ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠬᠳᠠᠪᠠ
ᠨᠡᠶᠢᠲᠡᠯᠡᠭᠰᠡᠨ ᠴᠠᠭ᠄
2020/9/10
   ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ 8 ᠤ ᠦᠳᠡ ᠶᠢᠨ ᠡᠮᠦᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠬᠳᠠᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠯᠤᠰ ᠤᠨ ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ ᠠᠯᠳᠠᠷ ᠤᠨ ᠴᠤᠯᠠ ᠬᠦᠷᠳᠡᠭᠰᠡᠳ ᠲᠤ ᠭᠠᠪᠢᠶᠠᠨ ᠳᠡᠮᠳᠡᠭ ᠱᠠᠩᠨᠠᠯ ᠤᠨ ᠳᠡᠮᠳᠡᠭ ᠤᠯᠭᠤᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠢ᠃ ᠰᠢ ᠶᠢᠨ ᠫᠢᠩ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠡ ᠲᠡᠮᠡᠴᠡᠯ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠠ ᠪᠦᠳᠦᠭᠡᠯ ᠤᠯᠤᠭᠰᠠᠨ ᠨᠢ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠪᠤᠯᠤᠨ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠳᠠᠪᠠᠭᠤᠯᠢᠬ ᠢ ᠬᠦᠢᠴᠡᠳ ᠬᠠᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠬᠦᠴᠦᠨ ᠴᠢᠳᠠᠯ ᠢ ᠬᠦᠢᠴᠡᠳ ᠬᠠᠷᠠᠭᠤᠯᠵᠤ᠂ ᠳᠤᠮᠳᠠᠳᠤ ᠶᠢᠨ ᠪᠤᠯᠪᠠᠰᠤᠨ ᠤ ᠬᠦᠨ ᠵᠤᠵᠠᠭᠠᠨ ᠲᠤᠲᠤᠭᠠᠲᠦ ᠠᠭᠤᠯᠬᠤᠨ ᠢ ᠬᠦᠢᠴᠡᠳ ᠬᠠᠷᠠᠭᠤᠯᠵᠤ᠂ ᠳᠤᠮᠳᠠᠳᠤ ᠤᠯᠤᠰ ᠤᠨ ᠬᠠᠷᠢᠭᠤᠴᠠᠯᠭ᠎ᠠ ᠲᠠᠢ ᠲᠤᠮᠤ ᠤᠯᠤᠰ ᠤᠨ ᠤᠬᠠᠮᠰᠠᠷᠲᠦ ᠬᠠᠷᠢᠭᠤᠴᠠᠯᠭ᠎ᠠ ᠡᠬᠦᠷᠭᠡᠯᠡᠯ ᠢ ᠬᠦᠢᠴᠡᠳ ᠬᠠᠷᠠᠭᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠢᠳᠡᠭᠡᠯ ᠪᠠ ᠤᠮᠤᠬᠰᠢᠯᠳᠦ ᠰᠡᠳᠬᠢᠯᠭᠡ᠂ ᠨᠢᠬᠳᠠᠷᠠᠯ ᠤᠨ ᠬᠦᠴᠦ ᠪᠠ ᠲᠦᠪᠯᠡᠷᠡᠯ ᠤᠨ ᠬᠦᠴᠦ ᠶᠢ ᠲᠦᠢᠯ ᠤᠨ ᠶᠡᠭᠡ ᠪᠠᠷ ᠨᠡᠮᠡᠭᠳᠡᠬᠦᠯᠪᠡ᠂ ᠡᠨᠡ ᠨᠢ ᠯᠠᠪᠳᠠᠢ ᠪᠢᠳᠠᠨ ᠢ ᠰᠢᠨ᠎ᠠ ᠴᠠᠭ ᠦᠶ᠎ᠠ ᠶᠢᠨ ᠰᠢᠨ᠎ᠠ ᠠᠶᠠᠨ ᠳᠠᠭᠠᠨ ᠬᠠᠷᠰᠢ ᠰᠠᠭᠠᠳ ᠢ ᠢᠯᠠᠨ ᠳᠠᠪᠠᠵᠦ᠂ ᠡᠷᠡᠮᠡᠭᠡᠶᠢᠯᠡᠨ ᠤᠷᠤᠬᠰᠢᠯᠠᠬᠤ ᠶᠢ ᠵᠤᠷᠢᠬᠵᠢᠭᠤᠯᠬᠤ ᠶᠤᠮ ᠭᠡᠵᠦ ᠴᠢᠬᠤᠯᠠᠴᠢᠯᠠᠪᠠ᠃  
   ᠰᠢ ᠶᠢᠨ ᠫᠢᠩ᠂ ᠬᠢᠵᠢᠭ ᠲᠠᠢ ᠲᠡᠮᠡᠴᠡᠭᠰᠡᠨ ᠠᠭᠤᠤ ᠶᠡᠭᠡ ᠵᠤᠷᠢᠭ ᠰᠠᠨᠠᠭ᠎ᠠ ᠨᠢ ᠳᠤᠮᠳᠠᠳᠤ ᠶᠢᠨ ᠦᠨᠳᠦᠰᠦᠳᠡᠨ ᠤ ᠤᠷᠳᠤ ᠬᠤᠭᠤᠴᠠᠭᠠᠨ ᠳᠤ ᠪᠦᠷᠢᠯᠳᠦᠭᠰᠡᠨ ᠤᠨᠴᠠᠭᠠᠢ ᠲᠦᠷᠦᠯᠬᠢ ᠠᠪᠢᠶᠠᠰ ᠪᠤᠯᠤᠨ ᠰᠤᠶᠤᠯ ᠤᠨ ᠤᠳᠤᠮᠰᠢᠯ ᠯᠤᠭ᠎ᠠ ᠤᠳᠤᠮ ᠤᠬᠰᠠᠭ᠎ᠠ ᠨᠢᠭᠡᠳᠠᠢ ᠪᠠᠶᠢᠵᠤ᠂ ᠤᠯᠤᠰ ᠢᠶᠠᠨ ᠬᠠᠶᠢᠷᠠᠯᠠᠬᠤ ᠦᠵᠡᠯ᠂ ᠬᠠᠮᠳᠤᠴᠢ ᠦᠵᠡᠯ ᠂ ᠨᠡᠶᠢᠭᠡᠮ ᠵᠢᠷᠤᠮ ᠤᠨ ᠵᠤᠷᠢᠭ ᠰᠠᠨᠠᠭᠠᠨ ᠤ ᠤᠯᠠᠮᠵᠢᠯᠠᠯ ᠪᠠ ᠬᠦᠭᠵᠢᠬᠦᠯᠦᠯᠳᠠ ᠮᠦᠨ᠂ ᠳᠤᠮᠳᠠᠳᠤ ᠤᠯᠤᠰ ᠤᠨ ᠵᠤᠷᠢᠭ ᠰᠠᠨᠠᠭᠠᠨ ᠤ ᠠᠮᠢᠳᠤᠯᠢᠭ ᠲᠠᠶᠢᠯᠪᠤᠷᠢᠯᠠᠯ ᠮᠦᠨ᠂ ᠡᠨᠡ ᠨᠢ ᠦᠨᠳᠦᠰᠦᠳᠡᠨ ᠤ ᠵᠤᠷᠢᠭ ᠰᠠᠨᠠᠭ᠎ᠠ ᠪᠤᠯᠤᠨ ᠴᠠᠭ ᠦᠶ᠎ᠠ ᠶᠢᠨ ᠵᠤᠷᠢᠭ ᠰᠠᠨᠠᠭᠠᠨ ᠤ ᠳᠤᠳᠤᠭᠠᠳᠦ ᠠᠭᠤᠯᠬᠤᠨ ᠢ ᠡᠯᠪᠡᠭᠵᠢᠬᠦᠯᠵᠡᠢ᠃ ᠪᠢᠳᠠ ᠪᠦᠬᠦ ᠨᠡᠶᠢᠭᠡᠮ ᠳᠤ ᠬᠢᠵᠢᠭ ᠲᠠᠢ ᠲᠡᠮᠡᠴᠡᠭᠰᠡᠨ ᠠᠭᠤᠤ ᠶᠡᠭᠡ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠦ᠂ ᠡᠬᠦᠨ ᠢ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠬᠦᠴᠦᠷᠭᠡᠭ ᠶᠡᠭᠡ ᠬᠦᠴᠦᠨ ᠴᠢᠳᠠᠯ ᠪᠤᠯᠭᠠᠨ ᠬᠤᠪᠢᠷᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃    ᠯᠢ ᠺᠧ ᠴᠢᠶᠠᠩ ᠶᠡᠭᠡ ᠬᠤᠷᠠᠯ ᠢ ᠡᠷᠬᠢᠯᠡᠵᠦ᠂ ᠯᠢ ᠵᠠᠨ ᠱᠤ᠋ ᠲᠡᠷᠢᠬᠦᠯᠡᠭᠴᠢ ᠶᠢᠨ ᠵᠠᠷᠯᠢᠭ ᠢ ᠤᠩᠰᠢᠨ ᠨᠡᠶᠢᠳᠡᠯᠡᠵᠦ᠂ ᠸᠠᠩ ᠬᠤ᠋ ᠨᠢᠩ ᠬᠦᠬᠢᠬᠦᠯᠦᠨ ᠰᠠᠶᠢᠰᠢᠶᠠᠬᠤ ᠲᠤᠭᠳᠠᠭᠠᠯ ᠢ ᠤᠩᠰᠢᠨ ᠨᠡᠶᠢᠳᠡᠯᠡᠪᠡ᠂ ᠸᠠᠩ ᠶᠠᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠬᠤᠷᠠᠯ ᠳᠤ ᠤᠷᠤᠯᠴᠠᠵᠠᠢ᠃    8 ᠴᠠᠭ 35 ᠮᠢᠨᠦ᠋ᠲ ᠲᠤ᠂ ᠤᠯᠤᠰ ᠤᠨ ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ ᠠᠯᠳᠠᠷ ᠤᠨ ᠴᠤᠯᠠ ᠬᠦᠷᠳᠡᠭᠰᠡᠳ ᠬᠠᠮᠳᠤ ᠪᠠᠷ ᠶᠤᠰᠤᠯᠠᠯ ᠤᠨ ᠮᠠᠰᠢᠨ ᠳᠡᠷᠭᠡᠨ ᠳᠤ ᠰᠠᠭᠤᠵᠦ᠂ ᠲᠦᠷᠦ ᠶᠢᠨ ᠶᠤᠰᠤᠯᠠᠯ ᠤᠨ ᠬᠠᠮᠠᠭᠠᠯᠠᠯᠳᠠ ᠶᠢᠨ ᠠᠩᠬᠢ ᠶᠢᠨ ᠬᠠᠮᠠᠭᠠᠯᠠᠯᠳᠠ ᠲᠠᠢ ᠪᠠᠷ ᠠᠷᠠᠳ ᠤᠨ ᠶᠡᠭᠡ ᠬᠤᠷᠠᠯ ᠤᠨ ᠲᠠᠩᠬᠢᠮ ᠵᠦᠭ ᠮᠤᠷᠳᠠᠪᠠ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠳᠦ ᠡᠬᠦᠳᠡᠨ ᠤ ᠭᠠᠳᠠᠨ᠎ᠠ᠂ ᠤᠯᠠᠭᠠᠨ ᠲᠤᠭ ᠢ ᠦᠨᠳᠦᠷ ᠡᠷᠬᠦᠭᠰᠡᠨ ᠶᠤᠰᠤᠯᠠᠯ ᠤᠨ ᠴᠡᠷᠢᠭ ᠵᠠᠮ ᠤᠨ ᠬᠤᠶᠠᠷ ᠲᠠᠯ᠎ᠠ ᠳᠤ ᠵᠢᠭᠰᠠᠨ ᠵᠤᠬᠰᠤᠵᠦ᠂ ᠫᠤᠤ ᠮᠦᠷᠦᠯᠡᠭᠰᠡᠨ ᠶᠤᠰᠤᠯᠠᠯ ᠤᠨ ᠴᠡᠷᠢᠭ ᠢᠨᠳᠡᠷ ᠳᠡᠭᠡᠷ᠎ᠠ ᠲᠦᠪ ᠰᠦᠷᠯᠢᠭ ᠵᠤᠬᠰᠤᠵᠦ᠂ ᠵᠠᠯᠠᠭᠤᠴᠤᠳ ᠪᠠᠭᠠᠴᠤᠳ ᠤᠷᠠᠢ ᠬᠠᠰᠬᠢᠷᠤᠯᠳᠤᠨ ᠬᠦᠨᠳᠦᠳᠭᠡᠯ ᠲᠡᠪᠰᠢᠬᠦᠯᠦᠨ᠎ᠠ᠃ ᠤᠯᠤᠰ ᠤᠨ ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ ᠠᠯᠳᠠᠷ ᠤᠨ ᠴᠤᠯᠠ ᠬᠦᠷᠳᠡᠭᠰᠡᠳ ᠤᠯᠠᠭᠠᠨ ᠬᠡᠪᠢᠰ ᠲᠡᠪᠢᠰᠦᠭᠰᠡᠨ ᠢᠨᠳᠡᠷ ᠢᠶᠠᠷ ᠠᠯᠬᠤᠨ ᠭᠠᠷᠴᠦ᠂ ᠠᠷᠠᠳ ᠤᠨ ᠶᠡᠭᠡ ᠬᠤᠷᠠᠯ ᠤᠨ ᠲᠠᠩᠬᠢᠮ ᠳᠤ ᠤᠷᠤᠵᠠᠭᠠᠪᠠ᠃ ᠠᠳᠡ ᠨᠠᠮ ᠪᠤᠯᠤᠨ ᠤᠯᠤᠰ ᠤᠨ ᠭᠠᠪᠢᠶ᠎ᠠ ᠢᠷᠠᠭᠤ ᠠᠯᠳᠠᠷ ᠤᠨ ᠬᠦᠬᠢᠬᠦᠯᠦᠨ ᠰᠠᠶᠢᠰᠢᠶᠠᠬᠤ ᠠᠵᠢᠯ ᠤᠨ ᠵᠦᠪᠯᠡᠯ ᠤᠨ ᠤᠳᠤᠷᠢᠳᠬᠤ ᠨᠦᠬᠦᠳ ᠬᠠᠮᠳᠤ ᠪᠠᠷ ᠲᠡᠲᠡᠨ ᠢ ᠪᠠᠶᠠᠷᠯᠠᠨ ᠤᠬᠳᠤᠵᠠᠢ᠃    ᠠᠷᠠᠳ ᠤᠨ ᠶᠡᠭᠡ ᠬᠤᠷᠠᠯ ᠤᠨ ᠲᠠᠩᠬᠢᠮ ᠤᠨ ᠶᠤᠰᠤᠯᠠᠯ ᠤᠨ ᠲᠠᠩᠬᠢᠮ ᠳᠤ ᠠᠭᠤᠷ ᠠᠮᠢᠰᠬᠤᠯ ᠲᠦᠪ ᠬᠢᠴᠢᠶᠡᠩᠬᠦᠢ ᠪᠦᠭᠡᠳ ᠪᠠᠶᠠᠷ ᠪᠠᠶᠠᠰᠤᠯ ᠲᠠᠢ ᠪᠠᠶᠢᠯ᠎ᠠ᠃ ᠲᠡᠷᠢᠬᠦᠯᠡᠭᠴᠢ ᠶᠢᠨ ᠲᠠᠶᠢᠰᠤᠨ ᠤ ᠳᠡᠭᠡᠷ᠎ᠠ ᠳᠡᠯ᠎ᠠ ᠳᠤ ︽ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ︾ ᠭᠡᠬᠦ ᠪᠢᠴᠢᠭᠡᠰᠦ ᠶᠢ ᠡᠯᠬᠦᠵᠦ᠂ ᠠᠷᠤ ᠬᠦᠰᠢᠭᠡ ᠶᠢᠨ ᠭᠤᠤᠯ ᠳᠤᠮᠳᠠ ᠳᠤ ᠭᠡᠷᠡᠯ ᠰᠠᠴᠤᠷᠠᠭᠰᠠᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠠ ᠶᠢ ᠡᠯᠬᠦᠵᠤ᠂ 10 ᠤᠯᠠᠭᠠᠨ ᠲᠤᠭ ᠢ ᠬᠤᠶᠠᠷ ᠲᠠᠯ᠎ᠠ ᠳᠤᠨᠢ ᠵᠢᠭᠰᠠᠭᠠᠪᠠ᠃ ᠬᠤᠶᠠᠳᠤᠭᠠᠷ ᠲᠠᠪᠬᠤᠷᠯᠢᠭ ᠤᠨ ᠡᠮᠦᠨ᠎ᠠ ᠲᠠᠪᠴᠠᠩ ᠳᠡᠭᠡᠷ᠎ᠠ ᠄ ︽ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠦ᠂ ᠬᠢᠵᠢᠭ ᠲᠠᠢ ᠲᠡᠮᠡᠴᠡᠭᠰᠡᠨ ᠠᠭᠤᠤ ᠶᠡᠭᠡ ᠵᠤᠷᠢᠭ ᠰᠠᠨᠠᠭ᠎ᠠ ᠶᠢ ᠪᠠᠳᠠᠷᠠᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠬᠢᠵᠦ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠰᠤᠭᠠᠢ︕︾ ᠭᠡᠬᠦ ᠤᠷᠢᠶ᠎ᠠ ᠪᠢᠴᠢᠭᠡᠰᠦ ᠶᠢ ᠡᠯᠬᠦᠭᠰᠡᠨ ᠪᠠᠶᠢᠨ᠎ᠠ᠃    
   10 ᠴᠠᠭ ᠲᠤ ᠶᠡᠭᠡ ᠬᠤᠷᠠᠯ ᠡᠬᠢᠯᠡᠪᠡ᠃ ᠴᠢᠯᠦᠭᠡᠯᠡᠬᠦ ᠴᠡᠷᠢᠭ ᠤᠨ ᠴᠡᠷᠢᠭ ᠤᠨ ᠬᠦᠭᠵᠢᠮ ᠤᠨ ᠪᠦᠯᠬᠦᠮ ︽ᠵᠢᠷᠤᠮ ᠤᠨ ᠴᠡᠷᠢᠭ ᠤᠨ ᠤᠷᠤᠬᠰᠢᠯᠠᠯᠳᠠ ᠶᠢᠨ ᠳᠠᠭᠤᠤ︾ ᠶᠢ ᠬᠦᠭᠵᠢᠮᠳᠡᠵᠦ᠂ ᠲᠠᠯᠠᠪᠠᠢ ᠲᠠᠶᠠᠭᠠᠷ ᠢᠶᠠᠨ ᠪᠤᠰᠴᠦ ᠵᠤᠬᠰᠤᠨ ᠤᠯᠤᠰ ᠤᠨ ᠰᠦᠯᠳᠠ ᠳᠠᠭᠤᠤ ᠶᠢ ᠳᠠᠭᠤᠯᠠᠵᠠᠭᠠᠪᠠ᠃    ᠤᠯᠤᠰ ᠤᠨ ᠰᠦᠯᠳᠠ ᠳᠠᠭᠤᠤ ᠶᠢ ᠳᠠᠭᠤᠯᠠᠵᠦ ᠪᠠᠷᠠᠭᠠᠳ ᠪᠦᠬᠦ ᠬᠦᠮᠦᠰ ᠬᠢᠴᠢᠶᠡᠩᠬᠦ᠋ᠢᠯᠡᠨ ᠵᠤᠬᠰᠤᠵᠦ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠳᠤᠮᠳᠠ ᠡᠷᠡᠯᠭᠡᠭ ᠢᠶᠠᠷ ᠪᠡᠶ᠎ᠠ ᠦᠷᠡᠭᠳᠡᠭᠰᠡᠨ ᠪᠠᠭᠠᠳᠤᠷᠴᠤᠳ ᠪᠤᠯᠤᠨ ᠨᠠᠰᠤ ᠪᠠᠷᠠᠭᠰᠠᠨ ᠠᠬ᠎ᠠ ᠳᠡᠬᠦᠦ ᠨᠠᠷ ᠢ ᠨᠠᠮᠠᠨᠴᠢᠯᠠᠨ ᠭᠠᠰᠢᠭᠤᠲᠠᠪᠠ᠃    ᠯᠢ ᠵᠠᠨ ᠱᠦ ᠠᠴᠠ ᠰᠢ ᠶᠢᠨ ᠫᠢᠩ ᠤᠨ ᠭᠠᠷ ᠤᠨ ᠦᠰᠦᠭ ᠵᠢᠷᠤᠬᠰᠠᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠬᠦᠯᠡᠭᠴᠢ ᠶᠢᠨ ᠵᠠᠷᠯᠢᠭ ᠢ ᠤᠩᠰᠢᠨ ᠨᠡᠶᠢᠳᠡᠯᠡᠪᠡ᠃ ᠲᠡᠷᠢᠬᠦᠯᠡᠭᠴᠢ ᠶᠢᠨ ᠵᠠᠷᠯᠢᠭ ᠲᠤ᠂ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠬᠦ ᠲᠠᠮᠠᠴᠡᠯ ᠲᠤᠮᠳᠠ ᠭᠠᠷᠮᠠᠭᠠᠢ ᠬᠤᠪᠢ ᠨᠠᠮᠠᠷᠢ ᠦᠵᠡᠬᠦᠯᠦᠭᠰᠡᠨ ᠭᠠᠪᠢᠶᠠᠳᠦ ᠵᠢᠱᠢᠶᠡᠴᠢ ᠬᠦᠮᠦᠰ ᠢ ᠦᠪᠡᠳᠡᠭᠰᠢ ᠶᠡᠭᠡ ᠪᠠᠷ ᠬᠦᠬᠢᠬᠦᠯᠦᠨ ᠰᠠᠶᠢᠰᠢᠶᠠᠵᠦ᠂ ᠲᠠᠳᠠᠨ ᠤ ᠦᠨᠡᠨᠴᠢ ᠰᠢᠳᠤᠷᠭᠤ᠂ ᠬᠠᠷᠢᠭᠤᠴᠠᠯᠭ᠎ᠠ ᠡᠬᠦᠷᠭᠡᠯᠡᠯ ᠲᠠᠢ᠂ ᠬᠠᠷᠠᠮ ᠦᠭᠡᠢ ᠵᠤᠷᠢᠭᠤᠯᠬᠤ ᠡᠷᠬᠢᠮ ᠲᠠᠭᠡᠳᠤ ᠵᠠᠩ ᠴᠢᠨᠠᠷ ᠢ ᠪᠠᠳᠠᠷᠠᠭᠤᠯᠬᠤ ᠶᠢᠨ ᠲᠦᠯᠦᠭᠡ᠂ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠤᠨ ᠲᠤᠬᠳᠠᠭᠠᠯ ᠢ ᠦᠨᠳᠤᠰᠤᠯᠠᠵᠤ᠂ ᠵᠦᠩ ᠨᠠᠨ ᠱᠠᠨ ᠳᠤ ︽ᠪᠦᠬᠦᠳᠠ ᠨᠠᠶᠢᠷᠠᠮᠳᠠᠬᠤ ᠤᠯᠤᠰ ᠤᠨ ᠭᠠᠪᠢᠶᠠᠨ ᠲᠠᠮᠳᠡᠭ︾ ᠤᠯᠭᠤᠵᠤ᠂ ᠵᠠᠩ ᠪᠦᠸᠧ ᠯᠢ᠂ ᠵᠠᠩ ᠳ᠋ᠢᠩ ᠢᠦᠢ᠂ ᠴᠧᠨ ᠸᠧᠢ ᠳᠤ ︽ᠠᠷᠠᠳ ᠤᠨ ᠪᠠᠭᠠᠳᠤᠷ︾ ᠭᠡᠬᠦ ᠤᠯᠤᠰ ᠤᠨ ᠢᠷᠠᠭᠤ ᠠᠯᠳᠠᠷ ᠤᠨ ᠴᠤᠯᠠ ᠤᠯᠭᠤᠨ᠎ᠠ ᠭᠡᠵᠦ ᠵᠢᠭᠠᠵᠦ ᠭᠠᠷᠭᠠᠪᠠ᠃    4 ᠶᠤᠰᠤᠯᠠᠯ ᠤᠨ ᠴᠡᠷᠢᠭ ᠪᠦᠬᠦᠳᠠ ᠨᠠᠶᠢᠷᠠᠮᠳᠠᠬᠤ ᠤᠯᠤᠰ ᠤᠨ ᠭᠠᠪᠢᠶᠠᠨ ᠲᠠᠮᠳᠡᠭ᠂ ᠤᠯᠤᠰ ᠤᠨ ᠢᠷᠠᠭᠤ ᠠᠯᠳᠠᠷ ᠤᠨ ᠴᠤᠯᠠ ᠶᠢᠨ ᠱᠠᠩᠨᠠᠯ ᠤᠨ ᠳᠡᠮᠳᠡᠭ ᠢ ᠡᠷᠬᠦᠨ᠂ ᠢᠲᠡᠷᠡᠭᠦᠨ ᠵᠢᠪᠬᠤᠭᠠᠯᠢᠭ ᠠᠯᠬᠤᠭ᠎ᠠ ᠪᠠᠷ ᠶᠤᠰᠤᠯᠠᠯ ᠤᠨ ᠠᠬᠤᠢ ᠲᠠᠯᠠᠪᠠᠢ ᠳᠤ ᠠᠯᠬᠤᠨ ᠤᠷᠤᠪᠠ᠃    ︽ᠡᠭᠡ ᠤᠯᠤᠰ ᠤᠨ ᠪᠠᠭᠠᠳᠤᠷᠴᠤᠳ ᠲᠠᠭᠠᠨ ᠬᠦᠨᠳᠦᠳᠭᠡᠯ ᠲᠡᠪᠰᠢᠬᠦᠯᠦᠶ᠎ᠠ︾ ᠭᠡᠬᠦ ᠰᠦᠷ ᠵᠢᠪᠬᠤᠭᠠᠲᠦ ᠬᠦᠭᠵᠢᠮ ᠤᠨ ᠳᠤᠮᠳᠠ᠂ ᠰᠢ ᠶᠢᠨ ᠫᠢᠩ ᠤᠯᠤᠰ ᠤᠨ ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ ᠠᠯᠳᠠᠷ ᠤᠨ ᠴᠤᠯᠠ ᠬᠦᠷᠳᠡᠭᠰᠡᠳ ᠲᠤ ᠭᠠᠪᠢᠶᠠᠨ ᠳᠡᠮᠳᠡᠭ ᠱᠠᠩᠨᠠᠯ ᠤᠨ ᠳᠡᠮᠳᠡᠭ ᠢ ᠨᠢᠭᠡᠳ ᠨᠢᠭᠡ ᠪᠠᠷ ᠤᠯᠭᠤᠬᠤ ᠶᠢᠨ ᠬᠠᠮᠳᠦ ᠳᠡᠳᠡᠨ ᠲᠠᠢ ᠳᠤᠳᠤᠨᠤ ᠪᠠᠷ ᠭᠠᠷ ᠠᠳᠬᠤᠨ ᠪᠠᠶᠠᠷ ᠬᠦᠷᠭᠡᠪᠡ᠃ ᠳᠠᠷᠠᠭ᠎ᠠ ᠳᠤᠨᠢ᠂ ᠤᠯᠤᠰ ᠤᠨ ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ ᠠᠯᠳᠠᠷ‌‍ᠤᠨ ᠴᠤᠯᠠ ᠬᠦᠷᠳᠡᠭᠰᠡᠳ ᠤᠷᠢᠯᠭ᠎ᠠ ᠪᠠᠷ ᠲᠡᠷᠢᠬᠦᠯᠡᠭᠴᠢ ᠶᠢᠨ ᠲᠠᠶᠢᠰᠠᠨ᠎ᠠ ᠰᠠᠭᠠᠳᠠᠪᠠ᠃ ᠲᠠᠯᠠᠪᠠᠢ ᠲᠠᠶᠠᠭᠠᠷ ᠨᠢᠵᠢᠬᠢᠨᠡᠳᠡᠯ᠎ᠠ ᠠᠯᠠᠭ᠎ᠠ ᠲᠠᠰᠢᠯ᠎ᠠ᠃    ᠸᠠᠩ ᠬᠤ᠋ ᠨᠢᠩ ︽ᠪᠦᠬᠦ ᠤᠯᠤᠰ ᠤᠨ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠲᠡᠷᠢᠬᠦᠨ ᠤ ᠬᠤᠪᠢ ᠬᠦᠮᠦᠨ ᠪᠠ ᠲᠡᠷᠢᠬᠦᠨ ᠤ ᠬᠠᠮᠳᠤ ᠶᠢ ᠬᠦᠬᠢᠬᠦᠯᠤᠨ ᠰᠠᠶᠢᠰᠢᠶᠠᠬᠤ ᠲᠤᠬᠠᠢ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠤᠬᠳᠠᠭᠠᠯ︾᠂ ︽ᠪᠦᠬᠦ ᠤᠯᠤᠰ ᠤᠨ ᠰᠢᠯᠢᠳᠡᠭ ᠨᠠᠮ ᠤᠨ ᠭᠡᠰᠢᠬᠦᠨ ᠪᠤᠯᠤᠨ ᠪᠦᠬᠦ ᠤᠯᠤᠰ ᠤᠨ ᠲᠡᠷᠢᠬᠦᠨ ᠤ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠬᠦᠬᠢᠬᠦᠯᠤᠨ ᠰᠠᠶᠢᠰᠢᠶᠠᠬᠤ ᠲᠤᠬᠠᠢ ᠨᠠᠮ ᠤᠨ ᠲᠦᠪ ᠬᠤᠷᠢᠶᠠᠨ ᠤ ᠲᠤᠬᠳᠠᠭᠠᠯ︾ ᠢ ᠤᠡᠭᠰᠢᠨ ᠨᠠᠶᠢᠳᠡᠯᠡᠪᠠ᠃    ᠰᠢ ᠶᠢᠨ ᠫᠢᠩ ᠨᠠᠷ ᠬᠦᠬᠢᠬᠦᠯᠦᠨ ᠰᠠᠶᠢᠰᠢᠶᠠᠬᠳᠠᠬᠰᠡᠨ ᠲᠡᠷᠢᠬᠦᠨ ᠤ ᠬᠤᠪᠢ ᠬᠦᠮᠦᠨ ᠪᠠ ᠲᠠᠷᠢᠬᠦᠨ ᠤ ᠬᠠᠮᠳᠤ ᠶᠢᠨ ᠲᠦᠯᠦᠭᠡᠯᠡᠭᠴᠢᠳ ᠲᠤ ᠱᠠᠩᠨᠠᠯ ᠤᠯᠭᠤᠪᠠ᠃    ᠲᠠᠯᠠᠪᠠᠢ ᠲᠠᠶᠠᠭᠠᠷ ᠤᠨ ᠬᠠᠯᠠᠭᠤᠨ ᠠᠯᠠᠭ᠎ᠠ ᠲᠠᠰᠢᠯᠳᠠ ᠶᠢᠨ ᠲᠤᠮᠳᠠ ᠰᠢ ᠶᠢᠨ ᠫᠢᠩ ᠴᠢᠬᠤᠯᠠ ᠶᠠᠷᠢᠶ᠎ᠡ ᠲᠠᠯᠪᠢᠪᠠ ᠃ ᠲᠡᠷᠨ᠂ ᠦᠡᠭᠭᠡᠷᠡᠭᠰᠡᠨ 8 ᠰᠠᠷ᠎ᠡ ᠭᠠᠷᠤᠢ ᠶᠢᠨ ᠬᠤᠭᠤᠴᠠᠭᠠᠨ ᠳᠤ᠂ ᠮᠠᠨ ᠤ ᠨᠠᠮ ᠪᠦᠬᠦ ᠤᠯᠤᠰ ᠤᠨ ᠦᠨᠳᠤᠰᠤᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠤᠨ ᠳᠠᠭᠠᠭᠤᠯᠵᠦ᠂ ᠰᠡᠳᠬᠢᠯ ᠵᠢᠷᠦᠬᠡ ᠶᠢ ᠲᠤᠩᠰᠤᠯᠭᠠᠮ᠎ᠠ ᠬᠢᠵᠢᠭ ᠲᠠᠢ ᠲᠡᠮᠡᠴᠡᠭᠰᠡᠨ ᠲᠠᠶᠢᠯᠠᠯᠳᠤᠭᠠᠨ ᠬᠢᠵᠤ᠂ ᠲᠦᠢᠯ ᠤᠨ ᠬᠠᠳᠠᠭᠤᠵᠢᠯᠳᠠᠢ ᠲᠡᠤᠭᠡ ᠶᠢᠨ ᠶᠡᠭᠡ ᠰᠢᠯᠭᠠᠯᠳᠠ ᠶᠢ ᠦᠡᠭᠭᠡᠷᠡᠬᠦᠯᠤᠨ᠂ ᠨᠦᠷᠢ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠲᠡᠮᠡᠴᠡᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠭᠡᠯ ᠢ ᠤᠯᠵᠤ᠂ ᠬᠦᠮᠦᠨ ᠲᠦᠷᠦᠯᠬᠢᠳᠠᠨ ᠤ ᠡᠪᠡᠳᠴᠢᠨ ᠬᠢᠵᠢᠭ ᠲᠠᠢ ᠲᠡᠮᠡᠴᠡᠭᠰᠡᠨ ᠲᠡᠤᠬᠡᠨ ᠳᠠᠬᠢ ᠪᠠᠰᠠ ᠨᠢᠭᠡᠨ ᠡᠷᠡᠯᠭᠡᠭ ᠪᠠᠭᠠᠳᠤᠷᠯᠢᠭ ᠦᠢᠯᠡ ᠠᠵᠢᠯᠯᠠᠭ᠎ᠠ ᠶᠢ ᠪᠢᠴᠢᠭᠯᠡᠵᠠᠢ ᠭᠡᠵᠤ ᠵᠢᠭᠠᠵᠤ ᠭᠠᠷᠭᠠᠪᠠ᠃    ᠰᠢ ᠶᠢᠨ ᠫᠢᠩ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠤᠨ᠎ᠡ ᠠᠴᠠ ᠰᠠᠶᠢᠰᠢᠶᠠᠨ ᠬᠦᠬᠢᠬᠦᠯᠦᠭᠳᠡᠭᠰᠡᠨ ᠲᠡᠷᠢᠬᠦᠨ ᠤ ᠬᠤᠪᠢ ᠬᠦᠮᠦᠨ ᠪᠤᠯᠤᠨ ᠲᠡᠷᠢᠬᠦᠨ ᠤ ᠬᠠᠮᠳᠤ᠂ ᠡᠨᠡ ᠤᠳᠠᠭ᠎ᠠ ᠶᠢᠨ ᠬᠢᠵᠢᠭ ᠲᠠᠢ ᠲᠡᠮᠡᠴᠡᠬᠦ ᠲᠠᠮᠠᠴᠡᠯ ᠲᠤᠮᠳᠠ ᠴᠢᠬᠤᠯᠠ ᠬᠤᠪᠢ ᠨᠠᠮᠡᠷᠢ ᠦᠵᠡᠬᠦᠯᠦᠭᠰᠡᠨ ᠦᠷᠭᠡᠨ ᠤᠯᠠᠨ ᠡᠮᠴᠢᠯᠡᠭᠡᠨ ᠤ ᠠᠵᠢᠯᠳᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯᠳᠠᠨ᠂ ᠠᠷᠠᠳ ᠤᠨ ᠴᠢᠯᠦᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠬᠴᠢ᠂ ᠵᠠᠪᠰᠡᠭᠳᠤ ᠴᠠᠬᠳᠠᠭᠠᠨ ᠤ ᠴᠡᠷᠢᠭ ᠠᠩᠭᠢ ᠶᠢᠨ ᠲᠠᠷᠤᠭ᠎ᠠ ᠪᠠᠶᠢᠯᠳᠤᠬᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ᠂ ᠨᠡᠶᠢᠭᠡᠮ ᠲᠤᠭᠤᠷᠢᠭ ᠤᠨ ᠠᠵᠢᠯᠳᠠᠨ᠂ ᠲᠤᠳᠤᠭᠠᠳᠤ ᠶᠢ ᠬᠠᠮᠠᠭᠠᠯᠠᠬᠤ ᠠᠷᠠᠳ ᠤᠨ ᠴᠠᠬᠳᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠠᠵᠢᠯᠳᠠᠨ᠂ ᠰᠤᠨᠢᠨ ᠮᠡᠳᠡᠭᠡᠨ ᠤ ᠠᠵᠢᠯᠳᠠᠨ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠠᠵᠢᠯᠴᠢᠨ᠂ ᠢᠨᠵᠧᠨᠧᠷᠢᠩ ᠤᠨ ᠪᠦᠳᠦᠭᠡᠨ ᠪᠠᠶᠢᠭᠤᠯᠤᠬᠴᠢ᠂ ᠦᠨᠳᠤᠰᠤᠨ ᠱᠠᠳᠤᠨ ᠳᠤ ᠪᠠᠭᠤᠬᠰᠡᠨ ᠺᠠᠳ᠋ᠷ᠂ ᠰᠠᠶᠢᠨ ᠲᠤᠷᠠᠴᠤᠳ ᠵᠢᠴᠢ ᠦᠷᠭᠡᠨ ᠤᠯᠠᠨ ᠠᠷᠠᠳ ᠲᠦᠮᠡᠨ᠂ ᠡᠯ᠎ᠡ ᠱᠠᠳᠤᠨ ᠤ ᠨᠠᠮ ᠵᠠᠰᠠᠭ ᠤᠨ ᠪᠠᠶᠢᠭᠤᠯᠭ᠎ᠠ ᠪᠤᠯᠤᠨ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠦᠷᠭᠡᠨ ᠤᠯᠠᠨ ᠨᠡᠮ ᠤᠨ ᠭᠡᠰᠢᠬᠦᠨ᠂ ᠺᠠᠳ᠋ᠷ ᠲᠤ ᠡᠷᠭᠢᠮ ᠲᠡᠭᠡᠳᠤ ᠬᠦᠨᠳᠤᠳᠭᠡᠯ ᠢᠶᠠᠨ ᠲᠡᠪᠰᠢᠬᠦᠯᠪᠠ︕ ᠬᠢᠵᠢᠭ ᠲᠠᠢ ᠲᠡᠮᠡᠴᠡᠬᠦ ᠲᠡᠮᠡᠴᠡᠯ ᠳᠤ ᠢᠳᠡᠪᠬᠢᠯᠡᠨ ᠤᠷᠤᠯᠴᠠᠬᠰᠡᠨ ᠡᠯ᠎ᠡ ᠠᠷᠠᠳᠴᠢᠯᠡᠬᠰᠡᠨ ᠨᠠᠮ ᠪᠦᠯᠦᠭ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠪᠤᠯᠤᠨ ᠨᠠᠮ ᠪᠦᠯᠦᠭ ᠤᠨ ᠪᠤᠰᠤ ᠬᠦᠮᠦᠰ᠂ ᠡᠯ᠎ᠡ ᠠᠷᠠᠳ ᠤᠨ ᠪᠦᠯᠬᠦᠮ ᠵᠢᠴᠢ ᠨᠡᠶᠢᠭᠡᠮ ᠤᠨ ᠡᠯ᠎ᠡ ᠡᠳᠡᠭᠡᠳ᠂ ᠢᠳᠡᠪᠬᠢᠳᠠᠢ ᠲᠤᠰᠠᠯᠠᠮᠵᠢ ᠦᠵᠡᠬᠦᠯᠦᠭᠰᠡᠨ ᠰᠢᠶᠠᠩᠭᠠᠩ ᠤᠨ ᠠᠬ᠎ᠠ ᠲᠡᠬᠦᠤ ᠨᠠᠷ᠂ ᠤᠤᠮᠸᠠ ᠤ ᠠᠬ᠎ᠠ ᠲᠡᠬᠦᠤ ᠨᠠᠷ᠂ ᠲᠠᠶᠢᠸᠠᠨ ᠤ ᠠᠬ᠎ᠠ ᠲᠡᠬᠦᠤ ᠨᠠᠷ ᠵᠢᠴᠢ ᠭᠠᠳᠠᠭᠠᠳᠤ ᠳᠤ ᠰᠠᠭᠤᠭ᠎ᠠ ᠲᠤᠮᠳᠠᠳᠤ ᠶᠢᠨ ᠬᠠᠷᠢᠶᠠᠳᠤ ᠪᠠ ᠲᠤᠮᠳᠠᠳᠤᠴᠤᠳ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠪᠡ᠃    ᠰᠢ ᠶᠢᠨ ᠫᠢᠩ᠂ ᠲᠤᠮᠳᠠᠳᠤ ᠤᠯᠤᠰ ᠤᠨ ᠠᠷᠠᠳ ᠲᠦᠮᠡᠨ ᠤ ᠬᠢᠵᠢᠭ ᠲᠠᠢ ᠲᠡᠮᠡᠴᠠᠵᠤ ᠪᠠᠶᠢᠬᠰᠡᠨ ᠬᠤᠭᠤᠴᠠᠭᠠᠨ ᠳᠤ ᠮᠠᠰᠢ ᠤᠯᠠᠨ ᠤᠯᠤᠰ ᠤᠨ ᠤᠳᠤᠷᠢᠳᠬᠤ ᠬᠦᠮᠦᠰ᠂ ᠵᠠᠰᠠᠭ ᠤᠨ ᠤᠷᠳᠤᠨ᠂ ᠲᠦᠷᠦ ᠶᠢᠨ ᠨᠠᠮ᠂ ᠨᠡᠶᠢᠭᠡᠮ ᠤᠨ ᠪᠦᠯᠬᠦᠮ ᠵᠢᠴᠢ ᠲᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠬᠤᠯᠪᠤᠬᠳᠠᠯ ᠪᠦᠬᠦᠢ ᠵᠤᠬᠢᠶᠠᠨ ᠪᠠᠶᠢᠭᠤᠯᠤᠯᠳᠠ᠂ ᠬᠤᠯᠪᠤᠬᠳᠠᠯ ᠪᠦᠬᠦᠢ ᠭᠠᠵᠠᠷ ᠤᠷᠤᠨ ᠤ ᠵᠤᠬᠢᠶᠠᠨ ᠪᠠᠶᠢᠭᠤᠯᠤᠯᠳᠠ ᠪᠤᠯᠤᠨ ᠤᠯᠠᠨ ᠤᠯᠤᠰ ᠤᠨ ᠪᠠᠶᠢᠭᠤᠯᠤᠮᠵᠢ᠂ ᠭᠠᠳᠠᠭᠠᠳᠤ ᠶᠢᠨ ᠪᠡᠯᠡᠳᠦ ᠠᠵᠤ ᠠᠬᠤᠢᠢᠯᠠᠯ ᠵᠢᠴᠢ ᠤᠯᠠᠨ ᠤᠯᠤᠰ ᠤᠨ ᠨᠦᠬᠦᠷᠰᠡᠭ ᠬᠦᠮᠦᠰ ᠡᠯ᠎ᠡ ᠵᠦᠢᠯ ᠤᠨ ᠬᠡᠯᠪᠡᠷᠢ ᠪᠠᠷ ᠲᠤᠮᠳᠠᠳᠤ ᠤᠯᠤᠰ ᠤᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠤᠴᠢᠯᠡᠯ ᠢᠶᠠᠨ ᠲᠠᠪᠰᠢᠬᠦᠯᠵᠤ᠂ ᠡᠷᠬᠢᠮ ᠨᠠᠨᠳᠢᠨ ᠲᠠᠮᠵᠢᠯᠭᠡ ᠦᠵᠡᠬᠦᠯᠵᠠᠢ᠃ ᠪᠢ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠲᠤᠮᠳᠠᠳᠤ ᠤᠯᠤᠰ ᠤᠨ ᠠᠷᠠᠳ ᠲᠦᠮᠡᠨ ᠤ ᠡᠮᠤᠨ᠎ᠡ ᠠᠴᠠ ᠲᠡᠳᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠤ ᠪᠠᠶᠢᠨ᠎ᠡ ᠭᠡᠵᠤ ᠢᠯᠡᠳᠭᠡᠪᠡ᠃    ᠰᠢ ᠶᠢᠨ ᠫᠢᠩ᠂ ᠤᠳᠤᠬᠠᠨ ᠳᠤ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠮᠦᠨ ᠬᠦ ᠪᠦᠬᠦ ᠪᠦᠮᠪᠦᠷᠴᠡᠭ ᠲᠤ ᠦᠷᠪᠢᠰᠤᠨ ᠲᠡᠯᠭᠡᠷᠡᠵᠤ ᠪᠠᠶᠢᠨ᠎ᠡ᠂ ᠬᠢᠵᠢᠭ ᠤᠨ ᠪᠠᠶᠢᠳᠠᠯ ᠤᠨ ᠡᠯ᠎ᠡ ᠤᠯᠤᠰ ᠤᠨ ᠠᠷᠠᠳ ᠲᠦᠮᠡᠨ ᠳᠤ ᠤᠴᠠᠷᠠᠭᠤᠯᠤᠭᠰᠠᠨ ᠬᠦᠴᠢᠷ ᠵᠤᠪᠠᠭᠤᠷᠢ ᠶᠢ ᠲᠤᠮᠳᠠᠳᠤ ᠤᠯᠤᠰ ᠤᠨ ᠠᠷᠠᠳ ᠲᠦᠮᠡᠨ ᠪᠠᠶ᠎ᠡ ᠪᠠᠷ ᠢᠶᠠᠨ ᠦᠡᠭᠭᠡᠷᠡᠭᠦᠯᠦᠭᠰᠡᠨ ᠰᠢᠭ ᠤᠢᠢᠯᠠᠭᠠᠵᠤ ᠪᠠᠶᠢᠨ᠎ᠡ᠂ ᠬᠢᠵᠢᠭ ᠠᠴᠠ ᠪᠤᠯᠵᠤ ᠠᠮᠢ ᠨᠠᠰᠤ ᠪᠠᠨ ᠠᠯᠳᠠᠬᠰᠡᠨ ᠬᠦᠮᠦᠰ ᠢ ᠭᠦᠨ᠎ᠡ ᠡᠮᠭᠡᠨᠢᠨ ᠭᠠᠰᠢᠭᠤᠳᠠᠵᠤ ᠪᠠᠶᠢᠨ᠎ᠡ᠂ ᠴᠠᠭ ᠮᠦᠴᠠ ᠲᠠᠢ ᠤᠷᠤᠯᠳᠤᠨ ᠬᠢᠵᠢᠭ ᠲᠠᠢ ᠲᠡᠮᠡᠴᠡᠵᠤ᠂ ᠠᠮᠢ ᠨᠠᠰᠤ ᠶᠢ ᠠᠪᠤᠷᠠᠵᠤ ᠪᠠᠶᠢᠭ᠎ᠠ ᠬᠦᠮᠦᠰ ᠲᠤ ᠴᠢᠩ ᠰᠡᠳᠬᠢᠯ ᠠᠴᠠ ᠪᠠᠨ ᠬᠦᠨᠳᠦᠳᠭᠡᠯ ᠲᠠᠪᠰᠢᠬᠦᠯᠵᠤ ᠪᠠᠶᠢᠨ᠎ᠡ᠂ ᠵᠤᠯ ᠪᠤᠰᠤ ᠪᠠᠷ ᠸᠢᠷᠦ᠋ᠰ ᠲᠤ ᠬᠠᠯᠳᠠᠪᠤᠷᠢᠯᠠᠬᠳᠠᠨ ᠡᠮᠨᠡᠨ ᠵᠠᠰᠠᠭᠤᠯᠵᠤ ᠪᠠᠶᠢᠭ᠎ᠠ ᠬᠦᠮᠦᠰ ᠲᠤ ᠴᠢᠩ ᠰᠡᠳᠬᠢᠯ ᠤᠨ ᠵᠦᠡᠭᠨᠡᠯ ᠢᠶᠠᠨ ᠲᠠᠪᠰᠢᠬᠦᠯᠵᠤ ᠪᠠᠶᠢᠨ᠎ᠡ ᠭᠡᠵᠤ ᠢᠯᠡᠳᠭᠡᠪᠡ᠃    ᠰᠢ ᠶᠢᠨ ᠫᠢᠩ᠂ ᠡᠨᠡ ᠬᠦ ᠮᠦᠴᠡ ᠳᠤ ᠪᠢᠳᠠ ᠤᠨᠴᠠᠭᠠᠢᠢᠯᠡᠨ ᠬᠢᠵᠢᠭ ᠲᠠᠢ ᠲᠡᠮᠡᠴᠡᠬᠦ ᠲᠡᠮᠡᠴᠡᠯ ᠳᠤ ᠡᠷᠡᠯᠭᠡᠭ ᠪᠠᠭᠠᠳᠤᠷᠯᠢᠭ ᠢᠶᠠᠷ ᠠᠮᠢ ᠨᠠᠰᠤ ᠪᠠᠨ ᠵᠤᠷᠢᠭᠤᠯᠤᠬᠰᠡᠨ ᠦᠷᠡᠭᠳᠡᠭᠰᠡᠨ ᠪᠠᠭᠠᠳᠤᠷᠴᠤᠳ᠂ ᠬᠢᠵᠢᠭ ᠲᠤ ᠵᠤᠯ ᠪᠤᠰᠤ ᠪᠠᠷ ᠠᠳᠡᠭᠰᠡᠨ ᠠᠬ᠎ᠠ ᠲᠡᠬᠦᠤ ᠨᠠᠷ ᠢᠶᠠᠨ ᠬᠦᠨ᠎ᠡ ᠮᠦᠷᠦᠭᠡᠳᠴᠤ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠭᠡᠵᠤ ᠪᠠᠶᠢᠨ᠎ᠡ ᠭᠡᠵᠤ ᠢᠯᠡᠳᠭᠡᠪᠡ᠃    ᠰᠢ ᠶᠢᠨ ᠫᠢᠩ᠂ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠪᠤᠯ ᠵᠠᠭᠤᠨ ᠵᠢᠯ ᠤᠨ ᠲᠤᠷᠰᠢ ᠪᠦᠬᠦ ᠪᠦᠮᠪᠦᠷᠴᠡᠭ ᠲᠤ ᠡᠬᠦᠰᠦᠭᠰᠡᠨ ᠬᠠᠮᠤᠭ ᠤᠨ ᠬᠦᠨᠳᠤ ᠨᠤᠴᠢᠳᠠᠢ ᠬᠠᠯᠳᠠᠪᠤᠷᠢᠳᠤ ᠡᠪᠡᠳᠴᠢᠨ ᠤ ᠶᠡᠭᠡ ᠳᠠᠬᠤᠯ᠂ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ ᠠᠴᠠ ᠨᠠᠭᠠᠰᠢ ᠮᠠᠨ ᠤ ᠤᠯᠤᠰ ᠲᠤ ᠲᠤᠯᠭᠠᠷᠠᠬᠰᠡᠨ ᠬᠠᠯᠲᠠᠪᠤᠷᠢᠯᠠᠨ ᠲᠠᠷᠬᠠᠬᠤ ᠬᠤᠷᠳᠤᠴᠠ ᠪᠠᠷ ᠬᠠᠮᠤᠭ ᠤᠨ ᠲᠦᠷᠭᠡᠨ᠂ ᠬᠠᠯᠳᠠᠪᠤᠷᠢᠯᠠᠬᠤ ᠬᠡᠪᠴᠢᠶ᠎ᠡ ᠪᠠᠷ ᠬᠠᠮᠤᠭ ᠤᠨ ᠦᠷᠭᠡᠨ᠂ ᠰᠡᠷᠭᠡᠶᠢᠯᠡᠨ ᠡᠵᠡᠮᠳᠡᠬᠦ ᠬᠦᠴᠢᠷᠳᠡᠯ ᠢᠶᠠᠷ ᠬᠠᠮᠤᠭ ᠤᠨ ᠶᠡᠭᠡ ᠬᠦᠨᠳᠤ ᠶᠡᠭᠡ ᠭᠡᠨᠡᠳᠳᠠ ᠡᠭᠦᠰᠦᠭᠰᠡᠡ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠭᠡᠷᠡᠭ ᠪᠤᠯᠤᠨ᠎ᠡ᠃ ᠸᠢᠷᠦ᠋ᠰ ᠬᠡᠨᠡᠳᠳᠠ ᠲᠠᠭᠠᠷᠢᠨ ᠢᠷᠠᠬᠡᠳ ᠬᠢᠵᠢᠭ ᠤᠨ ᠪᠠᠶᠢᠳᠠᠯ ᠮᠠᠰᠢ ᠰᠦᠷᠡᠭᠡᠢ ᠪᠠᠶᠢᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠠᠶ᠎ᠡ ᠮᠠᠬᠠᠪᠤᠳ ᠤᠨ ᠡᠷᠡᠬᠦᠯ ᠮᠠᠨᠳᠤ ᠬᠦᠨᠳᠤ ᠰᠦᠷᠳᠡᠬᠦᠯᠤᠯ ᠳᠤ ᠲᠤᠯᠭᠠᠷᠠᠵᠠᠢ᠃ ᠪᠢᠳᠠ ᠠᠷᠠᠳ ᠲᠦᠮᠡᠨ ᠢ ᠲᠡᠭᠡᠳᠦᠯᠡᠬᠦ᠂ ᠠᠮᠢ ᠨᠠᠰᠤ ᠶᠢ ᠲᠡᠭᠡᠳᠦᠯᠡᠬᠦ ᠶᠢ ᠪᠠᠷᠢᠮᠳᠠᠯᠠᠨ᠂ ᠡᠷᠡᠰ ᠰᠢᠭᠤᠷᠬᠠᠢ ᠰᠦᠰᠤ ᠵᠤᠷᠢᠭ ᠪᠠ ᠰᠢᠨᠳᠠᠷᠠᠰᠢ ᠦᠭᠡᠢ ᠲᠡᠮᠡᠴᠡᠬᠦ ᠰᠢᠢᠳᠮᠡᠭ ᠵᠤᠷᠢᠭ ᠢᠶᠠᠷ ᠴᠠᠭ ᠮᠦᠴᠠ ᠲᠠᠢ ᠤᠷᠤᠯᠳᠤᠨ ᠬᠢᠵᠢᠭ ᠲᠠᠢ ᠲᠡᠮᠡᠴᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ᠂ ᠶᠡᠷᠤᠩᠭᠡᠢ ᠲᠠᠶᠢᠯᠠᠯᠳᠤᠭᠠᠨ᠂ ᠬᠤᠷᠢᠬᠯᠠᠯᠳᠠ ᠶᠢᠨ ᠲᠠᠶᠢᠯᠠᠯᠳᠤᠭᠠᠨ ᠢ ᠦᠳᠳᠡᠷ ᠲᠦᠷᠭᠡᠨ ᠡᠬᠢᠯᠡᠬᠦᠯᠵᠤ᠂ 1 ᠰᠠᠷ᠎ᠡ ᠭᠠᠷᠤᠢ ᠶᠢᠨ ᠬᠤᠭᠤᠴᠠᠭ᠎ᠠ ᠬᠡᠷᠡᠭᠰᠡᠨ ᠬᠢᠵᠢᠭ ᠤᠨ ᠪᠠᠶᠢᠳᠠᠯ ᠤᠨ ᠦᠷᠪᠢᠰᠤᠨ ᠲᠡᠯᠭᠡᠷᠡᠬᠦ ᠬᠠᠨᠳᠤᠰᠢ ᠶᠢ ᠠᠩᠬ᠎ᠠ ᠠᠯᠬᠤᠮ ᠬᠤᠷᠢᠬᠯᠠᠵᠤ᠂ 2 ᠰᠠᠷ᠎ᠡ ᠰᠢᠬᠠᠮ ᠤᠨ ᠬᠤᠭᠤᠴᠠᠭ᠎ᠠ ᠭᠡᠷᠡᠭᠰᠡᠨ ᠲᠤᠰ ᠭᠠᠵᠠᠷ ᠤᠷᠤᠨ ᠤ ᠡᠳᠤᠷ ᠪᠦᠷᠢ ᠰᠢᠨ᠎ᠡ ᠪᠠᠷ ᠨᠡᠮᠡᠭᠳᠡᠵᠤ ᠪᠠᠶᠢᠭ᠎ᠠ ᠡᠪᠡᠳᠴᠢᠨ ᠤ ᠵᠢᠱᠢᠶ᠎ᠡ ᠶᠢ ᠲᠠᠩ ᠤᠷᠤᠨᠳᠤ ᠲᠤᠭ᠎ᠠ‌‍ᠶᠢᠨ ᠲᠤᠳᠤᠷ᠎ᠡ ᠬᠢᠵᠠᠭᠠᠷᠯᠠᠨ᠂ 3 ᠰᠠᠷ᠎ᠡ ᠰᠢᠬᠠᠮ ᠤᠨ ᠬᠤᠭᠤᠴᠠᠭ᠎ᠠ ᠭᠡᠷᠡᠭᠰᠡᠨ ᠦᠬᠠᠨ ᠢ ᠬᠠᠮᠠᠭᠠᠯᠠᠬᠤ ᠲᠠᠶᠢᠯᠠᠯᠳᠤᠭᠠᠨ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ ᠤ ᠰᠢᠢᠳᠪᠤᠷᠢᠯᠡᠭᠦ ᠴᠢᠨᠠᠷᠳᠠᠢ ᠦᠷ᠎ᠡ ᠪᠦᠳᠦᠭᠡᠯ ᠢ ᠤᠯᠵᠤ᠂ ᠡᠬᠦᠨ ᠤ ᠤᠯᠠᠮ ᠢᠶᠠᠷ ᠵᠠᠯᠭᠠᠭ᠎ᠠ ᠪᠠᠷ ᠭᠡᠳᠤᠨ ᠲᠠᠯᠠᠪᠤᠷ ᠭᠡᠰᠡᠭ ᠭᠠᠵᠠᠷ ᠤᠷᠤᠨ ᠤ ᠴᠤᠬᠯᠠᠷᠠᠯ ᠤᠨ ᠴᠢᠨᠠᠷᠳᠠᠢ ᠬᠢᠵᠢᠭ ᠤᠨ ᠪᠠᠶᠢᠳᠠᠯ ᠢ ᠤᠰᠠᠳᠬᠠᠬᠤ ᠲᠠᠶᠢᠯᠠᠯᠳᠤᠭᠠᠨ ᠢ ᠬᠢᠵᠤ᠂ ᠪᠦᠬᠦ ᠤᠯᠤᠰ ᠤᠨ ᠬᠢᠵᠢᠭ ᠲᠠᠢ ᠲᠡᠮᠡᠴᠡᠬᠦ ᠲᠡᠮᠡᠴᠡᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠭᠡᠯ ᠢ ᠤᠯᠪᠠ᠃ ᠡᠨᠡ ᠬᠦ ᠰᠠᠭᠤᠷᠢᠨ ᠲᠡᠭᠡᠷ᠎ᠡ᠂ ᠪᠢᠳᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠵᠢᠯ ᠢ ᠨᠢᠭᠡᠳᠤᠯᠳᠠᠢ ᠲᠦᠯᠦᠪᠵᠢᠬᠦᠯᠤᠨ ᠠᠬᠢᠭᠤᠯᠵᠤ᠂ ᠦᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠢᠶᠠᠨ ᠱᠠᠯᠠᠪᠳᠠᠭᠤᠯᠤᠨ ᠰᠡᠷᠬᠦᠭᠡᠵᠤ᠂ ᠮᠡᠳᠡᠭᠳᠡᠮ᠎ᠡ ᠦᠷ᠎ᠡ ᠪᠦᠳᠦᠮᠵᠢ ᠤᠯᠪᠠ᠃ ᠲᠤᠮᠳᠠᠳᠤ ᠤᠯᠤᠰ ᠤᠨ ᠬᠢᠵᠢᠭ ᠲᠠᠢ ᠲᠡᠮᠡᠴᠡᠬᠦ ᠲᠡᠮᠡᠴᠡᠯ ᠨᠢ ᠲᠤᠮᠳᠠᠳᠤ ᠤᠯᠤᠰ ᠤᠨ ᠵᠤᠷᠢᠭ ᠰᠠᠨᠠᠭ᠎ᠠ᠂ ᠲᠤᠮᠳᠠᠳᠤ ᠤᠯᠤᠰ ᠤᠨ ᠬᠦᠴᠤᠨ ᠴᠢᠳᠠᠯ᠂ ᠲᠤᠮᠳᠠᠳᠤ ᠤᠯᠤᠰ ᠤᠨ ᠬᠠᠷᠢᠭᠤᠴᠠᠯᠭ᠎ᠠ ᠡᠬᠦᠷᠭᠡᠯᠡᠯ ᠢ ᠬᠦᠢᠴᠡᠳ ᠬᠠᠷᠠᠭᠤᠯᠵᠠᠢ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ ᠨᠠᠮ ᠤᠨ ᠲᠦᠪ ᠬᠤᠷᠢᠶ᠎ᠠ ᠠᠴᠠ ᠪᠦᠬᠦ ᠲᠠᠯ᠎ᠠ ᠶᠢ ᠵᠠᠬᠢᠷᠤᠨ ᠡᠵᠡᠮᠳᠡᠵᠤ᠂ ᠡᠷᠡᠰ ᠰᠢᠭᠤᠷᠬᠠᠢ ᠰᠢᠢᠳᠪᠤᠷᠢᠳᠤ ᠪᠤᠳᠤᠯᠭ᠎ᠠ ᠭᠠᠷᠭᠠᠨ ᠂ ᠶᠠᠷᠤ ᠪᠤᠰᠤ ᠶᠢᠨ ᠠᠵᠢᠯᠯᠠᠭ᠎ᠠ ᠪᠠᠷ ᠶᠠᠷᠤ ᠪᠤᠰᠤ ᠶᠢᠨ ᠶᠠᠪᠤᠳᠠᠯ ᠢ ᠠᠷᠭᠠᠴᠠᠭᠠᠪᠠ᠃ ᠨᠠᠮ ᠤᠨ ᠲᠦᠪ ᠬᠤᠷᠢᠶ᠎ᠠ ᠠᠴᠠ ᠠᠷᠠᠳ ᠲᠦᠮᠡᠨ ᠤ ᠠᠮᠢ ᠨᠠᠰᠤ ᠪᠤᠯᠤᠨ ᠪᠠᠶ᠎ᠠ ᠮᠠᠬᠠᠪᠤᠳ ᠤᠨ ᠡᠷᠡᠬᠦᠯ ᠮᠡᠨᠳᠤ ᠶᠢ ᠲᠡᠷᠢᠬᠦᠨ ᠳᠤ ᠲᠠᠯᠪᠢᠬᠤ ᠶᠢ ᠪᠠᠷᠢᠮᠲᠠᠯᠠᠨ᠂ ᠲᠠᠷᠦ᠋ᠢᠬᠠᠨ ᠲᠦᠪᠯᠡᠷᠡᠩᠬᠦᠢ ᠨᠢᠭᠡᠲᠦᠯᠲᠡᠢ ᠤᠳᠤᠷᠢᠳᠤᠯᠭ᠎ᠠ ᠶᠢ ᠭᠡᠷᠡᠭᠵᠢᠬᠦᠯᠵᠤ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶ᠎ᠠ ᠨᠡᠶᠢᠳᠡ 21 ᠤᠳᠠᠭ᠎ᠠ ᠬᠤᠷᠠᠯ ᠬᠤᠷᠠᠯᠳᠤᠭᠤᠯᠤᠨ ᠰᠢᠢᠳᠪᠤᠷᠢᠳᠤ ᠪᠤᠳᠤᠯᠭ᠎ᠠ ᠶᠢ ᠰᠤᠳᠤᠯᠵᠤ᠂ ᠨᠠᠮ ᠵᠠᠰᠠᠬ ᠴᠡᠷᠢᠭ ᠠᠷᠠᠳ ᠰᠤᠷᠤᠬᠴᠢ᠂ ᠵᠡᠬᠦᠨ ᠪᠠᠷᠠᠭᠤᠨ ᠡᠮᠤᠨ᠎ᠡ ᠤᠮᠠᠷ᠎ᠠ ᠳᠤᠮᠳᠠ ᠶᠢ ᠤᠲᠤᠷᠢᠳᠤᠨ ᠵᠤᠬᠢᠶᠠᠨ ᠪᠠᠶᠢᠭᠤᠯᠵᠤ ᠬᠠᠮᠳᠤᠷᠠᠬᠰᠠᠨ ᠲᠠᠶᠢᠯᠠᠯᠳᠤᠭᠠᠨ ᠬᠢᠪᠡ᠂ ᠢᠳᠡᠬᠡᠯ ᠵᠤᠷᠢᠬ ᠢᠶᠠᠨ ᠪᠠᠳᠤᠳᠬᠠᠬᠤ᠂ ᠵᠢᠷᠭᠠᠯ ᠵᠤᠪᠠᠯᠠᠩ ᠢᠶᠠᠨ ᠬᠠᠮᠳᠤᠳᠬᠠᠬᠤ᠂ ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠨ ᠵᠠᠰᠠᠬᠤ᠂ ᠲᠦᠷᠤ ᠶᠢᠨ ᠪᠤᠳᠤᠯᠭ᠎ᠠ ᠶᠢ ᠤᠨᠤᠴᠠᠳᠠᠢ ᠭᠡᠷᠡᠭᠵᠢᠬᠦᠯᠬᠦ ᠶᠠᠷᠤᠩᠬᠡᠢ ᠱᠠᠭᠠᠷᠳᠠᠯᠭ᠎ᠠ ᠲᠤᠷᠠᠳᠴᠤ᠂ ᠬᠢᠵᠢᠭ ᠤᠨ ᠪᠠᠶᠢᠳᠠᠯ ᠤᠨ ᠦᠷᠪᠢᠰᠤᠨ ᠲᠡᠯᠬᠡᠷᠡᠬᠦ ᠬᠠᠨᠳᠤᠰᠢ ᠶᠢ ᠡᠷᠡᠰ ᠬᠤᠷᠢᠬᠯᠠᠬᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠬᠯᠠᠯᠲᠠ ᠶᠢᠨ ᠲᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠶᠠᠷᠤᠩᠬᠡᠢ ᠬᠠᠷᠠᠯᠳᠠ ᠶᠢ ᠳᠤᠳᠤᠷᠬᠠᠢᠢᠯᠠᠨ᠂ ᠦᠬᠠᠨ ᠢ ᠬᠠᠮᠠᠭᠠᠯᠠᠬᠤ ᠲᠠᠶᠢᠯᠠᠯᠳᠤᠭᠠᠨ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ ᠢ ᠨᠠᠷᠢᠨ ᠨᠢᠬᠳᠠ ᠪᠠᠶᠢᠷᠢᠯᠠᠭᠤᠯᠵᠤ᠂ ᠪᠠᠶᠢᠳᠠᠯ ᠤᠨ ᠬᠠᠨᠳᠤᠰᠢ ᠳᠤ ᠲᠤᠬᠢᠷᠠᠭᠤᠯᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠷᠭ᠎ᠠ ᠪᠤᠳᠤᠯᠭ᠎ᠠ ᠲᠤᠭᠳᠠᠭᠠᠪᠠ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ᠂ ᠡᠯ᠎ᠠ ᠰᠠᠯᠠᠭ᠎ᠠ ᠮᠦᠴᠢᠷ ᠡᠯ᠎ᠠ ᠨᠢᠬᠡᠴᠢ ᠡᠯ᠎ᠠ ᠲᠠᠯ᠎ᠠ ᠶᠢᠨ ᠬᠢᠨ ᠵᠠᠷᠯᠢᠬ ᠢ ᠰᠤᠨᠤᠰᠤᠮᠠᠬᠴᠠ ᠪᠠᠨ ᠬᠦᠳᠡᠯᠤᠯᠴᠠᠵᠤ᠂ ᠪᠦᠬᠦ ᠤᠯᠤᠰ ᠤᠨ ᠬᠦᠳᠡᠭᠡ ᠲᠤᠰᠬᠤᠨ᠂ ᠨᠡᠶᠢᠬᠡᠮ ᠲᠤᠭᠤᠷᠢᠬ᠂ ᠠᠵᠤ ᠠᠬᠤᠢᠢᠯᠠᠯ᠂ ᠡᠮᠴᠢᠯᠡᠬᠡᠨ ᠡᠷᠡᠬᠦᠯ ᠬᠠᠮᠠᠭᠠᠯᠠᠯ ᠤᠨ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠰᠤᠷᠭᠠᠭᠤᠯᠢ᠂ ᠴᠡᠷᠢᠭ ᠤᠨ ᠬᠤᠸᠠᠷᠠᠨ ᠦᠪᠡᠷ ᠦᠪᠡᠷ ᠤᠨ ᠤᠷᠤᠨ ᠪᠠᠶᠢᠷᠢ ᠳᠠᠭᠠᠨ ᠪᠡᠯᠡᠬᠡᠨ ᠪᠡᠯᠡᠳᠭᠡᠪᠡ᠃ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠤᠯᠤᠰ ᠲᠠᠶᠠᠭᠠᠷ ᠲᠤ ᠨᠢᠬᠡᠳᠤᠯᠳᠠᠢ ᠵᠢᠯᠤᠭᠤᠳᠬᠤ᠂ ᠪᠦᠬᠦ ᠲᠠᠯ᠎ᠠ ᠪᠠᠷ ᠪᠠᠶᠢᠷᠢᠯᠠᠭᠤᠯᠬᠤ᠂ ᠪᠤᠰᠤᠭ᠎ᠠ ᠴᠤᠬᠴᠠ ᠪᠠᠷ ᠰᠡᠷᠬᠡᠶᠢᠯᠡᠨ ᠡᠵᠡᠮᠳᠡᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯ ᠢ ᠲᠦᠷᠬᠡᠨ ᠪᠦᠷᠢᠯᠳᠤᠬᠦᠯᠵᠤ᠂ ᠬᠢᠵᠢᠭ ᠤᠨ ᠪᠠᠶᠢᠳᠠᠯ ᠤᠨ ᠶᠡᠭᠡ ᠬᠡᠪᠴᠢᠶ᠎ᠠ ᠪᠠᠷ ᠦᠷᠪᠢᠰᠤᠨ ᠲᠡᠯᠬᠡᠷᠡᠬᠦ ᠶᠢ ᠪᠦᠳᠤᠮᠵᠢᠳᠠᠢ ᠬᠤᠷᠢᠬᠯᠠᠨ᠂ ᠸᠢᠷᠦ᠋ᠰ ᠤᠨ ᠲᠡᠯᠬᠡᠷᠡᠬᠦ ᠠᠶᠤᠯ ᠲᠦᠭᠰᠢᠬᠦᠷᠢ ᠶᠢ ᠪᠦᠲᠦᠮᠵᠢᠲᠡᠢ ᠬᠤᠪᠢᠷᠠᠭᠤᠯᠵᠤ᠂ ᠬᠠᠮᠤᠬ ᠤᠨ ᠶᠡᠭᠡ ᠬᠡᠪᠴᠢᠶ᠎ᠠ ᠪᠠᠷ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠠᠶ᠎ᠠ ᠮᠠᠬᠠᠪᠤᠳ ᠤᠨ ᠡᠷᠡᠬᠦᠯ ᠮᠡᠨᠳᠤ ᠶᠢ ᠬᠠᠮᠠᠭᠠᠯᠠᠵᠠᠢ ᠬᠡᠵᠤ ᠴᠢᠬᠤᠯᠠᠴᠢᠯᠠᠪᠠ᠃    ᠰᠢ ᠶᠢᠨ ᠫᠢᠩ᠂ ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ ᠳᠤᠮᠳᠠᠳᠤ ᠤᠯᠤᠰ ᠤᠨ ᠠᠷᠠᠳ ᠲᠦᠮᠡᠨ ᠵᠢᠷᠭᠠᠯ ᠵᠤᠪᠠᠯᠠᠩ ᠢᠶᠠᠨ ᠬᠠᠮᠳᠤᠳᠬᠠᠨ᠂ ᠲᠦᠮᠡᠨ ᠤᠯᠠᠨ ᠢᠶᠠᠷ ᠢᠶᠠᠨ ᠲᠡᠮᠤᠷ ᠬᠡᠷᠡᠮ ᠪᠤᠯᠵᠤ ᠪᠦᠯᠬᠦᠮᠳᠡᠨ ᠨᠢᠬᠳᠠᠷᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠳᠤ ᠪᠠᠬᠢ ᠰᠡᠷᠭᠡᠶᠢᠯᠡᠯᠳᠠ ᠶᠢᠨ ᠱᠤᠭᠤᠮ ᠢ ᠴᠤᠬᠴᠠᠯᠠᠨ ᠪᠠᠶᠢᠭᠤᠯᠪᠠ᠂ ᠪᠢᠳᠠ ᠪᠦᠬᠦ ᠤᠯᠤᠰ ᠤᠨ ᠬᠦᠴᠤᠨ ᠢ ᠲᠠᠶᠢᠴᠢᠯᠠᠨ ᠤᠷᠢᠳ ᠡᠮᠤᠨ᠎ᠠ ᠪᠠᠶᠢᠭ᠎ᠠ ᠦᠭᠡᠢ ᠶᠡᠭᠡ ᠬᠡᠪᠴᠢᠶ᠎ᠡ ᠪᠠᠷ ᠠᠮᠢ ᠨᠠᠰᠤᠨ ᠤ ᠶᠡᠭᠡ ᠠᠪᠤᠷᠠᠯᠳᠠ ᠶᠢᠨ ᠲᠠᠶᠢᠯᠠᠯᠳᠤᠭᠠᠨ ᠬᠢᠵᠤ᠂ ᠦᠬᠠᠨ ᠤ ᠠᠷᠠᠳ ᠲᠦᠮᠡᠨ᠂ ᠬᠤᠪᠸᠢ ᠶᠢᠨ ᠠᠷᠠᠳ ᠲᠦᠮᠡᠨ ᠶᠡᠭᠡ ᠶᠤᠰᠤ ᠶᠢ ᠲᠠᠨᠢᠵᠤ ᠶᠡᠭᠡ ᠲᠠᠯ᠎ᠠ ᠶᠢ ᠪᠤᠳᠤᠯᠬᠢᠯᠠᠨ᠂ ᠬᠢᠵᠢᠭ ᠤᠨ ᠪᠠᠶᠢᠳᠠᠯ ᠤᠨ ᠦᠷᠪᠢᠰᠤᠨ ᠲᠡᠯᠬᠡᠷᠡᠬᠦ ᠶᠢ ᠬᠤᠷᠢᠬᠯᠠᠬᠤ᠂ ᠪᠦᠬᠦ ᠤᠯᠤᠰ ᠢᠶᠠᠷ ᠢᠶᠠᠨ ᠬᠢᠵᠢᠭ ᠲᠠᠢ ᠲᠡᠮᠡᠴᠡᠬᠦ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠳᠦ ᠡᠷᠬᠡ ᠶᠢ ᠤᠯᠬᠤ ᠳᠤ ᠯᠤᠳᠤ ᠶᠡᠭᠡ ᠦᠷᠡᠭᠳᠡᠯ ᠪᠠ ᠴᠢᠬᠤᠯᠠ ᠶᠡᠭᠡ ᠬᠤᠪᠢ ᠨᠡᠮᠡᠷᠢ ᠦᠵᠡᠬᠦᠯᠵᠠᠢ᠃ ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ ᠦᠷᠬᠡᠨ ᠤᠯᠠᠨ ᠡᠮᠴᠢᠯᠡᠭᠡᠨ ᠤ ᠠᠵᠢᠯᠳᠠᠨ ᠴᠠᠭᠠᠨ ᠬᠤᠶᠠᠬ ᠢᠶᠠᠨ ᠭᠡᠳᠡᠷᠴᠦ ᠠᠶᠤᠯ ᠢ ᠰᠦᠷᠤᠨ ᠤᠷᠤᠬᠰᠢᠯᠠᠵᠤ᠂ ᠦᠪᠡᠷ ᠤᠨ ᠦᠬᠦᠬᠦ ᠰᠡᠬᠡᠬᠡᠬᠦ ᠶᠢ ᠬᠠᠶᠢᠬᠤᠷᠤᠯ ᠦᠬᠡᠢ ᠪᠠᠷ ᠠᠮᠢ ᠨᠠᠰᠤ ᠶᠢ ᠠᠪᠤᠷᠠᠪᠠ᠂ ᠳᠡᠳᠡ ᠪᠤᠯ ᠬᠠᠮᠤᠬ ᠤᠨ ᠭᠤᠶᠤ ᠠᠨᠴᠧᠯ᠂ ᠰᠢᠨ᠎ᠠ ᠴᠠᠬ ᠦᠶ᠎ᠠ ᠶᠢᠨ ᠬᠠᠮᠤᠬ ᠤᠨ ᠬᠠᠶᠢᠷᠠᠳᠠᠢ ᠬᠦᠮᠤᠨ ᠪᠤᠯᠤᠨ᠎ᠠ᠃ ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ᠂ ᠪᠢᠳᠡ ᠨᠢᠬᠡᠳᠤᠯᠳᠠᠢ ᠲᠦᠯᠤᠪᠵᠢᠬᠦᠯᠤᠨ ᠬᠠᠮᠳᠤ ᠳᠤᠨᠢ ᠬᠠᠷᠠᠭᠠᠯᠵᠠᠵᠤ᠂ ᠬᠠᠮᠵᠢᠯᠴᠠᠭᠤᠯᠤᠨ ᠠᠬᠢᠭᠤᠯᠵᠤ᠂ ᠠᠵᠤ ᠠᠬᠤᠢ ᠶᠢᠨ ᠬᠦᠭᠵᠢᠯᠳᠠ ᠲᠤᠭᠳᠠᠭᠤᠨ ᠢᠶᠠᠷ ᠰᠠᠶᠢᠵᠢᠷᠠᠵᠤ᠂ ᠤᠢᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠲᠤᠭᠳᠠᠭᠤᠨ ᠢᠶᠠᠷ ᠰᠡᠷᠬᠦᠪᠠ᠃ ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ ᠳᠤᠮᠳᠠᠳᠤ ᠤᠯᠤᠰ ᠤᠨ ᠬᠢᠨ ᠲᠡᠯᠡᠬᠡᠢ ᠶᠢᠨ ᠡᠯ᠎ᠠ ᠤᠯᠤᠰ ᠲᠠᠢ ᠭᠠᠷ ᠬᠤᠯᠪᠤᠯᠴᠠᠨ ᠬᠠᠮᠳᠤᠷᠠᠨ ᠠᠵᠢᠯᠯᠠᠵᠤ᠂ ᠴᠠᠭ ᠤᠨ ᠪᠡᠷᠭᠡ ᠶᠢ ᠬᠠᠮᠳᠤ ᠪᠠᠷ ᠲᠤᠭᠤᠯᠤᠨ᠂ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠲᠡᠮᠡᠴᠡᠯ ᠳᠤ ᠤᠶᠤᠨ ᠤᠬᠠᠭᠠᠨ ᠪᠠ ᠬᠦᠴᠤᠨ ᠴᠢᠳᠠᠯ ᠢᠶᠠᠨ ᠡᠷᠬᠦᠵᠤ᠂ ᠪᠤᠳᠠᠳᠤ ᠠᠵᠢᠯᠯᠠᠭ᠎ᠠ ᠪᠠᠷ ᠢᠶᠠᠷ ᠢᠶᠠᠨ ᠪᠦᠬᠦ ᠪᠦᠮᠪᠦᠷᠴᠡᠭ ᠤᠨ ᠲᠦᠭ ᠲᠦᠮᠡᠨ ᠬᠦᠮᠤᠨ ᠤ ᠠᠮᠢ ᠨᠠᠰᠤ ᠶᠢ ᠠᠪᠤᠷᠠᠨ ᠲᠤᠰᠠᠯᠠᠵᠤ᠂ ᠪᠤᠳᠠᠳᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢ ᠠᠬᠢᠭᠤᠯᠬᠤ ᠴᠢᠩ ᠦᠨᠡᠨᠴᠢ ᠬᠦᠰᠡᠯ ᠡᠷᠡᠮᠡᠯᠵᠡᠯ ᠢᠶᠠᠨ ᠢᠯᠡᠷᠡᠬᠦᠯᠦᠭᠰᠡᠨ ᠪᠠᠶᠢᠨ᠎ᠠ ᠬᠡᠵᠤ ᠵᠢᠭᠠᠵᠤ ᠭᠠᠷᠭᠠᠪᠠ᠃    ᠰᠢ ᠶᠢᠨ ᠫᠢᠩ᠂ ᠵᠠᠯᠠᠭᠤᠴᠤᠳ ᠪᠤᠯ ᠤᠯᠤᠰ ᠪᠠ ᠦᠨᠳᠤᠰᠤᠳᠠᠨ ᠤ ᠬᠦᠰᠡᠯ ᠡᠷᠡᠮᠡᠯᠵᠡᠯ ᠮᠦᠨ᠃ ᠡᠨᠡ ᠤᠳᠠᠭ᠎ᠠ ᠶᠢᠨ ᠬᠢᠵᠢᠭ ᠲᠠᠢ ᠲᠡᠮᠡᠴᠡᠬᠦ ᠲᠡᠮᠡᠴᠡᠯ ᠳᠤ ᠵᠠᠯᠠᠭᠤ ᠨᠢᠬᠡ ᠦᠶ᠎ᠠ ᠶᠢᠨ ᠬᠢᠨ ᠤ ᠲᠤᠪᠤᠶᠢᠮ᠎ᠠ ᠢᠯᠡᠷᠡᠯ ᠬᠦᠮᠤᠰ ᠢ ᠪᠠᠶᠠᠰᠬᠠᠨ ᠬᠦᠮᠤᠰ ᠢ ᠵᠤᠷᠢᠬᠵᠢᠭᠤᠯᠤᠨ᠎ᠠ᠃ ᠶᠢᠷᠲᠢᠨᠴᠤ ᠳᠤ ᠲᠦᠷᠦᠯᠬᠢ ᠶᠢᠨ ᠪᠠᠭᠠᠳᠤᠷ ᠬᠦᠮᠦᠨ ᠬᠡᠵᠤ ᠪᠠᠶᠢᠬᠤ ᠦᠬᠡᠢ᠂ ᠵᠦᠪᠬᠡᠨ ᠴᠡᠬᠡᠵᠢ ᠲᠦᠷᠢᠨ ᠡᠷᠡᠮᠡᠭᠡᠶᠢᠯᠡᠬᠦ ᠡᠬᠡᠯ ᠬᠦᠮᠤᠨ ᠪᠤᠢ᠃ ᠵᠠᠯᠠᠭᠤ ᠨᠢᠬᠡ ᠦᠶ᠎ᠠ ᠶᠢᠨ ᠬᠢᠨ ᠵᠤᠪᠠᠭᠤᠷᠢ ᠵᠦᠳᠡᠬᠦᠷᠢ ᠠᠴᠠ ᠠᠶᠤᠬᠤ ᠦᠬᠡᠢ᠂ ᠬᠦᠴᠢᠷ ᠪᠡᠷᠭᠡᠰᠢᠶᠡᠯ ᠠᠴᠠ ᠠᠶᠤᠬᠤ ᠦᠬᠡᠢ᠂ ᠦᠷᠡᠭᠳᠡᠯ ᠭᠠᠷᠬᠤ ᠠᠴᠠ ᠠᠶᠤᠬᠤ ᠦᠬᠡᠢ ᠪᠠᠶᠢᠵᠤ᠂ ᠲᠠᠶᠢᠱᠠᠨ ᠠᠭᠤᠯᠠ ᠮᠡᠲᠦ ᠬᠦᠨᠳᠤ ᠡᠬᠦᠷᠬᠡ ᠶᠢ ᠮᠦᠷᠤᠨ ᠳᠡᠭᠡᠨ ᠡᠬᠦᠷᠬᠡᠯᠠᠵᠤ᠂ ᠵᠠᠯᠠᠭᠤ ᠨᠠᠰᠤᠨ ᠤ ᠤᠮᠤᠬ ᠵᠤᠷᠢᠭ ᠰᠦᠷ ᠵᠢᠪᠬᠤᠭ᠎ᠠ ᠶᠢ ᠢᠯᠡᠷᠡᠬᠦᠯᠵᠤ᠂ ᠳᠤᠮᠳᠠᠳᠤ ᠶᠢᠨ ᠦᠨᠳᠤᠰᠤᠳᠠᠨ ᠤ ᠬᠦᠰᠡᠯ ᠡᠷᠡᠮᠡᠯᠵᠡᠯ ᠢ ᠢᠯᠡᠷᠡᠭᠦᠯᠪᠡ᠃ ᠪᠢᠳᠡ ᠬᠠᠮᠳᠤ ᠪᠠᠷ ᠲᠡᠳᠡᠨ ᠳᠤ ᠤᠷᠮ᠎ᠠ ᠬᠠᠶᠢᠷᠠᠯᠠᠶ᠎ᠠ ᠬᠡᠵᠤ ᠵᠢᠭᠠᠵᠤ ᠭᠠᠷᠭᠠᠪᠠ᠃    ᠰᠢ ᠶᠢᠨ ᠫᠢᠩ᠂ ᠡᠨᠡ ᠬᠦ ᠬᠦᠨᠳᠤ ᠨᠤᠴᠢᠳᠠᠢ ᠬᠢᠵᠢᠭ ᠤᠨ ᠪᠠᠶᠢᠳᠠᠯ ᠯᠤᠭ᠎ᠠ ᠶᠢᠨ ᠦᠬᠦᠬᠦ ᠰᠡᠬᠡᠬᠦ ᠶᠢᠨ ᠲᠡᠮᠡᠴᠡᠯ ᠲᠤᠮᠲᠠ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠤᠰᠤᠳᠠᠨ ᠵᠤᠷᠢᠬᠳᠠᠢ ᠲᠡᠮᠡᠴᠡᠬᠦ᠂ ᠵᠤᠷᠢᠬᠳᠠᠢ ᠢᠯᠡᠨ ᠲᠠᠪᠠᠭ᠋ᠤ ᠪᠠᠭᠠᠲᠤᠷ ᠵᠤᠷᠢᠬ ᠢᠶᠠᠷ ᠠᠮᠢ ᠨᠠᠰᠤ ᠶᠢ ᠲᠡᠭᠡᠳᠤᠯᠡᠬᠦ᠂ ᠤᠯᠤᠰ ᠲᠠᠶᠠᠭᠠᠷ ᠰᠡᠳᠬᠢᠯ ᠨᠢᠬᠡᠳᠬᠦ᠂ ᠦᠬᠦᠬᠦ ᠰᠡᠬᠡᠬᠦ ᠶᠢ ᠦᠯᠤ ᠬᠠᠶᠢᠬᠤᠷᠬᠤ᠂ ᠰᠢᠨᠵᠢᠯᠡᠬᠦ ᠤᠬᠠᠭᠠᠨ ᠢ ᠬᠦᠨᠳᠤᠳᠬᠡᠬᠦ᠂ ᠬᠤᠪᠢ ᠵᠠᠶᠠᠭ᠎ᠠ ᠪᠠᠨ ᠬᠠᠮᠳᠤᠳᠬᠠᠬᠤ ᠬᠢᠵᠢᠭ ᠲᠠᠢ ᠲᠡᠮᠡᠴᠡᠬᠦ ᠠᠭᠤᠤ ᠶᠡᠭᠡ ᠵᠤᠷᠢᠬ ᠰᠠᠨᠠᠭ᠎ᠠ ᠶᠢ ᠱᠤᠭᠤᠵᠠᠢ᠃ ᠠᠮᠢ ᠨᠠᠰᠤ ᠶᠢ ᠲᠡᠬᠡᠳᠤᠯᠡᠬᠦ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠦᠨ ᠵᠤᠵᠠᠭᠠᠨ ᠲᠦᠬᠡᠮᠡᠯ ᠬᠠᠶᠢᠷ᠎ᠠ ᠶᠢᠨ ᠤᠯᠠᠮᠵᠢᠯᠠᠯ ᠪᠤᠯᠤᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠠᠳ ᠲᠦᠮᠡᠨ ᠢᠶᠠᠷ ᠭᠤᠤᠯ ᠪᠤᠯᠭᠠᠬᠤ ᠦᠷᠳᠡᠭ ᠤᠨ ᠬᠦᠬᠡᠬᠡᠴᠡᠯᠳᠤᠯ ᠢ ᠲᠦᠪᠯᠡᠷᠡᠬᠦᠯᠤᠨ ᠬᠠᠷᠠᠭᠤᠯᠵᠠᠢ᠃ ᠤᠯᠤᠰ ᠲᠠᠶᠠᠭᠠᠷ ᠰᠡᠳᠬᠢᠯ ᠨᠢᠬᠡᠳᠬᠦ ᠨᠢ ᠳᠤᠮᠳᠠᠳᠤ ᠤᠯᠤᠰ ᠤᠨ ᠠᠷᠠᠳ ᠲᠦᠮᠡᠨ ᠤ ᠲᠦᠮᠡᠨ ᠤᠯᠠᠨ ᠢᠶᠠᠷ ᠢᠶᠠᠨ ᠰᠡᠳᠬᠢᠯ ᠨᠢᠬᠡᠳᠴᠤ ᠵᠢᠷᠭᠠᠯ ᠵᠤᠪᠠᠯᠠᠩ ᠢᠶᠠᠨ ᠬᠠᠮᠳᠤᠳᠬᠠᠬᠤ ᠪᠦᠯᠬᠦᠮᠳᠡᠯ ᠤᠨ ᠠᠤᠭ᠎ᠠ ᠬᠦᠴᠤᠨ ᠢ ᠲᠦᠪᠯᠡᠷᠡᠬᠦᠯᠤᠨ ᠬᠠᠷᠠᠭᠤᠯᠪᠠ᠃ ᠦᠬᠦᠬᠦ ᠰᠡᠬᠡᠬᠦ ᠶᠢ ᠦᠯᠤ ᠬᠠᠶᠢᠬᠤᠷᠬᠤ ᠨᠢ ᠳᠤᠮᠳᠠᠳᠤ ᠤᠯᠤᠰ ᠤᠨ ᠠᠷᠠᠳ ᠲᠦᠮᠡᠨ ᠤ ᠠᠯᠢᠪᠠ ᠬᠦᠴᠢᠷᠳᠠᠯ ᠢ ᠵᠤᠷᠢᠭᠲᠠᠢ ᠪᠠᠷ ᠢᠯᠠᠨ ᠲᠠᠪᠠᠵᠤ ᠭᠠᠷᠬᠤ ᠠᠴᠠ ᠪᠢᠰᠢ ᠶᠠᠮᠠᠷ ᠪᠠ ᠬᠦᠴᠢᠷᠳᠠᠯ ᠳᠤ ᠲᠤᠯᠭᠠᠷᠠᠭᠰᠠᠨ ᠴᠦ ᠵᠤᠷᠢᠭ ᠦᠯᠦ ᠮᠤᠬᠤᠳᠠᠭ ᠬᠠᠳᠠᠨ ᠵᠤᠷᠢᠬ ᠢ ᠲᠦᠪᠯᠡᠷᠡᠬᠦᠯᠤᠨ ᠬᠠᠷᠠᠭᠤᠯᠵᠠᠢ᠃ ᠰᠢᠨᠵᠢᠯᠡᠬᠦ ᠤᠬᠠᠭᠠᠨ ᠢ ᠬᠦᠨᠳᠤᠳᠬᠡᠬᠦ ᠨᠢ ᠳᠤᠮᠳᠠᠳᠤ ᠤᠯᠤᠰ ᠤᠨ ᠠᠷᠠᠳ ᠲᠦᠮᠡᠨ ᠤ ᠦᠨᠡᠨ‌ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠵᠠᠮ ᠨᠡᠭᠡᠭᠡᠨ ᠤᠷᠤᠭᠰᠢᠯᠠᠵᠤ ᠰᠢᠨ᠎ᠠ ᠶᠢ ᠡᠬᠦᠳᠬᠦ ᠤᠢᠢᠯᠡᠳᠤᠯᠬᠡ ᠶᠢᠨ ᠵᠠᠩ ᠴᠢᠨᠠᠷ ᠢ ᠲᠦᠪᠯᠡᠷᠡᠬᠦᠯᠤᠨ ᠬᠠᠷᠠᠭᠤᠯᠵᠠᠢ᠃ ᠬᠤᠪᠢ ᠵᠠᠶᠠᠭ᠎ᠠ ᠪᠠᠨ ᠬᠠᠮᠳᠤᠳᠬᠠᠬᠤ ᠨᠢ ᠳᠤᠮᠳᠠᠳᠤ ᠤᠯᠤᠰ ᠤᠨ ᠠᠷᠠᠳ ᠲᠦᠮᠡᠨ ᠤ ᠰᠡᠳᠬᠢᠯ ᠨᠢᠬᠡᠳᠤᠨ ᠬᠦᠴᠤ ᠪᠠᠨ ᠬᠠᠮᠳᠤᠳᠬᠠᠵᠤ᠂ ᠡᠩᠬᠡ ᠲᠠᠶᠢᠪᠤᠩ ᠢ ᠡᠷᠬᠢᠮᠯᠡᠬᠦ ᠶᠤᠰᠤ ᠵᠢᠷᠤᠮ ᠤᠨ ᠡᠬᠦᠷᠬᠡᠯᠡᠯ ᠢ ᠲᠦᠪᠯᠡᠷᠡᠬᠦᠯᠤᠨ ᠬᠠᠷᠠᠭᠤᠯᠵᠠᠢ ᠬᠡᠵᠤ ᠴᠢᠬᠤᠯᠠᠴᠢᠯᠠᠪᠠ᠃    ᠰᠢ ᠶᠢᠨ ᠫᠢᠩ᠂ ᠬᠢᠵᠢᠭ ᠲᠠᠢ ᠲᠡᠮᠡᠴᠡᠬᠦ ᠡᠨᠡ ᠬᠦ ᠰᠦᠷ ᠲᠠᠯᠠᠶᠢᠴᠠᠳᠠᠢ ᠲᠡᠮᠡᠴᠡᠯ ᠲᠤᠮᠳᠠ ᠪᠢᠳᠡ ᠴᠢᠬᠤᠯᠠ ᠲᠤᠷᠰᠢᠯᠭ᠎ᠠ‌‍ᠶᠢ ᠬᠤᠷᠠᠮᠳᠤᠭᠤᠯᠵᠤ᠂ ᠬᠦᠨ ᠰᠡᠩᠬᠡᠷᠡᠬᠦᠯᠤᠯ ᠢ ᠤᠯᠤᠬᠰᠠᠨ ᠪᠠᠶᠢᠨ᠎ᠠ᠃ ᠬᠢᠵᠢᠭ ᠲᠠᠢ ᠲᠡᠮᠡᠴᠡᠭᠰᠡᠨ ᠠᠭᠤᠤ ᠶᠡᠭᠡ ᠤᠢᠢᠯᠡᠳᠤᠯᠬᠡ ᠨᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠮᠵᠢᠶᠡᠯᠡᠰᠢ ᠦᠬᠡᠢ ᠬᠦᠴᠦᠷᠭᠡᠭ ᠶᠡᠭᠡ ᠤᠳᠤᠷᠢᠳᠬᠤ ᠴᠢᠳᠠᠪᠤᠷᠢ ᠪᠤᠯ ᠰᠠᠯᠬᠢᠨ ᠲᠠᠪᠠᠯᠭᠠᠨ ᠤ ᠲᠠᠭᠠᠷᠢᠯᠳᠠ ᠳᠤ ᠳᠤᠮᠳᠠᠳᠤ ᠤᠯᠤᠰ ᠤᠨ ᠠᠷᠠᠳ ᠲᠦᠮᠡᠨ ᠤ ᠬᠠᠮᠤᠬ ᠤᠨ ᠨᠠᠶᠢᠳᠠᠪᠤᠷᠢᠳᠠᠢ ᠲᠦᠰᠢᠭ ᠲᠤᠯᠭᠠᠭᠤᠷᠢ ᠮᠦᠨ︔ ᠳᠤᠮᠳᠠᠳᠤ ᠤᠯᠤᠰ ᠤᠨ ᠠᠷᠠᠳ ᠲᠦᠮᠡᠨ ᠤ ᠨᠤᠭᠤᠷᠠᠰᠢ ᠦᠬᠡᠢ ᠡᠷᠴᠢ ᠵᠤᠷᠢᠬ ᠪᠤᠯ ᠤᠷᠤᠬᠰᠢᠯᠠᠯᠳᠠ ᠶᠢᠨ ᠵᠠᠮ ᠲᠡᠭᠡᠷᠡᠬᠢ ᠠᠯᠢᠪᠠ ᠬᠦᠴᠢᠷ ᠪᠡᠷᠬᠡᠰᠢᠶᠠᠯ ᠢ ᠢᠯᠠᠨ ᠲᠠᠪᠠᠭ᠋ᠤ ᠬᠦᠴᠤᠨ ᠴᠢᠳᠠᠯ ᠤᠨ ᠤᠨᠳᠤᠷᠤᠮᠠᠯ ᠪᠤᠯᠠᠬ ᠮᠦᠨ︔ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠲᠠᠪᠠᠭᠤᠯᠢᠭ ᠪᠤᠯ ᠠᠶᠤᠯ ᠲᠦᠭᠰᠢᠬᠦᠷᠢ ᠦᠷᠢᠰᠦᠯᠲᠦᠭᠡᠡ ᠢ ᠬᠤᠷᠢᠬᠯᠠᠵᠤ᠂ ᠤᠯᠤᠰ ᠤᠨ ᠵᠠᠰᠠᠯᠲᠠ ᠶᠢᠨ ᠦᠢᠯᠡᠳᠦᠯ ᠴᠢᠲᠠᠮᠵᠢ ᠶᠢ ᠲᠡᠭᠡᠭᠰᠢᠯᠡᠭᠦᠯᠬᠦ ᠦᠨᠲᠦᠰᠦᠨ ᠪᠠᠲᠤᠯᠠᠭ᠎ᠠ ᠮᠦᠨ︔ ᠰᠢᠨ᠎ᠠ ᠲᠤᠮᠲᠠᠲᠤ ᠤᠯᠤᠰ ᠪᠠᠶᠢᠭᠤᠯᠤᠭᠲᠠᠭᠰᠠᠠ ᠠᠴᠠ ᠨᠠᠭᠠᠰᠢ ᠬᠤᠷᠠᠮᠲᠤᠭᠤᠯᠤᠭᠰᠠᠠ ᠪᠠᠲᠤ ᠴᠢᠩᠭ᠎ᠠ ᠤᠯᠤᠰ ᠤᠨ ᠬᠦᠴᠤᠨ ᠪᠤᠯ ᠠᠶᠤᠯ ᠲᠦᠭᠰᠢᠬᠦᠷᠢ ᠶᠢ ᠲᠠᠶᠢᠪᠤᠭᠤ ᠠᠷᠭᠠᠴᠠᠭᠠᠬᠤ ᠡᠴᠢᠨ᠎ᠠ ᠬᠦᠨ ᠢᠲᠡ ᠬᠦᠴᠤᠨ ᠮᠦᠨ︔ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ᠂ ᠲᠤᠮᠲᠠᠲᠤ ᠶᠢᠨ ᠰᠢᠯᠢᠲᠡᠭ ᠤᠯᠠᠮᠵᠢᠯᠠᠯᠲᠦ ᠰᠤᠶᠤᠯ‌‍ᠳᠤ ᠠᠭᠤᠯᠤᠭᠲᠠᠵᠦ ᠪᠠᠶᠢᠭ᠎ᠠ ᠬᠦᠴᠦᠷᠭᠡᠭ ᠶᠡᠭᠡ ᠵᠤᠷᠢᠭ ᠰᠠᠨᠠᠭᠠᠠ ᠤ ᠬᠦᠲᠡᠯᠭᠡᠬᠦ ᠬᠦᠴᠤᠨ ᠪᠤᠯ ᠬᠦᠮᠦᠰ ᠤᠨ ᠰᠡᠳᠭᠢᠯ ᠢ ᠨᠢᠭᠲᠠᠷᠠᠭᠤᠯᠵᠦ᠂ ᠠᠷᠠᠳ ᠤᠨ ᠬᠦᠴᠤᠨ ᠢ ᠲᠦᠪᠯᠡᠷᠡᠭᠦᠯᠬᠦ ᠬᠦᠴᠦᠷᠭᠡᠭ ᠶᠡᠭᠡ ᠬᠦᠴᠤᠨ ᠴᠢᠳᠠᠯ ᠮᠦᠨ︔ ᠬᠦᠮᠦᠨ ᠲᠦᠷᠦᠯᠬᠢᠲᠠᠠ‌‍ᠤ ᠬᠤᠪᠢ ᠵᠠᠶᠠᠭᠠᠠ ᠤ ᠬᠠᠮᠲᠤ ᠶᠢᠨ ᠴᠤᠭᠴᠠ ᠶᠢ ᠪᠠᠶᠢᠭᠤᠯᠬᠤ ᠳᠤ ᠠᠭᠤᠯᠤᠭᠲᠠᠵᠤ ᠪᠠᠶᠢᠭ᠎ᠠ ᠦᠷᠭᠡᠡ ᠲᠡᠯᠭᠡᠷ ᠤᠷᠢᠶᠠᠯᠠᠬᠤ ᠬᠦᠴᠤᠨ ᠪᠤᠯ ᠬᠦᠮᠦᠨ ᠲᠦᠷᠦᠯᠬᠢᠲᠠᠠ ᠤ ᠬᠠᠮᠲᠤ ᠪᠠᠷ ᠦᠷᠢᠰᠦᠯᠲᠦᠭᠡᠡ ᠢ ᠠᠷᠭᠠᠴᠠᠭᠠᠵᠦ᠂ ᠨᠡᠩ ᠴᠡᠴᠡᠭᠯᠡᠡ ᠬᠦᠭᠵᠢᠭᠰᠡᠡ ᠰᠠᠶᠢᠨ ᠰᠠᠶᠢᠬᠠᠠ ᠲᠡᠯᠡᠭᠡᠢ ᠶᠢᠷᠲᠢᠨᠴᠤ ᠶᠢ ᠪᠦᠲᠦᠭᠡᠡ ᠪᠠᠶᠢᠭᠤᠯᠬᠤ ᠬᠦᠮᠦᠨ ᠤ ᠶᠢᠷᠲᠢᠠᠴᠤ ᠶᠢᠨ ᠲᠦᠪ ᠶᠤᠰᠤ ᠮᠦᠨ ᠬᠡᠰᠡᠨ ᠢ ᠲᠠᠬᠢᠨᠳᠠ ᠭᠡᠷᠡᠴᠢᠯᠡᠭᠰᠡᠨ ᠪᠠᠶᠢᠨ᠎ᠠ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ ᠤᠲᠤᠬᠠᠠ ᠳᠤ ᠲᠡᠯᠡᠭᠡᠢ ᠳ᠋ᠠᠬᠢᠨ ᠳᠤ ᠵᠠᠭᠤᠨ ᠵᠢᠯ ᠳᠤ ᠲᠤᠬᠢᠶᠠᠯᠲᠤᠭᠠᠳᠤᠢ ᠶᠡᠭᠡ ᠬᠤᠪᠢᠰᠤᠯᠲᠠ ᠲᠦᠷᠭᠡᠰᠦᠨ ᠬᠤᠪᠢᠷᠠᠵᠤ᠂ ᠤᠯᠤᠰ ᠤᠨ ᠲᠤᠲᠤᠭᠠᠲᠤ ᠶᠢᠨ ᠦᠭᠡᠷᠡᠴᠢᠯᠡᠯᠲᠡ ᠬᠦᠭᠵᠢᠯᠲᠠ ᠲᠤᠭᠲᠠᠭᠤᠨ ᠤ ᠡᠬᠦᠷᠭᠡ ᠪᠡᠷᠭᠡ ᠬᠠᠲᠠᠭᠤᠵᠢᠯᠲᠠᠢ ᠬᠦᠨᠲᠦ ᠨᠦᠰᠡᠷ ᠪᠠᠶᠢᠨ᠎ᠠ᠃ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠤᠬᠡ ᠶᠢᠨ ᠠᠭᠤᠯᠵᠠᠷ ᠴᠡᠭ‌‍ᠲ᠋ᠤ ᠵᠤᠭᠰᠤᠠ᠂ ᠪᠢᠲᠠ ᠡᠷᠭᠡᠪᠰᠢ ᠨᠠᠮ ᠤᠨ ᠦᠨᠲᠦᠰᠦᠨ ᠤᠨᠤᠯ᠂ ᠦᠠᠲᠦᠰᠦᠨ ᠱᠤᠭᠤᠮ᠂ ᠦᠨᠲᠦᠰᠤᠨ ᠠᠷᠭ᠎ᠠ ᠪᠤᠲᠤᠯᠭ᠎ᠠ‌‍ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠤᠭᠲᠠᠭᠤᠨ ᠤ ᠲᠤᠮᠲᠠ ᠤᠷᠤᠭᠰᠢᠯᠠᠠ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠲᠠᠯᠠᠨ᠂ ᠰᠢᠨ᠎ᠠ ᠬᠦᠭᠵᠢᠯᠲᠠ ᠶᠢᠨ ᠤᠢᠢᠯᠠᠭᠠᠭᠲᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠦ᠂ ᠰᠢᠨ᠎ᠠ ᠬᠦᠭᠵᠢᠯᠲᠠ ᠶᠢᠨ ᠪᠠᠶᠢᠷᠢᠰᠢᠯ ᠢ ᠴᠢᠷᠮᠠᠶᠢᠨ ᠪᠦᠷᠢᠯᠳᠦᠬᠦᠯᠵᠤ᠂ ᠤᠯᠤᠰ ᠤᠨ ᠲᠤᠲᠤᠭᠠᠲᠤ ᠪᠠ ᠤᠯᠠᠠ ᠤᠯᠤᠰ ᠭᠡᠬᠦ ᠬᠤᠶᠠᠷ ᠶᠡᠭᠡ ᠲᠠᠯ᠎ᠠ ᠶᠢ ᠨᠢᠭᠡᠲᠦᠯᠲᠡᠢ ᠲᠦᠯᠦᠪᠵᠢᠭᠦᠯᠤᠨ᠂ ᠬᠦᠭᠵᠢᠯᠲᠠ ᠪᠠ ᠠᠮᠤᠷ ᠲᠦᠪᠰᠢᠨ ᠬᠡᠬᠦ ᠬᠤᠶᠠᠷ ᠲᠤᠮᠤ ᠶᠠᠪᠤᠲᠠᠯ ᠢ ᠰᠠᠶᠢᠲᠤᠷ ᠠᠳᠬᠤᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠲᠠᠪᠤᠷᠢ ᠶᠢᠨ ᠤᠲᠤᠬᠢᠴᠢᠯᠠᠯᠲᠠ ᠶᠢ ᠠᠬᠢᠭᠤᠯᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠲᠠ ᠶᠢᠨ ᠰᠢᠨ᠎ᠠ ᠪᠠᠶᠢᠲᠠᠯ ᠢ ᠲᠠᠰᠤᠷᠠᠯᠲᠠ ᠦᠭᠡᠢ ᠡᠬᠦᠳᠬᠦ ᠭᠡᠷᠡᠭᠲᠡᠢ᠃ ᠪᠢᠲᠠ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠦᠴᠦᠭᠡᠡ ᠴᠤ ᠰᠤᠯᠠᠷᠠᠭᠤᠯᠤᠯ ᠦᠭᠡᠢ ᠴᠢᠩᠭ᠎ᠠ ᠠᠳᠬᠤᠵᠦ᠂ ᠬᠢᠵᠢᠭ ᠲᠠᠢ ᠲᠡᠮᠡᠴᠡᠬᠦ ᠲᠡᠮᠡᠴᠡᠯ ᠤᠨ ᠪᠦᠬᠦ ᠲᠠᠯ᠎ᠠ ᠶᠢᠨ ᠢᠯᠠᠯᠲᠠ ᠶᠢ ᠴᠢᠷᠮᠠᠶᠢᠠ ᠤᠯᠬᠤ ᠭᠡᠷᠡᠭᠲᠡᠢ᠃ ᠪᠢᠲᠠ ︽ᠵᠢᠷᠭᠤᠭ᠎ᠠ ᠶᠢ ᠲᠤᠭᠲᠠᠪᠤᠷᠢᠵᠢᠭᠤᠯᠬᠤ︾ ᠠᠵᠢᠯ ᠢ ᠯᠠᠪᠲᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ‌‍ᠶᠢ ᠪᠠᠲᠤᠯᠠᠬᠤ︾ ᠡᠬᠦᠷᠭᠡ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠰᠢᠢᠳᠪᠦᠷᠢᠲᠦ ᠲᠠᠶᠢᠯᠠᠯᠲᠤᠭᠠᠠ ᠬᠢᠬᠦ ᠬᠠᠷᠠᠯᠲᠠ ᠡᠬᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠭᠡᠷᠡᠭᠲᠡᠢ᠃ ᠪᠢᠲᠠ ᠵᠠᠰᠠᠯᠲᠠ ᠶᠢᠨ ᠰᠢᠰᠲ᠋ᠧᠮ ᠤᠨ ᠲᠤᠲᠠᠭᠤᠲᠠᠯ ᠪᠤᠯᠤᠨ ᠪᠠᠭᠤᠷᠠᠢ ᠲᠠᠯ᠎ᠠ ᠪᠠᠨ ᠲᠦᠷᠭᠡᠡ ᠨᠦᠬᠦᠪᠦᠷᠢᠯᠡᠵᠦ᠂ ᠠᠷᠠᠳ ᠤᠯᠠᠠ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠬᠤ ᠳᠤ ᠪᠠᠲᠦ ᠴᠢᠩᠭ᠎ᠠ ᠲᠦᠷᠢᠮ ᠤᠨ ᠪᠠᠲᠤᠯᠠᠭ᠎ᠠ ᠲᠠᠢ ᠪᠤᠯᠭᠠᠬᠤ ᠭᠡᠷᠡᠭᠲᠡᠢ᠃ ᠪᠢᠲᠠ ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ ᠬᠠᠮᠲᠤ ᠶᠢᠨ ᠴᠤᠭᠴᠠ ᠶᠢᠨ ᠤᠢᠢᠯᠠᠭᠠᠭᠲᠠᠬᠤᠨ ᠢ ᠪᠠᠷᠢᠮᠲᠠᠯᠠᠵᠦ᠂ ᠲᠡᠯᠡᠭᠡᠢ ᠨᠡᠶᠢᠭᠡᠮ ᠲᠠᠢ ᠭᠠᠷ ᠬᠤᠯᠪᠤᠯᠴᠠᠠ ᠡᠲᠦᠷ ᠢᠷᠡᠬᠦᠶ᠎ᠠ ᠭᠡᠴᠡᠭᠦᠳᠴᠤ ᠪᠠᠶᠢᠭ᠎ᠠ ᠪᠦᠬᠦ ᠲᠡᠯᠡᠭᠡᠢ ᠶᠢᠨ ᠴᠢᠨᠠᠷᠲᠠᠢ ᠦᠷᠢᠰᠦᠯᠲᠦᠭᠡᠡ ᠢ ᠠᠷᠭᠠᠴᠠᠭᠠᠬᠤ ᠭᠡᠷᠡᠭᠲᠡᠢ᠃ ᠪᠢᠲᠠ ᠬᠤᠷᠢᠭ᠎ᠠ ᠱᠤᠭᠤᠮ ᠤᠨ ᠰᠡᠳᠭᠢᠭᠦᠢ ᠶᠢ ᠪᠠᠷᠢᠮᠲᠠᠯᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠨ᠂ ᠤᠷᠤᠭᠰᠢᠯᠠᠯᠲᠠ ᠶᠢᠨ ᠵᠠᠮ ᠲᠡᠭᠡᠷᠡᠬᠢ ᠡᠯ᠎ᠠ ᠵᠦᠢᠯ ᠤᠨ ᠠᠶᠤᠯ ᠲᠦᠭᠰᠢᠬᠦᠷᠢ ᠶᠢ ᠪᠦᠲᠦᠮᠵᠢᠲᠠᠢ ᠰᠡᠷᠭᠡᠶᠢᠯᠡᠨ ᠨᠠᠮᠲᠠᠭᠠᠵᠤ᠂ ᠪᠦᠯᠬᠦᠮᠲᠡᠵᠦ ᠪᠤᠯᠬᠤ ᠬᠦᠴᠤᠨ ᠪᠦᠬᠦᠨ ᠲᠠᠢ ᠪᠦᠯᠬᠦᠮᠲᠡᠨ ᠂ ᠠᠯᠢᠪᠠ ᠢᠲᠡᠪᠬᠢ ᠡᠯᠧᠮᠧᠨ᠋ᠲ ᠢ ᠲᠠᠶᠢᠴᠢᠯᠠᠵᠦ᠂ ᠮᠠᠰᠢ ᠤᠯᠠᠠ ᠰᠢᠨ᠎ᠠ ᠲᠡᠤᠬᠡᠳᠦ ᠤᠨᠴᠠᠯᠢᠭ ᠲᠠᠢ ᠠᠭᠤᠤ ᠶᠡᠭᠡ ᠲᠡᠮᠡᠴᠡᠯ ᠤᠨ ᠰᠢᠨ᠎ᠠ ᠢᠯᠠᠯᠲᠠ ᠶᠢ ᠲᠠᠰᠤᠷᠠᠯᠲᠠ ᠦᠭᠡᠢ ᠤᠯᠬᠤ ᠭᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ ᠬᠠᠮᠤᠭ ᠤᠨ ᠰᠡᠬᠦᠯ ᠳᠤ᠂ ︽ᠤᠷᠴᠢᠯᠠᠩ ᠲᠠᠯᠠᠬᠡᠢ ᠲᠠᠰᠤᠷᠠᠯᠲᠠ ᠦᠭᠡᠢ ᠤᠷᠴᠢᠨ ᠡᠷᠬᠢᠯᠲᠦᠲᠡᠭ ᠂ ᠬᠦᠮᠦᠨ ᠲᠦᠷᠦᠯᠬᠢᠳᠠᠨ ᠲᠠᠰᠤᠷᠠᠯᠲᠠ ᠦᠭᠡᠢ ᠤᠷᠤᠭᠰᠢᠯᠠᠠ ᠲᠠᠪᠰᠢᠲᠠᠭ︾ ᠶᠤᠮ᠃ ᠨᠢᠭᠡ ᠦᠨᠲᠦᠰᠦᠲᠠᠠ ᠠᠭᠤᠤ ᠶᠡᠭᠡ ᠪᠠᠶᠢᠵᠦ  ᠴᠢᠳᠠᠬᠤ ᠶᠢᠨ ᠦᠨᠲᠦᠰᠦᠨ ᠵᠦᠢᠯ ᠭᠡᠪᠡᠯ ᠶᠠᠮᠠᠷ ᠪᠠ ᠬᠦᠴᠢᠷ ᠪᠡᠷᠭᠡᠰᠢᠶᠡᠯ ᠪᠤᠯᠤᠨ ᠠᠶᠤᠯ ᠲᠦᠭᠰᠢᠬᠦᠷᠢ ᠳᠤ ᠲᠤᠯᠭᠠᠷᠠᠭᠰᠠᠨ ᠴᠦ ᠶᠡᠷᠦ ᠠᠴᠠ ᠤᠷᠬᠢᠬᠤ ᠦᠭᠡᠢ᠂ ᠤᠬᠤᠷᠢᠬᠤ ᠦᠭᠡᠢ᠂ ᠵᠤᠭᠰᠤᠬᠤ ᠦᠭᠡᠢ ᠪᠠᠶᠢᠵᠦ᠂ ᠦᠪᠡᠷ ᠤᠨ ᠠᠯᠤᠰ ᠢᠷᠡᠭᠡᠲᠦᠢ ᠬᠤᠪᠢ ᠵᠠᠶᠠᠭᠠᠠ ᠤ ᠪᠠᠨ ᠲᠦᠯᠦᠭᠡ ᠨᠤᠭᠤᠷᠠᠰᠢ ᠦᠭᠡᠢ ᠴᠦᠬᠦᠷᠡᠰᠢ ᠦᠭᠡᠢ ᠲᠡᠮᠡᠴᠡᠬᠦ ᠳᠤ ᠪᠠᠶᠢᠨ᠎ᠠ᠃ 5000 ᠭᠠᠷᠤᠢ ᠵᠢᠯ ᠤᠨ ᠪᠤᠯᠪᠠᠰᠤᠨ ᠤ ᠬᠦᠭᠵᠢᠯᠲᠠ ᠶᠢᠨ ᠬᠠᠲᠠᠭᠤ ᠪᠡᠷᠭᠡ ᠲᠡᠮᠡᠴᠡᠯ ᠭᠡᠷᠡᠯ ᠰᠠᠴᠤᠷᠠᠩᠭᠤᠢ ᠠᠮᠵᠢᠯᠲᠠ ᠶᠢᠨ ᠲᠤᠮᠲᠠ ᠠᠴᠠ ᠤᠷᠤᠬᠰᠢᠯᠠᠵᠦ ᠢᠷᠡᠭᠰᠡᠡ ᠲᠤᠮᠲᠠᠲᠤ ᠤᠯᠤᠰ ᠤᠨ ᠠᠷᠠᠳ ᠲᠦᠮᠠᠠ ᠪᠤᠯᠤᠨ ᠲᠤᠮᠲᠠᠲᠤ ᠶᠢᠨ ᠦᠨᠲᠦᠰᠦᠲᠠᠠ ᠯᠠᠪᠳᠠᠢ ᠰᠢᠨ᠎ᠠ ᠴᠠᠭ ᠦᠶ᠎ᠠ ᠶᠢᠨ ᠠᠭᠤᠤ ᠶᠡᠭᠡ ᠠᠶᠠᠠ ᠵᠠᠮ ᠢᠶᠠᠷ ᠤᠷᠤᠭᠰᠢᠯᠠᠠ ᠲᠠᠪᠰᠢᠬᠤ ᠶᠤᠮ᠂ ᠶᠠᠮᠠᠷ ᠪᠠ ᠬᠦᠮᠦᠨ ᠶᠠᠮᠠᠷ ᠪᠠ ᠬᠦᠴᠤᠨ ᠭᠡᠳ ᠲᠤᠮᠲᠠᠲᠤ ᠤᠯᠤᠰ ᠤᠨ ᠠᠷᠠᠳ ᠲᠦᠮᠠᠠ ᠤ ᠨᠡᠩ ᠰᠠᠶᠢᠨ ᠰᠠᠶᠢᠬᠠᠠ ᠠᠮᠢᠲᠤᠷᠠᠯ ᠤᠨ ᠲᠦᠯᠦᠭᠡ ᠲᠡᠮᠡᠴᠡᠬᠦ ᠤᠷᠤᠭᠰᠢᠯᠠᠯᠲᠠ ᠶᠢᠨ ᠠᠯᠬᠤᠭ᠎ᠠ ᠶᠢ ᠬᠤᠷᠢᠠᠠᠯᠠᠵᠦ ᠴᠢᠲᠠᠬᠤ ᠦᠭᠡᠢ ᠶᠤᠮ︕ ᠭᠡᠵᠦ ᠴᠢᠬᠤᠯᠠᠴᠢᠯᠠᠪᠠ᠃    ᠬᠤᠷᠠᠯ ᠳᠡᠭᠡᠷ᠎ᠠ᠂ ︽ᠪᠦᠬᠦᠳᠠ ᠨᠠᠶᠢᠷᠠᠮᠳᠠᠬᠤ ᠤᠯᠤᠰ ᠤᠨ ᠭᠠᠪᠢᠶᠠᠨ ᠳᠡᠮᠳᠡᠭ︾ ᠬᠦᠷᠳᠡᠭᠴᠢ ᠵᠦᠩ ᠨᠠᠨ ᠱᠠᠨ ᠂ ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠲᠡᠷᠢᠬᠦᠨ ᠤ ᠬᠤᠪᠢ ᠬᠦᠮᠦᠨ᠂ ᠪᠦᠬᠦ ᠤᠯᠤᠰ ᠤᠨ ᠰᠢᠯᠢᠳᠡᠭ ᠡᠪ ᠬᠠᠮᠳᠦ ᠨᠠᠮ ᠤᠨ ᠭᠡᠰᠢᠬᠦᠨ᠂ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠦ ᠡᠪᠡᠳᠴᠢᠨ ᠤ ᠳᠤᠳᠤᠷ ᠰᠠᠯᠠᠭᠠᠨ ᠤ ᠡᠷᠬᠢᠯᠡᠭᠴᠢ ᠡᠮᠴᠢ ᠯᠢᠦ ᠵᠧᠩ ᠶᠢᠨ᠂ ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠲᠡᠷᠢᠬᠦᠨ ᠤ ᠬᠠᠮᠳᠦ᠂ ᠪᠦᠬᠦ ᠤᠯᠤᠰ ᠤᠨ ᠲᠡᠷᠢᠬᠦᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠦᠯᠦᠭᠡᠯᠡᠭᠴᠢ᠂ ᠦᠬᠠᠨ ᠬᠤᠳᠠ ᠶᠢᠨ ᠴᠢᠩ ᠾᠧ ᠵᠢᠤᠢ ᠨᠡᠶᠢᠭᠡᠮ ᠲᠤᠭᠤᠷᠢᠬ ᠤᠨ ᠨᠡᠮ ᠤᠨ ᠶᠡᠷᠦᠩᠭᠡᠢ ᠡᠬᠦᠷ ᠤᠨ ᠱᠦᠵᠢ ᠬᠦᠢ ᠰᠢᠶᠤᠤ ᠮᠸᠢ ᠦᠬᠡ ᠬᠡᠯᠡᠵᠠᠢ᠃    ᠬᠤᠷᠠᠯ ᠠᠴᠠ ᠡᠮᠦᠨ᠎ᠠ᠂ ᠰᠢ ᠶᠢᠨ ᠫᠢᠩ ᠵᠡᠷᠭᠡ ᠤᠲᠤᠷᠢᠳᠬᠤ ᠨᠦᠬᠦᠳ ᠤᠯᠤᠰ ᠤᠨ ᠭᠠᠪᠢᠶᠠᠠ ᠲᠡᠮᠲᠡᠭ ᠪᠤᠯᠤᠨ ᠤᠯᠤᠰ ᠤᠨ ᠢᠷᠠᠭᠤ ᠠᠯᠲᠠᠷ ᠤᠨ ᠴᠤᠯᠠ ᠬᠦᠷᠳᠡᠭᠰᠡᠳ᠂ ᠪᠦᠬᠦ ᠤᠯᠤᠰ ᠤᠨ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠡ ᠲᠠᠷᠢᠭᠦᠨ ᠤ ᠬᠤᠪᠢ ᠬᠦᠮᠦᠨ᠂ ᠲᠠᠷᠢᠭᠦᠨ ᠤ ᠬᠠᠮᠲᠤ ᠶᠢᠨ ᠲᠦᠯᠦᠭᠡᠯᠡᠭᠴᠢ ᠨᠠᠷ ᠲᠠᠢ ᠠᠭᠤᠯᠵᠠᠭᠰᠠᠠ ᠪᠦᠭᠡᠳ ᠤᠯᠠᠠ ᠲᠠᠢ ᠬᠠᠮᠲᠤ ᠰᠡᠬᠦᠲᠡᠷ ᠲᠠᠲᠠᠭᠤᠯᠤᠨ ᠲᠤᠷᠠᠰᠬᠠᠯ ᠦᠯᠡᠲᠡᠭᠡᠵᠠᠢ᠃    ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠲᠡᠳ᠋ ᠬᠤᠷᠢᠶᠠᠨ ᠲᠠᠷᠤᠭ᠎ᠠ᠂ ᠲᠦᠷᠦ ᠶᠢᠨ ᠶᠠᠪᠤᠲᠠᠯ ᠤᠨ ᠭᠡᠰᠢᠭᠦᠨ᠂ ᠠᠷᠠᠳ ᠤᠨ ᠲᠡᠭᠡᠲᠦ ᠰᠢᠭᠦᠬᠦ ᠬᠤᠷᠢᠶᠠᠠ ᠤ ᠲᠠᠷᠤᠭ᠎ᠠ᠂ ᠠᠷᠠᠳ ᠤᠨ ᠲᠡᠭᠡᠲᠦ ᠪᠠᠶᠢᠴᠠᠭᠠᠬᠤ ᠬᠤᠷᠢᠶᠠᠠ ᠤ ᠪᠠᠶᠢᠴᠠᠭᠠᠬᠤ ᠲᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠡ‌‍ᠤ ᠲᠡᠳ᠋ ᠲᠡᠷᠢᠭᠦᠯᠡᠭᠴᠢ ᠵᠢᠴᠢ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠭᠡᠰᠢᠭᠦᠳ ᠶᠡᠭᠡ ᠬᠤᠷᠠᠯ ᠳᠤ ᠤᠷᠤᠯᠴᠠᠵᠠᠢ᠃    ᠡᠯ᠎ᠠ ᠮᠤᠵᠢ ᠦᠪᠡᠷᠲᠡᠭᠡᠡ ᠵᠠᠰᠠᠬᠤ ᠤᠷᠤᠨ ᠰᠢᠭᠤᠳ ᠬᠠᠷᠢᠶ᠎ᠠ ᠬᠤᠲᠠ᠂ ᠲᠦᠪ ᠤᠨ ᠨᠠᠮ ᠵᠠᠰᠠᠭ ᠴᠡᠷᠢᠭ ᠤᠯᠠᠠ ᠲᠦᠮᠠᠠ ᠤ ᠪᠦᠯᠬᠦᠮ ᠤᠨ ᠡᠯ᠎ᠠ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠨᠦᠬᠦᠳ᠂ ᠡᠯ᠎ᠠ ᠠᠷᠠᠳᠴᠢᠯᠠᠭᠰᠠᠠ ᠨᠠᠮ ᠪᠦ᠋ᠯᠦᠭ ᠤᠨ ᠲᠦᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠲᠠᠯᠲᠤᠭᠠᠠ ᠤ ᠬᠤᠯᠪᠤᠭ᠎ᠠ ᠶᠢᠨ ᠬᠠᠷᠢᠭᠤᠴᠠᠯᠭᠠᠲᠠᠠ ᠨᠦᠬᠦᠳ ᠪᠠ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢ᠂ ᠤᠯᠤᠰ ᠤᠨ ᠭᠠᠪᠢᠶᠠᠠ ᠲᠡᠮᠲᠡᠭ ᠪᠤᠯᠤᠨ ᠤᠯᠤᠰ ᠤᠨ ᠢᠷᠠᠭᠤ ᠠᠯᠲᠠᠷ ᠤᠨ ᠴᠤᠯᠠ ᠬᠦᠷᠳᠡᠭᠰᠡᠳ ᠤᠨ ᠲᠦᠷᠦᠯ ᠰᠠᠲᠤᠨ ᠤ ᠲᠦᠯᠦᠭᠡᠯᠡᠭᠴᠢ᠂ ᠪᠠᠶᠢᠭ᠎ᠠ ᠨᠢᠭᠡᠴᠢ ᠶᠢᠨ ᠬᠢᠨᠢ ᠲᠦᠯᠦᠭᠡᠯᠡᠭᠴᠢ᠂ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠲᠡᠮᠡᠴᠡᠯ ᠳᠤ ᠪᠡᠶ᠎ᠠ ᠦᠷᠡᠭᠲᠡᠭᠰᠠᠠ ᠪᠠᠭᠠᠲᠤᠷᠴᠤᠳ ᠤᠨ ᠲᠦᠷᠦᠯ ᠰᠠᠲᠤᠨ ᠤ ᠲᠦᠯᠦᠭᠡᠯᠡᠭᠴᠢ᠂ ᠰᠢᠶᠠᠩᠭᠠᠩ ᠤᠤᠮᠸᠠ ᠤ ᠠᠬ᠎ᠠ ᠲᠡᠭᠦᠦ ᠨᠠᠷ᠂ ᠲᠠᠶᠢᠸᠠᠠ ᠤ ᠠᠬ᠎ᠠ ᠲᠡᠭᠦᠦ ᠨᠠᠷ᠂ ᠭᠠᠲᠠᠭᠠᠲᠤ ᠳᠤ ᠪᠠᠶᠢᠭ᠎ᠠ ᠲᠤᠮᠲᠠᠲᠤ ᠶᠢᠨ ᠬᠠᠷᠢᠶᠠᠲᠤ ᠠᠬ᠎ᠠ ᠲᠡᠭᠦᠦ ᠨᠠᠷ ᠵᠢᠴᠢ ᠤᠯᠤᠰ ᠲᠠᠭᠠᠨ ᠪᠤᠴᠠᠵᠤ ᠢᠷᠡᠭᠰᠡᠡ ᠲᠤᠮᠲᠠᠲᠤ ᠶᠢᠨ ᠬᠠᠷᠢᠶᠠᠲᠦ᠂ ᠬᠠᠷᠢᠶᠠᠲᠦ ᠨᠠᠷ ᠤᠨ ᠭᠡᠷ ᠪᠦᠯᠢ ᠶᠢᠨ ᠲᠦᠯᠦᠭᠡᠯᠡᠭᠴᠢ᠂ ᠲᠤᠮᠲᠠᠲᠤ ᠤᠯᠤᠰ ᠲᠤ ᠰᠠᠭᠤᠭ᠎ᠠ ᠡᠯ᠎ᠠ ᠤᠯᠤᠰ ᠤᠨ ᠡᠯᠴᠢᠨ ᠰᠠᠶᠢᠳ᠂ ᠲᠤᠮᠲᠠᠲᠤ ᠤᠯᠤᠰ ᠲᠤ ᠰᠠᠭᠤᠭ᠎ᠠ ᠤᠯᠠᠠ ᠤᠯᠤᠰ ᠤᠨ ᠵᠤᠬᠢᠶᠠᠠ ᠪᠠᠶᠢᠭᠤᠯᠤᠯᠲᠠ ᠶᠢᠨ ᠲᠦᠯᠦᠭᠡᠯᠡᠭᠴᠢ ᠵᠢᠴᠢ ᠮᠠᠠ ᠤ ᠤᠯᠤᠰ ᠤᠨ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠲᠡᠮᠡᠴᠡᠯ ᠲᠤᠮᠲᠠ ᠬᠤᠪᠢ ᠨᠡᠮᠡᠷᠢ ᠦᠵᠡᠭᠦᠯᠦᠭᠰᠡᠡ ᠤᠯᠠᠠ ᠤᠯᠤᠰ ᠤᠨ ᠨᠦᠬᠦᠷᠰᠡᠭ ᠬᠦᠮᠦᠰ ᠤᠨ ᠲᠦᠯᠦᠭᠡᠯᠡᠭᠴᠢ ᠵᠠᠷᠭᠡ 3000 ᠰᠢᠬᠠᠮ ᠬᠦᠮᠦᠨ ᠶᠡᠭᠡ ᠬᠤᠷᠠᠯ ᠳᠤ ᠤᠷᠤᠯᠴᠠᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号