ᠰᠢ ᠶᠢᠨ ᠫᠢᠩ 2020 ᠣᠨ ᠤ ᠳᠤᠮᠳᠠᠳᠤ ᠤᠯᠤᠰ ᠤᠨ ᠣᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠤ ᠪᠥᠬᠦ ᠪᠥᠮᠪᠥᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠲᠦᠷᠦᠭᠦᠴᠦᠳ ᠤᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2020/9/10
   ᠡᠯ᠎ᠡ ᠤᠯᠤᠰ ᠢᠶᠠᠷ ᠢᠶᠠᠨ ᠨᠡᠭᠡᠭᠡᠯᠲᠡᠳᠡᠢ ᠪᠠᠭᠲᠠᠭᠠᠮᠵᠢᠲᠠᠶ ᠬᠠᠮᠳᠤᠷᠠᠯᠴᠠᠭᠠᠨ ᠤ ᠣᠷᠴᠢᠨ ᠢ ᠬᠠᠮᠲᠤ ᠪᠠᠷ ᠪᠣᠶ ᠪᠣᠯᠭᠠᠵᠤ᠂ ᠰᠢᠨ᠎ᠡ ᠶᠢ ᠡᠭᠦᠳᠬᠦ ᠪᠠᠷ ᠬᠦᠲᠦᠯᠦᠨ ᠲᠠᠭᠠᠭᠤᠯᠬᠤ ᠬᠠᠮᠳᠤᠷᠠᠯᠴᠠᠭᠠᠨ ᠤ ᠬᠥᠳᠡᠯᠭᠡᠬᠦ ᠡᠨᠧᠷᠭᠢ ᠶᠢ ᠬᠠᠮᠲᠤ ᠪᠠᠷ ᠠᠮᠢᠯᠠᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ ᠬᠠᠮᠳᠤᠷᠠᠯᠴᠠᠭᠠᠨ ᠤ ᠪᠠᠶᠢᠳᠠᠯ ᠢ ᠬᠠᠮᠲᠤ ᠪᠠᠷ ᠡᠭᠦᠳᠦᠶ᠎ᠡ᠂ ᠳᠤᠮᠳᠠᠳᠤ ᠤᠯᠤᠰ ᠭᠤᠶᠢᠪᠢᠰᠢ ᠦᠭᠡᠶ ᠪᠠᠷ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠦᠢᠯᠡᠴᠢᠯᠡᠭᠡᠨ ᠤ ᠦᠢᠯᠡᠰ ᠤᠨ ᠵᠠᠬ᠎ᠠ ᠲᠡᠯᠬᠡᠬᠦᠷ ᠲᠤ ᠣᠷᠣᠬᠤ ᠵᠥᠪᠰᠢᠶᠡᠷᠡᠯ ᠤᠨ ᠬᠡᠪᠴᠢᠶ᠎ᠡ ᠶᠢ ᠦᠷᠭᠦᠯᠵᠢᠯᠡᠨ ᠦᠷᠬᠡᠳᠬᠡᠵᠥ᠂ ᠦᠢᠯᠡᠴᠢᠯᠡᠭᠡᠨ ᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠬᠡᠪ ᠵᠠᠭᠪᠤᠷ ᠢ ᠬᠥᠭᠵᠢᠭᠦᠯᠵᠦ᠂ ᠪᠦᠬᠦ ᠪᠥᠮᠪᠥᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠬᠤᠯᠪᠣᠭ᠎ᠠ ᠪᠠᠶᠢᠭᠤᠯᠬᠤ ᠶᠢ ᠳᠡᠮᠵᠢᠵᠥ᠂ ᠪᠡᠭᠡᠵᠢᠩ ᠤᠨ ᠤᠯᠤᠰ ᠤᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠤᠷᠤᠨ ᠪᠠᠶᠢᠭᠤᠯᠬᠤ ᠶᠢ ᠳᠠᠮᠵᠢᠵᠤ᠂ ᠨᠡᠩ ᠦᠨᠳᠤᠷ ᠳᠡᠰ ᠳᠠᠪᠬᠤᠷᠭ᠎ᠠ ᠶᠢᠨ ᠦᠬᠡᠷᠡᠴᠢᠯᠡᠯᠳᠡ ᠨᠡᠬᠡᠬᠡᠯᠳᠡ ᠶᠢᠨ ᠰᠢᠨ᠎ᠡ ᠪᠠᠶᠢᠷᠢᠰᠢᠯ ᠢ ᠪᠦᠷᠢᠯᠳᠦᠬᠦᠯᠬᠦ ᠶᠢ ᠳᠠᠶᠢᠴᠢᠯᠠᠨ᠎ᠠ ᠬᠡᠵᠥ ᠴᠢᠬᠤᠯᠠᠴᠢᠯᠠᠪᠠ    ᠤᠯᠤᠰ ᠤᠨ ᠲᠡᠷᠢᠭᠦᠯᠡᠭᠴᠢ ᠰᠢ ᠶᠢᠨ ᠫᠢᠩ 4 ᠤ ᠡᠳᠦᠷ 2020 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠤ ᠪᠦᠬᠦ ᠪᠥᠮᠪᠥᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠲᠦᠷᠦᠭᠦᠴᠦᠳ ᠤᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠵᠡᠢ᠃    
   9 ᠰᠠᠷ᠎ᠠ ᠶᠢᠨ 4 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2020 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠤ ᠪᠦᠬᠦ ᠪᠥᠮᠪᠥᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠲᠦᠷᠦᠭᠦᠴᠦᠳ ᠤᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠵᠡᠢ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ    ᠰᠢ ᠶᠢᠨ ᠫᠢᠩ ᠪᠠᠶᠠᠷ ᠤᠨ ᠦᠭᠡ ᠳᠡᠭᠡᠨ᠂ ᠥᠩᠭᠡᠷᠡᠭᠰᠡᠨ ᠬᠡᠳᠦᠨ ᠰᠠᠷ᠎ᠠ ᠳᠤ ᠳᠤᠮᠳᠠᠳᠤ ᠤᠯᠤᠰ ᠤᠨ ᠠᠷᠠᠳ ᠲᠦᠮᠡᠨ ᠡᠯ᠎ᠡ ᠤᠯᠤᠰ ᠤᠨ ᠠᠷᠠᠳ ᠲᠦᠮᠡᠨ ᠲᠠᠢ ᠬᠠᠮᠲᠤ ᠪᠠᠷ᠂ ᠬᠠᠷᠢᠯᠴᠠᠨ ᠳᠡᠮᠵᠢᠵᠦ᠂ ᠬᠠᠷᠢᠯᠴᠠᠨ ᠬᠠᠪᠰᠤᠷᠤᠯᠴᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠢ ᠲᠡᠮᠡᠴᠡᠬᠦ᠂ ᠬᠢᠵᠢᠭ ᠤᠨ ᠪᠠᠶᠢᠳᠠᠯ ᠠᠴᠠ ᠪᠣᠯᠤᠭᠰᠠᠨ ᠪᠥᠬᠦ ᠪᠥᠮᠪᠥᠷᠴᠡᠭ ᠤᠨ ᠴᠢᠨᠠᠷᠲᠠᠶ ᠥᠷᠢᠰᠥᠯᠳᠦᠭᠡᠨ ᠢ ᠠᠷᠭᠠᠴᠠᠭᠠᠬᠤ ᠳᠤ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠠᠶ᠃ ᠣᠳᠣᠬᠠᠨ ᠳᠤ᠂ ᠪᠥᠬᠦ ᠪᠦᠮᠪᠦᠷᠴᠡᠭ ᠤᠨ ᠬᠡᠪᠴᠢᠶᠡᠨ ᠳᠠᠬᠢ ᠬᠢᠵᠢᠭ ᠤᠨ ᠪᠠᠶᠢᠳᠠᠯ ᠢ ᠬᠠᠷᠠᠬᠠᠨ ᠪᠥᠬᠦ ᠲᠠᠯ᠎ᠠ ᠪᠠᠷ ᠬᠢᠵᠠᠭᠠᠷᠯᠠᠵᠥ ᠴᠢᠳᠠᠭᠠᠳᠤᠶ ᠪᠠᠶᠢᠵᠤ᠂ ᠡᠯ᠎ᠡ ᠤᠯᠤᠰ ᠲᠤ ᠴᠥᠮ ᠬᠢᠵᠢᠭ ᠤᠨ ᠪᠠᠶᠢᠳᠠᠯ ᠲᠠᠢ ᠲᠡᠮᠡᠴᠡᠬᠦ᠂ ᠠᠵᠤ ᠠᠬᠤᠶ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠬᠠᠲᠠᠭᠤ ᠡᠭᠦᠷᠭᠡ ᠲᠤᠯᠭᠠᠷᠠᠵᠤ ᠪᠠᠶᠢᠨ᠎ᠠ᠃ ᠡᠨᠡ ᠬᠦ ᠠᠬᠤᠶ ᠪᠠᠶᠢᠳᠠᠯ ᠳᠣᠣᠷ᠎ᠠ᠂ ᠳᠤᠮᠳᠠᠳᠤ ᠤᠯᠤᠰ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠨᠡ ᠳᠠᠯᠠᠪᠠᠢ ᠴᠢᠬᠤᠯᠠ ᠶᠡᠭᠡ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠠᠵᠢᠯᠯᠠᠭ᠎ᠠ ᠶᠢ ᠡᠷᠬᠢᠯᠡᠵᠥ ᠪᠠᠶᠢᠭ᠎ᠠ ᠨᠢ ᠳᠠᠷᠤᠶ ᠣᠯᠠᠨ ᠲᠠᠢ ᠭᠠᠷ ᠬᠤᠯᠪᠣᠨ ᠴᠢᠷᠮᠠᠶᠢᠵᠤ ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠥ᠂ ᠪᠦᠬᠦ ᠪᠥᠮᠪᠥᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠵᠤ᠂ ᠳᠡᠯᠡᠬᠡᠶ ᠶᠢᠨ ᠠᠵᠤ ᠠᠬᠤᠶ ᠶᠢᠨ ᠲᠦᠷᠭᠡᠬᠡᠨ ᠰᠡᠷᠭᠦᠬᠦ ᠶᠢ ᠠᠬᠢᠭᠤᠯᠬᠤ ᠶᠢᠨ ᠲᠦᠯᠦᠭᠡ ᠶᠤᠮ᠃ ᠡᠭᠦᠨ ᠢᠶᠠᠷ ᠠᠵᠠ ᠲᠣᠬᠢᠶᠠᠯ ᠪᠣᠯᠭᠠᠵᠤ᠂ ᠲᠠᠪᠴᠠᠩ ᠪᠠ ᠬᠥᠭᠦᠷᠭᠡ ᠬᠤᠯᠪᠤᠭᠠᠰᠤ ᠪᠠᠶᠢᠭᠤᠯᠵᠤ ᠪᠠᠶᠢᠭᠠᠳ᠂ ᠡᠯ᠎ᠡ ᠤᠯᠤᠰ ᠤᠨ ᠠᠷᠠᠳ ᠲᠦᠮᠡᠨ ᠢᠶᠠᠷ ᠦᠢᠯᠡᠴᠢᠯᠡᠭᠡᠨ ᠤ ᠠᠷᠠᠯᠵᠢᠶ᠎ᠠ ᠶᠢᠨ ᠬᠦᠷᠢᠶᠡᠨ ᠳᠠᠬᠢ ᠰᠢᠨ᠎ᠡ ᠬᠥᠭᠵᠢᠯᠲᠡ ᠰᠢᠨ᠎ᠡ ᠰᠢᠪᠲᠤᠯᠤᠯᠲᠠ ᠶᠢ ᠭᠦᠢᠴᠡᠳ ᠢᠯᠡᠷᠡᠬᠦᠯᠵᠥ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠳᠠᠪᠰᠢᠯᠲᠠ ᠶᠢᠨ ᠰᠢᠨ᠎ᠡ ᠮᠡᠷᠭᠡᠵᠢᠯ ᠰᠢᠨ᠎ᠡ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠬᠦ ᠶᠢ ᠬᠦᠰᠡᠵᠥ ᠪᠠᠶᠢᠨ᠎ᠠ ᠬᠡᠵᠥ ᠵᠢᠭᠠᠵᠥ ᠭᠠᠷᠭᠠᠪᠠ᠃    
   9 ᠰᠠᠷ᠎ᠠ ᠶᠢᠨ 4 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2020 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠤ ᠪᠦᠬᠦ ᠪᠥᠮᠪᠥᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠲᠦᠷᠦᠭᠦᠴᠦᠳ ᠤᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠵᠡᠢ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠲᠤᠤ ᠰᠡᠭᠦᠳᠡᠷᠯᠡᠪᠡ    ᠰᠢ ᠶᠢᠨ ᠫᠢᠩ᠂ ᠤᠲᠤ ᠶᠢᠨ ᠲᠡᠯᠡᠬᠡᠢ ᠶᠢᠷᠳᠢᠨᠴᠤ ᠶᠠᠬ ᠵᠠᠭᠤᠨ ᠵᠢᠯ ᠳᠤ ᠪᠠᠶᠢᠭ᠎ᠠ ᠦᠭᠡᠢ ᠶᠡᠭᠡ ᠬᠤᠪᠢᠷᠠᠯᠳᠠ ᠶᠢ ᠦᠩᠬᠡᠷᠡᠬᠡᠵᠤ ᠪᠠᠶᠢᠨ᠎ᠠ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠪᠦᠬᠦ ᠪᠦᠮᠪᠦᠷᠴᠡᠭ ᠲᠤ ᠲᠡᠯᠬᠡᠷᠡᠬᠡᠳ ᠡᠨᠡ ᠬᠦ ᠬᠤᠪᠢᠷᠠᠯᠳᠠ ᠶᠢ ᠨᠡᠩ ᠲᠦᠷᠬᠡᠳᠬᠡᠵᠤ᠂ ᠠᠵᠤ ᠠᠬᠤᠢ ᠶᠢᠨ ᠲᠡᠯᠡᠬᠡᠶᠢᠵᠢᠯᠲᠡ ᠳᠤ ᠰᠦᠷᠬᠡᠤ ᠤᠷᠤᠰᠬᠠᠯ ᠤᠴᠠᠷᠠᠵᠤ᠂ ᠬᠠᠮᠠᠭᠠᠯᠠᠬᠤ ᠦᠵᠡᠯ᠂ ᠭᠠᠭᠴᠠ ᠲᠠᠯ᠎ᠠ ᠶᠢᠨ ᠦᠵᠡᠯ ᠲᠤᠯᠤᠭᠠᠢ ᠦᠨᠳᠡᠶᠢᠵᠤ᠂ ᠲᠡᠯᠡᠬᠡᠢ ᠶᠢᠨ ᠠᠵᠤ ᠠᠬᠤᠢ ᠤᠷᠤᠭᠤᠳᠠᠵᠤ᠂ ᠲᠡᠯᠡᠬᠡᠢ ᠶᠢᠨ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠶᠡᠭᠡ ᠪᠠᠷ ᠪᠠᠭᠠᠰᠴᠤ᠂ ᠬᠦᠮᠤᠨ ᠲᠦᠷᠤᠯᠬᠢᠳᠠᠨ ᠤ ᠤᠢᠢᠯᠡᠳᠪᠤᠷᠢᠯᠡᠯ ᠠᠮᠢᠳᠤᠷᠠᠯ ᠳᠤ ᠤᠷᠢᠳ ᠡᠮᠤᠨ᠎ᠠ ᠪᠠᠶᠢᠭ᠎ᠠ ᠦᠭᠡᠢ ᠦᠷᠢᠰᠤᠯᠳᠤᠬᠡᠨ ᠪᠤᠯᠤᠨ ᠰᠢᠯᠭᠠᠯᠳᠠ ᠶᠢ ᠠᠪᠴᠢᠷᠠᠬᠰᠠᠨ ᠪᠠᠶᠢᠨ᠎ᠠ᠃ ᠡᠬᠦᠨ ᠤ ᠬᠠᠮᠳᠤ᠂ ᠤᠢᠢᠷ᠎ᠠ ᠶᠢᠨ ᠵᠢᠯ ᠤᠨ ᠲᠤᠷᠰᠢ ᠰᠢᠨ᠎ᠠ ᠨᠢᠬᠡ ᠡᠬᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠤᠪᠢᠰᠬᠠᠯ ᠪᠤᠯᠤᠨ ᠠᠵᠤ ᠤᠢᠢᠯᠡᠰ ᠤᠨ ᠬᠤᠪᠢᠰᠤᠯᠳᠠ ᠭᠠᠷᠴᠤ᠂ ᠲᠤᠭᠠᠴᠢᠯᠠᠬᠰᠠᠨ ᠮᠡᠷᠬᠡᠵᠢᠯ ᠤᠨ ᠬᠦᠴᠦᠷᠭᠡᠭᠵᠢᠨ ᠮᠠᠨᠳᠤᠬᠤ ᠶᠢ ᠲᠠᠶᠢᠴᠢᠯᠠᠵᠤ᠂ ᠠᠵᠤ ᠤᠢᠢᠯᠡᠰ ᠤᠨ ᠬᠦᠨ ᠠᠭᠤᠰᠤᠯᠴᠠᠯ ᠢ ᠠᠬᠢᠭᠤᠯᠵᠤ᠂ ᠤᠢᠢᠯᠡᠴᠢᠯᠡᠬᠡᠨ ᠤ ᠠᠵᠤ ᠠᠬᠤᠢ ᠶᠢᠨ ᠦᠷᠨᠢᠯ ᠬᠦᠭᠵᠢᠯᠳᠠ ᠶᠢ ᠬᠦᠳᠤᠯᠤᠨ ᠲᠠᠭᠠᠭᠤᠯᠤᠬᠰᠠᠨ ᠪᠠᠶᠢᠨ᠎ᠠ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠪᠦᠬᠦ ᠪᠦᠮᠪᠦᠷᠴᠡᠭ ᠲᠤ ᠦᠷᠪᠢᠰᠤᠨ ᠲᠡᠯᠬᠡᠷᠡᠬᠦ ᠬᠤᠭᠤᠴᠠᠭᠠᠨ ᠳᠤ᠂ ᠠᠯᠤᠰ ᠡᠵᠡᠮᠰᠢᠯᠳᠤ ᠡᠮᠴᠢᠯᠡᠭᠡ᠂ ᠰᠦᠯᠵᠢᠶᠠᠨ ᠲᠡᠭᠡᠷᠡᠬᠢ ᠰᠤᠷᠭᠠᠨ ᠬᠦᠮᠤᠵᠢᠯ᠂ ᠬᠠᠮᠳᠤ ᠪᠠᠷ ᠡᠳ᠋ᠯᠡᠬᠦ ᠲᠠᠪᠴᠠᠩ᠂ ᠬᠠᠮᠵᠢᠯᠴᠠᠨ ᠠᠯᠪᠠᠯᠠᠬᠤ᠂ ᠬᠢᠯᠢ ᠠᠯᠤᠰᠯᠠᠬᠰᠠᠨ  ᠡᠯᠧᠺᠲᠷᠤᠨ ᠬᠤᠳᠠᠯᠳᠤᠭ᠎ᠠ ᠵᠡᠷᠬᠡ ᠤᠢᠢᠯᠡᠴᠢᠯᠡᠭᠡ ᠦᠷᠬᠡᠨ ᠢᠶᠠᠷ ᠭᠡᠷᠡᠭᠯᠡᠭᠳᠡᠵᠤ᠂ ᠡᠯ᠎ᠠ ᠤᠯᠤᠰ ᠤᠨ ᠠᠵᠤ ᠠᠬᠤᠢ ᠶᠢᠨ ᠲᠤᠬᠳᠠᠭᠤᠨ ᠢ ᠠᠬᠢᠭᠤᠯᠬᠤ᠂ ᠤᠯᠠᠨ ᠤᠯᠤᠰ ᠤᠨ ᠬᠢᠵᠢᠭ ᠤᠨ ᠪᠠᠶᠢᠳᠠᠯ ᠲᠠᠢ ᠲᠡᠮᠡᠴᠡᠬᠦ ᠬᠠᠮᠳᠤᠷᠠᠯᠴᠠᠭ᠎ᠠ ᠶᠢ ᠠᠬᠢᠭᠤᠯᠬᠤ ᠳᠤ ᠴᠢᠬᠤᠯᠠ ᠤᠢᠢᠯᠡᠳᠤᠯ ᠪᠠᠳᠠᠷᠠᠭᠤᠯᠤᠬᠰᠠᠨ ᠢ ᠪᠢᠳᠡ ᠤᠯᠵᠤ ᠬᠠᠷᠠᠪᠠ᠃ ᠢᠷᠡᠬᠡᠳᠤᠢ ᠶᠢ ᠪᠠᠷᠠᠯᠠᠬᠤᠶ᠎ᠠ᠂ ᠤᠢᠢᠯᠡᠴᠢᠯᠡᠬᠡᠨ ᠤ ᠤᠢᠢᠯᠡᠰ ᠤᠨ ᠨᠡᠬᠡᠬᠡᠯᠳᠠ ᠪᠠ ᠬᠠᠮᠳᠤᠷᠠᠯᠴᠠᠭ᠎ᠠ ᠨᠢ ᠡᠳᠤᠷ ᠢᠷᠡᠬᠦᠶ᠎ᠠ ᠬᠦᠭᠵᠢᠯᠳᠠ ᠶᠢ ᠠᠬᠢᠭᠤᠯᠬᠤ ᠴᠢᠬᠤᠯᠠ ᠬᠦᠴᠤᠨ ᠪᠤᠯᠵᠤ ᠪᠠᠶᠢᠨ᠎ᠠ ᠬᠡᠵᠤ ᠴᠢᠬᠤᠯᠠᠴᠢᠯᠠᠪᠠ᠃    ᠰᠢ ᠶᠢᠨ ᠫᠢᠩ 3 ᠰᠠᠨᠠᠭᠠᠴᠢᠯᠠᠭ᠎ᠠ ᠲᠤᠷᠠᠳᠴᠠᠢ᠃    ᠨᠢᠬᠡᠳᠤᠭᠡᠷ ᠲᠤ᠂ ᠨᠡᠬᠡᠬᠡᠯᠳᠠᠳᠠᠢ ᠪᠠᠭᠳᠠᠭᠠᠮᠵᠢᠳᠠᠢ ᠬᠠᠮᠳᠤᠷᠠᠯᠴᠠᠭᠠᠨ ᠤ ᠤᠷᠴᠢᠨ ᠲᠤᠭᠤᠷᠢᠨ ᠢ ᠬᠠᠮᠳᠤ ᠪᠠᠷ ᠴᠤᠬᠴᠠᠯᠠᠨ ᠪᠠᠶᠢᠭᠤᠯᠦᠶ᠎ᠠ᠃ ᠬᠦᠮᠤᠨ ᠲᠦᠷᠤᠯᠬᠢᠳᠠᠨ ᠤ ᠨᠡᠶᠢᠬᠡᠮ ᠤᠨ ᠬᠦᠭᠵᠢᠯᠳᠠ ᠶᠢᠨ ᠲᠡᠤᠬᠡ ᠶᠢ ᠡᠷᠬᠢᠴᠡᠬᠦᠯᠬᠦ ᠳᠤ᠂ ᠲᠡᠯᠡᠬᠡᠢ ᠶᠢᠨ ᠠᠵᠤ ᠠᠬᠤᠢ ᠶᠢ ᠴᠢᠯᠤᠬᠡᠳᠠᠢ ᠪᠤᠯᠭᠠᠪᠠᠰᠤ ᠮᠠᠨᠳᠤᠵᠤ᠂ ᠪᠢᠳᠡᠬᠦᠮᠵᠢᠯᠠᠪᠠᠰᠤ ᠤᠷᠤᠭᠤᠲᠠᠨ᠎ᠠ᠃ ᠤᠢᠢᠯᠡᠴᠢᠯᠡᠬᠡᠨ ᠤ ᠤᠢᠢᠯᠡᠰ ᠨᠢ ᠲᠡᠬᠦᠨ ᠤ ᠤᠨᠴᠠ ᠪᠠᠶᠢᠳᠠᠬ ᠬᠦᠩᠬᠡᠨ ᠬᠦᠷᠤᠩᠬᠡ᠂ ᠵᠦᠬᠡᠯᠡᠨ ᠡᠯᠧᠮᠧᠨ᠋ᠲ ᠵᠡᠷᠬᠡ ᠤᠨᠴᠠᠯᠢᠬ ᠠᠴᠠ ᠪᠠᠨ ᠪᠤᠯᠵᠤ ᠨᠡᠬᠡᠬᠡᠯᠳᠠᠳᠠᠢ᠂ ᠢᠯᠠᠴᠠ ᠲᠠᠢ᠂ ᠪᠠᠭᠳᠠᠭᠠᠮᠵᠢᠳᠠᠢ᠂ ᠭᠠᠳᠠᠭᠤᠷᠴᠢᠯᠠᠬᠤ ᠪᠤᠰᠤ ᠠᠵᠢᠯ ᠲᠦᠷᠤᠯ ᠤᠨ ᠬᠦᠭᠵᠢᠯᠳᠠ ᠶᠢᠨ ᠠᠮᠢ ᠠᠬᠤᠢ ᠶᠢ ᠨᠡᠩ ᠴᠢᠬᠤᠯᠠᠴᠢᠯᠠᠵᠤ᠂ ᠡᠯ᠎ᠠ ᠤᠯᠤᠰ ᠤᠨ ᠬᠢᠨ ᠡᠯᠧᠮᠧᠨ᠋ᠲ ᠤᠨ ᠰᠢᠯᠵᠢᠬᠦ ᠶᠢ ᠬᠢᠵᠠᠭᠠᠷᠯᠠᠵᠤ ᠪᠠᠶᠢᠭ᠎ᠠ ︽ᠬᠢᠯᠢ ᠲᠡᠭᠡᠷᠡᠬᠢ︾ ᠪᠠ ︽ᠬᠢᠯᠢ ᠶᠢᠨ ᠲᠠᠷᠠᠭᠠᠬᠢ︾ ᠬᠤᠷᠢᠭ᠎ᠠ ᠪᠤᠭᠤᠮᠲᠠ ᠶᠢ ᠴᠢᠷᠮᠠᠶᠢᠨ ᠠᠷᠢᠯᠭᠠᠵᠤ᠂ ᠬᠢᠯᠢ ᠠᠯᠤᠰᠯᠠᠨ ᠬᠤᠯᠪᠤᠯᠴᠠᠨ ᠨᠡᠪᠳᠡᠷᠡᠯᠴᠡᠬᠦ ᠶᠢ ᠴᠢᠬᠤᠯᠠᠴᠢᠯᠠᠲᠠᠭ᠃ ᠳᠤᠮᠳᠠᠳᠤ ᠤᠯᠤᠰ ᠡᠷᠡᠰ ᠭᠤᠶᠢᠪᠢᠰᠢ ᠦᠬᠡᠢ ᠪᠠᠷ ᠭᠠᠳᠠᠭᠠᠳᠤ ᠨᠡᠬᠡᠬᠡᠯᠳᠠ ᠶᠢ ᠦᠷᠬᠡᠳᠬᠡᠵᠤ᠂ ᠬᠢᠯᠢ ᠠᠯᠤᠰᠯᠠᠬᠰᠠᠨ ᠤᠢᠢᠯᠡᠴᠢᠯᠡᠬᠡᠨ ᠤ ᠠᠷᠠᠯᠵᠢᠶ᠎ᠠ ᠶᠢᠨ ᠨᠠᠵᠠᠭᠠᠢ ᠨᠠᠷᠢᠨ ᠲᠠᠩᠰᠠ ᠶᠢᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠤ᠂ ᠤᠢᠢᠯᠡᠴᠢᠯᠡᠬᠡᠨ ᠤ ᠠᠷᠠᠯᠵᠢᠶᠠᠨ ᠤ ᠰᠢᠨ᠎ᠠ ᠶᠢ ᠡᠬᠦᠳᠬᠦ ᠬᠦᠭᠵᠢᠯᠳᠠ ᠶᠢᠨ ᠲᠤᠷᠰᠢᠯᠳᠠ ᠶᠢᠨ ᠨᠡᠬᠡᠬᠡᠯᠳᠠᠳᠤ ᠲᠠᠪᠴᠠᠩ ᠤᠨ ᠪᠠᠶᠢᠭᠤᠯᠤᠯᠳᠠ ᠶᠢ ᠠᠬᠢᠭᠤᠯᠵᠤ᠂ ᠤᠢᠢᠯᠡᠴᠢᠯᠡᠬᠡᠨ ᠤ ᠤᠢᠢᠯᠡᠰ ᠤᠨ ᠵᠠᠬ᠎ᠠ ᠲᠡᠯᠬᠡᠬᠦᠷ ᠲᠤ ᠤᠷᠤᠬᠤ ᠵᠦ᠋ᠪᠰᠢᠶᠡᠷᠡᠯ ᠤᠨ ᠬᠡᠪᠴᠢᠶ᠎ᠡ ᠶᠢ ᠦᠷᠬᠦᠯᠵᠢᠯᠠᠨ ᠦᠷᠭᠡᠳᠭᠡᠵᠦ᠂ ᠰᠢᠯᠢᠳᠡᠭ ᠤᠢᠢᠯᠡᠴᠢᠯᠡᠬᠡᠨ ᠤ ᠭᠠᠳᠠᠭᠠᠳᠤ ᠤᠷᠤᠭᠤᠯᠤᠯᠳᠠ ᠶᠢ ᠰᠠᠨᠠᠭᠠᠴᠢᠯᠠᠭ᠎ᠠ ᠠᠴᠠ ᠪᠠᠨ ᠦᠷᠬᠡᠳᠬᠡᠨ᠎ᠠ᠃ ᠳᠤᠮᠳᠠᠳᠤ ᠤᠯᠤᠰ ᠤᠢᠢᠯᠡᠴᠢᠯᠡᠬᠡᠨ ᠤ ᠠᠷᠠᠯᠵᠢᠶᠠᠨ ᠤ ᠬᠦᠭᠵᠢᠯᠳᠠ ᠶᠢᠨ ᠪᠤᠳᠠᠳᠠᠢ ᠭᠡᠷᠡᠭᠴᠡᠭᠡ ᠶᠢ ᠢᠳᠡᠪᠬᠢᠳᠠᠢ ᠡᠶᠡᠳᠡᠨ ᠲᠠᠭᠠᠵᠤ᠂ ᠤᠯᠠᠨ ᠲᠠᠯ᠎ᠠ ᠶᠢᠨ᠂ ᠤᠷᠤᠨ ᠪᠦᠰᠠ ᠶᠢᠨ ᠵᠡᠷᠬᠡ ᠲᠠᠪᠬᠤᠷᠭ᠎ᠠ ᠶᠢᠨ ᠤᠢᠢᠯᠡᠴᠢᠯᠡᠬᠡᠨ ᠤ ᠲᠦᠷᠢᠮ ᠤᠨ ᠵᠤᠬᠢᠴᠠᠭᠤᠯᠭ᠎ᠠ ᠶᠢ ᠠᠬᠢᠭᠤᠯᠵᠤ᠂ ᠪᠦᠬᠦ ᠪᠦᠮᠪᠦᠷᠴᠡᠭ ᠤᠨ ᠠᠵᠤ ᠠᠬᠤᠢ ᠶᠢᠨ ᠵᠠᠰᠠᠯᠳᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠵᠤ᠂ ᠲᠡᠯᠡᠬᠡᠢ ᠶᠢᠨ ᠠᠵᠤ ᠠᠬᠤᠢ ᠶᠢᠨ ᠪᠠᠭᠳᠠᠭᠠᠮᠵᠢᠳᠤ ᠴᠢᠨᠠᠷᠲᠠᠢ ᠨᠡᠮᠡᠭᠳᠡᠯ ᠢ ᠠᠬᠢᠭᠤᠯᠤᠨ᠎ᠠ᠃    ᠬᠤᠶᠠᠳᠤᠭᠠᠷ ᠲᠤ᠂ ᠰᠢᠨ᠎ᠡ ᠶᠢ ᠡᠬᠦᠳᠬᠦ ᠪᠠᠷ ᠬᠦᠲᠦᠯᠦᠨ ᠲᠠᠭᠠᠭᠤᠯᠤᠭᠰᠠᠠ ᠬᠠᠮᠳᠤᠷᠠᠯᠴᠠᠭᠠᠨ ᠤ ᠬᠦᠳᠡᠯᠭᠡᠬᠦ ᠡᠨᠧᠷᠬᠢ ᠶᠢ ᠬᠠᠮᠳᠤ ᠪᠠᠷ ᠠᠮᠢᠯᠠᠭᠤᠯᠤᠶ᠎ᠡ᠃ ᠪᠢᠳᠠ ᠲᠤᠭᠠᠴᠢᠯᠠᠬᠰᠡᠨ᠂ ᠰᠦᠯᠵᠢᠶᠠᠵᠢᠭᠰᠡᠨ᠂ ᠤᠶᠤᠨᠴᠢᠯᠠᠬᠰᠡᠨ ᠬᠦᠭᠵᠢᠯᠳᠠ ᠶᠢᠨ ᠬᠠᠨᠳᠤᠰᠢ ᠯᠤᠭ᠎ᠠ ᠵᠤᠬᠢᠴᠠᠵᠤ᠂ ︽ᠲᠤᠭᠠᠨ ᠤ ᠤᠨᠠᠭᠤᠯᠢ︾ ᠶᠢ ᠠᠷᠢᠯᠭᠠᠬᠤ ᠪᠠᠷ ᠬᠠᠮᠳᠤ ᠪᠠᠷ ᠬᠦᠴᠤᠯᠠᠨ᠂ ᠦᠢᠯᠡᠴᠢᠯᠡᠭᠡᠨ ᠤ ᠠᠷᠠᠯᠵᠢᠶᠠᠨ ᠤ ᠲᠤᠭᠠᠴᠢᠯᠠᠯᠳᠠ ᠶᠢᠨ ᠠᠬᠢᠴᠠ ᠶᠢ ᠠᠬᠢᠭᠤᠯᠤᠶ᠎ᠡ᠃ ᠲᠤᠮᠳᠠᠳᠤ ᠤᠯᠤᠰ ᠤᠨᠴᠠᠯᠢᠬᠳᠤ ᠦᠢᠯᠡᠴᠢᠯᠡᠭᠡᠨ ᠤ ᠭᠠᠳᠠᠭᠠᠳᠤ ᠳᠤ ᠭᠠᠷᠭᠠᠬᠤ ᠰᠠᠭᠤᠷᠢᠨ ᠢᠶᠠᠨ ᠦᠷᠭᠡᠳᠭᠡᠵᠤ᠂ ᠦᠢᠯᠡᠴᠢᠯᠡᠭᠡᠨ ᠤ ᠠᠷᠠᠯᠵᠢᠶᠠᠨ ᠤ ᠰᠢᠨ᠎ᠡ ᠡᠵᠡᠩᠨᠡᠯᠳᠠ ᠶᠢᠨ ᠬᠡᠯᠪᠡᠷᠢ ᠰᠢᠨ᠎ᠡ ᠬᠡᠪ ᠵᠠᠬᠪᠤᠷ ᠢ ᠬᠦᠭᠵᠢᠬᠦᠯᠤᠨ᠎ᠡ᠃ ᠲᠤᠮᠳᠠᠳᠤ ᠤᠯᠤᠰ ᠲᠤᠷᠠᠳᠠᠶ᠎ᠡ ᠡᠯ᠎ᠡ ᠤᠯᠤᠰ ᠲᠠᠢ ᠬᠠᠮᠳᠤ ᠪᠠᠷ᠂ ᠬᠤᠷᠸ᠎ᠡ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠪᠠᠨ ᠴᠢᠩᠭᠠᠳᠬᠠᠵᠤ᠂ ᠲᠤᠭᠠᠴᠢᠯᠠᠬᠰᠡᠨ ᠬᠦᠷᠢᠶᠠᠨ ᠤ ᠤᠯᠠᠨ ᠤᠯᠤᠰ ᠤᠨ ᠬᠠᠮᠳᠤᠷᠠᠯᠴᠠᠭ᠎ᠠ ᠶᠢ ᠲᠦᠷᠭᠡᠳᠭᠡᠨ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢ ᠴᠢᠩᠭᠠᠳᠬᠠᠵᠤ᠂ ᠲᠤᠭᠠᠴᠢᠯᠠᠬᠰᠡᠨ ᠠᠵᠤ ᠠᠬᠤᠢ᠂ ᠬᠠᠮᠳᠤ ᠪᠠᠷ ᠡᠳ᠋ᠯᠡᠬᠦ ᠠᠵᠤ ᠠᠬᠤᠢ ᠶᠢᠨ ᠦᠷᠨᠢᠨ ᠬᠦᠭᠵᠢᠬᠦ ᠶᠢ ᠢᠳᠡᠪᠬᠢᠳᠠᠢ ᠠᠬᠢᠭᠤᠯᠤᠨ᠂ ᠲᠡᠯᠡᠭᠡᠢ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢᠶᠠᠨ ᠲᠠᠰᠤᠷᠠᠯᠳᠠ ᠦᠭᠡᠢ ᠪᠠᠳᠠᠷᠠᠭᠤᠯᠬᠤ ᠶᠢ ᠠᠬᠢᠭᠤᠯᠤᠨ᠎ᠡ᠃    ᠭᠤᠷᠪᠠᠳᠤᠭᠠᠷ ᠲᠤ᠂ ᠬᠠᠷᠢᠯᠴᠠᠨ ᠠᠰᠢᠬᠳᠠᠢ ᠬᠠᠮᠳᠤ ᠪᠠᠷ ᠠᠰᠢᠭ ᠬᠦᠷᠳᠡᠬᠦ ᠬᠠᠮᠳᠤᠷᠠᠯᠴᠠᠭᠠᠨ ᠤ ᠪᠠᠶᠢᠳᠠᠯ ᠢ ᠬᠠᠮᠳᠤ ᠪᠠᠷ ᠨᠡᠭᠡᠭᠡᠶ᠎ᠡ᠃ ᠠᠵᠤ ᠠᠬᠤᠢ ᠶᠢᠨ ᠲᠡᠯᠡᠭᠡᠶᠢᠵᠢᠯᠳᠠ ᠶᠢᠨ ᠠᠬᠤᠢ ᠪᠠᠶᠢᠳᠠᠯ ᠲᠤᠤᠷ᠎ᠡ᠂ ᠡᠯ᠎ᠡ ᠤᠯᠤᠰ ᠤᠨ ᠠᠵᠤ ᠠᠬᠤᠢ ᠬᠠᠷᠢᠯᠴᠠᠨ ᠲᠦᠰᠢᠭᠯᠡᠯᠴᠡᠨ ᠤᠷᠤᠰᠢᠵᠤ᠂ ᠠᠰᠢᠭ ᠲᠤᠰᠠ ᠶᠢᠨ ᠠᠭᠤᠰᠤᠯᠴᠠᠯ ᠤᠷᠢᠳ ᠡᠮᠤᠨ᠎ᠡ ᠪᠠᠶᠢᠭ᠎ᠠ ᠦᠭᠡᠢ ᠪᠠᠶᠢᠵᠤ᠂ ᠦᠨᠡᠨᠴᠢ ᠪᠠᠷ ᠬᠠᠨᠳᠤᠬᠤ᠂ ᠲᠦᠭᠡᠮᠡᠯ ᠠᠰᠢᠭ ᠬᠦᠷᠳᠡᠭᠡᠵᠤ ᠬᠠᠮᠳᠤ ᠪᠠᠷ ᠡᠳ᠋ᠯᠡᠬᠦ ᠪᠤᠯ ᠦᠨᠳᠤᠰᠤᠨ ᠠᠷᠭ᠎ᠠ ᠪᠤᠳᠤᠯᠭ᠎ᠠ ᠪᠤᠯᠤᠨ᠎ᠡ᠃ ᠡᠯ᠎ᠡ ᠤᠯᠤᠰ ᠤᠨ ᠬᠢᠨ ᠦᠢᠯᠡᠴᠢᠯᠡᠭᠡᠨ ᠤ ᠠᠷᠠᠯᠵᠢᠶ᠎ᠡ ᠶᠢᠨ ᠬᠦᠭᠵᠢᠯᠳᠠ ᠶᠢᠨ ᠵᠤᠯᠭᠠᠯᠴᠠᠭ᠎ᠠ ᠪᠠᠨ ᠴᠢᠩᠭᠠᠳᠬᠠᠵᠤ᠂ ᠬᠠᠮᠳᠤᠷᠠᠯᠴᠠᠭᠠᠨ ᠤ ᠠᠷᠭ᠎ᠠ ᠬᠡᠯᠪᠡᠷᠢ ᠪᠠᠨ ᠰᠢᠨᠡᠴᠢᠯᠡᠨ᠂ ᠬᠠᠮᠳᠤᠷᠠᠯᠴᠠᠭᠠᠨ ᠤ ᠬᠦᠷᠢᠶ᠎ᠡ ᠪᠠᠨ ᠬᠦᠨᠵᠡᠭᠡᠶᠢᠷᠠᠬᠦᠯᠵᠤ᠂ ᠬᠦᠭᠵᠢᠯᠳᠠ ᠶᠢᠨ ᠠᠰᠢᠭ ᠲᠤᠰᠠ ᠶᠢᠨ ᠬᠠᠮᠤᠭ ᠤᠨ ᠶᠡᠭᠡ ᠶᠡᠷᠤᠩᠭᠡᠢ ᠬᠤᠷᠢᠶᠠᠬᠴᠢ ᠲᠤᠭ᠎ᠠ ᠶᠢ ᠢᠳᠡᠪᠬᠢᠳᠠᠢ ᠡᠷᠢᠯᠬᠢᠯᠠᠨ᠂ ︽ᠪᠤᠭᠤᠷᠰᠤᠭ︾ ᠢᠶᠠᠨ ᠲᠠᠰᠤᠷᠠᠯᠳᠠ ᠦᠭᠡᠢ ᠶᠡᠭᠡᠰᠭᠡᠶ᠎ᠡ᠃ ᠲᠤᠮᠳᠠᠳᠤ ᠤᠯᠤᠰ ᠤᠨ ᠬᠢᠨ ᠲᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠬᠯᠠᠭᠠᠨ᠂ ᠲᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠵᠡᠷᠭᠡ ᠡᠯ᠎ᠡ ᠲᠦᠷᠦᠯ ᠤᠨ ᠲᠠᠪᠴᠠᠩ ᠢ ᠬᠦᠢᠴᠡᠳ ᠠᠰᠢᠬᠯᠠᠵᠤ᠂ ᠲᠦᠷᠦ ᠶᠢᠨ ᠪᠤᠳᠤᠯᠭ᠎ᠠ ᠪᠤᠯᠤᠨ ᠲᠤᠷᠰᠢᠯᠭ᠎ᠠ ᠶᠢᠨ ᠰᠤᠯᠢᠯᠴᠠᠭ᠎ᠠ ᠦᠷᠨᠢᠬᠦᠯᠬᠦ ᠶᠢ ᠠᠬᠢᠭᠤᠯᠤᠨ᠂ ᠵᠠᠰᠠᠭ ᠤᠨ ᠤᠷᠳᠤᠨ ᠤ ᠬᠤᠭᠤᠷᠤᠨᠳᠤᠬᠢ᠂ ᠤᠯᠠᠨ ᠤᠯᠤᠰ ᠤᠨ ᠵᠤᠬᠢᠶᠠᠨ ᠪᠠᠶᠢᠭᠤᠯᠤᠯᠳᠠ᠂ ᠬᠤᠳᠠᠯᠳᠤᠭᠠᠨ ᠤ ᠨᠡᠶᠢᠭᠡᠮᠯᠢᠭ ᠵᠢᠴᠢ ᠠᠵᠤ ᠠᠬᠤᠢᠢᠯᠠᠯ ᠤᠨ ᠬᠤᠭᠤᠷᠤᠨᠳᠤᠬᠢ ᠤᠯᠠᠨ ᠡᠰᠢᠵᠢᠭᠰᠡᠨ ᠬᠠᠨᠢᠳᠠᠨ ᠤ ᠬᠠᠷᠢᠯᠴᠠᠭ᠎ᠠ ᠶᠢ ᠪᠠᠶᠢᠭᠤᠯᠤᠨ ᠬᠦᠭᠵᠢᠬᠦᠯᠵᠤ᠂ ᠪᠦᠬᠦ ᠪᠦᠮᠪᠦᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠬᠤᠯᠪᠤᠭ᠎ᠠ ᠶᠢ ᠵᠤᠬᠢᠶᠠᠨ ᠪᠠᠶᠢᠭᠤᠯᠬᠤ ᠶᠢ ᠲᠠᠮᠵᠢᠨ᠂ ᠨᠡᠩ ᠤᠯᠠᠨ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭᠠᠨ ᠤ ᠦᠷ᠎ᠡ ᠪᠦᠳᠦᠭᠡᠯ ᠢ ᠲᠠᠰᠤᠷᠠᠯᠳᠠ ᠦᠭᠡᠢ ᠪᠦᠷᠢᠯᠳᠦᠬᠦᠯᠵᠤ᠂ ᠡᠯ᠎ᠡ ᠤᠯᠤᠰ ᠤᠨ ᠠᠷᠠᠳ ᠲᠦᠮᠡᠨ ᠳᠤ ᠦᠢᠯᠡᠴᠢᠯᠡᠭᠡᠨ ᠤ ᠠᠷᠠᠯᠵᠢᠶᠠᠨ ᠤ ᠨᠡᠮᠡᠭᠳᠡᠯ ᠤᠨ ᠦᠷ᠎ᠡ ᠪᠦᠳᠦᠭᠡᠯ ᠢ ᠬᠠᠮᠳᠤ ᠪᠠᠷ ᠡᠳ᠋ᠯᠡᠬᠦᠯᠬᠦ ᠪᠤᠯᠤᠨ᠎ᠡ ᠭᠡᠪᠡ᠃    ᠰᠢ ᠶᠢᠨ ᠫᠢᠩ᠂ ᠪᠡᠭᠡᠵᠢᠩ ᠤᠨ ᠲᠤᠮᠳᠠᠳᠤ ᠤᠯᠤᠰ ᠤᠨ ᠦᠢᠯᠡᠴᠢᠯᠡᠭᠡᠨ ᠤ ᠦᠢᠯᠡᠰ ᠤᠨ ᠨᠡᠭᠡᠭᠡᠯᠳᠠ ᠲᠤᠮᠳᠠᠬᠢ ᠬᠦᠳᠤᠯᠤᠨ ᠲᠠᠭᠠᠭᠤᠯᠬᠤ ᠦᠢᠯᠡᠳᠤᠯ ᠢ ᠨᠡᠩ ᠰᠠᠶᠢᠨ ᠪᠠᠳᠠᠷᠠᠭᠤᠯᠬᠤ ᠶᠢᠨ ᠲᠦᠯᠦᠭᠡ᠂ ᠪᠢᠳᠠ ᠪᠡᠭᠡᠵᠢᠩ ᠤᠨ ᠤᠯᠤᠰ ᠤᠨ ᠦᠢᠯᠡᠴᠢᠯᠡᠭᠡᠨ ᠤ ᠦᠢᠯᠡᠰ ᠤᠨ ᠨᠡᠭᠡᠭᠡᠯᠳᠠ ᠶᠢ ᠦᠷᠭᠡᠳᠭᠡᠭᠦ ᠵᠢᠱᠢᠶ᠎ᠡ ᠦᠵᠡᠬᠦᠯᠬᠦ ᠤᠷᠤᠨ ᠪᠠᠶᠢᠭᠤᠯᠵᠤ᠂ ᠤᠷᠢᠳ ᠢᠶᠠᠷ ᠭᠡᠷᠡᠭᠵᠢᠬᠦᠯᠬᠦ ᠤᠷᠢᠳ ᠢᠶᠠᠷ ᠲᠤᠷᠰᠢᠬᠤ ᠡᠷᠴᠢᠮ ᠢᠶᠠᠨ ᠴᠢᠩᠭᠠᠷᠠᠭᠤᠯᠤᠨ᠂ ᠨᠡᠩ ᠤᠯᠠᠨ ᠬᠠᠭᠤᠯᠪᠤᠷᠢᠯᠠᠨ ᠲᠡᠯᠭᠡᠷᠡᠬᠦᠯᠵᠤ ᠪᠤᠯᠬᠤ ᠲᠤᠷᠰᠢᠯᠭ᠎ᠠ ᠶᠢ ᠬᠠᠶᠢᠨ ᠰᠦᠪᠡᠭᠴᠢᠯᠡᠬᠦ ᠶᠢ ᠲᠡᠮᠵᠢᠨ᠎ᠡ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ᠂ ᠦᠢᠯᠡᠴᠢᠯᠡᠭᠡᠨ ᠤ ᠦᠢᠯᠡᠰ ᠤᠨ ᠨᠡᠭᠡᠭᠡᠯᠳᠠ᠂ ᠲᠤᠭᠠᠴᠢᠯᠠᠬᠰᠡᠨ ᠠᠵᠤ ᠠᠬᠤᠢ ᠪᠠᠷ ᠭᠤᠤᠯ ᠤᠨᠴᠠᠯᠢᠭ ᠪᠤᠯᠭᠠᠬᠰᠡᠨ ᠴᠢᠯᠦᠭᠡᠳᠤ ᠠᠷᠠᠯᠵᠢᠶᠠᠨ ᠤ ᠲᠤᠷᠰᠢᠯᠳᠠ ᠶᠢᠨ ᠤᠷᠤᠨ ᠢ ᠪᠠᠶᠢᠭᠤᠯᠵᠤ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠦᠭᠵᠢᠬᠦ ᠶᠢᠨ ᠦᠨᠳᠤᠷ ᠲᠦᠪᠰᠢᠨ ᠪᠦᠬᠦᠢ ᠨᠡᠭᠡᠭᠡᠯᠳᠠ ᠶᠢᠨ ᠲᠠᠪᠴᠠᠩ ᠢ ᠪᠠᠶᠢᠭᠤᠯᠤᠨ᠂ ᠨᠡᠩ ᠦᠨᠳᠤᠷ ᠲᠡᠰ ᠲᠠᠪᠬᠤᠷᠭ᠎ᠠ ᠶᠢᠨ ᠦᠭᠡᠷᠡᠴᠢᠯᠡᠯᠳᠠ ᠨᠡᠭᠡᠭᠡᠯᠳᠠ ᠶᠢᠨ ᠰᠢᠨ᠎ᠡ ᠪᠠᠶᠢᠷᠢᠰᠢᠯ ᠢ ᠪᠦᠷᠢᠯᠳᠦᠬᠦᠯᠬᠦ ᠶᠢ ᠲᠡᠮᠵᠢᠨ᠎ᠡ ᠭᠡᠵᠤ ᠵᠢᠭᠠᠵᠤ ᠭᠠᠷᠭᠠᠪᠠ᠃    ᠰᠢ ᠶᠢᠨ ᠫᠢᠩ ᠬᠠᠮᠤᠭ ᠤᠨ ᠰᠡᠬᠦᠯ ᠳᠤ᠂ ᠭᠡᠨᠡᠳᠳᠠ ᠡᠬᠦᠰᠦᠭᠰᠡᠨ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ᠂ ᠭᠡᠰᠡᠭ ᠬᠤᠭᠤᠴᠠᠭᠠᠨ ᠳᠤ ᠪᠢᠳᠠᠨ ᠤ ᠠᠭᠤᠯᠵᠠᠨ ᠴᠤᠬᠯᠠᠷᠠᠬᠤ ᠶᠢ ᠬᠠᠷᠰᠢᠯᠠᠭᠰᠠᠠ ᠪᠤᠯᠪᠠᠴᠤ ᠦᠢᠯᠡᠴᠢᠯᠡᠭᠡᠨ ᠤ ᠠᠷᠠᠯᠵᠢᠶᠠᠨ ᠤ ᠬᠦᠭᠵᠢᠯᠳᠠ ᠶᠢᠨ ᠠᠯᠬᠤᠭ᠎ᠠ ᠶᠢ ᠬᠤᠷᠢᠬᠯᠠᠵᠤ ᠴᠢᠳᠠᠬᠤ ᠦᠭᠡᠢ᠂ ᠪᠢᠳᠠᠨ ᠤ ᠭᠠᠷ ᠬᠤᠯᠪᠤᠨ ᠬᠠᠮᠳᠤ‌‍ᠪᠠᠷ ᠤᠷᠤᠬᠰᠢᠯᠠᠬᠤ᠂ ᠬᠠᠮᠳᠤᠷᠠᠯᠴᠠᠵᠤ ᠬᠠᠮᠳᠤ ᠪᠠᠷ ᠠᠰᠢᠭ ᠬᠦᠷᠳᠡᠬᠦ ᠢᠳᠡᠭᠡᠯ ᠵᠤᠷᠢᠭ ᠪᠤᠯᠤᠨ ᠠᠵᠢᠯᠯᠠᠭ᠎ᠠ ᠶᠢ ᠵᠤᠭᠰᠤᠭᠠᠵᠤ ᠴᠢᠳᠠᠬᠤ ᠦᠭᠡᠢ ᠶᠤᠮ︕ ᠪᠢᠳᠠ ᠰᠡᠳᠬᠢᠯ ᠨᠢᠭᠡᠳᠤᠨ ᠬᠦᠴᠤ ᠪᠠᠨ ᠬᠠᠮᠳᠤᠳᠬᠠᠵᠤ᠂ ᠭᠠᠷ ᠬᠤᠯᠪᠤᠨ ᠤᠷᠤᠬᠰᠢᠯᠠᠵᠤ᠂ ᠡᠷᠡᠰ ᠪᠠᠳᠤ ᠠᠯᠬᠤᠭ᠎ᠠ ᠪᠠᠷ ᠬᠦᠮᠦᠨ ᠲᠦᠷᠦᠯᠬᠢᠳᠠᠨ ᠤ ᠲᠡᠤᠭᠡᠨ ᠲᠡᠭᠡᠷᠡᠬᠢ ᠡᠨᠡ ᠬᠦ ᠭᠡᠰᠡᠭ ᠬᠠᠳᠠᠭᠤ ᠪᠡᠷᠭᠡ ᠴᠠᠭ ᠦᠶ᠎ᠡ ᠶᠢ ᠲᠤᠭᠤᠯᠵᠤ᠂ ᠲᠡᠯᠡᠭᠡᠢ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠳᠤ ᠪᠠᠷ ᠤᠬᠳᠤᠶ᠎ᠡ ᠭᠡᠵᠤ ᠴᠢᠬᠤᠯᠠᠴᠢᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号