤᠰᠤᠳ ᠤᠯᠤᠰ ᠤᠨ ᠠᠷᠠᠳ ᠲᠦᠮᠡᠨ ᠤ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠡᠪᠳᠡᠬᠦ᠂ ᠬᠥᠮᠦᠨ ᠲᠥᠷᠥᠯᠬᠢᠲᠡᠨ‌‍ᠤ ᠡᠩᠭᠡ ᠲᠠᠶᠢᠪᠤᠩ ᠪᠠ ᠬᠥᠭᠵᠢᠯᠲᠡ ᠶᠢᠨ ᠡᠷᠬᠢᠮ ᠳᠡᠭᠡᠳᠦ  ᠦᠢᠯᠡᠰ ᠢ ᠡᠪᠳᠡᠬᠦ ᠭᠤᠷᠢᠳᠠᠯᠭ᠎ᠠ ᠶᠢ ᠳᠤᠮᠳᠠᠳᠤ ᠤᠯᠤᠰ ᠤᠨ ᠠᠷᠠᠳ ᠲᠦᠮᠡᠨ ᠤᠬᠳᠤ ᠵᠥᠪᠰᠢᠶᠡᠷᠡᠬᠦ ᠦᠭᠡᠢ ᠶᠤᠮ︕    ᠠᠬ᠎ᠠ ᠳᠡᠭᠦᠤ ᠨᠡᠷ ᠡ᠂ ᠨᠥᠬᠦᠳ ᠡ᠂ ᠨᠠᠶᠢᠵᠠ ᠨᠠᠷ ᠡ︕    ᠥᠩᠭᠡᠷᠡᠭᠡᠭᠰᠡᠨ ᠤ ᠶᠠᠪᠤᠳᠠᠯ ᠢᠶᠠᠷ ᠲᠣᠯᠢ ᠪᠣᠯᠭᠠᠪᠠᠰᠤ᠂ ᠢᠷᠡᠭᠡᠳᠦᠢ ᠶᠢᠨ ᠪᠠᠶᠢᠳᠠᠯ ᠢ ᠮᠡᠳᠡᠵᠦ ᠴᠢᠳᠠᠮᠤᠢ᠃ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠤᠢ ᠪᠦᠬᠦᠢ ᠳᠤᠮᠳᠠᠳᠤ ᠶᠢᠨ ᠬᠥᠪᠡᠭᠦᠳ ᠥᠬᠢᠳ ᠨᠡᠩ ᠢᠯᠡᠬᠦᠦ ᠨᠢᠭᠲᠠᠷᠠᠨ ᠪᠦᠯᠬᠦᠮᠳᠡᠵᠦ᠂ ᠶᠠᠫᠣᠨ ᠢ ᠡᠰᠡᠷᠭᠦᠴᠡᠬᠦ ᠠᠭᠤᠤ ᠶᠡᠭᠡ ᠲᠠᠶᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠷᠡᠯ ᠰᠠᠴᠤᠷᠠᠩᠭᠤᠶ ᠲᠡᠷᠲᠡᠭᠡ ᠡᠷᠭᠢ ᠵᠦᠭ ᠡᠷᠡᠯᠬᠡᠭᠯᠡᠨ ᠤᠷᠤᠭᠰᠢᠯᠠᠬᠤ ᠬᠡᠷᠡᠭᠲᠡᠶ᠃ ᠡᠨᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ ᠠᠮᠢ ᠨᠠᠰᠤ ᠪᠠᠨ ᠵᠣᠷᠢᠭᠤᠯᠤᠭᠰᠠᠨ ᠪᠤᠢ ᠪᠦᠬᠦᠢ ᠦᠷᠡᠭᠳᠡᠭᠰᠡᠨ ᠪᠠᠭᠠᠲᠤᠷ᠂ ᠳᠤᠮᠳᠠᠳᠤ ᠶᠢᠨ ᠦᠨᠳᠦᠰᠦᠲᠡᠨ ᠤ ᠲᠤᠰᠠᠭᠠᠷ ᠲᠣᠭᠲᠠᠨᠢᠯ ᠪᠠ ᠳᠤᠮᠳᠠᠳᠤ ᠤᠯᠤᠰ ᠤᠨ ᠠᠷᠠᠳ ᠲᠦᠮᠡᠨ ᠤ ᠴᠢᠯᠥᠭᠡᠯᠡᠯᠲᠡ ᠶᠢᠨ ᠲᠥᠯᠥᠭᠡ ᠠᠮᠢ ᠨᠠᠰᠤ ᠪᠠᠨ ᠵᠣᠷᠢᠭᠤᠯᠤᠭᠰᠠᠨ ᠪᠤᠢ ᠪᠦᠬᠦᠢ ᠠᠷᠤᠤᠬᠠᠨ ᠪᠠᠭᠠᠳᠤᠷᠴᠤᠳ ᠲᠤ ᠦᠭᠬᠦ ᠬᠠᠮᠤᠭ ᠤᠨ ᠰᠠᠶᠢᠨ ᠲᠠᠶᠢᠳᠬᠤᠷᠠᠭᠤᠯᠤᠯ ᠪᠤᠯᠬᠤ ᠶᠤᠮ᠃    ︵ᠰᠢᠨᠬᠤᠸᠠ ᠬᠤᠷᠢᠶᠠᠨ ᠤ ᠪᠡᠬᠡᠵᠢᠩ ᠤᠨ 9 ᠰᠠᠷ᠎ᠠ ᠶᠢᠨ 3 ᠤ ᠴᠠᠬᠢᠯᠭᠠᠨ ᠮᠡᠳᠡᠭᠡ︶    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号