ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠳᠡᠬᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2020/9/10
   ︵2020 ᠤᠨ ᠤ 9 ᠰᠠᠷ᠎ᠠ ᠶᠢᠨ 8 ᠤ ᠡᠳᠤᠷ︶    ᠰᠢ ᠶᠢᠨ ᠫᠢᠩ    ᠨᠦᠬᠦᠳ ᠡ᠂ ᠨᠠᠶᠢᠵᠠ ᠨᠠᠷ ᠡ᠄    ᠦᠡᠭᠭᠡᠷᠡᠭᠰᠡᠨ 8 ᠰᠠᠷ᠎ᠡ ᠭᠠᠷᠤᠢ ᠶᠢᠨ ᠬᠤᠭᠤᠴᠠᠭᠠᠨ ᠳᠤ᠂ ᠮᠠᠨ ᠤ ᠨᠠᠮ ᠪᠦᠬᠦ ᠤᠯᠤᠰ ᠤᠨ ᠦᠨᠳᠤᠰᠤᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠤᠨ ᠳᠠᠭᠠᠭᠤᠯᠵᠦ᠂ ᠰᠡᠳᠬᠢᠯ ᠵᠢᠷᠦᠬᠡ ᠶᠢ ᠲᠤᠩᠰᠤᠯᠭᠠᠮ᠎ᠠ ᠬᠢᠵᠢᠭ ᠲᠠᠢ ᠲᠡᠮᠡᠴᠡᠭᠰᠡᠨ ᠲᠠᠶᠢᠯᠠᠯᠳᠤᠭᠠᠨ ᠬᠢᠵᠤ᠂ ᠲᠦᠢᠯ ᠤᠨ ᠬᠠᠳᠠᠭᠤᠵᠢᠯᠳᠠᠢ ᠲᠡᠤᠭᠡ ᠶᠢᠨ ᠶᠡᠭᠡ ᠰᠢᠯᠭᠠᠯᠳᠠ ᠶᠢ ᠦᠡᠭᠭᠡᠷᠡᠬᠦᠯᠤᠨ᠂ ᠨᠦᠷᠢ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠲᠡᠮᠡᠴᠡᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠭᠡᠯ ᠢ ᠤᠯᠵᠤ᠂ ᠬᠦᠮᠦᠨ ᠲᠦᠷᠦᠯᠬᠢᠳᠠᠨ ᠤ ᠡᠪᠡᠳᠴᠢᠨ ᠬᠢᠵᠢᠭ ᠲᠠᠢ ᠲᠡᠮᠡᠴᠡᠭᠰᠡᠨ ᠲᠡᠤᠬᠡᠨ ᠳᠠᠬᠢ ᠪᠠᠰᠠ ᠨᠢᠭᠡᠨ ᠡᠷᠡᠯᠭᠡᠭ ᠪᠠᠭᠠᠳᠤᠷᠯᠢᠭ ᠦᠢᠯᠡ ᠠᠵᠢᠯᠯᠠᠭ᠎ᠠ ᠶᠢ ᠪᠢᠴᠢᠭᠯᠡᠵᠠᠢ︕    ᠡᠨᠡ ᠡᠳᠤᠷ᠂ ᠪᠢᠳᠡ ᠪᠦᠬᠦ ᠤᠯᠤᠰ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠳᠡᠮᠡᠴᠡᠭᠰᠡᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠵᠥ᠂ ᠭᠠᠷᠮᠠᠭᠠᠢ ᠬᠤᠪᠢ ᠨᠡᠮᠡᠷᠢ ᠦᠵᠡᠬᠦᠯᠦᠭᠰᠡᠨ ᠭᠠᠪᠢᠶᠠᠳᠦ ᠵᠢᠱᠢᠶᠡᠴᠢ ᠬᠦᠮᠦᠰ ᠲᠤ ᠪᠦᠬᠦᠳᠠ ᠨᠠᠶᠢᠷᠠᠮᠳᠠᠬᠤ ᠤᠯᠤᠰ ᠤᠨ ᠭᠠᠪᠢᠶᠠᠨ ᠲᠠᠮᠳᠡᠭ ᠪᠤᠯᠤᠨ ᠤᠯᠤᠰ ᠤᠨ ᠢᠷᠠᠭᠤ ᠠᠯᠳᠠᠷ ᠤᠨ ᠴᠤᠯᠠ ᠤᠯᠭᠤᠵᠥ᠂ ᠬᠢᠵᠢᠭ ᠲᠠᠢ ᠳᠡᠮᠡᠴᠡᠭᠰᠡᠨ ᠳᠡᠷᠢᠬᠦᠨ ᠤ ᠬᠤᠪᠢ ᠬᠦᠮᠦᠨ ᠪᠠ ᠳᠡᠷᠢᠬᠦᠨ ᠤ ᠬᠠᠮᠳᠤ ᠶᠢ ᠬᠦᠬᠢᠬᠦᠯᠵᠥ᠂ ᠬᠢᠵᠢᠭ ᠲᠠᠢ ᠳᠡᠮᠡᠴᠡᠬᠦ ᠠᠭᠤᠤ ᠶᠡᠭᠡ ᠵᠤᠷᠢᠬ ᠰᠠᠨᠠᠭ᠎ᠠ ᠶᠢ ᠪᠠᠳᠠᠷᠠᠭᠤᠯᠵᠥ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠡᠯᠡᠬᠦᠯᠬᠦ ᠰᠢᠢᠳᠪᠦᠷᠢᠳᠤ ᠢᠯᠡᠯᠳᠡ ᠶᠢ ᠤᠯᠬᠤ᠂ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠡᠯᠳᠡ ᠶᠢ ᠳᠡᠮᠡᠴᠡᠨ ᠤᠯᠬᠤ ᠶᠢᠨ ᠳᠦᠯᠦᠬᠡ ᠴᠦᠬᠦᠷᠡᠰᠢ ᠦᠬᠡᠢ ᠳᠡᠮᠡᠴᠡᠬᠦ ᠶᠢ ᠤᠷᠢᠶᠠᠯᠠᠵᠦ ᠪᠠᠶᠢᠨ᠎ᠠ︕    ᠠᠳᠡ᠂ ᠪᠢ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠤᠨ᠎ᠡ ᠠᠴᠠ ᠰᠠᠶᠢᠰᠢᠶᠠᠨ ᠬᠦᠬᠢᠬᠦᠯᠦᠭᠳᠡᠭᠰᠡᠨ ᠲᠡᠷᠢᠬᠦᠨ ᠤ ᠬᠤᠪᠢ ᠬᠦᠮᠦᠨ ᠪᠤᠯᠤᠨ ᠲᠡᠷᠢᠬᠦᠨ ᠤ ᠬᠠᠮᠳᠤ᠂ ᠡᠨᠡ ᠤᠳᠠᠭ᠎ᠠ ᠶᠢᠨ ᠬᠢᠵᠢᠭ ᠲᠠᠢ ᠲᠡᠮᠡᠴᠡᠬᠦ ᠲᠠᠮᠠᠴᠡᠯ ᠲᠤᠮᠳᠠ ᠴᠢᠬᠤᠯᠠ ᠬᠤᠪᠢ ᠨᠠᠮᠡᠷᠢ ᠦᠵᠡᠬᠦᠯᠦᠭᠰᠡᠨ ᠦᠷᠭᠡᠨ ᠤᠯᠠᠨ ᠡᠮᠴᠢᠯᠡᠭᠡᠨ ᠤ ᠠᠵᠢᠯᠳᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯᠳᠠᠨ ᠂ ᠠᠷᠠᠳ ᠤᠨ ᠴᠢᠯᠦᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠬᠴᠢ᠂ ᠵᠠᠪᠰᠡᠭᠳᠤ ᠴᠠᠬᠳᠠᠭᠠᠨ ᠤ ᠴᠡᠷᠢᠭ ᠠᠩᠭᠢ ᠶᠢᠨ ᠲᠠᠷᠤᠭ᠎ᠠ ᠪᠠᠶᠢᠯᠳᠤᠬᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ᠂ ᠨᠡᠶᠢᠭᠡᠮ ᠲᠤᠭᠤᠷᠢᠭ ᠤᠨ ᠠᠵᠢᠯᠳᠠᠨ᠂ ᠲᠤᠳᠤᠭᠠᠳᠤ ᠶᠢ ᠬᠠᠮᠠᠭᠠᠯᠠᠬᠤ ᠠᠷᠠᠳ ᠤᠨ ᠴᠠᠬᠳᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠠᠵᠢᠯᠳᠠᠨ᠂ ᠰᠤᠨᠢᠨ ᠮᠡᠳᠡᠭᠡᠨ ᠤ ᠠᠵᠢᠯᠳᠠᠨ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠠᠵᠢᠯᠴᠢᠨ᠂ ᠢᠨᠵᠧᠨᠧᠷᠢᠩ ᠤᠨ ᠪᠦᠳᠦᠭᠡᠨ ᠪᠠᠶᠢᠭᠤᠯᠤᠬᠴᠢ᠂ ᠦᠨᠳᠤᠰᠤᠨ ᠱᠠᠳᠤᠨ ᠳᠤ ᠭᠦᠨᠵᠡᠭᠡᠶᠢᠷᠡᠭᠰᠡᠨ ᠺᠠᠳ᠋ᠷ᠂ ᠰᠠᠶᠢᠨ ᠲᠤᠷᠠᠴᠤᠳ ᠵᠢᠴᠢ ᠦᠷᠭᠡᠨ ᠤᠯᠠᠨ ᠠᠷᠠᠳ ᠲᠦᠮᠡᠨ᠂ ᠡᠯ᠎ᠡ ᠱᠠᠳᠤᠨ ᠤ ᠨᠠᠮ ᠵᠠᠰᠠᠭ ᠤᠨ ᠪᠠᠶᠢᠭᠤᠯᠭ᠎ᠠ ᠪᠤᠯᠤᠨ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠦᠷᠭᠡᠨ ᠤᠯᠠᠨ ᠨᠡᠮ ᠤᠨ ᠭᠡᠰᠢᠬᠦᠨ᠂ ᠺᠠᠳ᠋ᠷ ᠲᠤ ᠡᠷᠭᠢᠮ ᠲᠡᠭᠡᠳᠤ ᠬᠦᠨᠳᠤᠳᠭᠡᠯ ᠢᠶᠠᠨ ᠲᠡᠪᠰᠢᠬᠦᠯᠦᠶ᠎ᠡ︕ ᠬᠢᠵᠢᠭ ᠲᠠᠢ ᠲᠡᠮᠡᠴᠡᠬᠦ ᠲᠡᠮᠡᠴᠡᠯ ᠳᠤ ᠢᠳᠡᠪᠬᠢᠯᠡᠨ ᠤᠷᠤᠯᠴᠠᠬᠰᠡᠨ ᠡᠯ᠎ᠡ ᠠᠷᠠᠳᠴᠢᠯᠡᠬᠰᠡᠨ ᠨᠠᠮ ᠪᠦᠯᠦᠭ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠪᠤᠯᠤᠨ ᠨᠠᠮ ᠪᠦᠯᠦᠭ ᠤᠨ ᠪᠤᠰᠤ ᠬᠦᠮᠦᠰ᠂ ᠡᠯ᠎ᠡ ᠠᠷᠠᠳ ᠤᠨ ᠪᠦᠯᠬᠦᠮ ᠵᠢᠴᠢ ᠨᠡᠶᠢᠭᠡᠮ ᠤᠨ ᠡᠯ᠎ᠡ ᠡᠳᠡᠭᠡᠳ᠂ ᠢᠳᠡᠪᠬᠢᠳᠠᠢ ᠲᠤᠰᠠᠯᠠᠮᠵᠢ ᠦᠵᠡᠬᠦᠯᠦᠭᠰᠡᠨ ᠰᠢᠶᠠᠩᠭᠠᠩ ᠤᠨ ᠠᠬ᠎ᠠ ᠲᠡᠬᠦᠤ ᠨᠠᠷ᠂ ᠤᠤᠮᠸᠠ ᠤ ᠠᠬ᠎ᠠ ᠲᠡᠬᠦᠤ ᠨᠠᠷ᠂ ᠲᠠᠶᠢᠸᠠᠨ ᠤ ᠠᠬ᠎ᠠ ᠲᠡᠬᠦᠤ ᠨᠠᠷ ᠵᠢᠴᠢ ᠭᠠᠳᠠᠭᠠᠳᠤ ᠳᠤ ᠰᠠᠭᠤᠭ᠎ᠠ ᠲᠤᠮᠳᠠᠳᠤ ᠶᠢᠨ ᠬᠠᠷᠢᠶᠠᠳᠤ ᠪᠠ ᠲᠤᠮᠳᠠᠳᠤᠴᠤᠳ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠶ᠎ᠡ︕    ᠲᠤᠮᠳᠠᠳᠤ ᠤᠯᠤᠰ ᠤᠨ ᠠᠷᠠᠳ ᠲᠦᠮᠡᠨ ᠤ ᠬᠢᠵᠢᠭ ᠲᠠᠢ ᠲᠡᠮᠡᠴᠠᠵᠤ ᠪᠠᠶᠢᠬᠰᠡᠨ ᠬᠤᠭᠤᠴᠠᠭᠠᠨ ᠳᠤ ᠮᠠᠰᠢ ᠤᠯᠠᠨ ᠤᠯᠤᠰ ᠤᠨ ᠤᠳᠤᠷᠢᠳᠬᠤ ᠬᠦᠮᠦᠰ᠂ ᠵᠠᠰᠠᠭ ᠤᠨ ᠤᠷᠳᠤᠨ᠂ ᠲᠦᠷᠦ ᠶᠢᠨ ᠨᠠᠮ᠂ ᠨᠡᠶᠢᠭᠡᠮ ᠤᠨ ᠪᠦᠯᠬᠦᠮ ᠵᠢᠴᠢ ᠲᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠬᠤᠯᠪᠤᠬᠳᠠᠯ ᠪᠦᠬᠦᠢ ᠵᠤᠬᠢᠶᠠᠨ ᠪᠠᠶᠢᠭᠤᠯᠤᠯᠳᠠ᠂ ᠬᠤᠯᠪᠤᠬᠳᠠᠯ ᠪᠦᠬᠦᠢ ᠭᠠᠵᠠᠷ ᠤᠷᠤᠨ ᠤ ᠵᠤᠬᠢᠶᠠᠨ ᠪᠠᠶᠢᠭᠤᠯᠤᠯᠳᠠ ᠪᠤᠯᠤᠨ ᠤᠯᠠᠨ ᠤᠯᠤᠰ ᠤᠨ ᠪᠠᠶᠢᠭᠤᠯᠤᠮᠵᠢ᠂ ᠭᠠᠳᠠᠭᠠᠳᠤ ᠶᠢᠨ ᠪᠡᠯᠡᠳᠦ ᠠᠵᠤ ᠠᠬᠤᠢᠢᠯᠠᠯ ᠵᠢᠴᠢ ᠤᠯᠠᠨ ᠤᠯᠤᠰ ᠤᠨ ᠨᠦᠬᠦᠷᠰᠡᠭ ᠬᠦᠮᠦᠰ ᠡᠯ᠎ᠡ ᠵᠦᠢᠯ ᠤᠨ ᠬᠡᠯᠪᠡᠷᠢ ᠪᠠᠷ ᠲᠤᠮᠳᠠᠳᠤ ᠤᠯᠤᠰ ᠤᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠤᠴᠢᠯᠡᠯ ᠢᠶᠠᠨ ᠲᠠᠪᠰᠢᠬᠦᠯᠵᠤ᠂ ᠡᠷᠬᠢᠮ ᠨᠠᠨᠳᠢᠨ ᠲᠠᠮᠵᠢᠯᠭᠡ ᠦᠵᠡᠬᠦᠯᠵᠠᠢ᠃ ᠪᠢ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠲᠤᠮᠳᠠᠳᠤ ᠤᠯᠤᠰ ᠤᠨ ᠠᠷᠠᠳ ᠲᠦᠮᠡᠨ ᠤ ᠡᠮᠤᠨ᠎ᠡ ᠠᠴᠠ ᠲᠡᠳᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠤ ᠪᠠᠶᠢᠨ᠎ᠡ︕    ᠤᠳᠤᠬᠠᠨ ᠳᠤ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠮᠦᠨ ᠬᠦ ᠪᠦᠬᠦ ᠪᠦᠮᠪᠦᠷᠴᠡᠭ ᠲᠤ ᠦᠷᠪᠢᠰᠤᠨ ᠲᠡᠯᠭᠡᠷᠡᠵᠤ ᠪᠠᠶᠢᠨ᠎ᠡ᠂ ᠬᠢᠵᠢᠭ ᠤᠨ ᠪᠠᠶᠢᠳᠠᠯ ᠤᠨ ᠡᠯ᠎ᠡ ᠤᠯᠤᠰ ᠤᠨ ᠠᠷᠠᠳ ᠲᠦᠮᠡᠨ ᠳᠤ ᠤᠴᠠᠷᠠᠭᠤᠯᠤᠭᠰᠠᠨ ᠬᠦᠴᠢᠷ ᠵᠤᠪᠠᠭᠤᠷᠢ ᠶᠢ ᠲᠤᠮᠳᠠᠳᠤ ᠤᠯᠤᠰ ᠤᠨ ᠠᠷᠠᠳ ᠲᠦᠮᠡᠨ ᠪᠠᠶ᠎ᠡ ᠪᠠᠷ ᠢᠶᠠᠨ ᠦᠡᠭᠭᠡᠷᠡᠭᠦᠯᠦᠭᠰᠡᠨ ᠰᠢᠭ ᠤᠢᠢᠯᠠᠭᠠᠵᠤ ᠪᠠᠶᠢᠨ᠎ᠡ᠂ ᠬᠢᠵᠢᠭ ᠠᠴᠠ ᠪᠤᠯᠵᠤ ᠠᠮᠢ ᠨᠠᠰᠤ ᠪᠠᠨ ᠠᠯᠳᠠᠬᠰᠡᠨ ᠬᠦᠮᠦᠰ ᠢ ᠭᠦᠨ᠎ᠡ ᠡᠮᠭᠡᠨᠢᠨ ᠭᠠᠰᠢᠭᠤᠳᠠᠵᠤ ᠪᠠᠶᠢᠨ᠎ᠡ᠂ ᠴᠠᠭ ᠮᠦᠴᠠ ᠲᠠᠢ ᠤᠷᠤᠯᠳᠤᠨ ᠬᠢᠵᠢᠭ ᠲᠠᠢ ᠲᠡᠮᠡᠴᠡᠵᠤ᠂ ᠠᠮᠢ ᠨᠠᠰᠤ ᠶᠢ ᠠᠪᠤᠷᠠᠵᠤ ᠪᠠᠶᠢᠭ᠎ᠠ ᠬᠦᠮᠦᠰ ᠲᠤ ᠴᠢᠩ ᠰᠡᠳᠬᠢᠯ‌ᠡᠴᠠ ᠪᠠᠨ ᠬᠦᠨᠳᠦᠳᠭᠡᠯ ᠲᠠᠪᠰᠢᠬᠦᠯᠵᠤ ᠪᠠᠶᠢᠨ᠎ᠡ᠂ ᠵᠤᠯ ᠪᠤᠰᠤ ᠪᠠᠷ ᠸᠢᠷᠦ᠋ᠰ ᠲᠤ ᠬᠠᠯᠳᠠᠪᠤᠷᠢᠯᠠᠬᠳᠠᠨ ᠡᠮᠨᠡᠨ ᠵᠠᠰᠠᠭᠤᠯᠵᠤ ᠪᠠᠶᠢᠭ᠎ᠠ ᠬᠦᠮᠦᠰ ᠲᠤ ᠴᠢᠩ ᠰᠡᠳᠬᠢᠯ ᠤᠨ ᠵᠦᠡᠭᠨᠡᠯ ᠢᠶᠠᠨ ᠲᠠᠪᠰᠢᠬᠦᠯᠵᠤ ᠪᠠᠶᠢᠨ᠎ᠡ︕    ᠡᠨᠡ ᠬᠦ ᠮᠦᠴᠡ ᠳᠤ᠂ ᠪᠢᠳᠠ ᠤᠨᠴᠠᠭᠠᠢᠢᠯᠡᠨ ᠬᠢᠵᠢᠭ ᠲᠠᠢ ᠲᠡᠮᠡᠴᠡᠬᠦ ᠲᠡᠮᠡᠴᠡᠯ ᠳᠤ ᠡᠷᠡᠯᠭᠡᠭ ᠪᠠᠭᠠᠳᠤᠷᠯᠢᠭ ᠢᠶᠠᠷ ᠠᠮᠢ ᠨᠠᠰᠤ ᠪᠠᠨ ᠵᠤᠷᠢᠭᠤᠯᠤᠬᠰᠡᠨ ᠦᠷᠡᠭᠳᠡᠭᠰᠡᠨ ᠪᠠᠭᠠᠳᠤᠷᠴᠤᠳ᠂ ᠬᠢᠵᠢᠭ ᠲᠤ ᠵᠤᠯ ᠪᠤᠰᠤ ᠪᠠᠷ ᠠᠳᠡᠭᠰᠡᠨ ᠠᠬ᠎ᠠ ᠲᠡᠬᠦᠤ ᠨᠠᠷ ᠢᠶᠠᠨ ᠬᠦᠨ᠎ᠡ ᠮᠦᠷᠦᠭᠡᠳᠴᠤ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠭᠡᠵᠤ ᠪᠠᠶᠢᠨ᠎ᠡ︕    ᠨᠦᠬᠦᠳ ᠡ᠂ ᠨᠠᠶᠢᠵᠠ ᠨᠠᠷ ᠡ︕    ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠪᠤᠯ ᠵᠠᠭᠤᠨ ᠵᠢᠯ ᠤᠨ ᠲᠤᠷᠰᠢ ᠪᠦᠬᠦ ᠪᠦᠮᠪᠦᠷᠴᠡᠭ ᠲᠤ ᠡᠬᠦᠰᠦᠭᠰᠡᠨ ᠬᠠᠮᠤᠭ ᠤᠨ ᠬᠦᠨᠳᠤ ᠨᠤᠴᠢᠳᠠᠢ ᠬᠠᠯᠳᠠᠪᠤᠷᠢᠳᠤ ᠡᠪᠡᠳᠴᠢᠨ ᠤ ᠶᠡᠭᠡ ᠳᠠᠬᠤᠯ᠂ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ ᠠᠴᠠ ᠨᠠᠭᠠᠰᠢ ᠮᠠᠨ ᠤ ᠤᠯᠤᠰ ᠲᠤ ᠲᠤᠯᠭᠠᠷᠠᠬᠰᠡᠨ ᠬᠠᠯᠲᠠᠪᠤᠷᠢᠯᠠᠨ ᠲᠠᠷᠬᠠᠬᠤ ᠬᠤᠷᠳᠤᠴᠠ ᠪᠠᠷ ᠬᠠᠮᠤᠭ ᠤᠨ ᠲᠦᠷᠭᠡᠨ᠂ ᠬᠠᠯᠳᠠᠪᠤᠷᠢᠯᠠᠬᠤ ᠬᠡᠪᠴᠢᠶ᠎ᠡ ᠪᠠᠷ ᠬᠠᠮᠤᠭ ᠤᠨ ᠦᠷᠭᠡᠨ᠂ ᠰᠡᠷᠭᠡᠶᠢᠯᠡᠨ ᠡᠵᠡᠮᠳᠡᠬᠦ ᠬᠦᠴᠢᠷᠳᠡᠯ ᠢᠶᠠᠷ ᠬᠠᠮᠤᠭ ᠤᠨ ᠶᠡᠭᠡ ᠬᠦᠨᠳᠤ ᠶᠡᠭᠡ ᠭᠡᠨᠡᠳᠳᠠ ᠡᠭᠦᠰᠦᠭᠰᠡᠡ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠭᠡᠷᠡᠭ ᠪᠤᠯᠤᠨ᠎ᠡ᠃    ᠸᠢᠷᠦ᠋ᠰ ᠬᠡᠨᠡᠳᠳᠠ ᠲᠠᠭᠠᠷᠢᠨ ᠢᠷᠠᠬᠡᠳ ᠬᠢᠵᠢᠭ ᠤᠨ ᠪᠠᠶᠢᠳᠠᠯ ᠮᠠᠰᠢ ᠰᠦᠷᠡᠭᠡᠢ ᠪᠠᠶᠢᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠠᠶ᠎ᠡ ᠮᠠᠬᠠᠪᠤᠳ ᠤᠨ ᠡᠷᠡᠬᠦᠯ ᠮᠠᠨᠳᠤ ᠬᠦᠨᠳᠤ ᠰᠦᠷᠳᠡᠬᠦᠯᠤᠯ ᠳᠤ ᠲᠤᠯᠭᠠᠷᠠᠵᠠᠢ᠃ ᠪᠢᠳᠠ ᠠᠷᠠᠳ ᠲᠦᠮᠡᠨ ᠢ ᠲᠡᠭᠡᠳᠦᠯᠡᠬᠦ᠂ ᠠᠮᠢ ᠨᠠᠰᠤ ᠶᠢ ᠲᠡᠭᠡᠳᠦᠯᠡᠬᠦ ᠶᠢ ᠪᠠᠷᠢᠮᠳᠠᠯᠠᠨ᠂ ᠡᠷᠡᠰ ᠰᠢᠭᠤᠷᠬᠠᠢ ᠰᠦᠰᠤ ᠵᠤᠷᠢᠭ ᠪᠠ ᠰᠢᠨᠳᠠᠷᠠᠰᠢ ᠦᠭᠡᠢ ᠲᠡᠮᠡᠴᠡᠬᠦ ᠰᠢᠢᠳᠮᠡᠭ ᠵᠤᠷᠢᠭ ᠢᠶᠠᠷ ᠴᠠᠭ ᠮᠦᠴᠠ ᠲᠠᠢ ᠤᠷᠤᠯᠳᠤᠨ ᠬᠢᠵᠢᠭ ᠲᠠᠢ ᠲᠡᠮᠡᠴᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ᠂ ᠶᠡᠷᠤᠩᠭᠡᠢ ᠲᠠᠶᠢᠯᠠᠯᠳᠤᠭᠠᠨ᠂ ᠬᠤᠷᠢᠬᠯᠠᠯᠳᠠ ᠶᠢᠨ ᠲᠠᠶᠢᠯᠠᠯᠳᠤᠭᠠᠨ ᠢ ᠦᠳᠳᠡᠷ ᠲᠦᠷᠭᠡᠨ ᠡᠬᠢᠯᠡᠬᠦᠯᠵᠤ᠂ 1 ᠰᠠᠷ᠎ᠡ ᠭᠠᠷᠤᠢ ᠶᠢᠨ ᠬᠤᠭᠤᠴᠠᠭ᠎ᠠ ᠬᠡᠷᠡᠭᠰᠡᠨ ᠬᠢᠵᠢᠭ ᠤᠨ ᠪᠠᠶᠢᠳᠠᠯ ᠤᠨ ᠦᠷᠪᠢᠰᠤᠨ ᠲᠡᠯᠭᠡᠷᠡᠬᠦ ᠬᠠᠨᠳᠤᠰᠢ ᠶᠢ ᠠᠩᠬ᠎ᠠ ᠠᠯᠬᠤᠮ ᠬᠤᠷᠢᠬᠯᠠᠵᠤ᠂ 2 ᠰᠠᠷ᠎ᠡ ᠰᠢᠬᠠᠮ ᠤᠨ ᠬᠤᠭᠤᠴᠠᠭ᠎ᠠ ᠭᠡᠷᠡᠭᠰᠡᠨ ᠲᠤᠰ ᠭᠠᠵᠠᠷ ᠤᠷᠤᠨ ᠤ ᠡᠳᠤᠷ ᠪᠦᠷᠢ ᠰᠢᠨ᠎ᠡ ᠪᠠᠷ ᠨᠡᠮᠡᠭᠳᠡᠵᠤ ᠪᠠᠶᠢᠭ᠎ᠠ ᠡᠪᠡᠳᠴᠢᠨ ᠤ ᠵᠢᠱᠢᠶ᠎ᠡ ᠶᠢ ᠨᠢᠭᠡ ᠤᠷᠤᠨᠳᠤ ᠲᠤᠭ᠎ᠠ ᠶᠢᠨ ᠲᠤᠳᠤᠷ᠎ᠡ ᠬᠢᠵᠠᠭᠠᠷᠯᠠᠨ᠂ 3 ᠰᠠᠷ᠎ᠡ ᠰᠢᠬᠠᠮ ᠤᠨ ᠬᠤᠭᠤᠴᠠᠭ᠎ᠠ ᠭᠡᠷᠡᠭᠰᠡᠨ ᠦᠬᠠᠨ ᠢ ᠬᠠᠮᠠᠭᠠᠯᠠᠬᠤ ᠲᠠᠶᠢᠯᠠᠯᠳᠤᠭᠠᠨ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ ᠤ ᠰᠢᠢᠳᠪᠤᠷᠢᠯᠡᠭᠦ ᠴᠢᠨᠠᠷᠳᠠᠢ ᠦᠷ᠎ᠡ ᠪᠦᠳᠦᠭᠡᠯ ᠢ ᠤᠯᠵᠤ᠂ ᠡᠬᠦᠨ ᠤ ᠤᠯᠠᠮ ᠢᠶᠠᠷ ᠵᠠᠯᠭᠠᠭ᠎ᠠ ᠪᠠᠷ ᠭᠡᠳᠤᠨ ᠲᠠᠯᠠᠪᠤᠷ ᠭᠡᠰᠡᠭ ᠭᠠᠵᠠᠷ ᠤᠷᠤᠨ ᠤ ᠴᠤᠬᠯᠠᠷᠠᠯ ᠤᠨ ᠴᠢᠨᠠᠷᠳᠠᠢ ᠬᠢᠵᠢᠭ ᠤᠨ ᠪᠠᠶᠢᠳᠠᠯ ᠢ ᠤᠰᠠᠳᠬᠠᠬᠤ ᠲᠠᠶᠢᠯᠠᠯᠳᠤᠭᠠᠨ ᠢ ᠬᠢᠵᠤ᠂ ᠪᠦᠬᠦ ᠤᠯᠤᠰ ᠤᠨ ᠬᠢᠵᠢᠭ ᠲᠠᠢ ᠲᠡᠮᠡᠴᠡᠬᠦ ᠲᠡᠮᠡᠴᠡᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠭᠡᠯ ᠢ ᠤᠯᠪᠠ᠃ ᠡᠨᠡ ᠬᠦ ᠰᠠᠭᠤᠷᠢᠨ ᠲᠡᠭᠡᠷ᠎ᠡ᠂ ᠪᠢᠳᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠵᠢᠯ ᠢ ᠨᠢᠭᠡᠳᠤᠯᠳᠠᠢ ᠲᠦᠯᠦᠪᠵᠢᠬᠦᠯᠤᠨ ᠠᠬᠢᠭᠤᠯᠵᠤ᠂ ᠦᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠢᠶᠠᠨ ᠱᠠᠯᠠᠪᠳᠠᠭᠤᠯᠤᠨ ᠰᠡᠷᠬᠦᠭᠡᠵᠤ᠂ ᠮᠡᠳᠡᠭᠳᠡᠮ᠎ᠡ ᠦᠷ᠎ᠡ ᠪᠦᠳᠦᠮᠵᠢ ᠤᠯᠪᠠ᠃ ᠲᠤᠮᠳᠠᠳᠤ ᠤᠯᠤᠰ ᠤᠨ ᠬᠢᠵᠢᠭ ᠲᠠᠢ ᠲᠡᠮᠡᠴᠡᠬᠦ ᠲᠡᠮᠡᠴᠡᠯ ᠨᠢ ᠲᠤᠮᠳᠠᠳᠤ ᠤᠯᠤᠰ ᠤᠨ ᠵᠤᠷᠢᠭ ᠰᠠᠨᠠᠭ᠎ᠠ᠂ ᠲᠤᠮᠳᠠᠳᠤ ᠤᠯᠤᠰ ᠤᠨ ᠬᠦᠴᠤᠨ ᠴᠢᠳᠠᠯ᠂ ᠲᠤᠮᠳᠠᠳᠤ ᠤᠯᠤᠰ ᠤᠨ ᠬᠠᠷᠢᠭᠤᠴᠠᠯᠭ᠎ᠠ ᠡᠬᠦᠷᠭᠡᠯᠡᠯ ᠢ ᠬᠦᠢᠴᠡᠳ ᠬᠠᠷᠠᠭᠤᠯᠵᠠᠢ᠃    — ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ᠂ ᠨᠠᠮ ᠤᠨ ᠲᠦᠪ ᠬᠤᠷᠢᠶ᠎ᠠ ᠠᠴᠠ ᠪᠦᠬᠦ ᠲᠠᠯ᠎ᠠ ᠶᠢ ᠵᠠᠬᠢᠷᠤᠨ ᠡᠵᠡᠮᠳᠡᠵᠤ᠂ ᠡᠷᠡᠰ ᠰᠢᠭᠤᠷᠬᠠᠢ ᠰᠢᠢᠳᠪᠤᠷᠢᠳᠤ ᠪᠤᠳᠤᠯᠭ᠎ᠠ ᠭᠠᠷᠭᠠᠨ᠂ ᠶᠠᠷᠤ ᠪᠤᠰᠤ ᠶᠢᠨ ᠠᠵᠢᠯᠯᠠᠭ᠎ᠠ ᠪᠠᠷ ᠶᠠᠷᠤ ᠪᠤᠰᠤ ᠶᠢᠨ ᠶᠠᠪᠤᠳᠠᠯ ᠢ ᠠᠷᠭᠠᠴᠠᠭᠠᠪᠠ᠃ ᠨᠠᠮ ᠤᠨ ᠲᠦᠪ ᠬᠤᠷᠢᠶ᠎ᠠ ᠠᠴᠠ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠠᠶ᠎ᠠ ᠮᠠᠬᠠᠪᠤᠳ ᠤᠨ ᠡᠷᠡᠬᠦᠯ ᠮᠡᠨᠳᠤ ᠶᠢ ᠲᠡᠷᠢᠬᠦᠨ ᠳᠤ ᠲᠠᠯᠪᠢᠬᠤ ᠶᠢ ᠪᠠᠷᠢᠮᠲᠠᠯᠠᠨ᠂ ᠲᠠᠷᠦ᠋ᠢᠬᠠᠨ ᠲᠦᠪᠯᠡᠷᠡᠩᠬᠦᠢ ᠨᠢᠭᠡᠲᠦᠯᠲᠡᠢ ᠤᠳᠤᠷᠢᠳᠤᠯᠭ᠎ᠠ ᠶᠢ ᠭᠡᠷᠡᠭᠵᠢᠬᠦᠯᠵᠤ᠂ ᠨᠠᠮ ᠤᠨ ᠲᠦᠪ ᠬᠤᠷᠢᠶᠠᠨ ᠤ ᠤᠯᠤᠰ ᠲᠦᠷᠤ‌‍ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶ᠎ᠠ ᠨᠡᠶᠢᠳᠡ 21 ᠤᠳᠠᠭ᠎ᠠ ᠬᠤᠷᠠᠯ ᠬᠤᠷᠠᠯᠳᠤᠭᠤᠯᠤᠨ ᠰᠢᠢᠳᠪᠤᠷᠢᠳᠤ ᠪᠤᠳᠤᠯᠭ᠎ᠠ ᠶᠢ ᠰᠤᠳᠤᠯᠵᠤ᠂ ᠨᠠᠮ ᠵᠠᠰᠠᠬ ᠴᠡᠷᠢᠭ ᠠᠷᠠᠳ ᠰᠤᠷᠭᠠᠭᠤᠯᠢ᠂ ᠲᠦᠷᠪᠡᠨ ᠵᠦᠭ ᠨᠠᠢᠮᠠᠨ ᠵᠤᠪᠬᠢᠰ ᠤᠨ ᠬᠢᠨ ᠢ ᠤᠲᠤᠷᠢᠳᠤᠨ ᠵᠤᠬᠢᠶᠠᠨ ᠪᠠᠶᠢᠭᠤᠯᠵᠤ ᠬᠠᠮᠳᠤᠷᠠᠬᠰᠠᠨ ᠲᠠᠶᠢᠯᠠᠯᠳᠤᠭᠠᠨ ᠬᠢᠪᠡ᠂ ᠢᠳᠡᠬᠡᠯ ᠵᠤᠷᠢᠬ ᠢᠶᠠᠨ ᠪᠠᠳᠤᠳᠬᠠᠬᠤ᠂ ᠵᠢᠷᠭᠠᠯ ᠵᠤᠪᠠᠯᠠᠩ ᠢᠶᠠᠨ ᠬᠠᠮᠳᠤᠳᠬᠠᠬᠤ᠂ ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠨ ᠵᠠᠰᠠᠬᠤ᠂ ᠲᠦᠷᠤ ᠶᠢᠨ ᠪᠤᠳᠤᠯᠭ᠎ᠠ ᠶᠢ ᠤᠨᠤᠴᠠᠳᠠᠢ ᠭᠡᠷᠡᠭᠵᠢᠬᠦᠯᠬᠦ ᠶᠠᠷᠤᠩᠬᠡᠢ ᠱᠠᠭᠠᠷᠳᠠᠯᠭ᠎ᠠ ᠲᠤᠷᠠᠳᠴᠤ᠂ ᠬᠢᠵᠢᠭ ᠤᠨ ᠪᠠᠶᠢᠳᠠᠯ ᠤᠨ ᠦᠷᠪᠢᠰᠤᠨ ᠲᠡᠯᠬᠡᠷᠡᠬᠦ ᠬᠠᠨᠳᠤᠰᠢ ᠶᠢ ᠡᠷᠡᠰ ᠬᠤᠷᠢᠬᠯᠠᠬᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠬᠯᠠᠯᠲᠠ ᠶᠢᠨ ᠲᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠶᠠᠷᠤᠩᠬᠡᠢ ᠬᠠᠷᠠᠯᠳᠠ ᠶᠢ ᠳᠤᠳᠤᠷᠬᠠᠢᠢᠯᠠᠨ᠂ ᠦᠬᠠᠨ ᠢ ᠬᠠᠮᠠᠭᠠᠯᠠᠬᠤ ᠲᠠᠶᠢᠯᠠᠯᠳᠤᠭᠠᠨ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ ᠢ ᠨᠠᠷᠢᠨ ᠨᠢᠬᠳᠠ ᠪᠠᠶᠢᠷᠢᠯᠠᠭᠤᠯᠵᠤ᠂ ᠪᠠᠶᠢᠳᠠᠯ ᠤᠨ ᠬᠠᠨᠳᠤᠰᠢ ᠳᠤ ᠲᠤᠬᠢᠷᠠᠭᠤᠯᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠷᠭ᠎ᠠ ᠪᠤᠳᠤᠯᠭ᠎ᠠ ᠲᠤᠭᠳᠠᠭᠠᠪᠠ᠃ ᠪᠢᠳᠡ ᠲᠦᠪ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠢᠢᠯᠠᠩ ᠢ ᠪᠠᠶᠢᠭᠤᠯᠵᠤ᠂ ᠲᠦᠪ ᠤᠨ ᠵᠢᠭᠠᠨ ᠵᠢᠯᠤᠭᠤᠳᠬᠤ ᠳᠤᠭᠤᠢᠢᠯᠠᠩ ᠢ ᠲᠤᠮᠢᠯᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠬᠦ ᠲᠤᠭᠳᠠᠴᠠ ᠶᠢ ᠪᠠᠶᠢᠭᠤᠯᠵᠠᠢ᠃ ᠪᠢᠳᠡ ᠡᠷᠳᠡ ᠢᠯᠡᠷᠡᠭᠦᠯᠬᠦ᠂ ᠡᠷᠳᠡ ᠮᠡᠳᠡᠭᠦᠯᠬᠦ᠂ ᠡᠷᠳᠡ ᠲᠤᠰᠠᠭᠠᠷᠯᠠᠬᠤ᠂ ᠡᠷᠳᠡ ᠡᠮᠨᠡᠨ ᠵᠠᠰᠠᠬᠤ ᠱᠠᠭᠠᠷᠳᠠᠯᠭ᠎ᠠ ᠶᠢ ᠳᠤᠷᠠᠳᠴᠤ᠂ ᠡᠪᠡᠳᠴᠢᠳᠡᠨ ᠢ ᠲᠦᠪᠯᠡᠷᠡᠭᠦᠯᠬᠦ᠂ ᠲᠤᠰᠬᠠᠢ ᠮᠡᠷᠭᠡᠵᠢᠯᠳᠡᠨ ᠢ ᠲᠦᠪᠯᠡᠷᠡᠭᠦᠯᠬᠦ᠂ ᠡᠬᠢ ᠪᠠᠶᠠᠯᠢᠭ ᠢ ᠲᠦᠪᠯᠡᠷᠡᠭᠦᠯᠬᠦ᠂ ᠲᠦᠪᠯᠡᠷᠡᠭᠦᠯᠤᠨ ᠠᠪᠤᠷᠠᠵᠦ ᠵᠠᠰᠠᠬᠤ ᠱᠠᠭᠠᠷᠳᠠᠯᠭ᠎ᠠ ᠶᠢ ᠲᠤᠭᠳᠠᠭᠠᠵᠤ᠂ ᠬᠦᠯᠢᠶᠡᠨ ᠠᠪᠴᠤ ᠡᠮᠨᠡᠨ ᠵᠠᠰᠠᠬᠤ ᠨᠤᠷᠮ᠎ᠠ ᠪᠠ ᠢᠯᠡᠷᠢᠰᠢᠭᠦᠯᠬᠦ ᠨᠤᠷᠮ᠎ᠠ ᠶᠢ ᠳᠡᠭᠡᠭᠰᠢᠯᠡᠭᠦᠯᠵᠤ᠂ ᠬᠠᠯᠳᠠᠪᠤᠷᠢᠯᠠᠬᠤ ᠨᠤᠷᠮ᠎ᠠ ᠪᠠ ᠡᠪᠡᠳᠴᠢᠨ ᠢᠶᠠᠷ ᠦᠬᠦᠬᠦ ᠨᠤᠷᠮ᠎ᠠ ᠶᠢ ᠳᠤᠷᠤᠭᠰᠢᠯᠠᠭᠤᠯᠬᠤ ᠶᠢ ᠳᠤᠪᠤᠶᠢᠮ᠎ᠠ ᠡᠭᠦᠷᠭᠡ ᠪᠤᠯᠭᠠᠨ ᠠᠳᠬᠤᠵᠠᠢ᠃ ᠪᠢᠳᠡ ᠡᠪᠡᠳᠴᠢᠳᠡᠨ ᠢ ᠪᠦᠬᠦ ᠬᠦᠴᠦ ᠪᠠᠷ ᠢᠶᠠᠨ ᠠᠪᠤᠷᠠᠨ ᠵᠠᠰᠠᠵᠤ᠂ ᠬᠠᠯᠳᠠᠪᠤᠷᠢᠯᠠᠭᠳᠠᠭᠰᠠᠨ ᠬᠦᠮᠦᠨ ᠨᠢᠭᠡᠪᠦᠷᠢ ᠶᠢ ᠦᠯᠦ ᠤᠷᠬᠢᠭᠳᠠᠭᠤᠯᠵᠤ᠂ ᠡᠪᠡᠳᠴᠢᠳᠡᠨ ᠨᠢᠭᠡᠪᠦᠷᠢ ᠶᠢ ᠦᠯᠦ ᠤᠷᠬᠢᠬᠳᠠᠭᠤᠯᠤᠨ᠂ ᠬᠢᠳᠠᠳ ᠡᠸᠦ᠋ᠷᠦᠫᠠ ᠠᠨᠠᠭᠠᠬᠤ ᠤᠬᠠᠭᠠᠨ ᠢ ᠤᠶᠠᠯᠳᠤᠭᠤᠯᠬᠤ ᠶᠢ ᠪᠠᠷᠢᠮᠳᠠᠯᠠᠵᠤ᠂ ᠪᠦᠬᠦ ᠵᠠᠷᠤᠳᠠᠯ ᠰᠦᠢᠳᠭᠡᠯ ᠢ ᠤᠯᠤᠰ ᠠᠴᠠ ᠳᠠᠭᠠᠭᠠᠴᠢᠯᠠᠵᠤ᠂ ᠢᠯᠡᠷᠢᠰᠢᠭᠦᠯᠬᠦ ᠨᠤᠷᠮ᠎ᠠ ᠶᠢ ᠬᠠᠮᠤᠭ ᠤᠨ ᠶᠡᠭᠡ ᠬᠡᠮᠵᠢᠶ᠎ᠠ ᠪᠠᠷ ᠳᠡᠭᠡᠭᠰᠢᠯᠡᠭᠦᠯᠵᠤ᠂ ᠦᠬᠦᠬᠦ ᠨᠤᠷᠮ᠎ᠠ ᠶᠢ ᠬᠠᠮᠤᠭ ᠤᠨ ᠶᠡᠭᠡ ᠬᠡᠮᠵᠢᠶ᠎ᠠ ᠪᠠᠷ ᠳᠤᠷᠤᠭᠰᠢᠯᠠᠭᠤᠯᠪᠠ᠃ ᠪᠢᠳᠡ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠤᠯᠳᠠ ᠪᠤᠯᠤᠨ ᠡᠮᠴᠢᠯᠡᠭᠡ ᠪᠠᠷ ᠠᠪᠤᠷᠠᠨ ᠵᠠᠰᠠᠬᠤ᠂ ᠰᠡᠷᠭᠡᠶᠢᠯᠡᠨ ᠡᠵᠡᠮᠳᠡᠬᠦ ᠦᠢᠯᠡᠳᠦᠯᠭᠡ ᠶᠢ ᠬᠠᠷᠢᠯᠴᠠᠨ ᠬᠠᠮᠵᠢᠯᠴᠠᠭᠤᠯᠵᠤ᠂ ᠪᠦᠭᠡᠮ ᠬᠦᠴᠢᠯ ᠤᠨ ᠪᠠᠶᠢᠴᠠᠭᠠᠨ ᠰᠢᠯᠭᠠᠬᠤ ᠡᠮ ᠢ ᠳᠠᠷᠤᠢ ᠲᠦᠷᠭᠡᠨ ᠰᠤᠳᠤᠯᠤᠨ ᠦᠢᠯᠡᠳᠴᠤ᠂ ᠪᠦᠲᠦᠮᠵᠢᠳᠠᠢ ᠡᠮ ᠢ ᠰᠤᠩᠭᠤᠬᠤ ᠪᠠ ᠸᠠᠺᠼᠢᠨ ᠰᠤᠳᠤᠯᠤᠨ ᠦᠢᠯᠡᠳᠬᠦ ᠠᠵᠢᠯ ᠢ ᠲᠦᠷᠭᠡᠳᠭᠡᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠠᠢ᠃ ᠪᠢᠳᠡ ᠪᠦᠬᠦ ᠤᠯᠤᠰ ᠤᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠨᠡᠶᠢᠳᠡᠯᠡᠬᠦ ᠲᠤᠭᠳᠠᠴᠠ ᠶᠢ ᠳᠠᠷᠦ᠋ᠢᠬᠠᠨ ᠪᠠᠶᠢᠭᠤᠯᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠦᠨᠡᠨ ᠪᠤᠳᠠᠳᠠᠢ ᠢᠯᠡ ᠳᠤᠳᠤᠷᠬᠠᠢ ᠪᠠᠷ ᠨᠡᠶᠢᠳᠡᠯᠡᠪᠡ᠃ ᠪᠢᠳᠡ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠤ ᠠᠮᠤᠷ ᠲᠦᠪᠰᠢᠨ ᠢ ᠴᠠᠭ ᠢᠮᠠᠭᠳᠠ ᠪᠤᠳᠤᠯᠬᠢᠯᠠᠵᠤ᠂ ᠮᠠᠨ ᠤ ᠤᠯᠤᠰ ᠤᠨ ᠠᠷᠠᠳ ᠢᠷᠭᠡᠨ ᠤ ᠡᠷᠡᠭᠦᠯ ᠮᠡᠨᠳᠦ ᠠᠮᠤᠷ ᠲᠦᠪᠰᠢᠨ ᠪᠤᠯᠤᠨ ᠠᠵᠢᠯ ᠠᠮᠢᠳᠤᠷᠠᠯ ᠢ ᠠᠷᠭ᠎ᠠ ᠪᠦᠬᠦᠨ ᠢ ᠰᠦᠪᠡᠭᠴᠢᠯᠡᠨ ᠪᠠᠳᠤᠯᠠᠵᠦ᠂ ᠭᠠᠳᠠᠭᠠᠳᠤ ᠳᠤ ᠰᠤᠷᠤᠯᠴᠠᠵᠤ ᠪᠠᠶᠢᠭ᠎ᠠ ᠤᠶᠤᠳᠠᠳ ᠵᠡᠷᠭᠡ ᠬᠦᠮᠦᠰ ᠲᠤ ︽ᠡᠷᠡᠭᠦᠯ ᠮᠡᠨᠳᠦ ᠶᠢᠨ ᠪᠤᠭᠤᠳᠠᠯ︾ ᠬᠠᠩᠭᠠᠵᠤ᠂ ᠦᠨᠡᠨ ᠬᠦ ᠬᠦᠴᠢᠷᠳᠡᠯ ᠲᠠᠢ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠢ ᠡᠮᠬᠢ ᠲᠢᠭᠯᠢᠮ ᠲᠠᠢ ᠪᠠᠷ ᠤᠯᠤᠰ ᠲᠠᠭᠠᠨ ᠪᠤᠴᠠᠭᠠᠨ ᠠᠪᠴᠢᠷᠠᠵᠠᠢ᠃ ᠪᠢᠳᠡ ᠪᠦᠬᠦ ᠤᠯᠤᠰ ᠤᠨ ᠶᠡᠷᠦᠩᠬᠡᠢ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠴᠠᠭ ᠲᠤᠬᠠᠢ ᠳᠤᠨᠢ ︽ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠵᠤ᠂ ᠳᠤᠳᠤᠭᠠᠳᠤ ᠳᠠᠭᠠᠨ ᠳᠠᠬᠢᠨ ᠲᠡᠯᠭᠡᠷᠡᠬᠦ ᠶᠢ ᠰᠡᠷᠭᠡᠶᠢᠯᠡᠬᠦ︾ ᠪᠤᠯᠭᠠᠨ ᠲᠤᠬᠢᠷᠠᠭᠤᠯᠵᠤ᠂ ᠰᠡᠷᠭᠡᠶᠢᠯᠡᠨ ᠡᠵᠡᠮᠳᠡᠬᠦ ᠠᠵᠢᠯ ᠢ ᠪᠠᠴᠢᠮ ᠠᠷᠭᠠᠴᠠᠭᠠᠬᠤ ᠴᠢᠨᠠᠷᠳᠠᠢ ᠬᠡᠪ ᠠᠴᠠ ᠬᠡᠳᠦ᠋ᠢᠳᠦᠭᠰᠡᠨ ᠪᠠᠶᠢᠳᠠᠯ ᠢ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠪᠤᠯᠭᠠᠨ ᠬᠤᠪᠢᠷᠠᠭᠤᠯᠬᠤ ᠶᠢ ᠠᠬᠢᠭᠤᠯᠵᠤ᠂ ᠴᠠᠭ ᠲᠤᠬᠠᠢ ᠳᠤᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠤᠨᠤᠴᠠᠳᠠᠢ ᠬᠠᠮᠢᠶᠠᠷᠤᠨ ᠡᠵᠡᠮᠳᠡᠬᠦ᠂ ᠪᠦᠲᠦᠮᠵᠢᠳᠠᠢ ᠠᠪᠤᠷᠠᠨ ᠵᠠᠰᠠᠬᠤ ᠪᠠᠶᠢᠩᠭᠤᠵᠢᠭᠰᠠᠨ ᠲᠤᠭᠳᠠᠴᠠ ᠶᠢ ᠪᠦᠷᠢᠨᠰᠢᠭᠦᠯᠵᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ᠂ ᠡᠯ᠎ᠠ ᠰᠠᠯᠠᠭ᠎ᠠ ᠮᠦᠴᠢᠷ ᠡᠯ᠎ᠠ ᠨᠢᠬᠡᠴᠢ ᠡᠯ᠎ᠠ ᠲᠠᠯ᠎ᠠ ᠶᠢᠨ ᠬᠢᠨ ᠵᠠᠷᠯᠢᠬ ᠢ ᠰᠤᠨᠤᠰᠤᠮᠠᠬᠴᠠ ᠪᠠᠨ ᠬᠦᠳᠡᠯᠤᠯᠴᠠᠵᠤ᠂ ᠪᠦᠬᠦ ᠤᠯᠤᠰ ᠤᠨ ᠬᠦᠳᠡᠭᠡ ᠲᠤᠰᠬᠤᠨ᠂ ᠨᠡᠶᠢᠬᠡᠮ ᠲᠤᠭᠤᠷᠢᠬ᠂ ᠠᠵᠤ ᠠᠬᠤᠢᠢᠯᠠᠯ᠂ ᠡᠮᠴᠢᠯᠡᠬᠡᠨ ᠡᠷᠡᠬᠦᠯ ᠬᠠᠮᠠᠭᠠᠯᠠᠯ ᠤᠨ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠰᠤᠷᠭᠠᠭᠤᠯᠢ᠂ ᠴᠡᠷᠢᠭ ᠤᠨ ᠬᠤᠸᠠᠷᠠᠨ ᠦᠪᠡᠷ ᠦᠪᠡᠷ ᠤᠨ ᠤᠷᠤᠨ ᠪᠠᠶᠢᠷᠢ ᠳᠠᠭᠠᠨ ᠭᠦᠢᠴᠡᠳ ᠪᠡᠯᠡᠳᠭᠡᠯ ᠬᠢᠵᠦ ᠪᠡᠯᠡᠬᠡᠨ ᠪᠤᠯᠪᠠ᠃ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠤᠯᠤᠰ ᠲᠠᠶᠠᠭᠠᠷ ᠲᠤ ᠨᠢᠬᠡᠳᠤᠯᠳᠠᠢ ᠵᠢᠯᠤᠭᠤᠳᠬᠤ᠂ ᠪᠦᠬᠦ ᠲᠠᠯ᠎ᠠ ᠪᠠᠷ ᠪᠠᠶᠢᠷᠢᠯᠠᠭᠤᠯᠬᠤ᠂ ᠪᠤᠰᠤᠭ᠎ᠠ ᠴᠤᠬᠴᠠ ᠪᠠᠷ ᠰᠡᠷᠬᠡᠶᠢᠯᠡᠨ ᠡᠵᠡᠮᠳᠡᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯ ᠢ ᠲᠦᠷᠬᠡᠨ ᠪᠦᠷᠢᠯᠳᠤᠬᠦᠯᠵᠤ᠂ ᠬᠢᠵᠢᠭ ᠤᠨ ᠪᠠᠶᠢᠳᠠᠯ ᠤᠨ ᠶᠡᠭᠡ ᠬᠡᠪᠴᠢᠶ᠎ᠠ ᠪᠠᠷ ᠦᠷᠪᠢᠰᠤᠨ ᠲᠡᠯᠬᠡᠷᠡᠬᠦ ᠶᠢ ᠪᠦᠳᠤᠮᠵᠢᠳᠠᠢ ᠬᠤᠷᠢᠬᠯᠠᠨ᠂ ᠸᠢᠷᠦ᠋ᠰ ᠤᠨ ᠲᠡᠯᠬᠡᠷᠡᠬᠦ ᠠᠶᠤᠯ ᠲᠦᠭᠰᠢᠬᠦᠷᠢ ᠶᠢ ᠪᠦᠲᠦᠮᠵᠢᠲᠡᠢ ᠬᠤᠪᠢᠷᠠᠭᠤᠯᠵᠤ᠂ ᠬᠠᠮᠤᠬ ᠤᠨ ᠶᠡᠭᠡ ᠬᠡᠪᠴᠢᠶ᠎ᠠ ᠪᠠᠷ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠠᠶ᠎ᠠ ᠮᠠᠬᠠᠪᠤᠳ ᠤᠨ ᠡᠷᠡᠬᠦᠯ ᠮᠡᠨᠳᠤ ᠶᠢ ᠬᠠᠮᠠᠭᠠᠯᠠᠵᠠᠢ︕    — ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ᠂ ᠳᠤᠮᠳᠠᠳᠤ ᠤᠯᠤᠰ ᠤᠨ ᠠᠷᠠᠳ ᠲᠦᠮᠡᠨ ᠵᠢᠷᠭᠠᠯ ᠵᠤᠪᠠᠯᠠᠩ ᠢᠶᠠᠨ ᠬᠠᠮᠳᠤᠳᠬᠠᠨ᠂ ᠲᠦᠮᠡᠨ ᠤᠯᠠᠨ ᠢᠶᠠᠷ ᠢᠶᠠᠨ ᠲᠡᠮᠤᠷ ᠬᠡᠷᠡᠮ ᠪᠤᠯᠵᠤ ᠪᠦᠯᠬᠦᠮᠳᠡᠨ ᠨᠢᠬᠳᠠᠷᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠳᠤ ᠪᠠᠬᠢ ᠰᠡᠷᠭᠡᠶᠢᠯᠡᠯᠳᠠ ᠶᠢᠨ ᠱᠤᠭᠤᠮ ᠢ ᠴᠤᠬᠴᠠᠯᠠᠨ ᠪᠠᠶᠢᠭᠤᠯᠪᠠ᠃ ᠦᠬᠠᠨ ᠪᠤᠯᠤᠨ ᠬᠤᠪᠸᠢ ᠪᠤᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠲᠠ ᠶᠢᠨ ᠳᠠᠶᠢᠯᠠᠯᠳᠤᠭᠠᠨ ᠤ ᠭᠤᠤᠯ ᠲᠠᠯᠠᠪᠤᠷ ᠮᠦᠨ᠂ ᠦᠬᠠᠨ ᠢᠯᠠᠪᠠᠰᠤ ᠬᠤᠪᠸᠢ ᠢᠯᠠᠵᠤ᠂ ᠬᠤᠪᠸᠢ ᠢᠯᠠᠪᠠᠰᠤ ᠤᠯᠤᠰ ᠲᠠᠶᠠᠭᠠᠷ ᠢᠶᠠᠨ ᠢᠯᠠᠮᠤᠢ᠃ ᠨᠢᠭᠡ ᠨᠢ ᠬᠦᠴᠢᠷᠳᠡᠪᠡᠯ ᠨᠡᠶᠢᠲᠡ ᠪᠠᠷ ᠢᠶᠠᠨ ᠲᠤᠰᠠᠯᠠᠨ᠎ᠠ᠃ ᠪᠢᠳᠡ ᠪᠦᠬᠦ ᠤᠯᠤᠰ ᠤᠨ ᠬᠦᠴᠦᠨ ᠢ ᠲᠠᠶᠢᠴᠢᠯᠠᠨ ᠤᠷᠢᠳ ᠡᠮᠦᠨ᠎ᠡ ᠪᠠᠶᠢᠭ᠎ᠠ ᠦᠭᠡᠢ ᠶᠡᠭᠡ ᠬᠡᠪᠴᠢᠶᠡᠨ ᠤ ᠠᠮᠢ ᠨᠠᠰᠤᠨ ᠤ ᠠᠪᠤᠷᠠᠯᠲᠠ ᠶᠢᠨ ᠲᠠᠶᠢᠯᠠᠯᠳᠤᠭᠠᠨ ᠬᠢᠵᠦ᠂ 10 ᠬᠡᠳᠦᠨ ᠡᠳᠦᠷ ᠤᠨ ᠬᠤᠭᠤᠴᠠᠭ᠎ᠠ ᠶᠢ ᠬᠡᠷᠡᠭᠰᠡᠵᠦ ᠾᠦᠸᠧ ᠱᠧᠨ ᠱᠠᠨ ᠡᠮᠨᠡᠯᠭᠡ ᠶᠢᠨ ᠬᠤᠷᠢᠶ᠎ᠠ ᠪᠣᠯᠤᠨ ᠯᠸᠢ ᠱᠧᠨ ᠱᠠᠨ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ᠂ 16 ᠴᠢᠩᠭᠡᠯᠢᠭ ᠡᠮᠨᠡᠯᠭᠡ ᠶᠢᠨ ᠬᠤᠷᠢᠶ᠎ᠠ ᠶᠢ ᠶᠡᠭᠡ ᠬᠡᠪᠴᠢᠶ᠎ᠡ ᠪᠠᠷ ᠥᠭᠡᠷᠡᠴᠢᠯᠡᠨ ᠪᠠᠶᠢᠭᠤᠯᠵᠤ᠂ 600 ᠭᠠᠷᠤᠶ ᠲᠥᠪᠯᠡᠷᠡᠭᠦᠯᠦᠨ ᠲᠤᠰᠠᠭᠠᠷᠯᠠᠬᠤ ᠴᠡᠭ ᠢ ᠮᠠᠰᠢ ᠲᠦᠷᠭᠡᠨ ᠪᠠᠶᠢᠷᠢᠯᠠᠭᠤᠯᠵᠦ᠂ 19 ᠮᠤᠵᠢ ᠣᠷᠣᠨ ᠬᠤᠲᠠ ᠦᠬᠠᠨ ᠠᠴᠠ ᠪᠤᠰᠤᠳ 16 ᠬᠤᠲᠠ ᠵᠧᠤ ᠶᠢ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠵᠦ᠂ ᠬᠠᠮᠤᠭ ᠤᠨ ᠰᠢᠯᠢᠳᠡᠭ ᠬᠥᠮᠦᠰ᠂ ᠬᠠᠮᠤᠭ ᠤᠨ ᠪᠠᠴᠢᠮ ᠬᠡᠷᠡᠭᠰᠡᠬᠦ ᠡᠬᠢ ᠪᠠᠶᠠᠯᠢᠭ᠂ ᠬᠠᠮᠤᠭ ᠤᠨ ᠲᠡᠷᠢᠭᠦᠨ ᠤ ᠲᠥᠬᠦᠭᠡᠷᠦᠮᠵᠢ ᠪᠠᠷ ᠲᠦᠷᠭᠡᠨ ᠲᠤᠰᠠᠯᠠᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠡᠮᠴᠢᠯᠡᠭᠡᠨ ᠤ ᠡᠬᠢ ᠪᠠᠶᠠᠯᠢᠭ ᠪᠣᠯᠤᠨ ᠡᠳ᠋ ᠪᠣᠳᠠᠰ ᠤᠨ ᠬᠠᠩᠭᠠᠯᠭ᠎ᠠ ᠶᠢ ᠪᠠᠴᠢᠮ ᠳᠤᠲᠠᠭᠳᠠᠵᠤ ᠪᠠᠶᠢᠭᠰᠠᠨ ᠠᠴᠠ ᠬᠦᠳᠡᠯᠦᠩᠬᠦᠢ ᠲᠡᠩᠴᠡᠭᠦᠷᠢᠲᠠᠢ ᠪᠤᠯᠤᠭᠰᠠᠨ ᠳᠠᠪᠠᠯᠲᠠ ᠶᠢᠨ ᠴᠢᠨᠠᠷᠲᠠᠢ ᠳᠡᠭᠡᠭᠰᠢᠯᠡᠯᠲᠡ ᠶᠢ ᠪᠡᠶᠡᠯᠡᠭᠦᠯᠪᠡ᠃ ᠡᠯ᠎ᠡ ᠠᠵᠢᠯ ᠲᠥᠷᠥᠯ ᠤᠨ ᠬᠢᠨ ᠬᠠᠷᠢᠭᠤᠴᠠᠯᠭ᠎ᠠ ᠡᠭᠦᠷᠭᠡᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠵᠦ᠂ 460 ᠭᠠᠷᠤᠶ ᠲᠦᠮᠡᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠠᠪᠰᠢᠭᠠᠶᠢᠯᠠᠨ ᠴᠢᠷᠮᠠᠶᠢᠵᠦ᠂ 400 ᠭᠠᠷᠤᠶ ᠲᠦᠮᠡᠨ ᠨᠡᠶᠢᠭᠡᠮ ᠲᠣᠭᠤᠷᠢᠭ ᠤᠨ ᠠᠵᠢᠯᠲᠠᠨ ᠪᠦᠬᠦ ᠤᠯᠤᠰ ᠤᠨ 65 ᠲᠦᠮᠡᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠢ ᠡᠳᠦᠷ ᠰᠥᠨᠢ ᠶᠢᠨ ᠬᠤᠪᠢᠨ ᠳᠤ ᠵᠢᠵᠢᠭᠦᠷᠯᠡᠨ ᠰᠠᠬᠢᠵᠤ᠂ ᠡᠯ᠎ᠡ ᠲᠥᠷᠥᠯ ᠤᠨ ᠠᠷᠠᠳ ᠤᠨ ᠡᠵᠡᠩᠨᠡᠯᠳᠡ‌‍ᠶᠢᠨ ᠠᠵᠤ ᠠᠬᠤᠶᠢᠯᠠᠯ᠂ ᠠᠷᠠᠳ ᠤᠨ ᠡᠷᠬᠢᠯᠡᠭᠰᠡᠨ ᠡᠮᠨᠡᠯᠭᠡ ᠶᠢᠨ ᠬᠤᠷᠢᠶ᠎ᠠ᠂ ᠨᠢᠭᠦᠯᠡᠰᠦᠩᠭᠦᠶ ᠶᠢᠨ ᠪᠠᠶᠢᠭᠤᠯᠤᠮᠵᠢ᠂ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ ᠵᠡᠷᠭᠡ ᠨᠢ ᠢᠳᠡᠪᠬᠢᠲᠡᠶ ᠪᠠᠷ ᠬᠦᠴᠦᠯᠡᠨ ᠤᠷᠤᠯᠴᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠲᠦᠷᠦᠭᠦᠯᠡᠨ ᠲᠡᠮᠡᠴᠡᠵᠦ᠂ ᠠᠷᠠᠳ ᠤᠨ ᠴᠢᠯᠥᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠠᠷᠠᠳ‌‍ᠤᠨ ᠴᠠᠭᠳᠠᠭ᠎ᠠ ᠡᠷᠡᠯᠬᠡᠭᠯᠡᠨ ᠲᠡᠮᠡᠴᠡᠵᠦ᠂ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠪᠣᠭᠤᠮᠲᠠ ᠰᠢᠪᠲᠤᠯᠤᠯᠳᠠ ᠳᠤ ᠬᠦᠴᠦᠯᠡᠵᠦ᠂ ᠬᠡᠳᠦᠨ ᠵᠠᠭᠤᠨ ᠲᠦᠮᠡᠨ ᠲᠦᠷᠭᠡᠨ ᠬᠦᠷᠭᠡᠭᠴᠢ ᠬᠢᠵᠢᠭ ᠢ ᠰᠦᠷᠦᠨ ᠶᠠᠭᠠᠷᠠᠯᠲᠠᠢ ᠠᠵᠢᠯᠯᠠᠵᠤ᠂ 180 ᠲᠦᠮᠡᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠨ ᠡᠷᠲᠡᠯᠡᠵᠦ ᠣᠷᠦ᠋ᠢᠯᠠᠨ ᠴᠢᠷᠮᠠᠶᠢᠵᠤ᠂ ᠰᠣᠨᠢᠨ ᠮᠡᠳᠡᠭᠡᠨ ᠤ ᠠᠵᠢᠯᠲᠠᠳ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠦᠭ ᠲᠦᠮᠡᠨ ᠰᠠᠶᠢᠨ ᠳᠤᠷᠠᠴᠤᠳ ᠪᠣᠯᠤᠨ ᠡᠭᠡᠯ ᠵᠢᠷ ᠤᠨ ᠬᠥᠮᠦᠰ ᠦᠭᠡ ᠳᠠᠭᠤᠨ ᠦᠭᠡᠢ ᠪᠠᠷ ᠬᠤᠪᠢ ᠨᠡᠮᠡᠷᠢ ᠪᠠᠨ ᠦᠵᠡᠭᠦᠯᠵᠡᠢ ᠁ ᠪᠦᠬᠦ ᠤᠯᠤᠰ‌‍ᠤᠨ ᠠᠷᠠᠳ ᠲᠦᠮᠡᠨ ᠴᠥᠮ ︽ᠬᠠᠯᠠᠭᠤᠨ ᠮᠢᠨᠳᠤᠤᠷ ᠤᠨ ᠲᠥᠯᠥᠭᠡ ᠴᠢᠷᠮᠠᠶᠢᠪᠠ︾︕ ᠣᠯᠠᠨ ᠢᠶᠠᠷ ᠢᠶᠠᠨ᠄ ︽ᠪᠦᠬᠦ ᠤᠯᠤᠰ ᠢᠶᠠᠷ ᠢᠶᠠᠨ ᠲᠠ ᠨᠠᠷ ᠤᠨ ᠢᠯᠡᠷᠢᠰᠢᠬᠦ ᠶᠢ ᠬᠦᠯᠢᠶᠡᠵᠦ ᠪᠠᠶᠢᠨ᠎ᠠ᠂ ᠬᠠᠮᠲᠤ ᠪᠠᠷ ᠬᠠᠪᠤᠷ ᠤᠨ ᠢᠩᠲᠣᠣᠷ ᠴᠡᠴᠡᠭ ᠰᠣᠨᠢᠷᠬᠠᠬᠤ ᠪᠠᠷ ᠪᠣᠯᠵᠣᠶ᠎ᠠ︾ ᠬᠡᠵᠦ ᠬᠡᠯᠡᠵᠦ ᠪᠠᠶᠢᠪᠠ᠃ ᠦᠬᠠᠨ ᠤ ᠡᠪᠡᠳᠴᠢᠲᠡᠨ ᠴᠦ ᠦᠴᠦᠬᠡᠨ ᠴᠦ ᠵᠣᠷᠢᠭ ᠮᠤᠬᠤᠯ ᠦᠭᠡᠢ ᠪᠠᠷ᠂ ︽ᠪᠢᠳᠡᠨ ᠢ ᠠᠪᠤᠷᠠᠵᠦ ᠵᠠᠰᠠᠬᠰᠠᠨ ᠳᠤ ᠴᠢᠨᠢ ᠲᠠ ᠨᠠᠷ ᠲᠤ ᠪᠠᠶᠠᠷᠯᠠᠵᠦ ᠪᠠᠶᠢᠨ᠎ᠠ᠂ ᠡᠪᠡᠳᠴᠢᠨ ᠰᠠᠶᠢᠨ ᠪᠤᠯᠤᠭᠰᠠᠨ ᠤ ᠳᠠᠷᠠᠭ᠎ᠠ ᠪᠢ ᠴᠢᠰᠤ ᠪᠠᠨ ᠬᠠᠨᠳᠢᠪᠯᠠᠨ᠎ᠠ︾ ᠭᠡᠵᠦ ᠬᠡᠯᠡᠵᠦ ᠪᠠᠶᠢᠯ᠎ᠠ᠃ ︽ᠦᠬᠠᠨ ᠯᠠᠪᠲᠠᠢ ᠢᠯᠠᠨ᠎ᠠ᠂ ᠬᠤᠪᠸᠢ ᠯᠠᠪᠲᠠᠢ ᠢᠯᠠᠨ᠎ᠠ᠂ ᠳᠤᠮᠳᠠᠳᠤ ᠤᠯᠤᠰ ᠯᠠᠪᠲᠠᠢ ᠢᠯᠠᠨ᠎ᠠ︾ ᠭᠡᠬᠦ ᠬᠦᠴᠦᠷᠬᠡᠭ ᠳᠠᠭᠤᠨ ᠳᠤᠮᠳᠠᠳᠤ ᠶᠢᠨ ᠡᠬᠡ ᠭᠠᠵᠠᠷ ᠲᠤ ᠳᠠᠭᠤᠷᠢᠰᠪᠠ᠃ ᠦᠬᠠᠨ ᠤ ᠠᠷᠠᠳ ᠲᠦᠮᠡᠨ ᠬᠤᠪᠸᠢ ᠶᠢᠨ ᠠᠷᠠᠳ ᠲᠦᠮᠡᠨ ᠶᠡᠭᠡ ᠶᠤᠰᠤ ᠶᠢ ᠲᠠᠨᠢᠵᠤ ᠶᠡᠭᠡ ᠲᠠᠯ᠎ᠠ ᠶᠢ ᠪᠤᠳᠤᠯᠬᠢᠯᠠᠨ᠂ ᠬᠦᠴᠢᠷ ᠪᠡᠷᠬᠡᠰᠢᠶᠡᠯ ᠠᠴᠠ ᠠᠶᠤᠬᠤ ᠦᠬᠡᠢ᠂ ᠨᠤᠭᠤᠷᠠᠰᠢ ᠦᠭᠡᠢ ᠲᠡᠮᠡᠴᠡᠵᠦ᠂ ᠬᠢᠵᠢᠭ ᠤᠨ ᠪᠠᠶᠢᠳᠠᠯ ᠤᠨ ᠦᠷᠪᠢᠰᠤᠨ ᠲᠡᠯᠬᠡᠷᠡᠬᠦ ᠶᠢ ᠬᠤᠷᠢᠬᠯᠠᠬᠤ᠂ ᠪᠦᠬᠦ ᠤᠯᠤᠰ ᠢᠶᠠᠷ ᠢᠶᠠᠨ ᠬᠢᠵᠢᠭ ᠲᠠᠢ ᠲᠡᠮᠡᠴᠡᠬᠦ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠳᠦ ᠡᠷᠬᠡ ᠶᠢ ᠤᠯᠬᠤ ᠳᠤ ᠯᠤᠳᠤ ᠶᠡᠭᠡ ᠦᠷᠡᠭᠳᠡᠯ ᠪᠠ ᠴᠢᠬᠤᠯᠠ ᠶᠡᠭᠡ ᠬᠤᠪᠢ ᠨᠡᠮᠡᠷᠢ ᠦᠵᠡᠬᠦᠯᠵᠠᠢ᠃    — ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ᠂ ᠦᠷᠬᠡᠨ ᠤᠯᠠᠨ ᠡᠮᠴᠢᠯᠡᠭᠡᠨ‌‍ᠤ ᠠᠵᠢᠯᠳᠠᠨ ᠴᠠᠭᠠᠨ ᠬᠤᠶᠠᠬ ᠢᠶᠠᠨ ᠭᠡᠳᠡᠷᠴᠦ ᠠᠶᠤᠯ ᠢ ᠰᠦᠷᠤᠨ ᠤᠷᠤᠬᠰᠢᠯᠠᠵᠤ᠂ ᠦᠪᠡᠷ ᠤᠨ ᠦᠬᠦᠬᠦ ᠰᠡᠬᠡᠬᠦ ᠶᠢ ᠬᠠᠶᠢᠬᠤᠷᠤᠯ ᠦᠬᠡᠢ ᠪᠠᠷ ᠠᠮᠢ ᠨᠠᠰᠤ ᠶᠢ ᠠᠪᠤᠷᠠᠪᠠ᠃ ᠪᠦᠬᠦ ᠤᠯᠤᠰ ᠤᠨ ᠬᠡᠳᠦᠨ ᠵᠠᠭᠤᠨ ᠲᠦᠮᠡᠨ ᠡᠮᠴᠢᠯᠡᠭᠡᠨ ᠤ ᠠᠵᠢᠯᠲᠠᠨ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ᠂ ᠸᠢᠷᠦ᠋ᠰ ᠭᠠᠯᠵᠠᠭᠤᠷᠠᠨ ᠳᠠᠭᠠᠷᠢᠭᠰᠠᠨ ᠲᠦᠨᠡᠷ ᠬᠠᠷᠠᠩᠭᠤᠶ ᠰᠥᠨᠢ ᠶᠢ ᠬᠡᠷᠡᠯᠳᠦᠭᠦᠯᠵᠦ᠂ ᠦᠬᠦᠵᠦ ᠰᠡᠬᠡᠬᠦ ᠶᠢᠨ ᠪᠤᠭᠤᠮᠳᠠ ᠳᠤ ᠠᠮᠢ ᠨᠠᠰᠤ ᠶᠢ ᠠᠪᠤᠷᠠᠬᠰᠠᠨ ᠪᠤᠳᠠᠳᠤ ᠪᠠᠶᠢᠳᠠᠯ ᠨᠢ ᠲᠩᠷᠢ ᠭᠠᠵᠠᠷ ᠢ ᠤᠶᠠᠷᠠᠭᠤᠯᠵᠦ ᠪᠢᠯᠡ︕ ᠬᠤᠪᠸᠢ ᠮᠤᠵᠢ ᠪᠣᠯᠤᠨ ᠦᠬᠠᠨ ᠬᠤᠲᠠ ᠶᠢᠨ 54 ᠲᠦᠮᠡᠨ ᠡᠮᠴᠢᠯᠡᠭᠡᠨ ᠤ ᠠᠵᠢᠯᠲᠠᠨ ᠸᠢᠷᠦ᠋ᠰ ᠲᠠᠢ ᠲᠡᠮᠡᠴᠡᠯᠳᠦᠵᠦ᠂ ᠬᠠᠮᠤᠭ ᠤᠨ ᠲᠦᠷᠦᠭᠦᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠭᠠᠷᠢᠯᠲᠠ ᠶᠢᠨ ᠳᠠᠶᠢᠯᠠᠯᠳᠤᠭᠠᠨ ᠢ ᠡᠬᠢᠯᠡᠭᠦᠯᠪᠡ᠃ 346 ᠤᠯᠤᠰ ᠤᠨ ᠡᠮᠴᠢᠯᠡᠭᠡᠨ ᠤ ᠠᠩᠭᠢ᠂ 4 ᠲᠦᠮᠡ ᠭᠠᠷᠤᠶ ᠡᠮᠴᠢᠯᠡᠭᠡᠨ ᠤ ᠠᠵᠢᠯᠲᠠᠨ ᠡᠷᠡᠰ ᠰᠢᠭᠤᠷᠬᠠᠶ ᠪᠠᠷ ᠡᠮᠦᠨ᠎ᠡ ᠹᠷᠣᠨᠲ ᠲᠤ ᠮᠤᠷᠳᠠᠵᠦ᠂ ᠮᠠᠰᠢ ᠣᠯᠠᠨ ᠬᠥᠮᠦᠨ ᠬᠡᠷ ᠬᠤᠲᠠᠯᠠᠭᠠᠷ ᠢᠶᠠᠨ ᠴᠤᠭᠯᠠᠷᠠᠭᠰᠠᠨ ᠪᠢᠲᠡᠭᠦᠨ ᠤ ᠰᠥᠨᠢ ᠠᠶᠠᠨ ᠵᠠᠮ ᠢᠶᠠᠨ ᠡᠯᠭᠦᠵᠠᠢ᠃ ᠠᠷᠠᠳ ᠤᠨ ᠴᠡᠷᠢᠭ ᠠᠩᠭᠢ ᠶᠢᠨ ᠡᠮᠴᠢᠯᠡᠭᠡᠨ ᠤ ᠠᠵᠢᠯᠲᠠᠳ ᠮᠠᠨ ᠤ ᠴᠡᠷᠢᠭ ᠤᠨ ᠵᠣᠷᠢᠯᠲᠠ ᠶᠢ ᠪᠠᠲᠤ ᠴᠡᠭᠡᠵᠢᠯᠡᠵᠦ᠂ ᠬᠢᠵᠢᠭ ᠤᠨ ᠪᠠᠶᠢᠳᠠᠯ ᠢ ᠵᠠᠷᠯᠢᠭ ᠢᠶᠠᠷ ᠦᠵᠡᠵᠦ᠂ ᠳᠠᠭᠤᠳᠠᠪᠠᠯ ᠢᠷᠡᠵᠦ᠂ ᠢᠷᠡᠪᠡᠯ ᠪᠠᠶᠢᠯᠳᠤᠵᠤ᠂ ᠪᠠᠶᠢᠯᠳᠤᠪᠠᠯ ᠢᠯᠠᠭᠰᠠᠨ ᠪᠠᠶᠢᠨ᠎ᠠ᠃ ᠥᠷᠭᠡᠨ ᠣᠯᠠᠨ ᠡᠮᠴᠢᠯᠡᠭᠡᠨ ᠤ ᠠᠵᠢᠯᠲᠠᠨ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠ ᠠᠮᠢ ᠨᠠᠰᠤ ᠶᠢ ᠳᠡᠭᠡᠳᠦᠯᠡᠨ ᠬᠦᠨᠳᠦᠳᠭᠡᠬᠦ ᠰᠡᠳᠭᠢᠯᠭᠡ ᠪᠠᠷ ᠴᠠᠭ ᠮᠥᠴᠡ ᠲᠠᠢ ᠤᠷᠤᠯᠳᠤᠵᠤ᠂ ᠦᠷᠭᠦᠯᠵᠢᠯᠡᠨ ᠪᠠᠶᠢᠯᠳᠤᠵᠤ᠂ ᠪᠡᠶ᠎ᠡ ᠮᠠᠬᠠᠪᠣᠳ ᠪᠠ ᠰᠡᠳᠬᠢᠴᠡ ᠶᠢᠨ ᠬᠦᠨᠳᠦ ᠳᠠᠷᠤᠯᠲᠠ ᠶᠢ ᠲᠡᠰᠪᠤᠷᠢᠯᠡᠨ ᠳᠠᠭᠠᠭᠠᠵᠤ ᠪᠠᠶᠢᠪᠠ᠂ ᠮᠠᠰᠢ ᠣᠯᠠᠨ ᠬᠥᠮᠦᠨ ᠤ ᠬᠠᠴᠠᠷ ᠲᠤ ᠠᠮᠠᠪᠴᠢ ᠶᠢᠨ ᠭᠦᠨ ᠤᠷᠣᠮ ᠦᠯᠡᠳᠡᠵᠦ ᠴᠢᠨᠠᠭᠰᠢᠯᠠᠪᠠᠯ ᠰᠢᠷᠬ᠎ᠠ ᠰᠤᠷᠪᠢ ᠪᠤᠯᠪᠠ᠂ ᠮᠠᠰᠢ ᠤᠯᠠᠨ ᠬᠥᠮᠦᠨ ᠤ ᠭᠠᠷ ᠨᠢ ᠤᠷᠲᠤ ᠬᠤᠭᠤᠴᠠᠭ᠎ᠠ ᠪᠠᠷ ᠬᠥᠯᠥᠰᠥᠨ ᠳᠤ ᠳᠠᠪᠲᠦᠭᠰᠠᠨ ᠠᠴᠠ ᠪᠤᠯᠵᠤ ᠴᠠᠶᠢᠷᠠᠪᠠ᠂ ᠲᠡᠭᠦᠨᠴᠢᠯᠡᠨ ᠵᠠᠷᠢᠮ ᠨᠥᠬᠦᠳ ᠠᠮᠢ ᠪᠡᠶ᠎ᠡ ᠪᠠᠨ ᠦᠷᠡᠭᠳᠡᠭᠦᠯᠪᠡ᠃ ᠥᠷᠭᠡᠨ ᠣᠯᠠᠨ ᠡᠮᠴᠢᠯᠡᠭᠡᠨ ᠤ ᠠᠵᠢᠯᠲᠠᠨ ᠮᠢᠬ᠎ᠠ ᠴᠢᠰᠤ ᠪᠠᠷ ᠢᠶᠠᠨ ᠸᠢᠷᠦ᠋ᠰ ᠢ ᠬᠤᠷᠢᠬᠯᠠᠬᠤ ᠪᠣᠯᠣᠳ ᠲᠡᠮᠦᠷ ᠮᠡᠲᠦ ᠤᠷᠲᠤ ᠴᠠᠭᠠᠨ ᠬᠡᠷᠡᠮ ᠢ ᠴᠣᠭᠴᠠᠯᠠᠵᠤ᠂ ᠠᠶᠤᠯ ᠳᠤ ᠤᠢᠢᠷᠠᠳᠤᠬᠰᠠᠨ ᠠᠮᠢ ᠨᠠᠰᠤ ᠶᠢ ᠵᠠᠪᠳᠤᠨ ᠠᠪᠤᠷᠠᠵᠤ᠂ ᠡᠮᠴᠢ ᠬᠥᠮᠦᠨ ᠤ ᠡᠨᠡᠷᠢᠩᠭᠦᠶ ᠰᠡᠳᠬᠢᠯ ᠪᠣᠯᠤᠨ ᠦᠯᠡᠮᠵᠢ‌‍ᠶᠢᠨ ᠬᠠᠶᠢᠷ᠎ᠠ ᠳᠤ ᠦᠵᠦᠭᠦᠷ ᠦᠭᠡᠢ ᠭᠡᠳᠡᠭ ᠢ ᠲᠠᠶᠢᠯᠪᠤᠷᠢᠯᠠᠵᠠᠢ︕ ᠮᠠᠨ ᠤ ᠤᠯᠤᠰ ᠤᠨ ᠥᠷᠭᠡᠨ ᠣᠯᠠᠨ ᠡᠮᠴᠢᠯᠡᠭᠡᠨ ᠤ ᠠᠵᠢᠯᠲᠠᠨ ᠪᠣᠯ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠲᠠᠢ ᠬᠥᠮᠦᠰ ᠪᠤᠯᠤᠨ᠎ᠠ᠂ ᠪᠤᠯᠴᠢᠩ ᠰᠢᠮᠡᠯ ᠠᠪᠬᠤ ᠴᠢᠨᠠᠷᠳᠦ ᠬᠠᠵᠠᠭᠤ ᠬᠦᠪᠴᠢ ᠬᠠᠳᠠᠭᠤᠷᠠᠬᠤ ᠡᠪᠡᠳᠴᠢᠨ ᠳᠤ ᠨᠡᠷᠪᠡᠭᠳᠡᠭᠰᠡᠨ ᠵᠠᠩ ᠳ᠋ᠢᠩ ᠢᠦᠢ ᠨᠥᠬᠦᠷ᠄ ︽ᠪᠢ ᠡᠷᠬᠡᠪᠰᠢ ᠨᠡᠩ ᠲᠦᠷᠭᠡᠨ ᠭᠦᠶᠦᠪᠡᠯ ᠰᠠᠶ᠋ᠢ ᠸᠢᠷᠦ᠋ᠰ ᠤᠨ ᠭᠠᠷ ᠠᠴᠠ ᠨᠡᠩ ᠤᠯᠠᠨ ᠡᠪᠡᠳᠴᠢᠲᠡᠨ ᠢ ᠪᠤᠯᠢᠶᠠᠨ ᠠᠪᠴᠤ ᠴᠢᠳᠠᠨ᠎ᠠ︾ ᠬᠡᠵᠤ ᠭᠡᠯᠡᠵᠦ ᠪᠠᠶᠢᠯ᠎ᠠ᠃ ᠲᠠᠬᠢᠪᠠᠯ᠂ ᠲᠡᠳᠡ ᠪᠠᠰᠠ ᠮᠠᠰᠢ ᠳᠠᠷᠤᠤ ᠬᠢᠴᠢᠶᠡᠩᠭᠦᠶ ᠬᠥᠮᠦᠰ ᠪᠤᠯᠤᠨ᠎ᠠ᠃ ᠵᠦᠩ ᠨᠠᠨ ᠱᠠᠨ ᠨᠥᠬᠦᠷ᠄ ︽ᠦᠨᠡᠨ ᠢ ᠬᠡᠯᠡᠪᠡᠯ ᠪᠢ ᠴᠢᠨᠢ ᠡᠪᠡᠳᠴᠢᠨ ᠵᠠᠰᠠᠳᠠᠭ ᠡᠮᠴᠢ ᠲᠡᠳᠦᠶ ᠯᠡ ᠶᠤᠮ︾ ᠭᠡᠵᠦ ᠬᠡᠯᠡᠨ᠎ᠡ᠃ ᠠᠷᠠᠳ ᠲᠦᠮᠡᠨ᠄ ︽ᠲᠠ ᠨᠠᠷ ᠪᠠᠶᠢᠪᠠᠯ ᠪᠢᠳᠡ ᠰᠠᠨᠠᠭ᠎ᠠ ᠠᠮᠤᠷ ᠪᠤᠯᠤᠨ᠎ᠠ︕︾ ᠬᠡᠵᠡᠭᠡᠨ᠎ᠡ᠃ ᠥᠷᠭᠡᠨ ᠣᠯᠠᠨ ᠡᠮᠴᠢᠯᠡᠭᠡᠨ ᠤ ᠠᠵᠢᠯᠲᠠᠨ ᠪᠣᠯ ᠬᠠᠮᠤᠭ‌‍ᠤᠨ ᠭᠤᠶᠣ ᠲᠠᠬᠢᠨᠢ᠂ ᠰᠢᠨ᠎ᠡ ᠴᠠᠭ ᠦᠶ᠎ᠡ ᠶᠢᠨ ᠬᠠᠮᠤᠭ ᠤᠨ ᠬᠠᠶᠢᠷᠠᠳᠠᠢ ᠬᠥᠮᠦᠰ ᠪᠤᠯᠤᠨ᠎ᠠ︕ ᠲᠡᠳᠡᠨ ᠤ ᠲᠠᠭᠤᠳᠠᠬᠤ ᠨᠡᠷ᠎ᠡ ᠪᠠ ᠭᠠᠪᠢᠶ᠎ᠠ ᠵᠢᠳᠬᠦᠯ ᠢ ᠤᠯᠤᠰ ᠭᠦᠷᠦᠨ ᠮᠠᠷᠲᠠᠬᠤ ᠦᠭᠡᠢ᠂ ᠠᠷᠠᠳ ᠲᠦᠮᠡᠨ ᠮᠠᠷᠲᠠᠬᠤ ᠦᠭᠡᠢ᠂ ᠲᠡᠤᠬᠡ ᠮᠠᠷᠲᠠᠬᠤ ᠦᠭᠡᠢ ᠶᠤᠮ᠂ ᠪᠥᠬᠦᠳᠡ ᠨᠠᠶᠢᠷᠠᠮᠳᠠᠬᠤ ᠤᠯᠤᠰ ᠤᠨ ᠥᠷᠯᠥᠭ ᠬᠥᠰᠢᠶᠡᠨ ᠳᠤ ᠡᠭᠦᠷᠢᠳᠡ ᠰᠡᠶᠢᠯᠦᠭᠳᠡᠬᠦ ᠶᠤᠮ︕    — ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ᠂ ᠪᠢᠳᠡ ᠨᠢᠬᠡᠳᠤᠯᠳᠠᠢ ᠲᠦᠯᠤᠪᠵᠢᠬᠦᠯᠤᠨ ᠨᠡᠶᠢᠳᠡ ᠳᠤᠨᠢ ᠬᠠᠷᠠᠭᠠᠯᠵᠠᠵᠤ᠂ ᠬᠠᠮᠵᠢᠯᠴᠠᠭᠤᠯᠤᠨ ᠠᠬᠢᠭᠤᠯᠵᠤ᠂ ᠠᠵᠤ ᠠᠬᠤᠢ ᠶᠢᠨ ᠬᠦᠭᠵᠢᠯᠳᠠ ᠲᠤᠭᠳᠠᠭᠤᠨ ᠢᠶᠠᠷ ᠰᠠᠶᠢᠵᠢᠷᠠᠵᠤ᠂ ᠤᠢᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠲᠤᠭᠳᠠᠭᠤᠨ ᠢᠶᠠᠷ ᠰᠡᠷᠬᠦᠪᠠ᠃ ᠪᠢᠳᠡ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠣᠨᠣᠪᠴᠢᠲᠠᠶ ᠡᠵᠡᠮᠳᠡᠵᠦ᠂ ᠪᠦᠬᠦ ᠲᠠᠯ᠎ᠠ ᠳᠤ ᠰᠠᠭᠤᠷᠢᠯᠠᠵᠤ᠂ ᠶᠡᠭᠡ ᠲᠠᠯ᠎ᠠ ᠶᠢ ᠪᠣᠳᠣᠯᠬᠢᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠬᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠴᠠᠭ ᠲᠤᠬᠠᠶ ᠳᠤᠨᠢ ᠭᠠᠷᠭᠠᠵᠤ᠂ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠥ᠂ ᠣᠷᠣᠨ ᠬᠤᠪᠢᠶᠠᠨ ᠳᠡᠰ ᠬᠤᠪᠢᠶᠠᠵᠥ ᠨᠠᠷᠢᠯᠢᠭ ᠣᠨᠣᠴᠠᠲᠠᠶ ᠪᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ ᠪᠢᠳᠡ ᠬᠤᠷᠸ᠎ᠠ ᠲᠥᠷᠥ ᠶᠢᠨ ᠪᠣᠳᠣᠯᠭ᠎ᠠ ᠪᠠᠷ ᠠᠷᠭᠠᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠴᠢᠷᠳᠡᠯ ᠢ ᠰᠢᠢᠳᠪᠤᠷᠢᠯᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠯᠢ ᠣᠯᠠᠨ ᠲᠥᠷᠦ ᠶᠢᠨ ᠪᠣᠳᠣᠯᠭ᠎ᠠ ᠶᠢ ᠲᠣᠭᠲᠠᠭᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ᠂ ᠪᠡᠯᠡ ᠣᠷᠣᠭᠤᠯᠤᠯᠲᠠ ᠬᠡᠷᠡᠭᠯᠡᠭᠡ ᠶᠢ ᠠᠬᠢᠭᠤᠯᠬᠤ ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠵᠡᠷᠭᠡ ᠣᠯᠠᠨ ᠠᠷᠭ᠎ᠠ ᠬᠡᠮᠵᠢᠶ᠎ᠡ ᠶᠢ ᠨᠡᠶᠢᠲᠡᠯᠡᠨ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠤᠮᠳᠠᠭᠠᠨ ᠬᠤᠳᠠᠯᠳᠤᠭ᠎ᠠ ᠳᠡᠯᠭᠡᠭᠦᠷ᠂ ᠰᠣᠶᠣᠯ ᠵᠢᠭᠤᠯᠴᠢᠯᠠᠯ ᠵᠡᠷᠭᠡ ᠡᠯ᠎ᠡ ᠠᠵᠢᠯ ᠲᠥᠷᠥᠯ ᠤᠨ ᠡᠮᠬᠢ ᠵᠢᠷᠤᠮ ᠲᠠᠢ ᠰᠡᠷᠭᠦᠬᠦ ᠶᠢ ᠠᠬᠢᠭᠤᠯᠵᠤ᠂ ᠬᠤᠪᠧᠶ ᠶᠢᠨ ᠬᠥᠭᠵᠢᠯᠲᠡ ᠶᠢ ᠳᠡᠮᠵᠢᠬᠦ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠦᠯᠦᠭ ᠤᠳᠠᠭ᠎ᠠ ᠬᠤᠪᠢᠶᠠᠵᠤ ᠰᠤᠷᠭᠠᠭᠤᠯᠢ ᠢ ᠡᠬᠢᠯᠡᠬᠦᠯᠦᠭᠰᠡᠨ ᠪᠠ ᠬᠢᠴᠢᠶᠡᠯ ᠢ ᠰᠡᠷᠭᠦᠭᠡᠪᠡ᠃ ᠪᠢᠳᠡ ᠨᠠᠩ ᠶᠡᠭᠡ ᠵᠣᠷᠢᠭ᠂ ᠨᠠᠩ ᠴᠢᠩᠭ᠎ᠠ ᠡᠷᠴᠢᠮ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠠᠮᠵᠢᠵᠤ᠂ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠤ ᠠᠵᠢᠯ ᠬᠢᠵᠦ ᠠᠵᠢᠯ ᠣᠯᠬᠤ ᠶᠢ ᠤᠷᠢᠳ ᠢᠶᠠᠷ ᠳᠠᠮᠵᠢᠵᠤ᠂ ᠬᠢᠵᠢᠭ ᠠᠴᠠ ᠪᠣᠯᠵᠤ ᠶᠠᠳᠠᠭᠤᠷᠠᠬᠤ ᠪᠤᠶᠤ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠬᠯᠠᠪᠠ᠃ ᠮᠠᠨ ᠤ ᠤᠯᠤᠰ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢᠬᠢ ᠨᠡᠮᠡᠭᠳᠡᠯ ᠢᠶᠠᠨ ᠰᠡᠷᠭᠦᠭᠡᠭᠰᠡᠨ ᠠᠩᠬᠠᠳᠠᠭᠴᠢ ᠭᠤᠤᠯ ᠠᠵᠤ ᠠᠬᠤᠶ ᠶᠢᠨ ᠴᠣᠭᠴᠠ ᠪᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠪᠠᠨ ᠰᠡᠷᠭᠦᠭᠡᠬᠦ ᠲᠠᠯ᠎ᠠ ᠪᠠᠷ ᠴᠥᠮ ᠳᠡᠯᠡᠬᠡᠶ ᠶᠢᠨ ᠡᠮᠦᠨ᠎ᠡ ᠡᠩᠨᠡᠭᠡᠨ ᠳᠤ ᠶᠠᠪᠤᠵᠤ᠂ ᠳᠤᠮᠳᠠᠳᠤ ᠤᠯᠤᠰ ᠤᠨ ᠬᠦᠴᠦᠷᠬᠡᠭ ᠶᠡᠭᠡ ᠵᠠᠰᠠᠨ ᠰᠡᠷᠭᠦᠭᠡᠬᠦ ᠴᠢᠳᠠᠪᠤᠷᠢ ᠪᠠ ᠥᠷᠨᠢᠭᠦᠨ ᠪᠠᠳᠠᠷᠠᠩᠭᠤᠶ ᠠᠮᠢᠵᠢᠷᠠᠯ ᠤᠨ ᠬᠦᠴᠦᠨ ᠢ ᠢᠯᠡᠷᠡᠭᠦᠯᠪᠡ︕    — ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ᠂ ᠳᠤᠮᠳᠠᠳᠤ ᠤᠯᠤᠰ ᠤᠨ ᠬᠢᠨ ᠲᠡᠯᠡᠬᠡᠢ ᠶᠢᠨ ᠡᠯ᠎ᠠ ᠤᠯᠤᠰ ᠲᠠᠢ ᠭᠠᠷ ᠬᠤᠯᠪᠤᠯᠴᠠᠨ ᠬᠠᠮᠳᠤᠷᠠᠨ ᠠᠵᠢᠯᠯᠠᠵᠤ᠂ ᠴᠠᠭ ᠤᠨ ᠪᠡᠷᠭᠡ ᠶᠢ ᠬᠠᠮᠳᠤ ᠪᠠᠷ ᠲᠤᠭᠤᠯᠤᠨ᠂ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠲᠡᠮᠡᠴᠡᠯ ᠳᠤ ᠤᠶᠤᠨ ᠤᠬᠠᠭᠠᠨ ᠪᠠ ᠬᠦᠴᠤᠨ ᠴᠢᠳᠠᠯ ᠢᠶᠠᠨ ᠡᠷᠬᠦᠪᠡ᠃ ᠪᠢᠳᠡ ᠢᠯᠡ ᠲᠣᠳᠣ᠂ ᠬᠠᠷᠢᠭᠤᠴᠠᠯᠭᠠᠳᠤ ᠣᠪᠣᠷ ᠢᠶᠠᠷ᠂ ᠣᠯᠠᠨ ᠤᠯᠤᠰ ᠤᠨ ᠡᠭᠦᠷᠭᠡ ᠶᠢ ᠢᠳᠡᠪᠬᠢᠲᠡᠶ ᠭᠦᠢᠴᠡᠳᠬᠡᠵᠦ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ᠂ ᠬᠤᠯᠪᠣᠭᠳᠠᠯ ᠪᠦᠬᠦᠢ ᠤᠯᠤᠰ ᠪᠣᠯᠤᠨ ᠭᠠᠵᠠᠷ ᠣᠷᠣᠨ ᠵᠣᠬᠢᠶᠠᠨ ᠪᠠᠶᠢᠭᠤᠯᠤᠯᠲᠠ ᠳᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠬᠠᠮᠤᠬ ᠲᠦᠷᠦᠭᠦᠨ ᠳᠤ ᠮᠡᠳᠡᠭᠳᠡᠵᠥ᠂ ᠰᠢᠨ᠎ᠡ ᠲᠢᠲᠢᠮᠯᠢᠭ ᠸᠢᠷᠦ᠋ᠰ ᠤᠨ ᠭᠧᠨ ᠤ ᠪᠦᠯᠦᠭ ᠤᠨ ᠳᠠᠷᠠᠭᠠᠯᠠᠯ ᠵᠡᠷᠭᠡ ᠮᠡᠳᠡᠭᠡ ᠵᠠᠩᠭᠢ ᠶᠢ ᠬᠠᠮᠤᠭ ᠲᠦᠷᠦᠭᠦᠨ ᠳᠤ ᠨᠡᠶᠢᠲᠡᠯᠡᠵᠦ᠂ ᠣᠨᠣᠰᠢᠯᠠᠨ ᠡᠮᠨᠡᠬᠦ ᠲᠥᠰᠦᠯ ᠪᠣᠯᠤᠨ ᠰᠡᠷᠭᠡᠶᠢᠯᠡᠨ ᠡᠵᠡᠮᠳᠡᠬᠦ ᠲᠥᠰᠦᠯ ᠢᠶᠠᠨ ᠬᠠᠮᠤᠭ ᠲᠦᠷᠦᠭᠦᠨ ᠳᠤ ᠨᠡᠶᠢᠲᠡᠯᠡᠵᠦ᠂ ᠮᠠᠰᠢ ᠣᠯᠠᠨ ᠤᠯᠤᠰ᠂ ᠣᠯᠠᠨ ᠤᠯᠤᠰ ᠤᠨ ᠪᠠ ᠭᠠᠵᠠᠷ ᠣᠷᠣᠨ ᠤ ᠵᠤᠬᠢᠶᠠᠨ ᠪᠠᠶᠢᠭᠤᠯᠤᠯᠳᠠ ᠲᠠᠢ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠯᠢᠯᠴᠠᠭᠠᠨ ᠤ ᠠᠵᠢᠯᠯᠠᠭ᠎ᠠ ᠶᠢ 70 ᠭᠠᠷᠤᠶ ᠤᠳᠠᠭ᠎ᠠ ᠥᠷᠨᠢᠭᠦᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠯᠵᠢᠶᠡᠨ ᠳᠡᠭᠡᠷᠡᠬᠢ ᠮᠡᠳᠡᠯᠭᠡ ᠶᠢᠨ ᠲᠥᠪ ᠢ ᠨᠡᠭᠡᠭᠡᠬᠦ ᠶᠢᠨ ᠬᠠᠮᠲᠤ ᠪᠤᠢ ᠪᠦᠬᠦᠢ ᠤᠯᠤᠰ ᠲᠤ ᠨᠡᠭᠡᠭᠡᠯᠲᠡ ᠬᠢᠵᠦ᠂ ᠡᠯ᠎ᠡ ᠲᠠᠯ᠎ᠠ ᠶᠢᠨ ᠬᠢᠨ ᠲᠠᠢ ᠰᠡᠷᠭᠡᠶᠢᠯᠡᠨ ᠡᠵᠡᠮᠳᠡᠬᠦ ᠪᠠ ᠠᠪᠤᠷᠠᠨ ᠵᠠᠰᠠᠬᠤ ᠲᠤᠷᠰᠢᠯᠭ᠎ᠠ ᠪᠠᠨ ᠥᠴᠦᠬᠡᠨ ᠴᠦ ᠦᠯᠡᠳᠡᠭᠡᠯ ᠦᠭᠡᠢ ᠪᠠᠷ ᠬᠤᠪᠢᠶᠠᠯᠴᠠᠪᠠ᠃ ᠪᠢᠳᠡ ᠲᠣᠰ ᠪᠡᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠯᠤᠲᠤ ᠶᠡᠭᠡ ᠳᠠᠷᠤᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠳᠣᠣᠷ᠎ᠠ᠂ ᠳᠡᠯᠡᠬᠡᠶ ᠨᠡᠶᠢᠭᠡᠮ ᠢ ᠴᠢᠳᠠᠯ ᠤᠨ ᠢᠶᠠᠨ ᠬᠢᠷᠢ‌‍ᠪᠠᠷ ᠲᠤᠰᠠᠯᠠᠵᠦ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠳᠤ ᠬᠤᠶᠠᠷ ᠪᠦᠯᠦᠭ ᠤᠨ ᠨᠡᠶᠢᠲᠡ 5000 ᠲᠦᠮᠡᠨ ᠳ᠋ᠣᠯᠯᠠᠷ ᠤᠨ ᠪᠡᠯᠡᠨ ᠭᠤᠪᠢᠭᠤᠯᠭ᠎ᠠ ᠶᠢᠨ ᠲᠤᠰᠠᠯᠠᠮᠵᠢ ᠬᠠᠩᠭᠠᠬᠤ ᠪᠠᠷ ᠨᠡᠶᠢᠳᠡᠯᠡᠵᠥ᠂ 32 ᠤᠯᠤᠰ ᠲᠤ 34 ᠡᠮᠴᠢᠯᠡᠭᠡᠨ ᠤ ᠮᠡᠷᠭᠡᠵᠢᠯᠲᠡᠨ ᠤ ᠳᠤᠭᠤᠶᠢᠯᠠᠩ ᠲᠣᠮᠢᠯᠠᠵᠤ᠂ 150 ᠤᠯᠤᠰ ᠪᠠ 4 ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ 283 ᠪᠦᠯᠦᠭ ᠬᠢᠵᠢᠭ ᠲᠠᠢ ᠳᠡᠮᠡᠴᠡᠬᠦ ᠲᠤᠰᠠᠯᠠᠮᠵᠢ ᠬᠠᠩᠭᠠᠵᠤ᠂ 200 ᠭᠠᠷᠤᠶ ᠤᠯᠤᠰ ᠪᠠ ᠭᠠᠵᠠᠷ ᠣᠷᠣᠨ ᠳᠤ ᠬᠢᠵᠢᠭ ᠢ ᠰᠡᠷᠭᠡᠶᠢᠯᠡᠬᠦ ᠡᠳ᠋ ᠪᠣᠳᠠᠰ ᠬᠠᠩᠭᠠᠬᠰᠠᠨ ᠪᠠ ᠭᠠᠷᠭᠠᠪᠠ᠃ 3 ᠰᠠᠷ᠎ᠠ ᠶᠢᠨ 15 ᠤ ᠡᠳᠦᠷ ᠠᠴᠠ 9 ᠰᠠᠷ᠎ᠠ ᠶᠢᠨ 6 ᠤ ᠡᠳᠦᠷ ᠪᠣᠯᠲᠠᠯ᠎ᠠ᠂ ᠮᠠᠨ ᠤ ᠤᠯᠤᠰ ᠤᠨ ᠭᠠᠳᠠᠭᠠᠳᠤ ᠳᠤ ᠭᠠᠷᠭᠠᠬᠰᠠᠨ ᠠᠮᠠᠪᠴᠢ ᠨᠡᠶᠢᠳᠡ 1515 ᠳ᠋ᠦᠩᠰᠢᠭᠤᠷ ᠲᠤ ᠬᠦᠷᠴᠤ᠂ ᠬᠠᠮᠠᠭᠠᠯᠠᠯᠳᠠ ᠶᠢᠨ ᠬᠤᠪᠴᠠᠰᠤ 14 ᠳ᠋ᠦᠩᠰᠢᠭᠤᠷ ᠵᠠᠬ᠎ᠠ᠂ ᠨᠢᠳᠦ ᠬᠠᠮᠠᠭᠠᠯᠠᠬᠤ ᠰᠢᠯ 2.3 ᠳ᠋ᠦᠩᠰᠢᠭᠤᠷ᠂ ᠠᠮᠢᠰᠬᠤᠯ ᠤᠨ ᠮᠠᠰᠢᠨ 20.9 ᠲᠦᠮᠡᠡ ᠰᠠᠭᠤᠷᠢ᠂ ᠰᠢᠯᠭᠠᠨ ᠪᠠᠶᠢᠴᠠᠭᠠᠬᠤ ᠡᠮ ᠤᠨ ᠬᠠᠶᠢᠷᠴᠠᠭ 4.7 ᠳ᠋ᠦᠩᠰᠢᠭᠤᠷ ᠬᠤᠪᠢ᠂ ᠤᠯᠠᠭᠠᠨ ᠤ ᠭᠠᠳᠠᠨᠠᠬᠢ ᠬᠠᠯᠠᠭᠤᠨ ᠤ ᠬᠡᠮᠵᠢᠭᠦᠷ 8014 ᠲᠦᠮᠡᠨ ᠬᠤᠪᠢ ᠳᠤ ᠬᠦᠷᠴᠦ᠂ ᠪᠥᠬᠦ ᠳᠡᠯᠡᠬᠡᠶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠶ ᠳᠡᠮᠵᠢᠪᠡ᠃ ᠪᠢᠳᠡ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠰᠠᠨᠠᠭᠠᠴᠢᠯᠠᠵᠤ᠂ ᠤᠯᠠᠨ ᠤᠯᠤᠰ ᠤᠨ ᠲᠤᠰᠠᠯᠠᠮᠵᠢ᠂ ᠸᠠᠺᠼᠢᠨ ᠬᠡᠷᠡᠭᠯᠡᠬᠦ ᠵᠡᠷᠭᠡ ᠲᠠᠯ᠎ᠠ ᠪᠠᠷ ᠠᠯᠢ ᠤᠯᠠᠨ ᠵᠣᠷᠢᠯᠲᠠ ᠶᠢ ᠳᠤᠷᠠᠳᠪᠠ᠃ ᠳᠤᠮᠳᠠᠳᠤ ᠤᠯᠤᠰ ᠪᠣᠳᠠᠲᠤ ᠠᠵᠢᠯᠯᠠᠭ᠎ᠠ ᠪᠠᠷ ᠢᠶᠠᠨ ᠪᠦᠬᠦ ᠪᠥᠮᠪᠥᠷᠴᠡᠭ ᠤᠨ ᠲᠦᠭ ᠲᠦᠮᠡᠨ ᠬᠥᠮᠦᠨ ᠤ ᠠᠮᠢ ᠨᠠᠰᠤ ᠶᠢ ᠬᠠᠪᠰᠤᠷᠤᠨ ᠠᠪᠤᠷᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠩ ᠦᠨᠡᠨᠴᠢ ᠬᠦᠰᠡᠯ ᠡᠷᠡᠮᠡᠯᠵᠡᠯ ᠢ ᠢᠯᠡᠷᠡᠭᠦᠯᠵᠡᠢ︕    ᠨᠦᠬᠦᠳ ᠡ᠂ ᠨᠠᠶᠢᠵᠠ ᠨᠠᠷ ᠡ︕    ᠵᠠᠯᠠᠭᠤᠴᠤᠳ ᠪᠤᠯ ᠤᠯᠤᠰ ᠪᠠ ᠦᠨᠳᠤᠰᠤᠳᠠᠨ ᠤ ᠬᠦᠰᠡᠯ ᠡᠷᠡᠮᠡᠯᠵᠡᠯ ᠮᠦᠨ᠃ ᠡᠨᠡ ᠤᠳᠠᠭ᠎ᠠ ᠶᠢᠨ ᠬᠢᠵᠢᠭ ᠲᠠᠢ ᠲᠡᠮᠡᠴᠡᠬᠦ ᠲᠡᠮᠡᠴᠡᠯ ᠳᠤ ᠵᠠᠯᠠᠭᠤ ᠨᠢᠬᠡ ᠦᠶ᠎ᠠ ᠶᠢᠨ ᠬᠢᠨ ᠤ ᠲᠤᠪᠤᠶᠢᠮ᠎ᠠ ᠢᠯᠡᠷᠡᠯ ᠬᠦᠮᠤᠰ ᠢ ᠪᠠᠶᠠᠰᠬᠠᠨ ᠬᠦᠮᠤᠰ ᠢ ᠵᠤᠷᠢᠬᠵᠢᠭᠤᠯᠤᠨ᠎ᠠ᠃ ᠬᠢᠵᠢᠭ ᠲᠠᠢ ᠳᠡᠮᠡᠴᠡᠬᠦ ᠠᠵᠢᠯ ᠳᠤ ᠣᠷᠣᠯᠴᠠᠭᠰᠠᠨ ᠡᠮᠨᠡᠯᠭᠡ ᠶᠢᠨ ᠠᠵᠢᠯᠲᠠᠳ ᠤᠨ ᠬᠠᠭᠠᠰ ᠰᠢᠬᠠᠮ ᠨᠢ ︽ᠶᠡᠷᠡᠨ ᠤᠨ ᠠᠴᠠ ᠰᠡᠬᠦᠯᠡᠷ ᠳᠦᠷᠦᠭᠰᠡᠳ︾᠂ ︽ᠬᠤᠶᠠᠷ ᠮᠢᠩᠭᠠᠨ ᠤᠨ ᠠᠴᠠ ᠰᠡᠬᠦᠯᠡᠷ ᠳᠦᠷᠦᠭᠰᠡᠳ︾ ᠪᠤᠯᠤᠨ᠎ᠠ᠂ ᠲᠡᠳᠡᠨ ᠤ ᠬᠡᠯᠡᠭᠰᠡᠨ ᠨᠢᠭᠡ ᠪᠠᠳᠠᠬ ᠦᠭᠡ᠂ ᠲᠤᠬᠠᠢᠢᠯᠠᠪᠠᠯ 2003 ᠣᠨ ᠳᠤ ᠰᠠᠷᠰ ᠡᠪᠡᠳᠴᠢᠨ ᠳᠡᠯᠬᠡᠷᠡᠭᠰᠡᠨ ᠦᠶ᠎ᠠ ᠳᠤ ᠲᠠ ᠨᠠᠷ ᠪᠢᠳᠡᠨ ᠢ ᠬᠠᠮᠠᠭᠠᠯᠠᠬᠰᠠᠨ᠂ ᠡᠨᠡ ᠡᠳᠦᠷ ᠪᠢᠳᠡ ᠲᠠ ᠨᠠᠷ ᠢ ᠬᠠᠮᠠᠭᠠᠯᠠᠬᠤ ᠡᠭᠡᠯᠵᠢ ᠪᠣᠯᠵᠠᠶ ᠭᠡᠳᠡᠭ ᠨᠢ ᠳᠤᠮᠳᠠᠳᠤ ᠤᠯᠤᠰ ᠢ ᠳᠣᠭᠳᠣᠯᠤᠭᠤᠯᠤᠬᠰᠠᠨ ᠪᠠᠶᠢᠨ᠎ᠠ᠃ ᠠᠬᠠᠮᠠᠳᠴᠤᠤᠯ ᠬᠡᠯᠡᠬᠦ ᠳᠡᠭᠡᠨ᠄ ︽ᠬᠠᠮᠢᠭ᠎ᠠ ᠶᠠᠮᠠᠷ ᠴᠠᠭᠠᠨ ᠬᠤᠪᠴᠠᠰᠤᠳᠤ ᠲᠡᠬᠢᠨᠢ ᠬᠡᠮᠡᠨ ᠪᠠᠶᠢᠬᠤ ᠪᠤᠢ᠂ ᠨᠢᠭᠡ ᠪᠦᠯᠦᠭ ᠬᠡᠦᠬᠡᠳ ᠴᠠᠭᠠᠨ ᠬᠤᠪᠴᠠᠰᠤ ᠡᠮᠦᠰᠦᠭᠰᠡᠨ ᠳᠡᠳᠤᠢ︾ ᠬᠡᠯ᠎ᠡ᠃ ᠶᠢᠷᠲᠢᠨᠴᠦ ᠳᠤ ᠲᠦᠷᠦᠯᠬᠢ ᠶᠢᠨ ᠪᠠᠭᠠᠲᠤᠷ ᠬᠦᠮᠦᠨ ᠭᠡᠵᠦ ᠪᠠᠶᠢᠬᠤ ᠦᠭᠡᠢ᠂ ᠴᠡᠭᠡᠵᠢ ᠲᠦᠷᠢᠨ ᠡᠷᠡᠮᠡᠬᠡᠶᠢᠯᠡᠨ ᠲᠡᠮᠡᠴᠡᠬᠦ ᠡᠭᠡᠯ ᠬᠥᠮᠦᠨ ᠯᠡ ᠪᠠᠶᠢᠨ᠎ᠠ᠃ ᠵᠠᠯᠠᠭᠤ ᠨᠢᠬᠡ ᠦᠶ᠎ᠠ ᠶᠢᠨ ᠬᠢᠨ ᠵᠤᠪᠠᠭᠤᠷᠢ ᠵᠦᠳᠡᠬᠦᠷᠢ ᠠᠴᠠ ᠠᠶᠤᠬᠤ ᠦᠬᠡᠢ᠂ ᠬᠦᠴᠢᠷ ᠪᠡᠷᠭᠡᠰᠢᠶᠡᠯ ᠠᠴᠠ ᠠᠶᠤᠬᠤ ᠦᠬᠡᠢ᠂ ᠦᠷᠡᠭᠳᠡᠯ ᠰᠦᠢᠳᠦᠯ ᠠᠴᠠ ᠠᠶᠤᠬᠤ ᠦᠬᠡᠢ ᠪᠠᠶᠢᠵᠤ᠂ ᠲᠠᠶᠢᠱᠠᠨ ᠠᠭᠤᠯᠠ ᠮᠡᠲᠦ ᠬᠦᠨᠳᠤ ᠡᠬᠦᠷᠬᠡ ᠶᠢ ᠮᠦᠷᠤᠨ ᠳᠡᠭᠡᠨ ᠡᠬᠦᠷᠬᠡᠯᠠᠵᠤ᠂ ᠵᠠᠯᠠᠭᠤ ᠨᠠᠰᠤᠨ ᠤ ᠤᠮᠤᠬ ᠵᠤᠷᠢᠭ ᠰᠦᠷ ᠵᠢᠪᠬᠤᠭ᠎ᠠ ᠶᠢ ᠢᠯᠡᠷᠡᠬᠦᠯᠵᠤ᠂ ᠳᠤᠮᠳᠠᠳᠤ ᠶᠢᠨ ᠦᠨᠳᠤᠰᠤᠳᠠᠨ ᠤ ᠬᠦᠰᠡᠯ ᠡᠷᠡᠮᠡᠯᠵᠡᠯ ᠢ ᠢᠯᠡᠷᠡᠭᠦᠯᠪᠡ︕ ᠪᠢᠳᠡ ᠬᠠᠮᠳᠤ ᠪᠠᠷ ᠲᠡᠳᠡᠨ ᠳᠤ ᠤᠷᠮ᠎ᠠ ᠬᠠᠶᠢᠷᠠᠯᠠᠶ᠎ᠠ︕    ᠨᠦᠭᠦᠳ ᠡ᠂ ᠨᠠᠶᠢᠵᠠ ᠨᠠᠷ ᠡ︕    ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠡ ᠲᠡᠮᠡᠴᠡᠯ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠠ ᠪᠦᠳᠦᠭᠡᠯ ᠤᠯᠤᠭᠰᠠᠨ ᠨᠢ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠪᠤᠯᠤᠨ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠳᠠᠪᠠᠭᠤᠯᠢᠬ ᠢ ᠬᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠬᠦᠴᠦᠨ ᠴᠢᠳᠠᠯ ᠢ ᠬᠦᠢᠴᠡᠳ ᠢᠯᠡᠷᠡᠭᠦᠯᠵᠦ᠂ ᠳᠤᠮᠳᠠᠳᠤ ᠶᠢᠨ ᠪᠤᠯᠪᠠᠰᠤᠨ ᠤ ᠬᠦᠨ ᠵᠤᠵᠠᠭᠠᠨ ᠠᠭᠤᠯᠤᠬᠳᠠᠬᠤᠨ ᠢ ᠬᠦᠢᠴᠡᠳ ᠢᠯᠡᠷᠡᠭᠦᠯᠵᠦ᠂ ᠳᠤᠮᠳᠠᠳᠤ ᠤᠯᠤᠰ‌‍ᠤᠨ ᠬᠠᠷᠢᠭᠤᠴᠠᠯᠭ᠎ᠠ ᠲᠠᠢ ᠶᠡᠭᠡ ᠤᠯᠤᠰ ᠤᠨ ᠤᠬᠠᠮᠰᠠᠷᠲᠦ ᠬᠠᠷᠢᠭᠤᠴᠠᠯᠭ᠎ᠠ ᠡᠬᠦᠷᠭᠡᠯᠡᠯ ᠢ ᠬᠦᠢᠴᠡᠳ ᠢᠯᠡᠷᠡᠭᠦᠯᠵᠦ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠢᠳᠡᠭᠡᠯ ᠪᠠ ᠤᠮᠤᠬᠰᠢᠯᠳᠦ ᠰᠡᠳᠬᠢᠯᠭᠡ᠂ ᠨᠢᠬᠳᠠᠷᠠᠭᠤᠯᠬᠤ ᠬᠦᠴᠦ ᠪᠠ ᠲᠦᠪᠯᠡᠷᠡᠩᠭᠦᠢ ᠬᠦᠴᠦ ᠶᠢ ᠲᠦᠢᠯ ᠤᠨ ᠶᠡᠭᠡ ᠪᠠᠷ ᠨᠡᠮᠡᠭᠳᠡᠬᠦᠯᠪᠡ᠂ ᠡᠨᠡ ᠨᠢ ᠯᠠᠪᠳᠠᠢ ᠪᠢᠳᠠᠨ ᠢ ᠰᠢᠨ᠎ᠠ ᠴᠠᠭ ᠦᠶ᠎ᠠ ᠰᠢᠨ᠎ᠠ ᠠᠶᠠᠨ ᠳᠠᠭᠠᠨ ᠬᠠᠷᠰᠢ ᠰᠠᠭᠠᠳ ᠢ ᠢᠯᠠᠨ ᠳᠠᠪᠠᠵᠦ᠂ ᠡᠷᠡᠮᠡᠭᠡᠶᠢᠯᠡᠨ ᠤᠷᠤᠬᠰᠢᠯᠠᠬᠤ ᠶᠢ ᠵᠤᠷᠢᠬᠵᠢᠭᠤᠯᠬᠤ ᠪᠤᠯᠤᠨ᠎ᠠ᠃    ᠨᠦᠭᠦᠳ ᠡ᠂ ᠨᠠᠶᠢᠵᠠ ᠨᠠᠷ ᠡ︕    ᠡᠨᠡ ᠬᠦ ᠬᠦᠨᠳᠤ ᠨᠤᠴᠢᠳᠠᠢ ᠬᠢᠵᠢᠭ ᠤᠨ ᠪᠠᠶᠢᠳᠠᠯ ᠯᠤᠭ᠎ᠠ ᠦᠬᠦᠬᠦ ᠰᠡᠬᠡᠬᠦ ᠶᠢᠨ ᠲᠡᠮᠡᠴᠡᠯ ᠬᠢᠬᠦ ᠲᠤᠮᠲᠠ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠤᠰᠤᠳᠠᠨ ᠵᠤᠷᠢᠬᠳᠠᠢ ᠪᠠᠷ ᠲᠡᠮᠡᠴᠡᠬᠦ᠂ ᠵᠤᠷᠢᠬᠳᠠᠢ ᠪᠠᠷ ᠢᠯᠡᠨ ᠳᠠᠪᠠᠭ᠋ᠤ ᠪᠠᠭᠠᠲᠤᠷ ᠵᠤᠷᠢᠬ ᠢᠶᠠᠷ ᠠᠮᠢ ᠨᠠᠰᠤ ᠶᠢ ᠲᠡᠭᠡᠳᠤᠯᠡᠬᠦ᠂ ᠤᠯᠤᠰ ᠲᠠᠶᠠᠭᠠᠷ ᠰᠡᠳᠬᠢᠯ ᠨᠢᠬᠡᠳᠬᠦ᠂ ᠦᠬᠦᠬᠦ ᠰᠡᠬᠡᠬᠦ ᠶᠢ ᠦᠯᠤ ᠬᠠᠶᠢᠬᠤᠷᠬᠤ᠂ ᠰᠢᠨᠵᠢᠯᠡᠬᠦ ᠤᠬᠠᠭᠠᠨ ᠢ ᠬᠦᠨᠳᠤᠳᠬᠡᠬᠦ᠂ ᠬᠤᠪᠢ ᠵᠠᠶᠠᠭ᠎ᠠ ᠪᠠᠨ ᠬᠠᠮᠳᠤᠳᠬᠠᠬᠤ ᠬᠢᠵᠢᠭ ᠲᠠᠢ ᠲᠡᠮᠡᠴᠡᠬᠦ ᠠᠭᠤᠤ ᠶᠡᠭᠡ ᠵᠤᠷᠢᠬ ᠰᠠᠨᠠᠭ᠎ᠠ ᠶᠢ ᠱᠤᠭᠤᠵᠠᠢ᠃    — ᠠᠮᠢ ᠨᠠᠰᠤ ᠶᠢ ᠲᠡᠬᠡᠳᠤᠯᠡᠬᠦ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠦᠨ ᠵᠤᠵᠠᠭᠠᠨ ᠦᠷᠦᠰᠢᠶᠡᠯ ᠬᠠᠶᠢᠷ᠎ᠠ ᠶᠢᠨ ᠤᠯᠠᠮᠵᠢᠯᠠᠯ ᠪᠤᠯᠤᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠠᠳ ᠲᠦᠮᠡᠨ ᠢᠶᠠᠷ ᠭᠤᠤᠯ ᠪᠤᠯᠭᠠᠬᠤ ᠦᠷᠳᠡᠭ ᠤᠨ ᠬᠦᠬᠡᠬᠡᠴᠡᠯᠳᠤᠯ ᠢ ᠲᠦᠪᠯᠡᠷᠡᠭᠦᠯᠤᠨ ᠬᠠᠷᠠᠭᠤᠯᠵᠠᠢ᠃ ︽ᠠᠷᠠᠳ ᠲᠦᠮᠡᠨ ᠢᠶᠠᠨ ᠡᠨᠡᠷᠢᠨ ᠬᠠᠶᠢᠷᠠᠯᠠᠵᠦ ᠠᠷᠠᠳ ᠲᠦᠮᠡᠨ ᠳᠤ ᠠᠰᠢᠭ ᠬᠦᠷᠳᠡᠭᠡᠬᠦ ᠪᠠᠷ ᠵᠢᠳᠭᠦᠰᠦᠭᠡᠢ︾᠂ ᠡᠪᠡᠳᠴᠢᠨ ᠬᠢᠵᠢᠭ ᠬᠠᠶᠢᠷ᠎ᠠ ᠨᠠᠶᠢᠷ ᠦᠭᠡᠢ ᠪᠤᠯᠪᠠᠴᠦ ᠬᠦᠮᠦᠨ ᠠᠷᠠᠳ ᠬᠠᠶᠢᠷ᠎ᠠ ᠰᠡᠳᠭᠢᠯᠭᠡ ᠲᠠᠢ ᠶᠤᠮ᠃ ᠠᠮᠢ ᠨᠠᠰᠤ ᠪᠤᠯ ᠬᠠᠮᠤᠭ ᠤᠨ ᠡᠷᠬᠢᠮ ᠨᠠᠨᠳᠢᠨ ᠶᠤᠮ᠂ ᠠᠮᠢ ᠨᠠᠰᠤ ᠬᠦᠮᠦᠨ ᠳᠤ ᠨᠢᠭᠡ ᠯᠡ ᠤᠳᠠᠭ᠎ᠠ ᠲᠤᠬᠢᠶᠠᠯᠳᠤᠨ᠎ᠠ᠂ ᠠᠯᠳᠠᠭᠠᠳ ᠶᠠᠪᠤᠭᠤᠯᠪᠠᠯ ᠲᠠᠬᠢᠵᠦ ᠤᠯᠬᠤ ᠦᠭᠡᠢ ᠶᠤᠮ᠃ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠳᠤ᠂ ᠪᠢᠳᠡ ᠡᠷᠬᠡᠪᠰᠢ ᠠᠯᠢᠪᠠ ᠦᠷᠡᠭᠳᠡᠯ ᠢ ᠬᠠᠶᠢᠬᠤᠷᠠᠯ ᠦᠭᠡᠢ ᠭᠠᠷᠭᠠᠬᠤ ᠬᠡᠷᠡᠭᠳᠠᠢ᠂ ᠪᠢᠳᠡ ᠪᠠᠰᠠ ᠠᠯᠢᠪᠠ ᠦᠷᠡᠭᠳᠡᠯ ᠢ ᠬᠠᠶᠢᠬᠤᠷᠠᠯ ᠦᠭᠡᠢ ᠭᠠᠷᠭᠠᠵᠦ ᠲᠡᠶᠢᠯᠤᠨ᠎ᠡ᠂ ᠤᠴᠢᠷ ᠨᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠨᠳᠦᠰᠦᠨ ᠵᠤᠷᠢᠯᠳᠠ ᠪᠤᠯ ᠪᠦᠬᠦ ᠰᠡᠳᠭᠢᠯ ᠪᠦᠬᠦ ᠵᠤᠷᠢᠭ ᠢᠶᠠᠨ ᠢᠶᠠᠨ ᠠᠷᠠᠳ ᠲᠦᠮᠡᠨ ᠳᠤ ᠦᠢᠯᠡᠴᠢᠯᠡᠨ᠎ᠠ᠂ ᠪᠢᠳᠡᠨ ᠤ ᠤᠯᠤᠰ ᠪᠤᠯ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ ᠨᠡᠶᠢᠭᠡᠮ ᠵᠢᠷᠤᠮᠳᠤ ᠤᠯᠤᠰ ᠪᠤᠯᠤᠨ᠎ᠠ᠃ ᠪᠢᠳᠡ ᠡᠷᠡᠰ ᠰᠢᠭᠤᠷᠬᠠᠢ ᠪᠠᠷ ᠦᠬᠠᠨ ᠠᠴᠠ ᠭᠠᠷᠬᠤ ᠬᠤᠪᠸᠢ ᠠᠴᠠ ᠭᠠᠷᠬᠤ ᠵᠠᠮ ᠢ ᠬᠠᠭᠠᠵᠤ᠂ ᠤᠷᠢᠳ ᠡᠮᠦᠨ᠎ᠠ ᠪᠠᠶᠢᠭ᠎ᠠ ᠦᠭᠡᠢ ᠴᠢᠩᠭ᠎ᠠ ᠨᠢᠭᠳᠠ ᠬᠠᠮᠢᠶᠠᠷᠤᠨ ᠡᠵᠡᠮᠳᠡᠬᠦ ᠠᠷᠭ᠎ᠠ ᠠᠪᠴᠠᠯ ᠢ ᠬᠡᠷᠡᠭᠵᠢᠭᠦᠯᠪᠡ᠃ ᠡᠨᠡ ᠬᠦ ᠰᠢᠢᠳᠪᠦᠷᠢ ᠶᠢ ᠭᠠᠷᠭᠠᠬᠤ ᠳᠤ ᠯᠤᠳᠤ ᠶᠡᠭᠡ ᠤᠯᠤᠰ ᠲᠦᠷᠦ ᠶᠢᠨ ᠵᠤᠷᠢᠭ ᠰᠦᠰᠦ ᠲᠠᠢ ᠪᠠᠶᠢᠬᠤ ᠬᠡᠷᠡᠭᠳᠠᠢ᠂ ᠡᠷᠡᠰ ᠰᠢᠢᠳᠮᠡᠭᠡᠢ ᠲᠡᠤᠬᠡᠨ ᠡᠭᠦᠷᠭᠡᠯᠡᠯ ᠲᠠᠢ ᠪᠠᠶᠢᠬᠤ ᠬᠡᠷᠡᠭᠳᠠᠢ᠃ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠦᠯᠦᠭᠡ᠂ ᠪᠢᠳᠡ ᠠᠯᠢᠪᠠ ᠪᠠᠨ ᠦᠷᠡᠭᠳᠡᠭᠦᠯᠵᠤ ᠪᠤᠯᠤᠨ᠎ᠠ︕ ᠲᠦᠷᠦᠭᠡᠳ 30 ᠭᠠᠷᠤᠢ ᠴᠠᠭ ᠪᠤᠯᠵᠤ ᠪᠠᠶᠢᠭ᠎ᠠ ᠨᠢᠯᠬ᠎ᠠ ᠬᠡᠤᠬᠡᠳ ᠠᠴᠠ 100 ᠶᠢ ᠳᠠᠪᠠᠭᠰᠠᠨ ᠦᠨᠳᠦᠷ ᠨᠠᠰᠤᠳᠡᠨ ᠬᠦᠷᠳᠡᠯ᠎ᠠ᠂ ᠳᠤᠮᠳᠠᠳᠤ ᠤᠯᠤᠰ ᠲᠤ ᠰᠤᠷᠤᠯᠴᠠᠵᠦ ᠪᠠᠶᠢᠭ᠎ᠠ ᠭᠠᠳᠠᠭᠠᠳᠤ ᠶᠢᠨ ᠤᠶᠤᠳᠠᠨ ᠠᠴᠠ ᠳᠤᠮᠳᠠᠳᠤ ᠤᠯᠤᠰ ᠲᠤ ᠢᠷᠡᠭᠰᠡᠨ ᠭᠠᠳᠠᠭᠠᠳᠤ ᠶᠢᠨ ᠬᠦᠮᠦᠨ ᠬᠦᠷᠳᠡᠯ᠎ᠠ᠂ ᠠᠮᠢ ᠨᠠᠰᠤ ᠨᠢᠭᠡᠪᠦᠷᠢ ᠨᠢ ᠪᠦᠬᠦ ᠲᠠᠯ᠎ᠠ ᠶᠢᠨ ᠬᠠᠮᠠᠭᠠᠯᠠᠯᠳᠠ ᠶᠢ ᠬᠦᠷᠳᠡᠵᠤ᠂ ᠬᠦᠮᠦᠨ ᠤ ᠠᠮᠢ ᠨᠠᠰᠤ᠂ ᠬᠦᠮᠦᠨ ᠤ ᠦᠨ᠎ᠡ ᠴᠡᠨ᠎ᠡ᠂ ᠬᠦᠮᠦᠨ ᠤ ᠨᠡᠷ᠎ᠠ ᠬᠦᠨᠳᠦ ᠨᠠᠷᠢᠨ ᠨᠢᠮᠪᠠᠢ ᠬᠠᠯᠠᠮᠵᠢᠯᠠᠯ ᠢ ᠤᠯᠵᠠᠢ᠃ ᠡᠨᠡ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠠᠳ ᠤᠨ ᠲᠦᠯᠦᠭᠡ ᠲᠦᠷᠦ ᠪᠠᠷᠢᠬᠤ ᠤᠢᠢᠯᠠᠭᠠᠭᠳᠠᠬᠤᠨ ᠤ ᠬᠠᠮᠤᠭ ᠤᠨ ᠰᠠᠶᠢᠨ ᠲᠠᠶᠢᠯᠪᠤᠷᠢᠯᠠᠯᠳᠠ ᠪᠤᠯᠤᠨ᠎ᠠ︕ ᠡᠨᠡ ᠪᠤᠯ ᠳᠤᠮᠳᠠᠳᠤ ᠶᠢᠨ ᠦᠨᠳᠦᠰᠦᠳᠡᠨ ᠤ ᠠᠮᠢ ᠨᠠᠰᠤ ᠬᠠᠮᠤᠭ ᠠᠴᠠ ᠡᠷᠬᠢᠮ ᠭᠡᠬᠦ ᠶᠤᠰᠤᠨ ᠰᠤᠷᠳᠠᠬᠤᠨ ᠤ ᠦᠵᠡᠯᠳᠡ ᠶᠢᠨ ᠬᠠᠮᠤᠭ ᠤᠨ ᠰᠠᠶᠢᠨ ᠢᠯᠡᠷᠡᠯ ᠪᠤᠯᠤᠨ᠎ᠠ︕ ᠡᠨᠡ ᠨᠢ ᠮᠦᠨ ᠴᠤ ᠳᠤᠮᠳᠠᠳᠤ ᠤᠯᠤᠰ ᠤᠨ ᠠᠷᠠᠳ ᠲᠦᠮᠡᠨ ᠤ ᠠᠮᠢ ᠨᠠᠰᠤ ᠶᠢ ᠬᠦᠨᠳᠦᠯᠡᠨ ᠳᠡᠭᠡᠳᠦᠯᠡᠬᠦ ᠰᠤᠶᠤᠯ ᠢᠷᠭᠡᠨᠰᠢᠯ ᠤᠨ ᠵᠤᠷᠢᠭ ᠰᠠᠨᠠᠭᠠᠨ ᠤ ᠬᠠᠮᠤᠭ ᠤᠨ ᠰᠠᠶᠢᠨ ᠭᠡᠷᠡᠴᠢᠯᠡᠯ ᠪᠤᠯᠤᠨ᠎ᠠ︕    — ᠤᠯᠤᠰ ᠲᠠᠶᠠᠭᠠᠷ ᠰᠡᠳᠬᠢᠯ ᠨᠢᠬᠡᠳᠬᠦ ᠨᠢ ᠳᠤᠮᠳᠠᠳᠤ ᠤᠯᠤᠰ ᠤᠨ ᠠᠷᠠᠳ ᠲᠦᠮᠡᠨ ᠤ ᠲᠦᠮᠡᠨ ᠤᠯᠠᠨ ᠢᠶᠠᠷ ᠢᠶᠠᠨ ᠰᠡᠳᠬᠢᠯ ᠨᠢᠬᠡᠳᠴᠤ ᠵᠢᠷᠭᠠᠯ ᠵᠤᠪᠠᠯᠠᠩ ᠢᠶᠠᠨ ᠬᠠᠮᠳᠤᠳᠬᠠᠬᠤ ᠪᠦᠯᠬᠦᠮᠳᠡᠯ ᠤᠨ ᠠᠤᠭ᠎ᠠ ᠬᠦᠴᠤᠨ ᠢ ᠲᠦᠪᠯᠡᠷᠡᠬᠦᠯᠤᠨ ᠬᠠᠷᠠᠭᠤᠯᠪᠠ᠃ ᠦᠬᠦᠵᠦ ᠰᠡᠬᠡᠬᠦ ᠶᠢᠨ ᠰᠢᠯᠭᠠᠯᠲᠠ ᠶᠢᠨ ᠡᠮᠦᠨ᠎ᠡ᠂ ᠤᠷᠲᠤ ᠬᠤᠭᠤᠴᠠᠭ᠎ᠠ ᠲᠤᠰᠠᠭᠠᠷᠯᠠᠬᠤ ᠠᠴᠠ ᠪᠣᠯᠤᠭᠰᠠᠨ ᠯᠤᠲᠤ ᠶᠡᠭᠡ ᠪᠡᠶ᠎ᠡ ᠰᠡᠳᠬᠢᠯ ᠤᠨ ᠳᠠᠷᠤᠯᠲᠠ ᠶᠢᠨ ᠡᠮᠦᠨ᠎ᠠ᠂ ᠥᠷᠭᠡᠨ ᠤᠯᠠᠨ ᠠᠷᠠᠳ ᠲᠦᠮᠡᠨ ᠦᠬᠦᠵᠦ ᠰᠡᠭᠡᠬᠦ ᠠᠴᠠ ᠠᠶᠤᠬᠤ ᠦᠭᠡᠢ᠂ ᠲᠦᠮᠡᠨ ᠪᠡᠷᠬᠡ ᠮᠢᠩᠭᠠᠨ ᠪᠠᠷᠲᠠᠭ᠎ᠠ ᠠᠴᠠ ᠰᠦᠷᠳᠡᠬᠦ ᠦᠭᠡᠢ ᠪᠠᠷ ᠡᠷᠡᠯᠬᠡᠭᠯᠡᠨ ᠲᠡᠮᠡᠴᠡᠵᠦ᠂ ᠠᠶᠤᠯ ᠲᠦᠭᠰᠢᠭᠦᠷᠢ ᠶᠢ ᠰᠦᠷᠦᠨ ᠤᠷᠤᠬᠰᠢᠯᠠᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠬᠢᠵᠢᠭ‌‍ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠰᠡᠳᠭᠢᠯ ᠢᠶᠠᠨ ᠴᠢᠯᠡᠭᠡᠵᠦ ᠬᠦᠴᠦ ᠪᠠᠨ ᠨᠡᠮᠡᠷᠢᠯᠡᠵᠠᠢ᠃ ᠤᠷᠲᠤ ᠴᠠᠭᠠᠨ ᠬᠡᠷᠡᠮ ᠤᠨ ᠳᠣᠲᠣᠨ᠎ᠠ ᠭᠠᠳᠠᠨ᠎ᠠ᠂ ᠶᠡᠭᠡ ᠮᠥᠷᠡᠨ ᠤ ᠡᠮᠦᠨ᠎ᠡ ᠤᠮᠠᠷ᠎ᠠ᠂ ᠪᠦᠬᠦ ᠤᠯᠤᠰ ᠤᠨ ᠠᠷᠠᠳ ᠲᠦᠮᠡᠨ ᠲᠤᠤᠭᠠᠷᠪᠠᠯ ᠲᠠᠭᠤ ᠨᠢᠭᠡ ᠲᠤᠬᠳᠤᠷᠪᠠᠯ ᠬᠦᠴᠦ ᠨᠢᠭᠡᠳᠠᠢ ᠪᠠᠶᠢᠵᠦ᠂ ᠬᠤᠪᠢ ᠬᠥᠮᠦᠨ ᠤ ᠠᠮᠢᠳᠤᠷᠠᠯ ᠠᠬᠤᠢ᠂ ᠬᠠᠮᠲᠤ ᠨᠡᠶᠢᠲᠡ ᠶᠢᠨ ᠢᠷᠠᠭᠤ ᠠᠯᠳᠠᠷ ᠢᠴᠢᠭᠦᠷᠢ ᠭᠤᠲᠤᠮᠰᠢᠭ᠂ ᠤᠯᠤᠰ ᠭᠦᠷᠦᠨ ᠤ ᠠᠮᠤᠷ ᠲᠦᠪᠰᠢᠨ ᠠᠶᠤᠯ ᠲᠦᠭᠰᠢᠭᠦᠷᠢ ᠶᠢ ᠨᠢᠭᠡ ᠴᠣᠭᠴᠠᠵᠢᠭᠤᠯᠵᠦ᠂ ︽ᠳᠠᠭᠢᠨᠢ ᠶᠢᠨ ᠴᠠᠭᠠᠨ︾᠂ ︽ᠠᠷᠤᠷ᠎ᠠ ᠶᠢᠨ ᠨᠣᠭᠤᠭᠠᠨ︾᠂ ︽ᠬᠠᠮᠠᠭᠠᠯᠠᠭᠴᠢ ᠶᠢᠨ ᠬᠦᠬᠡ︾᠂ ︽ᠰᠠᠶᠢᠨ ᠳᠤᠷ᠎ᠠ ᠶᠢᠨ ᠤᠯᠠᠭᠠᠨ︾ ᠦᠳᠲᠡᠷ ᠲᠦᠷᠭᠡᠨ ᠴᠤᠭᠯᠠᠷᠠᠵᠤ᠂ ︽ᠪᠢ ᠪᠣᠯ ᠨᠠᠮ ᠤᠨ ᠭᠡᠰᠢᠭᠦᠨ᠂ ᠪᠢ ᠤᠷᠢᠳ ᠢᠶᠠᠷ ᠤᠴᠢᠶ᠎ᠠ︾᠂ ︽ᠬᠢᠵᠢᠭ ᠠᠷᠢᠯᠬᠤ ᠦᠭᠡᠢ ᠪᠣᠯ ᠪᠢᠳᠡ ᠪᠤᠴᠠᠬᠤ ᠦᠭᠡᠢ︾ ᠭᠡᠬᠦ ᠮᠡᠳᠦ ᠶᠢᠨ ᠲᠠᠩᠭᠠᠷᠢᠭ ᠤᠳ ᠬᠦᠷᠦᠰᠳᠦ ᠲᠡᠯᠡᠬᠡᠢ ᠶᠢ ᠲᠤᠩᠰᠤᠯᠭᠠᠵᠦ᠂ ᠴᠢᠩ ᠰᠡᠳᠭᠢᠯ ᠴᠡᠭᠡᠨ ᠤᠰᠤ ᠶᠢ ᠴᠠᠯᠭᠢᠭᠤᠯᠪᠠ᠃ 14 ᠳ᠋ᠦᠩᠰᠢᠭᠤᠷ ᠳᠤᠮᠳᠠᠳᠤ ᠤᠯᠤᠰ ᠤᠨ ᠠᠷᠠᠳ ᠲᠦᠮᠡᠨ ᠠᠮᠢᠰᠬᠤᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ ᠬᠠᠮᠲᠤᠳᠬᠠᠵᠤ᠂ ᠮᠥᠷᠥ ᠵᠡᠷᠭᠡᠴᠡᠨ ᠲᠡᠮᠡᠴᠡᠵᠤ᠂ ᠰᠡᠳᠬᠢᠯ ᠵᠢᠷᠦᠬᠡ ᠪᠠᠨ ᠬᠤᠯᠪᠣᠵᠤ᠂ ᠪᠦᠯᠬᠦᠮᠳᠡᠯ ᠪᠣᠯ ᠬᠦᠴᠦᠨ ᠮᠦᠨ ᠭᠡᠬᠦ ᠴᠠᠭ ᠦᠶ᠎ᠡ ᠶᠢᠨ ᠵᠢᠷᠤᠭ ᠢ ᠵᠢᠷᠤᠭᠯᠠᠵᠠᠢ︕    — ᠦᠬᠦᠵᠤ ᠰᠡᠬᠡᠬᠦ ᠶᠢ ᠦᠯᠤ ᠬᠠᠶᠢᠬᠤᠷᠬᠤ ᠨᠢ ᠳᠤᠮᠳᠠᠳᠤ ᠤᠯᠤᠰ ᠤᠨ ᠠᠷᠠᠳ ᠲᠦᠮᠡᠨ ᠤ ᠠᠯᠢᠪᠠ ᠬᠦᠴᠢᠷ ᠪᠡᠷᠬᠡᠰᠢᠶᠠᠯ ᠢ ᠵᠤᠷᠢᠭᠲᠠᠢ ᠪᠠᠷ ᠢᠯᠠᠨ ᠲᠠᠪᠠᠭ᠋ᠤ ᠠᠴᠠ ᠪᠢᠰᠢ ᠨᠤᠭᠤᠷᠠᠵᠤ ᠪᠠᠭᠤᠵᠤ ᠦᠭᠳᠡᠭ ᠦᠭᠡᠢ ᠤᠶᠠᠨ ᠬᠠᠳᠠᠨ ᠵᠤᠷᠢᠬ ᠰᠠᠨᠠᠭ᠎ᠠ ᠶᠢ ᠲᠦᠪᠯᠡᠷᠡᠩᠭᠦᠢ ᠬᠠᠷᠠᠭᠤᠯᠵᠠᠢ᠃ ᠠᠶᠤᠯ ᠲᠦᠭᠰᠢᠭᠦᠷᠢᠲᠤ ᠴᠠᠭ ᠮᠥᠴᠡ ᠳᠤ ᠭᠠᠵᠠᠷ ᠪᠤᠯᠭᠠᠨ ᠠᠴᠠ ᠪᠠᠭᠠᠲᠤᠷ ᠬᠦᠮᠦᠰ ᠢᠯᠡᠷᠡᠪᠡ᠃ ᠡᠯ᠎ᠡ ᠹᠷᠣᠨᠲ ᠤᠨ ᠬᠢᠵᠢᠭ ᠲᠠᠢ ᠲᠡᠮᠡᠴᠡᠬᠦ ᠪᠠᠭᠠᠲᠤᠷᠴᠤᠳ ᠠᠶᠤᠯ ᠲᠦᠭᠰᠢᠭᠦᠷᠢ ᠠᠴᠠ ᠦᠯᠦ ᠡᠮᠢᠶᠡᠨ᠂ ᠦᠬᠦᠬᠦ ᠠᠴᠠ ᠦᠯᠦ ᠡᠮᠢᠶᠡᠨ᠂ ᠬᠦᠴᠢᠷ ᠪᠡᠷᠬᠡᠰᠢᠶᠡᠯ ᠤᠨ ᠡᠮᠦᠨ᠎ᠠ ᠶᠠᠭᠤ ᠪᠠᠨ ᠴᠤ ᠦᠯᠦ ᠬᠠᠶᠢᠬᠤᠷᠤᠨ᠂ ᠵᠠᠩᠭᠢᠯᠠᠭ᠎ᠠ ᠶᠢᠨ ᠴᠠᠭ ᠮᠥᠴᠡ ᠳᠤ ᠴᠡᠭᠡᠵᠢ ᠳᠦᠷᠢᠨ ᠭᠠᠷᠴᠤ᠂ ᠠᠮᠢ ᠪᠠᠨ ᠴᠦᠯᠡᠨ ᠡᠭᠦᠷᠭᠡ ᠭᠦᠢᠴᠡᠳᠬᠡᠵᠦ᠂ ᠶᠡᠭᠡ ᠬᠠᠶᠢᠷ᠎ᠠ ᠪᠠᠷ ᠤᠯᠠᠨ ᠲᠦᠮᠡᠨ ᠢ ᠬᠠᠮᠠᠭᠠᠯᠠᠵᠠᠢ᠃ ᠲᠡᠳᠡᠨ ᠤ ᠳᠣᠲᠣᠷ᠎ᠠ ᠠᠮᠢᠳᠤᠷᠠᠬᠤ ᠪᠤᠯᠤᠮᠵᠢ ᠶᠢ ᠪᠤᠰᠤᠳ ᠲᠤ ᠦᠯᠡᠳᠡᠭᠡᠵᠦ ᠥᠪᠡᠷ ᠢ ᠪᠠᠨ ᠡᠮᠨᠡᠬᠦᠯᠵᠤ ᠳᠡᠶᠢᠯᠦᠭᠰᠡᠨ ᠦᠭᠡᠢ ᠡᠮᠨᠡᠯᠭᠡ ᠶᠢᠨ ᠬᠤᠷᠢᠶᠠᠨ ᠤ ᠳᠠᠷᠤᠭ᠎ᠠ ᠪᠤᠢ᠂ ᠬᠤᠷᠢᠮᠯᠠᠬᠤ ᠠᠮᠠᠯᠠᠯᠲᠠ ᠪᠠᠨ ᠬᠡᠵᠢᠶᠡᠳᠡ ᠪᠡᠶᠡᠯᠡᠭᠦᠯᠵᠤ ᠳᠡᠶᠢᠯᠬᠦ ᠦᠭᠡᠢ ᠪᠤᠯᠤᠭᠰᠠᠨ ᠬᠦᠮᠦᠨ ᠪᠤᠢ᠂ ᠠᠪᠤᠷᠠᠨ ᠡᠮᠨᠡᠬᠦ ᠠᠵᠢᠯ ᠤᠨ ᠪᠠᠶᠢᠷᠢᠨ ᠳᠠᠭᠠᠨ ᠪᠡᠶ᠎ᠡ ᠦᠷᠡᠭᠳᠡᠵᠦ ᠨᠢᠯᠬ᠎ᠠ ᠪᠠᠭ᠎ᠠ ᠬᠡᠦᠬᠡᠳ ᠢᠶᠠᠨ ᠦᠨᠦᠴᠢᠷᠡᠭᠦᠯᠦᠭᠰᠡᠨ ᠡᠵᠢ ᠬᠦᠮᠦᠨ ᠴᠤ ᠪᠤᠢ ᠁ ᠬᠢᠵᠢᠭ ᠤᠨ ᠡᠮᠦᠨ᠎ᠠ᠂ ᠳᠤᠮᠳᠠᠳᠤ ᠤᠯᠤᠰ ᠤᠨ ᠠᠷᠠᠳ ᠲᠦᠮᠡᠨ ᠠᠶᠤᠵᠤ ᠰᠦᠷᠳᠡᠭᠰᠡᠨ ᠦᠭᠡᠢ᠂ ᠠᠶᠤᠯ ᠢ ᠰᠦᠷᠦᠨ ᠤᠷᠤᠭᠰᠢᠯᠠᠭᠰᠠᠨ ᠪᠠᠭᠠᠳᠤᠷᠯᠢᠭ ᠦᠢᠯᠡ ᠠᠵᠢᠯᠯᠠᠭ᠎ᠠ ᠪᠠᠷ ᠢᠶᠠᠨ ᠮᠠᠭᠲᠠᠨ ᠳᠠᠭᠤᠯᠠᠭᠤᠰᠢᠲᠠᠶ᠂ ᠬᠦᠮᠦᠰ ᠤᠨ ᠰᠡᠳᠬᠢᠯ ᠢ ᠳᠤᠭᠳᠤᠯᠤᠭᠤᠯᠤᠮ᠎ᠠ ᠢᠷᠠᠭᠤ ᠭᠠᠶᠢᠬᠠᠮᠰᠢᠭᠲᠤ ᠲᠤᠤᠯᠢᠰ ᠢ ᠪᠢᠴᠢᠭᠯᠡᠪᠡ ︕ ᠳᠤᠮᠳᠠᠳᠤ ᠶᠢᠨ ᠦᠨᠳᠦᠰᠦᠲᠡᠨ ᠲᠤᠭ᠎ᠠ ᠲᠣᠮᠰᠢ ᠦᠭᠡᠢ ᠤᠯᠠᠨ ᠭᠠᠢ ᠭᠠᠮᠰᠢᠭ ᠢ ᠲᠤᠭᠤᠯᠵᠤ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠭᠰᠠᠨ ᠨᠢ ᠶᠡᠷᠦ ᠠᠴᠠ ᠠᠪᠤᠷᠠᠭᠴᠢ ᠡᠵᠡᠨ ᠢᠯᠡᠷᠡᠭᠰᠡᠨ ᠤ ᠬᠢ ᠪᠢᠰᠢ᠂ ᠬᠠᠷᠢᠨ ᠶᠡᠭᠡ ᠭᠠᠢ ᠭᠠᠮᠰᠢᠭ ᠲᠤᠯᠭᠠᠷᠠᠬᠤ ᠪᠦᠷᠢ ᠲᠦᠭ ᠲᠦᠮᠡᠨ ᠡᠭᠡᠯ ᠵᠢᠷ ᠤᠨ ᠬᠥᠮᠦᠰ ᠴᠡᠭᠡᠵᠢ ᠲᠦᠷᠢᠨ ᠤᠷᠤᠵᠤ᠂ ᠬᠠᠷᠠᠮ ᠦᠭᠡᠢ ᠵᠤᠷᠢᠭᠤᠯᠤᠭᠰᠠᠨ ᠠᠴᠠ ᠪᠣᠯᠤᠭᠰᠠᠨ ᠶᠤᠮ︕    — ᠰᠢᠨᠵᠢᠯᠡᠬᠦ ᠤᠬᠠᠭᠠᠨ ᠢ ᠬᠦᠨᠳᠦᠳᠬᠡᠬᠦ ᠨᠢ ᠳᠤᠮᠳᠠᠳᠤ ᠤᠯᠤᠰ ᠤᠨ ᠠᠷᠠᠳ ᠲᠦᠮᠡᠨ ᠤ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠵᠠᠮ ᠨᠡᠭᠡᠭᠡᠨ ᠰᠢᠨ᠎ᠡ ᠶᠢ ᠡᠭᠦᠳᠬᠦ ᠦᠢᠯᠡᠳᠦᠯᠭᠡ ᠶᠢᠨ ᠬᠡᠪ ᠴᠢᠨᠠᠷ ᠢ ᠲᠥᠪᠯᠡᠷᠡᠩᠭᠦᠶ ᠢᠯᠡᠷᠡᠭᠦᠯᠵᠠᠢ᠃ ᠦᠯᠦ ᠮᠡᠳᠡᠬᠦ ᠰᠢᠨ᠎ᠡ ᠬᠡᠯᠪᠡᠷᠢ ᠶᠢᠨ ᠬᠠᠯᠳᠠᠪᠤᠷᠢᠲᠤ ᠡᠪᠡᠳᠴᠢᠨ ᠤ ᠡᠮᠦᠨ᠎ᠡ᠂ ᠪᠢᠳᠡ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ᠂ ᠰᠢᠨᠵᠢᠯᠡᠬᠦ ᠤᠬᠠᠭᠠᠨᠴᠢ ᠣᠪᠣᠷ ᠢ ᠪᠠᠷᠢᠮᠲᠠᠯᠠᠵᠤ᠂ ᠰᠢᠨᠵᠢᠯᠡᠬᠦ ᠤᠬᠠᠭᠠᠨ ᠤ ᠵᠢᠮ᠎ᠡ ᠶᠣᠰᠣ ᠶᠢ ᠵᠢᠷᠤᠮᠯᠠᠬᠤ ᠶᠢ ᠰᠢᠢᠳᠪᠦᠷᠢᠲᠦ ᠪᠤᠳᠤᠯᠭ᠎ᠠ ᠳᠤᠭᠳᠠᠭᠠᠨ ᠵᠢᠯᠤᠭᠤᠳᠬᠤ᠂ ᠡᠪᠡᠳᠴᠢᠳᠠᠨ ᠢ ᠡᠮᠨᠡᠨ ᠵᠠᠰᠠᠬᠤ᠂ ᠮᠡᠷᠭᠡᠵᠢᠯ ᠤᠨ ᠪᠤᠭᠤᠮᠳᠠ ᠰᠢᠪᠳᠤᠯᠬᠤ᠂ ᠨᠡᠶᠢᠭᠡᠮ ᠤᠨ ᠵᠠᠰᠠᠯᠲᠠ ᠶᠢᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠪᠠ᠃ ᠣᠨᠴᠠ ᠲᠤᠰᠠᠲᠠᠶ ᠡᠮ ᠪᠠᠶᠢᠬᠤ ᠦᠭᠡᠢ ᠪᠠᠶᠢᠳᠠᠯ ᠳᠣᠣᠷ᠎ᠠ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠬᠤ ᠠᠷᠭ᠎ᠠ ᠠᠪᠴᠤ᠂ ᠤᠷᠢᠳ ᠬᠤᠵᠢᠳ ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠨᠠᠢᠮᠠᠨ ᠶᠠᠩᠵᠤ ᠶᠢᠨ ᠲᠥᠰᠦᠯ ᠨᠡᠶᠢᠲᠡᠯᠡᠵᠦ᠂ ︽ᠭᠤᠷᠪᠠᠨ ᠵᠦᠢᠯ ᠤᠨ ᠡᠮ ᠭᠤᠷᠪᠠᠨ ᠵᠦᠢᠯ ᠤᠨ ᠵᠤᠷ︾ ᠵᠡᠷᠭᠡ ᠡᠮᠴᠢᠯᠡᠭᠡᠨ ᠳᠤ ᠲᠤᠰᠠᠲᠠᠢ ᠬᠢᠲᠠᠳ ᠡᠮ ᠧᠦ᠋ᠷᠣᠫᠠ ᠡᠮ ᠪᠤᠯᠤᠨ ᠡᠮᠨᠡᠨ ᠵᠠᠰᠠᠬᠤ ᠠᠷᠭ᠎ᠠ ᠶᠢ ᠰᠣᠩᠭᠤᠨ ᠭᠠᠷᠭᠠᠵᠤ᠂ ᠣᠯᠠᠨ ᠤᠯᠤᠰ ᠯᠠᠪᠯᠠᠯᠲᠠ ᠪᠤᠯᠭᠠᠭᠰᠠᠨ ᠪᠠ ᠬᠡᠷᠡᠭᠯᠡᠪᠡ᠃ ᠴᠢᠩᠭᠡᠯᠢᠭ ᠡᠮᠨᠡᠯᠭᠡ ᠶᠢᠨ ᠬᠤᠷᠢᠶ᠎ᠠ ᠶᠢ ᠱᠠᠯᠠᠪᠳᠠᠨ ᠪᠠᠶᠢᠭᠤᠯᠤᠭᠰᠠᠨ ᠴᠤ᠂ ᠤᠯᠠᠨ ᠵᠠᠮ ᠱᠤᠭᠤᠮ ᠢᠶᠠᠷ ᠸᠠᠺᠼᠢᠨ ᠰᠤᠳᠤᠯᠤᠨ ᠨᠡᠭᠡᠭᠡᠭᠰᠡᠨ ᠴᠤ᠂ ᠶᠡᠭᠡ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠲᠣᠮᠣ ᠳ᠋ᠠᠶᠢᠲ᠋ᠠ ᠪᠠᠷ ᠶᠠᠪᠤᠵᠤ ᠰᠠᠭᠤᠭᠰᠠᠨ ᠵᠠᠮ ᠮᠦᠷ ᠢ ᠮᠥᠷᠳᠡᠭᠰᠡᠨ ᠪᠠ ᠡᠷᠡᠭᠦᠯ ᠮᠡᠨᠳᠦ ᠶᠢᠨ ᠺᠤᠳ᠋ ᠰᠢᠯᠭᠠᠬᠤ ᠠᠵᠢᠯ ᠬᠢᠭᠰᠡᠨ ᠴᠤ᠂ ᠭᠠᠵᠠᠷ ᠣᠷᠣᠨ ᠬᠤᠪᠢᠶᠠᠨ ᠳᠡᠰ ᠲᠦᠷᠦᠯ ᠬᠤᠪᠢᠶᠠᠨ ᠠᠳᠠᠯᠢ ᠪᠤᠰᠤ ᠰᠡᠷᠭᠡᠶᠢᠯᠡᠨ ᠡᠵᠡᠮᠳᠡᠬᠦ ᠠᠷᠭ᠎ᠠ ᠠᠪᠴᠤ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠤᠭᠰᠠᠨ ᠴᠤ᠂ ᠪᠦᠷ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠬᠦᠨᠳᠦᠳᠬᠡᠨ ᠪᠠᠳᠠᠷᠠᠭᠤᠯᠵᠤ ᠪᠠᠶᠢᠭ᠎ᠠ ᠶᠠᠪᠤᠳᠠᠯ ᠪᠠᠶᠢᠵᠤ᠂ ᠪᠦᠷ ᠬᠢᠵᠢᠭ ᠢ ᠢᠯᠠᠨ ᠳᠠᠪᠠᠭ᠋ᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ︕    — ᠬᠤᠪᠢ ᠵᠠᠶᠠᠭ᠎ᠠ ᠪᠠᠨ ᠬᠠᠮᠲᠤᠳᠬᠠᠭᠰᠠᠨ ᠨᠢ ᠳᠤᠮᠳᠠᠳᠤ ᠤᠯᠤᠰ ᠤᠨ ᠠᠷᠠᠳ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠩᠭᠡ ᠲᠠᠶᠢᠪᠤᠩ ᠢ ᠡᠷᠬᠢᠮᠯᠡᠬᠦ ᠴᠢᠭᠡᠴᠢ ᠵᠢᠷᠤᠮ ᠪᠠ ᠡᠭᠦᠷᠭᠡᠯᠡᠯ ᠢ ᠲᠥᠪᠯᠡᠷᠡᠩᠭᠦᠶ ᠬᠠᠷᠠᠭᠤᠯᠵᠠᠢ᠃ ᠶᠡᠭᠡ ᠵᠠᠮ ᠳᠤ ᠭᠠᠭᠴᠠᠭᠠᠷᠳᠠᠬᠤ ᠦᠭᠡᠢ᠂ ᠶᠡᠭᠡ ᠬᠠᠶᠢᠷ᠎ᠠ ᠬᠢᠵᠠᠭᠠᠯᠠᠰᠢ ᠦᠭᠡᠢ᠃ ᠪᠢᠳᠡ ︽ᠳᠡᠯᠡᠬᠡᠶ ᠳ᠋ᠠᠬᠢᠨ ᠢᠶᠠᠷ ᠢᠶᠠᠨ ᠨᠢᠭᠡ ᠭᠡᠷ ᠪᠦᠯᠢ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠠᠷᠢᠭᠤᠴᠠᠭᠰᠠᠨ ᠢᠶᠠᠷ ᠪᠠᠷᠠᠬᠤ ᠦᠭᠡᠶ ᠪᠦᠬᠦ ᠪᠥᠮᠪᠥᠷᠴᠡᠭ‌‍ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠰ ᠲᠤ ᠴᠦ ᠬᠠᠷᠢᠭᠤᠴᠠᠯᠭ᠎ᠠ ᠪᠠᠨ ᠭᠦᠢᠴᠡᠳᠬᠡᠪᠡ᠃ ᠪᠢᠳᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠠᠪᠤᠷᠠᠨ ᠲᠤᠰᠠᠯᠠᠭᠰᠠᠨ ᠴᠠᠭ ᠬᠠᠮᠤᠭ ᠤᠨ ᠲᠥᠪᠯᠡᠷᠡᠩᠭᠦᠶ᠂ ᠬᠤᠯᠪᠣᠭᠳᠠᠬᠤ ᠬᠡᠪᠴᠢᠶ᠎ᠡ ᠪᠠᠷ ᠬᠠᠮᠤᠭ ᠤᠨ ᠥᠷᠭᠡᠨ ᠪᠠᠴᠢᠮ ᠲᠤᠯᠭᠠᠮ ᠬᠥᠮᠥᠡᠯᠢᠭ ᠦᠵᠡᠯ ᠤᠨ ᠠᠵᠢᠯᠯᠠᠭ᠎ᠠ ᠥᠷᠨᠢᠭᠦᠯᠵᠦ᠂ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠨᠡᠮᠡᠷᠢᠯᠡᠵᠦ᠂ ᠢᠲᠡᠭᠡᠯ ᠵᠢᠷᠤᠮ ᠢ ᠡᠷᠬᠢᠮᠯᠡᠬᠦ᠂ ᠨᠠᠶᠢᠷ ᠵᠢᠷᠤᠮ ᠢ ᠴᠢᠬᠤᠯᠠᠴᠢᠯᠠᠬᠤ᠂ ᠰᠢᠳᠤᠷᠭᠤ ᠶᠣᠰᠣ ᠶᠢ ᠮᠠᠨᠳᠤᠭᠤᠯᠬᠤ᠂ ᠶᠣᠰᠣ ᠵᠢᠷᠤᠮ ᠢ ᠰᠠᠬᠢᠬᠤ ᠲᠤᠮᠤ ᠤᠯᠤᠰ ᠤᠨ ᠲᠦᠷᠢ ᠲᠥᠷᠬᠦ ᠶᠢ ᠭᠦᠢᠴᠡᠳ ᠢᠯᠡᠷᠡᠭᠦᠯᠵᠦ᠂ ᠳᠡᠯᠡᠬᠡᠢ ᠳ᠋ᠠᠬᠢᠨ ᠤ ᠡᠪ ᠨᠢᠭᠡᠳᠦᠯ ᠢ ᠡᠷᠢᠯᠬᠢᠯᠡᠬᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠬᠤ ᠲᠤᠮᠤ ᠤᠯᠤᠰ ᠤᠨ ᠡᠭᠦᠷᠭᠡᠯᠡᠯ ᠢ ᠠᠮᠢᠳᠤᠯᠢᠭ ᠢᠶᠠᠷ ᠲᠠᠶᠢᠯᠪᠤᠷᠢᠯᠠᠭᠰᠠᠨ ᠪᠠᠶᠢᠨ᠎ᠠ᠃    ᠬᠥᠮᠦᠨ ᠵᠤᠷᠢᠭ ᠰᠠᠨᠠᠭ᠎ᠠ ᠦᠭᠡᠢ ᠪᠣᠯ ᠲᠣᠭᠲᠠᠨᠢᠵᠤ ᠴᠢᠳᠠᠬᠤ ᠦᠭᠡᠢ᠂ ᠤᠯᠤᠰ ᠭᠡᠷ ᠵᠤᠷᠢᠭ ᠰᠠᠨᠠᠭ᠎ᠠ ᠦᠭᠡᠢ ᠪᠣᠯ ᠬᠦᠴᠦᠷᠬᠡᠭᠵᠢᠵᠦ ᠴᠢᠳᠠᠬᠤ ᠦᠭᠡᠢ᠃ ᠭᠠᠭᠴᠠ ᠬᠦ ᠵᠤᠷᠢᠭ ᠰᠠᠨᠠᠭ᠎ᠠ ᠪᠠᠳᠤ ᠪᠠᠬᠢ ᠪᠠᠶᠢᠪᠠᠯ ᠨᠢᠭᠡ ᠦᠨᠳᠦᠰᠦᠲᠡᠨ ᠰᠠᠶ᠋ᠢ ᠲᠡᠦᠬᠡ ᠶᠢᠨ ᠤᠷᠤᠰᠬᠠᠯ ᠳᠤᠮᠳᠠ ᠪᠠᠳᠤ ᠵᠤᠭᠰᠤᠵᠤ᠂ ᠤᠷᠤᠰᠬᠠᠯ ᠤᠨ ᠡᠮᠦᠨ᠎ᠡ ᠭᠠᠪᠰᠢᠭᠠᠢᠢᠯᠠᠵᠤ ᠴᠢᠳᠠᠨ᠎ᠠ᠃ ᠬᠦᠴᠢᠷ ᠪᠡᠷᠬᠡᠰᠢᠶᠡᠯ ᠯᠦᠭᠡ ᠶᠢᠨ ᠲᠡᠮᠡᠴᠡᠭᠡᠨ ᠨᠢ ᠪᠤᠳᠠᠰ ᠤᠨ ᠬᠦᠴᠦᠨ ᠤ ᠲᠡᠮᠡᠴᠡᠭᠡᠨ ᠪᠤᠯᠬᠤ ᠪᠦᠭᠡᠳ ᠤᠶᠤᠨ ᠤ ᠬᠦᠴᠦᠨ ᠤ ᠦᠷᠢᠰᠦᠯᠳᠦᠭᠡᠨ ᠮᠥᠨ᠃ ᠬᠢᠵᠢᠭ ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠨᠢ ᠳᠤᠮᠳᠠᠳᠤ ᠶᠢᠨ ᠦᠨᠳᠦᠰᠦᠲᠡᠨ ᠤ ᠤᠷᠳᠤ ᠬᠤᠭᠤᠴᠠᠭᠠᠨ ᠤ ᠲᠤᠷᠰᠢ ᠪᠦᠷᠢᠯᠳᠦᠭᠰᠡᠨ ᠦᠪᠡᠷᠮᠢᠴᠡ ᠵᠠᠩ ᠴᠢᠨᠠᠷ ᠲᠦᠷᠦᠯᠬᠢ ᠠᠪᠢᠶᠠᠰ ᠪᠠ ᠰᠣᠶᠣᠯ ᠤᠨ ᠤᠳᠤᠮᠰᠢᠯ ᠲᠠᠢ ᠢᠵᠠᠭᠤᠷ ᠨᠢᠭᠡᠲᠡᠶ ᠶᠤᠮ᠂ ᠡᠨᠡ ᠪᠤᠯ ᠤᠯᠤᠰ ᠢᠶᠠᠨ ᠬᠠᠶᠢᠷᠠᠯᠠᠬᠤ ᠦᠵᠡᠯ᠂ ᠨᠡᠶᠢᠳᠡᠴᠢ ᠦᠵᠡᠯ᠂ ᠨᠡᠶᠢᠭᠡᠮ ᠵᠢᠷᠤᠮ ᠤᠨ ᠵᠣᠷᠢᠭ ᠰᠠᠨᠠᠭᠠᠨ ᠤ ᠤᠯᠠᠮᠵᠢᠯᠠᠯ ᠪᠠ ᠬᠥᠭᠵᠢᠯᠲᠡ ᠮᠥᠨ᠂ ᠳᠤᠮᠳᠠᠳᠤ ᠤᠯᠤᠰ ᠤᠨ ᠵᠣᠷᠢᠭ ᠰᠠᠨᠠᠭᠠᠨ ᠤ ᠠᠮᠢᠳᠤᠯᠢᠭ ᠲᠠᠶᠢᠯᠪᠤᠷᠢᠯᠡᠯ ᠪᠠᠶᠢᠵᠤ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠠᠢ᠃ ᠪᠢᠳᠡ ᠨᠡᠶᠢᠭᠡᠮ ᠳᠠᠶᠠᠭᠠᠷ ᠲᠤ ᠬᠢᠵᠢᠭ ᠢ ᠡᠰᠡᠷᠭᠦᠴᠡᠭᠰᠡᠨ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠡᠭᠦᠨ ᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ‌‍ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠦᠴᠦᠷᠬᠡᠭ ᠶᠡᠭᠡ ᠬᠦᠴᠦᠨ ᠪᠣᠯᠭᠠᠨ ᠤᠯᠠᠷᠢᠭᠤᠯᠤᠨ ᠬᠤᠪᠢᠷᠠᠭᠤᠯᠬᠤ ᠬᠡᠷᠡᠭᠲᠡᠶ᠃    ᠨᠥᠬᠦᠳ ᠡ᠂ ᠨᠠᠶᠢᠵᠠ ᠨᠠᠷ ᠡ︕    ︽ᠶᠠᠭᠤᠮ᠎ᠠ ᠶᠢᠨ ᠠᠮᠳᠠᠯᠢᠭ ᠭᠠᠰᠢᠭᠤᠨ ᠢ ᠠᠮᠳᠠᠯᠠᠵᠤ ᠪᠠᠶᠢᠮᠠᠨ ᠮᠡᠳᠡᠮᠤᠢ︔ ᠵᠠᠮ ᠤᠨ ᠪᠡᠷᠬᠡ ᠪᠠᠷᠳᠠᠭ᠎ᠠ ᠶᠢ ᠲᠤᠭᠤᠯᠵᠤ ᠪᠠᠶᠢᠮᠠᠨ ᠮᠡᠳᠡᠮᠤᠢ︾᠃ ᠡᠨᠡ ᠤᠳᠠᠭᠠᠨ ᠤ ᠰᠦᠷ ᠳᠠᠯᠠᠶᠢᠴᠠᠲᠠᠶ ᠬᠢᠵᠢᠭ ᠲᠠᠢ ᠳᠡᠮᠡᠴᠡᠬᠦ ᠲᠡᠮᠡᠴᠡᠯ ᠳᠤᠮᠳᠠ᠂ ᠪᠢᠳᠡ ᠴᠢᠬᠤᠯᠠ ᠲᠤᠷᠰᠢᠯᠭ᠎ᠠ ᠬᠤᠷᠠᠮᠳᠤᠭᠤᠯᠵᠤ᠂ ᠭᠦᠨᠵᠡᠭᠡᠶ ᠰᠡᠩᠬᠡᠷᠡᠭᠦᠯᠦᠯ ᠣᠯᠵᠠᠶ᠃    — ᠬᠢᠵᠢᠭ ᠲᠠᠢ ᠳᠡᠮᠡᠴᠡᠭᠰᠡᠨ ᠲᠡᠮᠡᠴᠡᠯ ᠤᠨ ᠠᠭᠤᠤ ᠶᠡᠭᠡ ᠦᠢᠯᠡᠳᠦᠯᠭᠡ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠵᠠᠭᠠᠯᠠᠰᠢ ᠦᠭᠡᠢ ᠪᠠᠲᠤ ᠴᠢᠩᠭ᠎ᠠ ᠤᠳᠤᠷᠢᠳᠬᠤ ᠬᠦᠴᠦᠨ ᠪᠣᠯ ᠠᠶᠤᠯ ᠲᠦᠭᠰᠢᠭᠦᠷᠢ ᠲᠤᠯᠭᠠᠷᠠᠬᠤ ᠦᠶ᠎ᠡ ᠶᠢᠨ ᠳᠤᠮᠳᠠᠳᠤ ᠤᠯᠤᠰ ᠤᠨ ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠶ ᠲᠦᠰᠢᠭ ᠲᠤᠯᠭᠠᠭᠤᠷᠢ ᠮᠦᠨ ᠭᠡᠳᠡᠭ ᠢ ᠳᠠᠬᠢᠨᠳᠠ ᠬᠡᠷᠡᠴᠢᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠳᠡᠭ᠂ ᠠᠯᠢᠪᠠ ᠪᠦᠬᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠠᠷᠠᠳ ᠲᠦᠮᠡᠨ ᠢ ᠲᠦᠰᠢᠭᠯᠡᠬᠦ ᠶᠢ ᠢᠮᠠᠭᠲᠠ ᠪᠠᠷᠢᠮᠲᠠᠯᠠᠵᠤ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠴᠢᠩ ᠰᠡᠳᠬᠢᠯ ᠤᠨ ᠬᠦᠷᠢᠶᠡᠯᠡᠯ ᠪᠠ ᠡᠷᠡᠰ ᠪᠠᠳᠤ ᠳᠡᠮᠵᠢᠯᠭᠡ ᠶᠢ ᠣᠯᠪᠠ᠂ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠬᠤ ᠬᠦᠴᠦᠨ ᠪᠠ ᠲᠦᠷᠦ ᠪᠠᠷᠢᠬᠤ ᠬᠦᠴᠦᠨ ᠤ ᠥᠷᠭᠡᠨ ᠳᠡᠯᠭᠡᠷ ᠪᠦᠭᠡᠳ ᠭᠦᠨ ᠵᠤᠵᠠᠭᠠᠨ ᠰᠠᠭᠤᠷᠢ ᠮᠥᠨ᠃ ᠡᠨᠡ ᠤᠳᠠᠭᠠᠨ ᠤ ᠬᠢᠵᠢᠭ ᠲᠠᠢ ᠲᠡᠮᠡᠴᠡᠬᠦ ᠲᠡᠮᠡᠴᠡᠯ ᠡᠬᠢᠯᠡᠮᠡᠭᠴᠡ ᠨᠠᠮ ᠤᠨ ᠲᠥᠪ ᠬᠤᠷᠢᠶ᠎ᠠ ᠳᠠᠷᠤᠶ ᠪᠦᠬᠦ ᠨᠠᠮ ᠢ ᠤᠷᠢᠶᠠᠯᠠᠵᠤ᠂ ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠨᠢᠭᠡᠳᠦᠭᠡᠷ ᠹᠷᠣᠨᠲ ᠲᠤ ᠦᠨᠳᠦᠷ ᠨᠠᠮᠢᠷᠠᠭᠤᠯᠤᠭᠰᠠᠨ ᠨᠢ ᠳᠤᠮᠳᠠᠳᠤ ᠤᠯᠤᠰ ᠤᠨ ᠡᠪ ᠬᠠᠮᠲᠤᠴᠤᠳ ᠤᠨ ᠡᠭᠦᠷᠭᠡᠯᠡᠯ ᠪᠣᠯᠤᠨ ᠰᠥᠰᠥ ᠵᠣᠷᠢᠭ ᠢ ᠭᠦᠢᠴᠡᠳ ᠢᠯᠡᠷᠡᠭᠦᠯᠵᠡᠢ︕ ᠬᠢᠵᠢᠭ ᠲᠠᠢ ᠲᠡᠮᠡᠴᠡᠬᠦ ᠲᠡᠮᠡᠴᠡᠯ ᠳᠤᠮᠳᠠ ᠥᠷᠭᠡᠨ ᠣᠯᠠᠨ ᠡᠪ ᠬᠠᠮᠲᠤ ᠨᠠᠮ ᠤᠨ ᠭᠡᠰᠢᠭᠦᠨ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ 25000 ᠭᠠᠷᠤᠶ ᠰᠢᠯᠢᠳᠡᠭ ᠬᠥᠮᠦᠰ ᠭᠠᠯ ᠹᠷᠣᠨᠲ ᠲᠤ ᠲᠠᠩᠭᠠᠷᠢᠡᠡᠯᠠᠨ ᠨᠠᠮ ᠳᠤ ᠣᠷᠣᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠤᠤᠷ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠢ ᠬᠦᠷᠢᠶᠡᠯᠡᠵᠦ ᠳᠡᠮᠵᠢᠭᠰᠡᠨ ᠠᠴᠠ ᠪᠣᠯᠵᠤ᠂ ᠳᠤᠮᠳᠠᠳᠤ ᠤᠯᠤᠰ ᠰᠠᠶ᠋ᠢ ᠲᠡᠯᠡᠬᠡᠢ ᠳ᠋ᠠᠬᠢᠨ ᠳᠤ ᠬᠤᠪᠤᠷ ᠠᠵᠤ ᠠᠬᠤᠶ ᠲᠦᠷᠭᠡᠨ ᠬᠦᠭᠵᠢᠭᠰᠡᠨ ᠭᠠᠶᠢᠬᠠᠮᠰᠢᠭ ᠪᠣᠯᠤᠨ ᠨᠡᠶᠢᠭᠡᠮ ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠬᠤ ᠭᠠᠶᠢᠬᠠᠮᠰᠢᠭ ᠢ ᠡᠭᠦᠳᠴᠦ᠂ ᠪᠢᠳᠡ ᠰᠠᠶ᠋ᠢ ᠠᠮᠵᠢᠯᠲᠠ ᠲᠠᠢ ᠪᠠᠷ ᠦᠶᠡᠷ ᠤᠨ ᠭᠠᠮᠰᠢᠭ ᠲᠠᠢ ᠲᠡᠮᠡᠴᠡᠵᠦ᠂ ᠰᠠᠷᠰ‌ᠢ ᠰᠡᠷᠭᠡᠶᠢᠯᠡᠵᠦ᠂ ᠭᠠᠵᠠᠷ ᠬᠥᠳᠡᠯᠦᠯᠲᠡ ᠲᠠᠢ ᠲᠡᠮᠡᠴᠡᠵᠦ᠂ ᠬᠢᠮᠤᠷᠠᠯ ᠢ ᠠᠷᠢᠯᠭᠠᠵᠤ᠂ ᠪᠠᠶᠢᠳᠠᠯ ᠤᠨ ᠬᠤᠪᠢᠷᠠᠯᠳᠠ ᠶᠢ ᠠᠷᠭᠠᠴᠠᠭᠠᠨ ᠳᠠᠶᠢᠯᠵᠤ᠂ ᠰᠠᠶ᠋ᠢ ᠡᠨᠡ ᠤᠳᠠᠭᠠᠨ ᠤ ᠬᠢᠵᠢᠭ ᠲᠠᠢ ᠳᠡᠮᠡᠴᠡᠬᠦ ᠲᠡᠮᠡᠴᠡᠯ ᠳᠤ ᠢᠯᠠᠯᠲᠠ ᠣᠯᠵᠤ ᠴᠢᠳᠠᠪᠠ᠃ ᠭᠠᠭᠴᠠ ᠬᠦ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠨ ᠴᠢᠩᠭᠠᠳᠬᠠᠵᠤ᠂ ᠨᠠᠮ ᠤᠨ ᠤᠯᠤᠰ ᠲᠥᠷᠥ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠪᠣᠯᠤᠨ ᠠᠷᠠᠳ ᠣᠯᠠᠨ ᠤ ᠴᠢᠰᠤ ᠮᠢᠬᠠᠨ ᠤ ᠬᠠᠷᠢᠴᠠᠭ᠎ᠠ ᠶᠢ ᠡᠭᠦᠷᠢᠳᠡ ᠪᠠᠳᠤᠯᠠᠪᠠᠯ᠂ ᠪᠢᠳᠡ ᠯᠠᠪᠲᠠᠢ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠪᠤᠳᠤᠯᠢᠶᠠᠨᠲᠠᠢ ᠪᠠᠶᠢᠳᠠᠯ ᠪᠣᠯᠤᠨ ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ ᠴᠢᠳᠠᠨ᠎ᠠ ᠭᠡᠳᠡᠭ ᠢ ᠲᠡᠦᠬᠡ ᠪᠠ ᠪᠣᠳᠠᠲᠤ ᠠᠬᠤᠢ ᠪᠢᠳᠡᠨ ᠳᠤ ᠬᠡᠯᠡᠵᠦ ᠦᠭᠪᠡ᠃    — ᠬᠢᠵᠢᠭ ᠲᠠᠢ ᠲᠠᠮᠠᠴᠡᠭᠰᠡᠨ ᠠᠭᠤᠤ ᠶᠡᠭᠡ ᠦᠢᠯᠡᠳᠦᠯᠭᠡ ᠨᠢ᠂ ᠳᠤᠮᠳᠠᠳᠤ ᠤᠯᠤᠰ ᠤᠨ ᠠᠷᠠᠳ ᠲᠦᠮᠡᠨ ᠳᠤ ᠪᠠᠶᠢᠳᠠᠭ ᠨᠤᠭᠤᠷᠠᠰᠢ ᠦᠭᠡᠢ ᠵᠣᠷᠢᠭ ᠰᠠᠨᠠᠭ᠎ᠠ ᠪᠣᠯ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠬᠦᠴᠦᠨ ᠴᠢᠳᠠᠯ ᠤᠨ ᠡᠬᠢ ᠪᠤᠯᠠᠭ ᠮᠥᠨ ᠭᠡᠳᠡᠭ ᠢ ᠳᠠᠬᠢᠨᠳᠠ ᠭᠡᠷᠡᠴᠢᠯᠡᠵᠡᠢ᠃ ᠭᠠᠰᠠᠯᠠᠩ ᠵᠣᠪᠠᠯᠠᠩ ᠳᠤᠮᠳᠠᠳᠤ ᠤᠯᠤᠰ ᠤᠨ ᠠᠷᠠᠳ ᠲᠦᠮᠡᠨ ᠢ ᠰᠢᠯᠭᠠᠭᠰᠠᠨ ᠪᠥᠭᠡᠳ ᠪᠠᠰᠠ ᠳᠤᠮᠳᠠᠳᠤ ᠤᠯᠤᠰ ᠤᠨ ᠠᠷᠠᠳ ᠲᠦᠮᠡᠨ ᠢ ᠳᠠᠪᠲᠠᠨ ᠪᠣᠯᠪᠠᠰᠤᠷᠠᠭᠤᠯᠵᠠᠶ᠃ ᠳᠤᠮᠳᠠᠳᠤ ᠤᠯᠤᠰ ᠤᠨ ᠠᠷᠠᠳ ᠲᠦᠮᠡᠨ ᠤ ᠮᠢᠩᠭᠠᠨ ᠪᠡᠷᠬᠡ ᠲᠤᠯᠭᠠᠷᠠᠭᠰᠠᠨ ᠴᠤ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠬᠤ᠂ ᠲᠦᠮᠡᠨ ᠪᠡᠷᠬᠡ ᠲᠤᠯᠭᠠᠷᠠᠭᠰᠠᠨ ᠴᠤ ᠴᠥᠬᠦᠷᠡᠰᠢ ᠦᠭᠡᠢ ᠲᠡᠮᠡᠴᠡᠬᠦ ᠵᠤᠷᠢᠭ ᠰᠠᠨᠠᠭ᠎ᠠ ᠪᠠᠶᠢᠭᠰᠠᠨ ᠢᠶᠠᠷ᠂ ᠪᠢᠳᠡ ᠰᠠᠶ᠋ᠢ ᠬᠦᠴᠦᠷᠬᠡᠭ ᠤᠯᠤᠰ ᠤᠳ ᠤᠨ ᠳᠦᠷᠢᠮᠡᠬᠡᠶᠢᠯᠡᠯ ᠤᠨ ᠡᠮᠦᠨ᠎ᠠ ᠰᠢᠷᠭᠠᠭᠤ ᠬᠠᠳᠠᠭᠤᠵᠢᠯᠳᠠᠢ ᠪᠠᠷ ᠡᠰᠡᠷᠭᠦᠴᠡᠨ ᠲᠡᠮᠡᠴᠡᠵᠦ ᠂ ᠤᠯᠤᠰ ᠤᠷᠤᠨ ᠮᠦᠬᠦᠵᠦ ᠰᠦᠨᠦᠮᠡᠷ ᠪᠠᠶᠢᠭ᠎ᠠ ᠦᠶ᠎ᠡ ᠳᠤ ᠠᠮᠢ ᠪᠡᠶ᠎ᠠ ᠪᠠᠨ ᠬᠠᠶᠢᠬᠤᠷᠤᠯ ᠦᠭᠡᠢ ᠴᠢᠰᠤᠨ ᠪᠠᠶᠢᠯᠳᠤᠭᠠᠨ ᠬᠢᠵᠤ᠂ ᠨᠢᠭᠡ ᠳᠤ ᠶᠠᠳᠠᠭᠤ ᠬᠤᠶᠠᠷ ᠲᠤ ᠬᠤᠭᠤᠰᠤᠨ ᠪᠠᠶᠢᠳᠠᠯ ᠳᠤ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠴᠠᠭ ᠦᠶ᠎ᠡ ᠶᠢᠨ ᠬᠥᠭᠵᠢᠯᠲᠡ ᠳᠤᠮᠳᠠ ᠴᠠᠭ ᠦᠶ᠎ᠠ ᠲᠠᠢ ᠵᠡᠷᠭᠡᠴᠡᠨ ᠤᠷᠤᠭᠰᠢᠯᠠᠭᠠᠳ ᠳᠤᠮᠳᠠᠳᠤ ᠶᠢᠨ ᠦᠨᠳᠦᠰᠦᠲᠡᠨ ᠰᠠᠶ᠋ᠢ ᠳᠡᠯᠡᠬᠡᠶ ᠶᠢᠨ ᠦᠨᠳᠦᠰᠦᠲᠡᠨ ᠨᠦᠭᠦᠳ ᠤᠨ ᠡᠩᠨᠡᠭᠡᠨ ᠳᠤ ᠰᠦᠨᠳᠡᠷᠯᠡᠨ ᠵᠤᠭᠰᠤᠵᠤ ᠴᠢᠳᠠᠭᠰᠠᠨ ᠶᠤᠮ᠃ ᠬᠡᠴᠢᠨᠡᠬᠡᠨ ᠵᠢᠯ ᠤᠨ ᠲᠤᠷᠰᠢ᠂ ᠳᠤᠮᠳᠠᠳᠤ ᠤᠯᠤᠰ ᠤᠨ ᠠᠷᠠᠳ ᠲᠦᠮᠡᠨ ᠪᠠᠳᠤ ᠴᠢᠩᠭ᠎ᠠ ᠠᠮᠢᠵᠢᠷᠠᠯ ᠤᠨ ᠬᠦᠴᠦᠨ᠂ ᠭᠦᠨ ᠵᠤᠵᠠᠭᠠᠨ ᠨᠢᠭᠲᠠᠷᠠᠯ ᠤᠨ ᠬᠦᠴᠦᠨ᠂ ᠡᠷᠡᠰ ᠬᠠᠳᠠᠨ ᠲᠡᠰᠪᠦᠷᠢ ᠳᠠᠭᠠᠭᠠᠴᠠ᠂ ᠯᠤᠳᠤ ᠶᠡᠭᠡ ᠪᠦᠲᠦᠭᠡᠯᠴᠢ ᠬᠦᠴᠦᠨ ᠢᠶᠠᠷ ᠳᠡᠯᠡᠬᠡᠢ ᠳ᠋ᠠᠬᠢᠨ ᠳᠤ ᠠᠯᠳᠠᠷᠰᠢᠵᠠᠢ᠂ ᠪᠢᠳᠡ ᠪᠦᠷ ᠦᠪᠡᠷ ᠤᠨ ᠳᠤᠮᠳᠠᠳᠤ ᠤᠯᠤᠰ ᠤᠨ ᠬᠥᠮᠦᠨ ᠪᠤᠯᠤᠭᠰᠠᠨ ᠳᠠᠭᠠᠨ ᠤᠮᠤᠭᠰᠢᠳᠠᠭ︕ ᠭᠠᠭᠴᠠ ᠬᠦ ᠠᠷᠠᠳ ᠲᠦᠮᠡᠨ ᠢ ᠴᠢᠩᠭ᠎ᠠ ᠲᠦᠰᠢᠭᠯᠡᠵᠦ᠂ ᠠᠯᠢᠪᠠ ᠪᠦᠬᠦᠨ ᠠᠷᠠᠳ ᠲᠦᠮᠡᠨ ᠤ ᠲᠥᠯᠥᠭᠡ ᠪᠠᠶᠢᠵᠤ᠂ ᠥᠷᠭᠡᠨ ᠤᠯᠠᠨ ᠠᠷᠠᠳ ᠲᠦᠮᠡᠨ ᠤ ᠨᠤᠭᠤᠷᠠᠰᠢ ᠦᠭᠡᠢ ᠲᠡᠮᠡᠴᠡᠬᠦ ᠵᠤᠷᠢᠭ ᠰᠠᠨᠠᠭ᠎ᠠ ᠪᠠ ᠰᠢᠨᠲᠠᠷᠠᠰᠢ ᠦᠭᠡᠢ ᠲᠡᠮᠡᠴᠡᠬᠦ ᠬᠠᠳᠠᠨ ᠵᠣᠷᠢᠭ ᠢ ᠭᠦᠢᠴᠡᠳ ᠪᠠᠳᠠᠷᠠᠭᠤᠯᠪᠠᠯ᠂ ᠪᠢᠳᠡ ᠯᠠᠪᠲᠠᠶ ᠬᠠᠮᠤᠭ ᠤᠨ ᠥᠷᠭᠡᠨ ᠤᠯᠠᠨ ᠠᠷᠠᠳ ᠲᠦᠮᠡᠨ ᠢ ᠨᠢᠭᠳᠠ ᠪᠦᠯᠬᠦᠮᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠨ᠎ᠡ ᠭᠡᠷᠡᠯ ᠰᠠᠴᠤᠷᠠᠩᠭᠤᠶ ᠲᠡᠦᠬᠡᠨ ᠠᠮᠵᠢᠯᠳᠠ ᠶᠢ ᠲᠠᠰᠤᠷᠠᠯᠳᠠ ᠦᠭᠡᠢ ᠡᠭᠦᠳᠦᠨ ᠪᠦᠲᠦᠭᠡᠵᠦ ᠴᠢᠳᠠᠬᠤ ᠶᠢ ᠲᠡᠦᠬᠡ ᠪᠠ ᠪᠣᠳᠠᠲᠤ ᠠᠬᠤᠢ ᠪᠦᠷ ᠪᠢᠳᠡᠨ ᠳᠤ ᠬᠡᠯᠡᠵᠦ ᠦᠭᠪᠡ᠃    — ᠬᠢᠵᠢᠭ ᠲᠠᠢ ᠲᠡᠮᠡᠴᠡᠭᠰᠡᠨ ᠠᠭᠤᠤ ᠶᠡᠭᠡ ᠦᠢᠯᠡᠳᠦᠯᠭᠡ ᠨᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠳᠤ ᠪᠠᠶᠢᠳᠠᠭ ᠢᠯᠡᠳᠲᠡ ᠳᠠᠪᠠᠭᠤᠯᠢᠭ ᠪᠣᠯ ᠠᠶᠤᠯ ᠲᠦᠭᠰᠢᠭᠦᠷᠢ ᠥᠷᠢᠰᠥᠯᠳᠦᠭᠡᠨ ᠢ ᠡᠰᠡᠷᠭᠦᠴᠡᠭᠦ᠂ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠦᠨᠳᠦᠰᠦᠨ ᠪᠠᠲᠤᠯᠠᠭ᠎ᠠ ᠮᠥᠨ ᠭᠡᠳᠡᠭ ᠢ ᠲᠠᠬᠢᠨᠳᠡ ᠭᠡᠷᠡᠴᠢᠯᠡᠵᠡᠢ᠃ ᠨᠢᠭᠡ ᠤᠯᠤᠰ ᠤᠨ ᠪᠠᠶᠢᠭᠤᠯᠤᠯ ᠤᠨ ᠠᠮᠵᠢᠯᠲᠠ ᠲᠠᠢ ᠡᠰᠡᠬᠦ᠂ ᠳᠠᠪᠠᠭᠤᠯᠢᠭ ᠪᠠᠢᠶ᠋ᠬᠤ ᠡᠰᠡᠬᠦ ᠶᠢ ᠦᠵᠡᠭᠦ ᠳᠤ᠂ ᠨᠢᠭᠡ ᠴᠢᠬᠤᠯᠠ ᠲᠠᠯ᠎ᠠ ᠪᠣᠯ ᠲᠡᠭᠦᠨ ᠤ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ᠂ ᠤᠯᠠᠨ ᠢ ᠤᠳᠤᠷᠢᠳᠤᠨ ᠳᠠᠶᠢᠴᠢᠯᠠᠵᠤ᠂ ᠤᠯᠠᠨ ᠢ ᠵᠣᠬᠢᠶᠠᠨ ᠪᠠᠶᠢᠭᠤᠯᠤᠨ ᠬᠠᠮᠲᠤ ᠪᠠᠷ ᠠᠷᠭᠠᠴᠠᠭᠠᠵᠤ ᠳᠡᠶᠢᠯᠬᠦ ᠡᠰᠡᠬᠦ ᠶᠢ ᠦᠵᠡᠨ᠎ᠡ᠃ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠳᠤ ᠶᠡᠷᠦ ᠪᠤᠰᠤ ᠶᠢᠨ ᠵᠣᠬᠢᠶᠠᠨ ᠪᠠᠶᠢᠭᠤᠯᠤᠨ ᠳᠠᠶᠢᠴᠢᠯᠠᠬᠤ ᠴᠢᠳᠠᠪᠤᠷᠢ᠂ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠴᠢᠳᠠᠪᠤᠷᠢ᠂ ᠲᠤᠭᠤᠰᠢᠯᠠᠭᠤᠯᠤᠨ ᠬᠡᠷᠡᠭᠵᠢᠭᠦᠯᠬᠦ ᠴᠢᠳᠠᠪᠤᠷᠢ ᠲᠠᠢ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ᠂ ᠬᠦᠴᠢᠷ ᠶᠠᠪᠤᠳᠠᠯ ᠢ ᠪᠦᠲᠦᠭᠡᠬᠦ᠂ ᠪᠠᠴᠢᠮ ᠶᠠᠪᠤᠳᠠᠯ ᠢ ᠪᠦᠲᠦᠭᠡᠬᠦ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠳᠡᠶᠢᠯᠳᠡᠭ᠂ ᠲᠤᠰ ᠤᠳᠠᠭᠠᠨ ᠤ ᠬᠢᠵᠢᠭ ᠲᠠᠢ ᠲᠡᠮᠡᠴᠡᠭᠰᠡᠨ ᠲᠡᠮᠡᠴᠡᠯ ᠨᠢ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠠ ᠤᠯᠤᠰ ᠤᠨ ᠵᠠᠰᠠᠯᠲᠠ ᠶᠢᠨ ᠰᠢᠰᠲ᠋ᠧᠮ ᠤᠨ ᠳᠠᠪᠠᠭᠤᠯᠢᠭ ᠴᠢᠨᠠᠷ ᠢ ᠡᠷᠴᠢᠮᠳᠠᠢ ᠬᠠᠷᠠᠭᠤᠯᠵᠠᠢ᠃ ᠭᠠᠭᠴᠠ ᠬᠦ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠪᠠᠶᠢᠭᠤᠯᠤᠯ ᠤᠨ ᠬᠦᠴᠦᠨ ᠢ ᠴᠢᠳᠠᠮᠠᠭᠠᠢ ᠠᠰᠢᠡᠡᠯᠠᠨ ᠠᠶᠤᠯ ᠲᠦᠭᠰᠢᠭᠦᠷᠢ ᠥᠷᠢᠰᠥᠯᠳᠦᠭᠡᠨ ᠤ ᠳᠠᠭᠠᠷᠢᠯᠲᠠ ᠶᠢ ᠠᠷᠭᠠᠴᠠᠭᠠᠵᠤ ᠴᠢᠳᠠᠳᠠᠭ ᠯᠡ ᠶᠤᠮ ᠪᠣᠯ ᠪᠢᠳᠡ ᠯᠠᠪᠲᠠᠢ ᠤᠳᠠᠭ᠎ᠠ ᠪᠦᠷᠢ ᠶᠢᠨ ᠰᠢᠬᠠᠯᠳᠠ ᠳᠠᠷᠤᠯᠲᠠ ᠶᠢᠨ ᠰᠢᠯᠭᠠᠯᠲᠠ ᠶᠢ ᠳᠠᠭᠠᠭᠠᠵᠤ᠂ ᠲᠠᠰᠤᠷᠠᠯᠳᠠ ᠦᠭᠡᠢ ᠠᠶᠤᠯ ᠲᠦᠭᠰᠢᠭᠦᠷᠢ ᠶᠢ ᠠᠵᠠ ᠲᠤᠬᠢᠶᠠᠯ ᠪᠣᠯᠭᠠᠨ ᠬᠤᠪᠢᠷᠠᠭᠤᠯᠵᠤ᠂ ᠠᠶᠤᠯ ᠲᠦᠭᠰᠢᠭᠦᠷᠢ‌‍ᠶᠢᠨ ᠲᠤᠮᠳᠡ ᠠᠴᠠ ᠰᠢᠨ᠎ᠡ ᠠᠮᠢᠯᠡᠯ ᠤᠨ ᠭᠦᠴᠤᠨ ᠢᠶᠠᠨ ᠤᠯᠵᠤ ᠴᠢᠳᠠᠬᠤ ᠶᠢ ᠲᠡᠤᠭᠡ ᠪᠡ ᠪᠤᠳᠠᠳᠤ ᠠᠬᠤᠢ ᠪᠦᠷ ᠪᠢᠳᠡᠨ ᠳᠤ ᠬᠡᠯᠡᠵᠤ ᠦᠭᠪᠡ᠃    — ᠬᠢᠵᠢᠭ ᠲᠠᠢ ᠲᠡᠮᠡᠴᠡᠭᠰᠡᠨ ᠠᠭᠤᠤ ᠶᠡᠭᠡ ᠦᠢᠯᠡᠳᠦᠯᠭᠡ ᠨᠢ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠬᠤᠷᠠᠮᠳᠤᠭᠤᠯᠤᠭᠰᠠᠨ ᠪᠠᠲᠤ ᠴᠢᠩᠭ᠎ᠠ ᠤᠯᠤᠰ ᠤᠨ ᠬᠦᠴᠦᠨ ᠪᠣᠯ ᠲᠤᠬᠰᠢᠨ ᠰᠠᠯᠬᠢᠨ ᠰᠢᠷᠦᠭᠦᠨ ᠳᠠᠪᠠᠯᠭᠠᠨ ᠢ ᠯᠠᠪᠳᠠᠭᠤᠨ ᠢᠶᠠᠷ ᠠᠷᠭᠠᠴᠠᠭᠠᠬᠤ ᠭᠦᠨ ᠵᠤᠵᠠᠭᠠᠨ ᠢᠳᠡᠭᠡᠯ ᠵᠤᠷᠢᠭ ᠪᠤᠯᠬᠤ ᠶᠢ ᠲᠠᠬᠢᠨᠳᠡ ᠭᠡᠷᠡᠴᠢᠯᠡᠵᠡᠢ᠃ ᠪᠢᠳᠡᠨ ᠤ ᠤᠷᠲᠤ ᠬᠤᠭᠤᠴᠠᠭ᠎ᠠ ᠪᠠᠷ ᠬᠤᠷᠠᠮᠳᠤᠭᠤᠯᠤᠭᠰᠠᠨ ᠭᠦᠨ ᠵᠤᠵᠠᠭᠠᠨ ᠪᠣᠳᠠᠰ ᠤᠨ ᠰᠠᠭᠤᠷᠢ᠂ ᠪᠠᠶᠢᠭᠤᠯᠤᠭᠰᠠᠨ ᠪᠦᠷᠢᠨ ᠪᠦᠲᠦᠨ ᠠᠵᠤ ᠦᠢᠯᠡᠰ ᠤᠨ ᠰᠢᠰᠲ᠋ᠧᠮ᠂ ᠪᠦᠷᠢᠯᠳᠦᠭᠰᠡᠨ ᠬᠦᠴᠦᠷᠬᠡᠭ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠨᠥᠭᠡᠴᠡᠯᠡᠭᠰᠡᠨ ᠡᠯᠪᠡᠭ ᠪᠠᠶᠠᠯᠢᠭ ᠡᠮᠴᠢᠯᠡᠭᠡᠨ ᠤ ᠡᠬᠢ ᠪᠠᠶᠠᠯᠢᠭ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠬᠢᠵᠢᠭ ᠤᠨ ᠪᠠᠶᠢᠳᠠᠯ ᠭᠠᠷᠤᠭᠰᠠᠨ ᠤ ᠲᠠᠷᠠᠭ᠎ᠠ ᠪᠢᠳᠡ ᠬᠥᠮᠦᠨ‌‍ᠤ ᠬᠦᠴᠦᠨ ᠢᠶᠠᠨ ᠵᠤᠬᠢᠶᠠᠨ ᠪᠠᠶᠢᠭᠤᠯᠬᠤ ᠲᠠᠶᠢᠨ᠂ ᠡᠳ᠋ ᠪᠣᠳᠠᠰ ᠢ ᠪᠠᠳᠤᠯᠠᠬᠤ ᠲᠠᠶᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠢᠪᠳᠤᠯᠬᠤ ᠲᠠᠶᠢᠨ᠂ ᠡᠬᠢ ᠪᠠᠶᠠᠯᠢᠭ ᠵᠦ᠋ᠭᠡᠭᠡᠪᠤᠷᠢᠯᠡᠬᠦ ᠲᠠᠶᠢᠨ ᠢ ᠪᠦᠬᠦ ᠲᠠᠯ᠎ᠠ ᠪᠠᠷ ᠳᠠᠷᠤᠢ ᠲᠦᠷᠭᠡᠨ ᠥᠷᠨᠢᠭᠦᠯᠪᠡ᠃ ᠬᠢᠵᠢᠭ ᠤᠨ ᠪᠠᠶᠢᠳᠠᠯ ᠬᠠᠮᠤᠭ ᠬᠦᠨᠳᠦ ᠬᠡᠴᠡᠭᠦᠦ ᠪᠠᠶᠢᠭᠰᠠᠨ ᠦᠶ᠎ᠠ ᠳᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠯᠢ ᠤᠯᠠᠨ ᠲᠠᠯ᠎ᠠ ᠳᠤ ᠪᠦᠷ ︽ᠲᠦᠷ ᠵᠣᠭᠰᠣᠭᠠᠬᠤ ᠳᠠᠷᠤᠪᠴᠢ︾ ᠶᠢ ᠳᠠᠷᠤᠭᠰᠠᠨ ᠪᠣᠯᠪᠠᠴᠤ ᠣᠯᠠᠨ ᠲᠦᠮᠡᠨ ᠤ ᠠᠮᠢᠳᠤᠷᠠᠯ ᠳᠤ ᠶᠡᠭᠡ ᠨᠥᠯᠥᠭᠡ ᠪᠤᠯᠤᠭᠰᠠᠨ ᠦᠭᠡᠶ᠂ ᠨᠡᠶᠢᠭᠡᠮ ᠤᠨ ᠡᠮᠬᠢ ᠳᠢᠭᠯᠢᠮ ᠶᠡᠷᠦᠩᠬᠡᠶ ᠳᠡᠭᠡᠨ ᠬᠡᠪ ᠤᠨ ᠪᠠᠶᠢᠪᠠ᠂ ᠡᠨᠡ ᠨᠢ ᠦᠨᠳᠦᠰᠦᠨ ᠳᠡᠭᠡᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠢᠯᠠᠩᠭᠤᠶ᠎ᠠ ᠥᠭᠡᠷᠡᠴᠢᠯᠡᠯᠲᠡ ᠨᠡᠭᠡᠭᠡᠯᠳᠡ ᠬᠢᠭᠰᠡᠨ ᠠᠴᠠ ᠨᠠᠭᠠᠰᠢ ᠤᠷᠳᠤ ᠬᠤᠭᠤᠴᠠᠭ᠎ᠠ ᠪᠠᠷ ᠬᠤᠷᠠᠮᠳᠤᠭᠤᠯᠤᠬᠰᠡᠨ ᠤᠯᠤᠰ ᠤᠨ ᠶᠡᠷᠦᠩᠬᠡᠶ ᠪᠤᠳᠠᠳᠤ ᠬᠦᠴᠦᠨ ᠠᠴᠠ ᠪᠤᠯᠵᠤ᠂ ᠠᠶᠤᠯ ᠲᠦᠭᠰᠢᠭᠦᠷᠢᠲᠡᠶ ᠦᠶ᠎ᠡ ᠳᠤ ᠮᠠᠨ ᠤ ᠤᠯᠤᠰ ᠤᠨ ᠶᠡᠷᠦᠩᠬᠡᠶ ᠪᠤᠳᠠᠳᠤ ᠬᠦᠴᠦᠨ ᠢᠶᠠᠨ ᠬᠠᠮᠤᠭ ᠤᠨ ᠶᠡᠭᠡ ᠬᠡᠮᠵᠢᠶ᠎ᠡ ᠪᠠᠷ ᠬᠡᠷᠡᠭᠯᠡᠵᠦ ᠳᠡᠶᠢᠯᠬᠦ ᠠᠴᠠ ᠪᠣᠯᠤᠭᠰᠠᠨ ᠶᠤᠮ᠃ ᠭᠠᠭᠴᠠ ᠬᠦ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠥᠭᠡᠯᠡᠵᠤ ᠬᠦᠭᠵᠢᠭᠦᠯᠦᠨ᠂ ᠠᠵᠤ ᠠᠬᠤᠶ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠶ ᠪᠤᠳᠠᠳᠤ ᠬᠦᠴᠦᠨ ᠢᠶᠠᠨ ᠲᠠᠰᠤᠷᠠᠯᠲᠠ ᠤᠢᠭᠡᠢ ᠴᠢᠩᠭᠠᠳᠬᠠᠵᠤ᠂ ᠥᠷᠭᠡᠨ ᠣᠯᠠᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠪᠠᠳᠤᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠳᠠᠰ ᠤᠨ ᠰᠠᠭᠤᠷᠢ ᠶᠢ ᠲᠠᠰᠤᠷᠠᠯᠳᠠ ᠦᠭᠡᠢ ᠪᠠᠳᠤᠳᠬᠠᠪᠠᠯ᠂ ᠪᠢᠳᠡ ᠯᠠᠪᠳᠠᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠦᠯᠭᠡ ᠣᠩᠭᠤᠴᠠ ᠶᠢ ᠰᠠᠯᠬᠢ ᠬᠦᠯᠭᠡᠯᠡᠨ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ ᠠᠶᠠᠯᠠᠭᠤᠯᠵᠤ ᠴᠢᠳᠠᠬᠤ ᠶᠢ ᠲᠡᠤᠭᠡ ᠪᠡ ᠪᠤᠳᠠᠳᠤ ᠠᠬᠤᠢ ᠪᠦᠷ ᠪᠢᠳᠡᠨ ᠳᠤ ᠬᠡᠯᠡᠵᠤ ᠦᠭᠪᠡ᠃    — ᠬᠢᠵᠢᠭ ᠲᠠᠢ ᠲᠡᠮᠡᠴᠡᠭᠰᠡᠨ ᠠᠭᠤᠤ ᠶᠡᠭᠡ ᠦᠢᠯᠡᠳᠦᠯᠭᠡ ᠨᠢ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠪᠠᠶᠢᠳᠠᠭ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠪᠣᠯ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠠᠷᠠᠳ ᠤᠨ ᠬᠦᠴᠦᠨ ᠢ ᠨᠢᠭᠲᠠᠷᠠᠭᠤᠯᠬᠤ ᠬᠦᠴᠦᠷᠬᠡᠭ ᠶᠡᠭᠡ ᠬᠦᠴᠦᠨ ᠮᠥᠨ ᠭᠡᠳᠡᠭ ᠢ ᠲᠠᠬᠢᠨᠳᠡ ᠭᠡᠷᠡᠴᠢᠯᠡᠵᠡᠢ᠃ ᠰᠣᠶᠣᠯ ᠤᠨ ᠢᠲᠡᠭᠡᠯ ᠪᠣᠯ ᠨᠢᠭᠡ ᠤᠯᠤᠰ᠂ ᠨᠢᠭᠡ ᠦᠨᠳᠦᠰᠦᠲᠡᠨ ᠤ ᠬᠥᠭᠵᠢᠯᠲᠡ ᠶᠢᠨ ᠶᠠᠪᠤᠴᠠ ᠳᠠᠬᠢ ᠬᠠᠮᠤᠭ ᠤᠨ ᠦᠨᠳᠦᠰᠦᠨ᠂ ᠬᠠᠮᠤᠭ ᠤᠨ ᠭᠦᠨ ᠭᠦᠨᠵᠡᠭᠡᠢ᠂ ᠬᠠᠮᠤᠭ ᠤᠨ ᠤᠳᠠᠭᠠᠨ ᠳᠠᠭᠠᠭᠠᠮᠠᠭᠠᠶ ᠬᠦᠴᠦᠨ ᠮᠥᠨ᠃ ᠥᠭᠡᠳᠡᠯᠡᠨ ᠳᠠᠪᠰᠢᠬᠤ ᠨᠢᠩᠵᠢᠨ ᠰᠡᠳᠬᠢᠯ ᠢ ᠡᠷᠬᠢᠮᠯᠡᠬᠦ ᠰᠣᠶᠣᠯ ᠪᠣᠯ ᠨᠢᠭᠡ ᠤᠯᠤᠰ᠂ ᠨᠢᠭᠡ ᠦᠨᠳᠦᠰᠦᠲᠡᠨ ᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠵᠢᠷᠦᠬᠡ ᠰᠡᠳᠬᠢᠯ ᠢᠶᠠᠨ ᠬᠤᠯᠪᠤᠬᠤ ᠴᠢᠬᠤᠯᠠ ᠬᠤᠯᠪᠣᠭᠠᠰᠤ ᠮᠥᠨ᠃ ᠳᠤᠮᠳᠠᠳᠤ ᠶᠢᠨ ᠬᠥᠮᠦᠨ ᠶᠡᠷᠦ ᠠᠴᠠ ᠤᠯᠤᠰ ᠢᠶᠠᠨ ᠬᠠᠶᠢᠷᠠᠯᠠᠬᠤ ᠰᠡᠳᠬᠢᠯᠭᠡ ᠲᠠᠢ᠂ ᠤᠯᠠᠨ ᠤ ᠲᠦᠯᠦᠭᠡ ᠪᠡᠶ᠎ᠠ ᠪᠠᠨ ᠪᠠᠷᠢᠵᠤ᠂ ᠤᠯᠠᠨ ᠤ ᠲᠦᠯᠦᠭᠡ ᠵᠢᠳᠬᠦᠬᠦ ᠶᠢ ᠡᠷᠬᠢᠮᠯᠡᠵᠦ᠂ ᠳᠡᠯᠡᠬᠡᠶ ᠳ᠋ᠠᠬᠢᠨ ᠤ ᠮᠠᠨᠳᠤᠯ ᠮᠦᠬᠦᠯ ᠳᠤ ᠬᠥᠮᠦᠨ ᠪᠦᠬᠦᠠ ᠬᠠᠷᠢᠭᠤᠴᠠᠯᠭ᠎ᠠ ᠲᠠᠢ ᠭᠡᠵᠦ ᠪᠤᠳᠤᠳᠠᠭ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ ᠴᠢᠬᠤᠯᠠᠴᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠶᠢ ᠰᠠᠨᠠᠭᠠᠴᠢᠯᠠᠵᠤ᠂ ᠡᠷᠬᠡ ᠴᠢᠯᠥᠭᠡ ᠪᠠ ᠪᠡᠶ᠎ᠠ ᠪᠠᠨ ᠱᠠᠭᠠᠷᠳᠠᠬᠤ ᠶᠢ ᠨᠢᠭᠡᠳᠬᠡᠬᠦ᠂ ᠡᠷᠬᠡ ᠪᠠ ᠬᠠᠷᠢᠭᠤᠴᠠᠯᠭ᠎ᠠ ᠶᠢ ᠨᠢᠭᠡᠳᠬᠡᠬᠦ ᠶᠢ ᠡᠷᠬᠢᠮᠯᠡᠳᠡᠭ᠃ ᠡᠨᠡ ᠤᠳᠠᠭᠠᠨ ᠤ ᠬᠢᠵᠢᠭ ᠲᠠᠢ ᠲᠡᠮᠡᠴᠡᠭᠰᠡᠨ ᠲᠡᠮᠡᠴᠡᠯ ᠳᠤᠮᠳᠠ᠂ 14 ᠳ᠋ᠦᠩᠰᠢᠭᠤᠷ ᠳᠤᠮᠳᠠᠳᠤ ᠤᠯᠤᠰ ᠤᠨ ᠠᠷᠠᠳ ᠲᠦᠮᠡᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠤᠬᠠᠮᠰᠠᠷ᠂ ᠪᠡᠶ᠎ᠠ ᠪᠠᠨ ᠱᠠᠭᠠᠷᠳᠠᠬᠤ ᠦᠵᠡᠯᠲᠡ᠂ ᠬᠠᠷᠠᠮ ᠥᠬᠡᠶ ᠵᠤᠷᠢᠭᠤᠯᠬᠤ ᠵᠣᠷᠢᠭ ᠰᠠᠨᠠᠭ᠎ᠠ᠂ ᠨᠥᠬᠦᠷᠰᠡᠭ ᠬᠠᠶᠢᠷ᠎ᠠ ᠰᠡᠳᠬᠢᠯᠭᠡ ᠪᠠᠨ ᠢᠯᠡᠷᠡᠭᠦᠯᠵᠦ᠂ ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠬᠦᠴᠦᠷᠬᠡᠭ ᠶᠡᠭᠡ ᠣᠶᠤᠨ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠣᠶ ᠪᠣᠯᠭᠠᠪᠠ᠃ ᠭᠠᠭᠴᠠ ᠬᠦ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠲᠠᠰᠤᠷᠠᠯᠲᠠ ᠦᠭᠡᠢ ᠪᠤᠢ ᠪᠤᠯᠭᠠᠨ ᠦᠢᠯᠡᠳᠦᠯᠭᠡᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠢᠮᠠᠭᠲᠠ ᠵᠠᠯᠭᠠᠮᠵᠢᠯᠠᠨ ᠪᠠᠳᠠᠷᠠᠭᠤᠯᠳᠠᠭ ᠯᠠ ᠶᠤᠮ ᠪᠣᠯ᠂ ᠪᠢᠳᠡ ᠯᠠᠪᠳᠠᠶ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠳᠦᠭᠡᠨ ᠪᠠᠶᠢᠭᠤᠯᠵᠤ᠂ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠵᠦ᠂ ᠴᠤᠴᠠᠯᠲᠠ ᠦᠭᠡᠢ ᠤᠷᠤᠭᠰᠢᠯᠠᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ ᠴᠢᠳᠠᠬᠤ ᠶᠢ ᠲᠡᠦᠬᠡ ᠪᠠ ᠪᠣᠳᠠᠲᠤ ᠠᠬᠤᠢ ᠪᠦᠷ ᠪᠢᠳᠡᠨ ᠳᠤ ᠬᠡᠯᠡᠵᠤ ᠦᠭᠪᠡ᠃    — ᠬᠢᠵᠢᠭ ᠲᠠᠢ ᠲᠡᠮᠡᠴᠡᠭᠰᠡᠨ ᠠᠭᠤᠤ ᠶᠡᠭᠡ ᠦᠢᠯᠡᠳᠦᠯᠭᠡ ᠨᠢ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠪᠠᠶᠢᠳᠠᠭ ᠥᠷᠭᠡᠨ ᠳᠡᠯᠭᠡᠷ ᠤᠷᠢᠶᠠᠯᠠᠬᠤ ᠬᠦᠴᠦᠨ ᠪᠣᠯ ᠬᠥᠮᠦᠨ ᠲᠥᠷᠥᠯᠬᠢᠲᠡᠨ ᠤ ᠬᠠᠮᠲᠤ ᠶᠢᠨ ᠥᠷᠢᠰᠥᠯᠳᠦᠭᠡᠨ ᠢ ᠠᠷᠭᠠᠴᠠᠭᠠᠬᠤ᠂ ᠨᠡᠩ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠳᠦᠭᠡᠨ ᠪᠠᠶᠢᠭᠤᠯᠬᠤ ᠬᠥᠮᠦᠨ ᠤ ᠣᠷᠴᠢᠯᠠᠩ ᠤᠨ ᠵᠥᠪ ᠵᠠᠮ ᠮᠥᠨ ᠭᠡᠳᠡᠭ ᠢ ᠳᠠᠬᠢᠨᠳᠠ ᠭᠡᠷᠡᠴᠢᠯᠡᠵᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠨᠢᠭᠡ ᠵᠦᠶ᠋ᠯ ᠤᠨ ᠣᠨᠴᠠᠭᠠᠢ ᠬᠡᠯᠪᠡᠷᠢ ᠪᠠᠷ᠂ ᠬᠥᠮᠦᠨ ᠲᠥᠷᠥᠯᠬᠢᠲᠡᠨ ᠪᠣᠯ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠬᠦᠨᠳᠦ ᠶᠡᠭᠡ ᠬᠢᠮᠤᠷᠠᠯ ᠤᠨ ᠡᠮᠦᠨ᠎ᠡ ᠶᠠᠮᠠᠷ ᠴᠤ ᠤᠯᠤᠰ ᠭᠡᠳ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠪᠠᠶᠢᠵᠤ ᠴᠢᠳᠠᠬᠤ ᠦᠭᠡᠢ᠂ ᠪᠦᠯᠬᠦᠮᠳᠡᠨ ᠬᠠᠮᠲᠤᠷᠠᠯᠴᠠᠬᠤ ᠪᠣᠯ ᠰᠠᠶ᠋ᠢ ᠬᠥᠮᠦᠨ ᠤ ᠶᠢᠷᠲᠢᠨᠴᠦ ᠶᠢᠨ ᠵᠦᠪ ᠵᠠᠮ ᠮᠥᠨ᠃ ᠶᠠᠮᠠᠷᠪᠠ ᠬᠤᠪᠢᠨᠴᠢᠷ᠂ ᠪᠤᠰᠤᠳ ᠲᠤ ᠬᠡᠷᠡᠭ ᠨᠥᠮᠥᠷᠭᠡᠬᠦ᠂ ᠵᠥᠪ ᠪᠤᠷᠤᠭᠤ ᠶᠢ ᠲᠣᠩᠭᠤᠷᠤᠭᠤᠯᠬᠤ᠂ ᠬᠠᠷ᠎ᠠ ᠴᠠᠭᠠᠨ ᠢ ᠬᠤᠳᠬᠤᠯᠳᠤᠭᠤᠯᠬᠤ ᠬᠢᠳᠡᠯ ᠨᠢ ᠲᠤᠰ ᠤᠯᠤᠰ ᠪᠠ ᠲᠤᠰ ᠤᠯᠤᠰ ᠤᠨ ᠠᠷᠠᠳ ᠲᠦᠮᠡᠨ ᠳᠤ ᠬᠤᠬᠢᠷᠠᠯ ᠤᠴᠠᠷᠠᠭᠤᠯᠬᠤ ᠪᠠᠷ ᠪᠠᠷᠠᠬᠤ ᠦᠭᠡᠢ ᠪᠠᠰᠠ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠬᠤᠬᠢᠷᠠᠯ ᠤᠴᠠᠷᠠᠭᠤᠯᠬᠤ ᠪᠣᠯᠤᠨ᠎ᠠ ᠭᠡᠵᠦ ᠬᠦᠮᠦᠰ ᠲᠤ ᠰᠡᠷᠡᠮᠵᠢᠯᠡᠭᠦᠯᠪᠡ᠃ ᠭᠠᠭᠴᠠ ᠬᠦ ᠳᠡᠯᠡᠬᠡᠢ ᠨᠡᠶᠢᠳᠡ ᠪᠠᠷ ᠢᠶᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠬᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠵᠠᠮ ᠢᠶᠠᠷ ᠵᠠᠮᠨᠠᠳᠠᠭ ᠯᠠ ᠶᠤᠮ ᠪᠣᠯ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠯᠠᠪᠲᠠᠢ ᠪᠦᠬᠦ ᠪᠥᠮᠪᠥᠷᠴᠡᠭ ᠤᠨ ᠴᠢᠨᠠᠷᠲᠠᠢ ᠡᠯ᠎ᠡ ᠵᠦᠢᠯ ᠤᠨ ᠠᠰᠠᠭᠤᠳᠠᠯ ᠢ ᠭᠠᠷ ᠬᠤᠯᠪᠤᠨ ᠠᠷᠭᠠᠴᠠᠭᠠᠵᠤ᠂ ᠰᠠᠶᠢᠨ ᠰᠠᠶᠢᠬᠠᠨ ᠳᠡᠯᠡᠬᠡᠢ ᠶᠢᠨ ᠪᠥᠮᠪᠥᠷᠴᠡᠭ‌‍ᠤᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ ᠴᠢᠳᠠᠬᠤ ᠶᠢ ᠲᠡᠦᠬᠡ ᠪᠠ ᠪᠣᠳᠠᠲᠤ ᠠᠬᠤᠢ ᠪᠦᠷ ᠪᠢᠳᠡᠨ ᠳᠤ ᠬᠡᠯᠡᠵᠦ ᠦᠭᠪᠡ᠃    ᠨᠥᠬᠦᠳ ᠡ᠂ ᠨᠠᠶᠢᠵᠠ ᠨᠠᠷ ᠡ︕    ᠣᠳᠣᠬᠠᠨ ᠳᠤ᠂ ᠳᠡᠯᠡᠬᠡᠶ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠷᠠᠯᠲᠠ ᠲᠦᠷᠭᠡᠨ ᠬᠥᠭᠵᠢᠵᠦ᠂ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠳᠡ ᠲᠣᠭᠲᠠᠭᠤᠨ ᠤ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ᠃ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠤᠬᠡ ᠶᠢᠨ ᠠᠭᠤᠯᠵᠠᠷ ᠴᠡᠭ ᠲᠤ ᠵᠤᠭᠰᠤᠠ᠂ ᠪᠢᠲᠠ ᠡᠷᠭᠡᠪᠰᠢ ᠨᠠᠮ ᠤᠨ ᠦᠨᠲᠦᠰᠦᠨ ᠤᠨᠤᠯ᠂ ᠦᠠᠲᠦᠰᠦᠨ ᠱᠤᠭᠤᠮ᠂ ᠦᠨᠲᠦᠰᠤᠨ ᠪᠤᠲᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠤᠭᠲᠠᠭᠤᠨ ᠤ ᠲᠤᠮᠲᠠ ᠤᠷᠤᠭᠰᠢᠯᠠᠠ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠲᠠᠯᠠᠨ᠂ ᠰᠢᠨ᠎ᠠ ᠬᠦᠭᠵᠢᠯᠲᠠ ᠶᠢᠨ ᠤᠢᠢᠯᠠᠭᠠᠭᠲᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠦ᠂ ᠰᠢᠨ᠎ᠠ ᠬᠦᠭᠵᠢᠯᠲᠠ ᠶᠢᠨ ᠪᠠᠶᠢᠷᠢᠰᠢᠯ ᠢ ᠴᠢᠷᠮᠠᠶᠢᠨ ᠪᠦᠷᠢᠯᠳᠦᠬᠦᠯᠵᠤ᠂ ᠤᠯᠤᠰ ᠤᠨ ᠳᠤᠳᠤᠭᠠᠳᠦ ᠭᠠᠳᠠᠭᠠᠳᠦ ᠶᠢᠨ ᠬᠤᠶᠠᠷ ᠶᠡᠭᠡ ᠲᠠᠯ᠎ᠠ ᠶᠢ ᠨᠢᠭᠡᠲᠦᠯᠲᠡᠢ ᠲᠦᠯᠦᠪᠵᠢᠭᠦᠯᠤᠨ᠂ ᠬᠦᠭᠵᠢᠯᠲᠠ ᠪᠠ ᠠᠮᠤᠷ ᠲᠦᠪᠰᠢᠨ ᠬᠡᠬᠦ ᠬᠤᠶᠠᠷ ᠲᠤᠮᠤ ᠶᠠᠪᠤᠲᠠᠯ ᠢ ᠰᠠᠶᠢᠲᠤᠷ ᠠᠳᠬᠤᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠲᠠᠪᠤᠷᠢ ᠶᠢᠨ ᠤᠲᠤᠬᠢᠴᠢᠯᠠᠯᠲᠠ ᠶᠢ ᠠᠬᠢᠭᠤᠯᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠲᠠ ᠶᠢᠨ ᠰᠢᠨ᠎ᠠ ᠪᠠᠶᠢᠲᠠᠯ ᠢ ᠲᠠᠰᠤᠷᠠᠯᠲᠠ ᠦᠭᠡᠢ ᠡᠬᠦᠳᠬᠦ ᠭᠡᠷᠡᠭᠲᠡᠢ᠃    — ᠪᠢᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠦᠴᠦᠬᠡᠨ ᠴᠤ ᠰᠤᠯᠠᠷᠠᠭᠤᠯᠤᠯ ᠦᠭᠡᠢ ᠴᠢᠩᠭ᠎ᠠ ᠠᠳᠬᠤᠵᠦ᠂ ᠬᠢᠵᠢᠭ ᠲᠠᠢ ᠲᠡᠮᠡᠴᠡᠬᠦ ᠲᠡᠮᠡᠴᠡᠯ ᠤᠨ ᠪᠦᠬᠦ ᠲᠠᠯ᠎ᠠ ᠶᠢᠨ ᠢᠯᠠᠯᠲᠠ ᠶᠢ ᠴᠢᠷᠮᠠᠶᠢᠠ ᠤᠯᠬᠤ ᠭᠡᠷᠡᠭᠲᠡᠢ᠃ ᠤᠳᠤᠬᠠᠨ ᠳᠤ᠂ ᠬᠢᠵᠢᠭ ᠤᠨ ᠪᠠᠶᠢᠳᠠᠯ ᠮᠦᠨ ᠬᠦ ᠪᠦᠬᠦ ᠳᠡᠯᠡᠬᠡᠢ ᠳᠤ ᠦᠷᠪᠢᠰᠦᠨ ᠳᠡᠯᠬᠡᠷᠡᠵᠦ᠂ ᠤᠯᠤᠰ ᠤᠨ ᠳᠤᠳᠤᠭᠠᠳᠤ ᠳᠤ ᠬᠡᠰᠡᠭ ᠪᠤᠰᠠᠬ ᠢᠶᠠᠷ ᠡᠪᠡᠳᠴᠢᠨ ᠤ ᠵᠢᠱᠢᠶ᠎ᠠ ᠢᠯᠡᠷᠡᠬᠦ ᠪᠡ ᠬᠡᠰᠡᠭ ᠭᠠᠵᠠᠷ ᠲᠤ ᠬᠡᠨᠡᠳᠳᠡ ᠶᠡᠭᠡ ᠪᠠᠷ ᠳᠡᠯᠭᠡᠷᠡᠬᠦ ᠠᠶᠤᠯ ᠮᠦᠨ ᠬᠦ ᠤᠷᠤᠰᠢᠵᠦ ᠪᠠᠶᠢᠨ᠎ᠠ᠂ ᠬᠢᠵᠢᠭ ᠲᠠᠢ ᠳᠡᠮᠡᠴᠡᠬᠦ ᠲᠡᠮᠡᠴᠡᠯ ᠤᠨ ᠪᠦᠬᠦ ᠳᠠᠯ᠎ᠠ ᠶᠢᠨ ᠢᠯᠠᠯᠳᠠ ᠶᠢ ᠤᠯᠬᠤ ᠳᠤ ᠪᠠᠰᠠ ᠦᠷᠬᠦᠯᠵᠢᠯᠡᠨ ᠴᠢᠷᠮᠠᠶᠢᠯᠭ᠎ᠠ ᠭᠠᠷᠭᠠᠬᠤ ᠴᠢᠬᠤᠯᠠᠳᠠᠢ ᠪᠠᠶᠢᠨ᠎ᠠ᠃ ᠡᠷᠬᠡᠪᠰᠢ ᠳᠠᠭᠤᠰᠤᠨ ᠳᠠᠭᠤᠰᠳᠠᠯ᠎ᠠ᠂ ᠴᠤᠴᠠᠯᠳᠠ ᠦᠬᠡᠢ ᠴᠢᠷᠮᠠᠶᠢᠵᠦ᠂ ᠭᠠᠳᠠᠭᠠᠳᠤ ᠠᠴᠠ ᠬᠢᠵᠢᠭ ᠬᠠᠯᠳᠠᠪᠤᠷᠢᠯᠠᠨ ᠤᠷᠤᠵᠦ ᠢᠷᠡᠬᠦ᠂ ᠳᠤᠳᠤᠭᠠᠳᠤ ᠳᠤ ᠬᠢᠵᠢᠭ ᠤᠨ ᠪᠠᠶᠢᠳᠠᠯ ᠳᠠᠬᠢᠨ ᠬᠡᠴᠡᠭᠦᠳᠡᠬᠦ ᠶᠢ ᠰᠡᠷᠭᠡᠶᠢᠯᠡᠬᠦ ᠠᠵᠢᠯ ᠢ ᠪᠦᠬᠦ ᠳᠠᠯ᠎ᠠ ᠪᠠᠷ ᠰᠠᠶᠢᠳᠤᠷ ᠬᠢᠵᠦ᠂ ᠪᠠᠶᠢᠩᠭᠤᠵᠢᠬᠰᠠᠨ ᠤᠨᠤᠴᠠᠳᠠᠢ ᠪᠠᠷ ᠰᠡᠷᠬᠡᠶᠢᠯᠡᠨ ᠡᠵᠡᠮᠳᠡᠬᠦ ᠪᠠ ᠬᠡᠰᠡᠭ ᠭᠠᠵᠠᠷ ᠲᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠶᠢ ᠤᠷᠭᠠᠨᠢᠬ ᠢᠶᠠᠷ ᠤᠶᠠᠯᠳᠤᠭᠤᠯᠬᠤ ᠶᠢ ᠪᠠᠷᠢᠮᠳᠠᠯᠠᠵᠤ᠂ ᠶᠠᠭᠠᠬᠢᠬᠰᠠᠨ ᠴᠤ ᠬᠢᠯᠪᠠᠷ ᠪᠤᠰᠤ ᠪᠠᠷ ᠤᠯᠤᠬᠰᠠᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠭᠰᠡᠨ ᠦᠷ᠎ᠠ ᠪᠦᠳᠦᠮᠵᠢ ᠪᠠᠨ ᠤᠷᠤ ᠮᠦᠷ ᠦᠬᠡᠢ ᠠᠯᠳᠠᠵᠦ ᠪᠤᠯᠬᠤ ᠦᠬᠡᠢ᠃ ᠡᠮ ᠤᠨ ᠵᠦᠢᠯᠡᠰ ᠪᠤᠯᠤᠨ ᠸᠠᠺᠼᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠡᠷᠴᠢᠮ ᠢ ᠴᠢᠩᠭᠠᠷᠠᠭᠤᠯᠵᠦ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠬᠦᠨᠵᠡᠬᠡᠢ ᠦᠷᠨᠢᠬᠦᠯᠵᠦ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠳᠦᠬᠦᠬᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠪᠦᠬᠦ ᠨᠡᠶᠢᠭᠡᠮ ᠤᠨ ᠪᠤᠯᠪᠠᠰᠤᠨ ᠤ ᠳᠦᠪᠰᠢᠨ ᠢ ᠳᠡᠬᠡᠭᠰᠢᠯᠡᠬᠦᠯᠵᠦ᠂ ᠦᠢ ᠤᠯᠠᠨ ᠪᠤᠯᠪᠠᠰᠤᠨ ᠡᠷᠡᠬᠦᠯ ᠪᠠᠭ᠎ᠠ ᠤᠷᠴᠢᠨ ᠢᠶᠠᠷ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠨᠡᠶᠢᠭᠡᠮ‌‍ᠤᠨ ᠶᠡᠭᠡ ᠰᠡᠷᠬᠡᠶᠢᠯᠡᠯᠳᠡ ᠶᠢᠨ ᠱᠤᠭᠤᠮ ᠢ ᠪᠠᠬᠢᠵᠢᠭᠦᠯᠬᠦ ᠬᠡᠷᠡᠭᠳᠡᠢ᠃    — ᠪᠢᠲᠠ ︽ᠵᠢᠷᠭᠤᠭ᠎ᠠ ᠶᠢ ᠲᠤᠭᠲᠠᠪᠤᠷᠢᠵᠢᠭᠤᠯᠬᠤ︾ ᠠᠵᠢᠯ ᠢ ᠯᠠᠪᠲᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ‌‍ᠶᠢ ᠪᠠᠲᠤᠯᠠᠬᠤ︾ ᠡᠬᠦᠷᠭᠡ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠰᠢᠢᠳᠪᠦᠷᠢᠲᠦ ᠲᠠᠶᠢᠯᠠᠯᠲᠤᠭᠠᠠ ᠬᠢᠬᠦ ᠬᠠᠷᠠᠯᠲᠠ ᠡᠬᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠭᠡᠷᠡᠭᠲᠡᠢ᠃ ᠢᠳᠡᠬᠡᠯ ᠵᠤᠷᠢᠭ ᠢᠶᠠᠨ ᠪᠠᠳᠤᠳᠬᠠᠵᠦ᠂ ᠡᠷᠴᠢ ᠵᠤᠷᠢᠬ ᠢᠶᠠᠨ ᠬᠦᠪᠴᠢᠯᠡᠵᠦ᠂ ᠬᠦᠴᠦᠯᠡᠨ ᠴᠢᠷᠮᠠᠶᠢᠵᠦ ᠪᠠᠶᠢᠭᠠᠳ ᠠᠯᠳᠠᠬᠰᠠᠨ ᠴᠠᠬ ᠢᠶᠠᠨ ᠡᠬᠡᠬᠦᠯᠦᠨ ᠠᠪᠴᠢᠷᠠᠵᠦ᠂ ᠬᠢᠵᠢᠭ ᠠᠴᠠ ᠪᠤᠯᠭᠠᠬᠰᠠᠨ ᠬᠤᠬᠢᠷᠠᠯ ᠢ ᠨᠦᠬᠦᠨ ᠠᠪᠴᠢᠷᠠᠬᠤ ᠬᠡᠷᠡᠭᠳᠡᠢ᠃ ᠬᠢᠵᠢᠭ ᠢ ᠰᠡᠷᠬᠡᠶᠢᠯᠡᠨ ᠡᠵᠡᠮᠳᠡᠬᠦ ᠪᠡ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠤᠨ ᠳᠤᠮᠳᠠ ᠤᠷᠳᠤ ᠬᠤᠭᠤᠴᠠᠭᠠᠨ ᠤ ᠵᠤᠬᠢᠴᠠᠭᠤᠯᠭ᠎ᠠ ᠶᠢᠨ ᠳᠤᠬᠳᠠᠴᠠ ᠶᠢ ᠢᠳᠡᠪᠬᠢᠳᠡᠢ ᠴᠤᠬᠴᠠᠯᠠᠨ ᠪᠠᠶᠢᠭᠤᠯᠬᠤ ᠬᠡᠷᠡᠭᠳᠡᠢ᠃ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠱᠤᠭᠤᠮ ᠪᠤᠯᠭᠠᠬᠤ ᠶᠢ ᠪᠠᠷᠢᠮᠳᠠᠯᠠᠵᠤ᠂ ᠦᠬᠡᠷᠡᠴᠢᠯᠡᠯᠳᠡ ᠨᠡᠭᠡᠭᠡᠯᠳᠡ ᠶᠢ ᠬᠦᠨᠵᠡᠬᠡᠶᠢᠷᠡᠬᠦᠯᠬᠦ ᠶᠢ ᠪᠠᠷᠢᠮᠳᠠᠯᠠᠵᠦ᠂ ᠳᠤᠳᠤᠭᠠᠳᠤ ᠬᠡᠷᠡᠭᠴᠡᠭᠡ ᠶᠢ ᠦᠷᠭᠡᠳᠭᠡᠬᠦ ᠬᠡᠬᠦ ᠡᠨᠡ ᠬᠦ ᠪᠠᠶᠢᠯᠳᠤᠬᠤ ᠪᠤᠳᠤᠯᠭ᠎ᠠ ᠶᠢᠨ ᠦᠨᠳᠦᠰᠦᠨ ᠴᠡᠭ ᠢ ᠪᠠᠳᠤ ᠡᠵᠡᠮᠰᠢᠵᠦ᠂ ᠵᠠᠬ᠎ᠠ ᠳᠡᠯᠬᠡᠬᠦᠷ ᠤᠨ ᠭᠤᠤᠯ ᠴᠤᠬᠴᠠ ᠶᠢᠨ ᠠᠮᠢᠵᠢᠷᠠᠯ ᠤᠨ ᠬᠦᠴᠦᠨ ᠢ ᠬᠠᠮᠠᠭᠠᠯᠠᠨ ᠬᠦᠭᠵᠢᠭᠡᠵᠦ᠂ ᠬᠤᠷᠸ᠎ᠠ ᠳᠦᠷᠦ ᠶᠢᠨ ᠪᠤᠳᠤᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ ᠦᠷ᠎ᠠ ᠪᠦᠲᠦᠮᠵᠢ ᠭᠠᠷᠬᠤ ᠶᠢ ᠦᠨᠡᠨ ᠬᠦ ᠪᠠᠳᠤᠯᠠᠵᠦ᠂ ᠠᠵᠦ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶᠡᠨ ᠤ ᠳᠤᠬᠳᠠᠭᠤᠨ ᠴᠢᠨᠠᠷ ᠪᠤᠯᠤᠨ ᠦᠷᠢᠰᠦᠯᠳᠦᠬᠦ ᠬᠦᠴᠦᠨ ᠢ ᠳᠡᠬᠡᠭᠰᠢᠯᠡᠬᠦᠯᠬᠦ ᠬᠡᠷᠡᠭᠳᠡᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠠᠪᠤᠴᠠ ᠶᠢᠨ ᠳᠤᠪᠤᠶᠢᠮ᠎ᠠ ᠠᠰᠠᠭᠤᠳᠠᠯ ᠪᠤᠯᠤᠨ ᠪᠠᠭᠤᠷᠠᠢ ᠭᠤᠬᠴᠤᠭ᠎ᠠ ᠶᠢ ᠤᠨᠤᠪᠴᠢᠳᠠᠢ ᠤᠯᠵᠤ᠂ ᠨᠢᠬᠡ ᠯᠡ ᠠᠮᠢᠰᠬᠤᠭ᠎ᠠ ᠪᠠᠷ ᠪᠦᠬᠦ ᠬᠦᠴᠦᠨ ᠢᠶᠠᠨ ᠰᠢᠪᠬᠠᠨ ᠪᠠᠶᠢᠯᠳᠤᠬᠤ ᠬᠡᠷᠡᠭᠳᠡᠢ᠃ ᠠᠷᠠᠳ ᠳᠦᠮᠡᠨ ᠤ ᠠᠮᠤᠷ ᠳᠦᠪᠰᠢᠨ ᠬᠠᠯᠠᠭᠤᠨ ᠲᠤᠯᠠᠭᠠᠨ ᠢ ᠰᠡᠳᠬᠢᠯ ᠳᠡᠭᠡᠨ ᠪᠤᠳᠤᠵᠤ᠂ ᠤᠯᠠᠨ ᠳᠦᠮᠡᠨ ᠢ ᠬᠠᠪᠰᠤᠷᠤᠨ ᠠᠵᠢᠯ ᠤᠯᠬᠤ᠂ ᠤᠷᠤᠯᠭ᠎ᠠ ᠪᠠᠨ ᠨᠡᠮᠡᠭᠳᠡᠭᠦᠯᠬᠦ᠂ ᠰᠤᠷᠭᠠᠭᠤᠯᠢ ᠳᠤ ᠤᠷᠤᠬᠤ᠂ ᠨᠡᠶᠢᠭᠡᠮ ᠤᠨ ᠪᠠᠳᠤᠯᠠᠭ᠎ᠠ᠂ ᠡᠮ ᠡᠮᠴᠢᠯᠡᠭᠡᠨ ᠤ ᠪᠠᠳᠤᠯᠠᠭ᠎ᠠ᠂ ᠤᠷᠤᠨ ᠰᠠᠭᠤᠴᠠ ᠵᠡᠷᠬᠡ ᠳᠠᠯ᠎ᠠ ᠶᠢᠨ ᠪᠤᠳᠠᠳᠠᠢ ᠬᠦᠴᠢᠷᠳᠡᠯ ᠢ ᠨᠢ ᠰᠢᠢᠳᠪᠤᠷᠢᠯᠡᠵᠦ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠡᠯ᠎ᠠ ᠳᠦᠷᠦᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠳᠡᠢ᠃    — ᠪᠢᠲᠠ ᠵᠠᠰᠠᠯᠲᠠ ᠶᠢᠨ ᠰᠢᠰᠲ᠋ᠧᠮ ᠤᠨ ᠲᠤᠲᠠᠭᠤᠲᠠᠯ ᠪᠤᠯᠤᠨ ᠪᠠᠭᠤᠷᠠᠢ ᠲᠠᠯ᠎ᠠ ᠪᠠᠨ ᠲᠦᠷᠭᠡᠡ ᠨᠦᠬᠦᠪᠦᠷᠢᠯᠡᠵᠦ᠂ ᠠᠷᠠᠳ ᠤᠯᠠᠠ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠬᠤ ᠳᠤ ᠪᠠᠲᠦ ᠴᠢᠩᠭ᠎ᠠ ᠲᠦᠷᠢᠮ ᠤᠨ ᠪᠠᠲᠤᠯᠠᠭ᠎ᠠ ᠲᠠᠢ ᠪᠤᠯᠭᠠᠬᠤ ᠭᠡᠷᠡᠭᠲᠡᠢ᠃ ᠡᠨᠡ ᠤᠳᠠᠭᠠᠨ ᠤ ᠬᠢᠵᠢᠭ ᠲᠠᠢ ᠳᠡᠮᠡᠴᠡᠭᠰᠡᠨ ᠳᠡᠮᠡᠴᠡᠯ ᠪᠤᠯ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠳᠤ ᠬᠢᠭᠰᠡᠨ ᠨᠢᠬᠡᠨ ᠤᠳᠠᠭᠠᠨ ᠤ ᠰᠢᠯᠭᠠᠯᠳᠠ ᠪᠤᠯᠤᠨ᠎ᠠ᠃ ᠳᠤᠳᠠᠭᠤᠳᠠᠯ ᠢᠶᠠᠨ ᠳᠦᠷᠭᠡᠨ ᠨᠦᠬᠦᠪᠦᠷᠢᠯᠡᠵᠦ᠂ ᠠᠯᠳᠠᠭ᠎ᠠ ᠪᠤᠷᠤᠭᠤ ᠪᠠᠨ ᠵᠠᠰᠠᠵᠤ᠂ ᠪᠠᠭᠤᠷᠠᠢ ᠳᠠᠯ᠎ᠠ ᠪᠠᠨ ᠴᠢᠩᠭᠠᠳᠬᠠᠵᠦ᠂ ᠡᠯ᠎ᠠ ᠳᠠᠯ᠎ᠠ ᠶᠢᠨ ᠪᠠᠶᠢᠭᠤᠯᠤᠮᠵᠢ ᠳᠤᠬᠳᠠᠴᠠ ᠪᠠᠨ ᠳᠦᠷᠬᠡᠨ ᠳᠡᠬᠦᠯᠳᠡᠷᠵᠢᠬᠦᠯᠵᠦ᠂ ᠬᠦᠨᠳᠦ ᠶᠡᠭᠡ ᠬᠡᠨᠡᠳᠳᠡ ᠶᠢᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠪᠤᠯᠤᠨ ᠳᠦᠪᠰᠢᠨ ᠢᠶᠠᠨ ᠬᠦᠴᠦᠯᠡᠨ ᠳᠡᠬᠡᠭᠰᠢᠯᠡᠬᠦᠯᠬᠦ ᠬᠡᠷᠡᠭᠳᠡᠢ᠃ ᠬᠦᠴᠦᠷᠬᠡᠭ ᠶᠡᠭᠡ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠵᠦ᠂ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠰᠢᠰᠲ᠋ᠧᠮ ᠢ ᠳᠡᠬᠦᠯᠳᠡᠷᠵᠢᠬᠦᠯᠵᠦ᠂ ᠡᠩ ᠤᠨ ᠦᠶ᠎ᠠ ᠪᠠ ᠳᠠᠶᠢᠨ ᠪᠠᠶᠢᠯᠳᠤᠭᠠᠨ ᠤ ᠴᠠᠬ ᠦᠶ᠎ᠠ ᠶᠢ ᠤᠶᠠᠯᠳᠤᠭᠤᠯᠤᠬᠰᠠᠨ ᠬᠦᠨᠳᠤ ᠶᠡᠭᠡ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠵᠦ ᠠᠪᠤᠷᠠᠨ ᠡᠮᠨᠡᠬᠦ ᠰᠢᠰᠲ᠋ᠧᠮ ᠢ ᠪᠠᠶᠢᠭᠤᠯᠵᠦ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠠᠤᠯᠢᠵᠢᠯ ᠤᠨ ᠪᠠᠳᠤᠯᠠᠭ᠎ᠠ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠳᠤᠯᠭᠠᠭᠤᠷᠢᠯᠡᠯ ᠢ ᠴᠢᠩᠭᠠᠳᠬᠠᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠤᠨ ᠨᠦᠭᠡᠴᠡ ᠪᠤᠯᠤᠨ ᠪᠠᠳᠤᠯᠠᠭ᠎ᠠ ᠶᠢᠨ ᠴᠢᠳᠠᠪᠤᠷᠢ ᠪᠠᠨ ᠳᠡᠬᠡᠭᠰᠢᠯᠡᠬᠦᠯᠵᠦ᠂ ᠬᠤᠯᠪᠤᠭᠠᠯᠠᠨ ᠰᠡᠷᠬᠡᠶᠢᠯᠡᠵᠦ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠬᠡᠶᠢᠯᠡᠨ ᠤᠯᠠᠨ ᠢᠶᠠᠷ ᠢᠶᠠᠨ ᠡᠵᠡᠮᠳᠡᠬᠦ ᠦᠨᠳᠦᠰᠦᠨ ᠱᠠᠳᠤᠨ ᠤ ᠰᠠᠭᠤᠷᠢ ᠶᠢ ᠪᠠᠬᠢᠵᠢᠬᠦᠯᠬᠦ ᠬᠡᠷᠡᠭᠳᠡᠢ᠃ ᠬᠤᠳᠠ ᠶᠢᠨ ᠵᠠᠰᠠᠯᠳᠠ ᠶᠢᠨ ᠰᠢᠰᠲ᠋ᠧᠮ ᠪᠤᠯᠤᠨ ᠬᠤᠳᠠ ᠬᠦᠳᠡᠭᠡ ᠶᠢᠨ ᠦᠨᠳᠦᠰᠦᠨ ᠱᠠᠳᠤᠨ ᠤ ᠵᠠᠰᠠᠯᠳᠠ ᠶᠢᠨ ᠰᠢᠰᠲ᠋ᠧᠮ ᠢ ᠳᠡᠬᠦᠯᠳᠡᠷᠵᠢᠬᠦᠯᠵᠦ᠂ ᠪᠦᠬᠦ ᠦᠶᠡᠯᠡᠯ ᠤᠨ ᠬᠤᠭᠤᠴᠠᠭᠠᠨ ᠤ ᠬᠤᠳᠠ ᠶᠢᠨ ᠡᠷᠡᠭᠦᠯ ᠮᠡᠨᠳᠦ ᠶᠢᠨ ᠬᠠᠮᠢᠶᠠᠷᠤᠯᠳᠠ ᠶᠢᠨ ᠤᠢᠢᠯᠠᠭᠠᠬᠳᠠᠬᠤᠨ ᠢ ᠪᠤᠢ ᠪᠤᠯᠭᠠᠵᠦ᠂ ᠨᠡᠶᠢᠭᠡᠮ ᠤᠨ ᠵᠠᠰᠠᠯᠳᠠ ᠶᠢᠨ ᠶᠡᠷᠦᠩᠬᠡᠢ ᠦᠷ᠎ᠠ ᠪᠦᠲᠦᠮᠵᠢ ᠶᠢ ᠴᠢᠩᠭᠠᠳᠬᠠᠬᠤ ᠬᠡᠷᠡᠭᠳᠡᠢ᠃ ᠠᠮᠢᠳᠤ ᠪᠤᠳᠠᠰ ᠤᠨ ᠠᠮᠤᠷ ᠳᠦᠪᠰᠢᠨ ᠠᠶᠤᠯ ᠳᠦᠭᠰᠢᠬᠦᠷᠢ ᠶᠢ ᠬᠦᠨᠳᠦᠳᠬᠡᠨ ᠦᠵᠡᠵᠦ᠂ ᠤᠯᠤᠰ ᠤᠨ ᠠᠮᠢᠳᠤ ᠪᠤᠳᠠᠰ ᠤᠨ ᠠᠮᠤᠷ ᠳᠦᠪᠰᠢᠨ ᠤ ᠰᠡᠷᠬᠡᠶᠢᠯᠡᠯᠳᠡ ᠶᠢᠨ ᠴᠢᠳᠠᠪᠤᠷᠢ ᠶᠢ ᠳᠡᠬᠡᠭᠰᠢᠯᠡᠬᠦᠯᠬᠦ ᠬᠡᠷᠡᠭᠳᠡᠢ᠃    — ᠪᠢᠲᠠ ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ ᠬᠠᠮᠲᠤ ᠶᠢᠨ ᠴᠤᠭᠴᠠ ᠶᠢᠨ ᠤᠢᠢᠯᠠᠭᠠᠭᠲᠠᠬᠤᠨ ᠢ ᠪᠠᠷᠢᠮᠲᠠᠯᠠᠵᠦ᠂ ᠲᠡᠯᠡᠭᠡᠢ ᠨᠡᠶᠢᠭᠡᠮ ᠲᠠᠢ ᠭᠠᠷ ᠬᠤᠯᠪᠤᠯᠴᠠᠠ ᠡᠲᠦᠷ ᠢᠷᠡᠬᠦᠶ᠎ᠠ ᠭᠡᠴᠡᠭᠦᠳᠡᠵᠤ ᠪᠠᠶᠢᠭ᠎ᠠ ᠪᠦᠬᠦ ᠲᠡᠯᠡᠭᠡᠢ ᠶᠢᠨ ᠴᠢᠨᠠᠷᠲᠠᠢ ᠦᠷᠢᠰᠦᠯᠲᠦᠭᠡᠡ ᠢ ᠠᠷᠭᠠᠴᠠᠭᠠᠬᠤ ᠭᠡᠷᠡᠭᠲᠡᠢ᠃ ᠳᠤᠮᠳᠠᠳᠤ ᠤᠯᠤᠰ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠤᠯᠠᠨ ᠤᠯᠤᠰ ᠤᠨ ᠬᠠᠮᠳᠤᠷᠠᠯᠴᠠᠭ᠎ᠠ ᠶᠢ ᠦᠷᠬᠦᠯᠵᠢᠯᠡᠨ ᠠᠬᠢᠭᠤᠯᠵᠦ᠂ ᠳᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠪᠦᠬᠦ ᠳᠡᠯᠡᠬᠡᠢ ᠶᠢᠨ ᠬᠢᠵᠢᠭ ᠲᠠᠢ ᠳᠡᠮᠡᠴᠡᠬᠦ ᠠᠵᠢᠯ ᠳᠤ ᠤᠳᠤᠷᠢᠳᠬᠤ ᠦᠢᠯᠡᠳᠦᠯ ᠭᠠᠷᠭᠠᠬᠤ ᠶᠢ ᠳᠡᠮᠵᠢᠵᠦ᠂ ᠡᠯ᠎ᠠ ᠤᠯᠤᠰ ᠤᠨ ᠬᠢᠨ ᠲᠠᠢ ᠬᠢᠵᠢᠭ ᠢ ᠰᠡᠷᠬᠡᠶᠢᠯᠡᠨ ᠡᠵᠡᠮᠳᠡᠬᠦ ᠪᠡ ᠠᠪᠤᠷᠠᠨ ᠵᠠᠰᠠᠬᠤ ᠳᠤᠷᠰᠢᠯᠭ᠎ᠠ ᠶᠢ ᠬᠠᠮᠳᠤ ᠪᠠᠷ ᠡᠳ᠋ᠯᠡᠵᠦ᠂ ᠬᠢᠵᠢᠭ ᠤᠨ ᠪᠠᠶᠢᠳᠠᠯ ᠢ ᠠᠷᠭᠠᠴᠠᠭᠠᠬᠤ ᠳᠠᠯ᠎ᠠ ᠪᠠᠷ ᠴᠢᠳᠠᠪᠤᠷᠢ ᠰᠤᠯᠠ ᠪᠠᠭᠤᠷᠠᠢ ᠤᠯᠤᠰ ᠪᠤᠯᠤᠨ ᠭᠠᠵᠠᠷ ᠤᠷᠤᠨ ᠳᠤ ᠦᠷᠬᠦᠯᠵᠢᠯᠡᠨ ᠬᠠᠪᠰᠤᠷᠤᠯᠭ᠎ᠠ ᠳᠡᠮᠵᠢᠯᠬᠡ ᠦᠵᠡᠬᠦᠯᠵᠦ᠂ ᠪᠦᠬᠦ ᠳᠡᠯᠡᠬᠡᠢ ᠶᠢᠨ ᠬᠢᠵᠢᠭ ᠲᠠᠢ ᠳᠡᠮᠡᠴᠡᠬᠦ ᠡᠳ᠋ ᠪᠤᠳᠠᠰ ᠤᠨ ᠬᠠᠮᠤᠬ‌‍ᠤᠨ ᠶᠡᠭᠡ ᠬᠠᠩᠭᠠᠯᠭ᠎ᠠ ᠶᠢᠨ ᠤᠯᠤᠰ ᠤᠨ ᠦᠢᠯᠡᠳᠦᠯ ᠢ ᠪᠠᠳᠠᠷᠠᠭᠤᠯᠵᠦ᠂ ᠬᠦᠮᠦᠨ ᠳᠦᠷᠦᠯᠬᠢᠳᠡᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠬᠠᠮᠳᠤ ᠶᠢᠨ ᠴᠤᠬᠴᠠ ᠶᠢ ᠴᠤᠬᠴᠠᠯᠠᠨ ᠪᠠᠶᠢᠭᠤᠯᠬᠤ ᠶᠢ ᠠᠬᠢᠭᠤᠯᠤᠨ᠎ᠠ᠃ ᠪᠢᠳᠡ ᠳᠡᠯᠡᠬᠡᠢ ᠶᠢᠨ ᠡᠯ᠎ᠠ ᠤᠯᠤᠰ ᠯᠤᠭ᠎ᠠ ᠶᠢᠨ ᠬᠠᠷᠢᠯᠴᠠᠨ ᠠᠰᠢᠬᠳᠠᠢ ᠬᠠᠷᠢᠯᠴᠠᠨ ᠠᠰᠢᠬ ᠬᠦᠷᠳᠡᠬᠡᠬᠦ ᠬᠠᠮᠳᠤᠷᠠᠯᠴᠠᠭ᠎ᠠ ᠶᠢ ᠦᠷᠬᠡᠳᠬᠡᠵᠦ᠂ ᠠᠵᠦ ᠠᠬᠤᠢ‌‍ᠶᠢᠨ ᠳᠡᠯᠡᠬᠡᠶᠢᠵᠢᠯᠳᠡ ᠶᠢ ᠦᠷᠬᠦᠯᠵᠢᠯᠡᠨ ᠠᠬᠢᠭᠤᠯᠵᠦ᠂ ᠤᠯᠠᠨ ᠳᠠᠯᠠᠳᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠦ᠂ ᠪᠦᠬᠦ ᠳᠡᠯᠡᠬᠡᠢ ᠶᠢᠨ ᠠᠵᠦ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶᠡᠨ ᠤ ᠰᠠᠭᠠᠳ ᠦᠬᠡᠢ ᠶᠠᠪᠤᠬᠳᠠᠬᠤ ᠶᠢ ᠬᠠᠮᠠᠭᠠᠯᠠᠵᠦ᠂ ᠳᠡᠯᠡᠬᠡᠢ ᠶᠢᠨ ᠠᠵᠦ ᠠᠬᠤᠢ ᠳᠤ ᠳᠠᠬᠢᠨᠳᠠ ᠬᠦᠭᠵᠢᠯ ᠪᠠᠳᠠᠷᠠᠯ ᠡᠷᠳᠡᠬᠡᠨ ᠢᠯᠡᠷᠡᠬᠦ ᠶᠢ ᠬᠠᠮᠳᠤ ᠪᠠᠷ ᠠᠬᠢᠭᠤᠯᠤᠨ᠎ᠠ᠃ ᠪᠢᠳᠡ ᠡᠯ᠎ᠠ ᠤᠯᠤᠰ ᠤᠨ ᠬᠢᠨ ᠲᠠᠢ ᠬᠠᠮᠳᠤ ᠪᠠᠷ ᠨᠡᠩ ᠪᠠᠭᠳᠠᠭᠠᠮᠵᠢᠳᠠᠢ ᠪᠦᠬᠦ ᠳᠡᠯᠡᠬᠡᠢ ᠶᠢᠨ ᠵᠠᠰᠠᠯᠳᠠ᠂ ᠨᠡᠩ ᠪᠦᠳᠦᠮᠵᠢᠳᠡᠢ ᠤᠯᠠᠨ ᠳᠠᠯᠠᠳᠤ ᠳᠤᠬᠳᠠᠴᠠ᠂ ᠨᠡᠩ ᠢᠳᠡᠪᠬᠢᠳᠡᠢ ᠤᠷᠤᠨ ᠪᠦᠰᠡ ᠶᠢᠨ ᠬᠠᠮᠳᠤᠷᠠᠯᠴᠠᠭ᠎ᠠ ᠪᠦᠷᠢᠯᠳᠦᠬᠦ ᠶᠢ ᠠᠬᠢᠭᠤᠯᠵᠦ᠂ ᠭᠠᠵᠠᠷ ᠤᠷᠤᠨ ᠤ ᠮᠠᠷᠭᠤᠯᠳᠤᠭᠠᠨ ᠪᠤᠯᠤᠨ ᠰᠦᠷᠳᠡᠬᠦᠯᠬᠦ ᠦᠵᠡᠯ᠂ ᠠᠭᠤᠷ ᠠᠮᠢᠰᠬᠤᠯ ᠤᠨ ᠬᠤᠪᠢᠷᠠᠯᠳᠠ᠂ ᠰᠦᠯᠵᠢᠶᠡᠨ ᠤ ᠠᠮᠤᠷ ᠳᠦᠪᠰᠢᠨ᠂ ᠠᠮᠢᠳᠤ ᠪᠤᠳᠠᠰ ᠤᠨ ᠠᠮᠤᠷ ᠳᠦᠪᠰᠢᠨ ᠵᠡᠷᠬᠡ ᠪᠦᠬᠦ ᠳᠡᠯᠡᠬᠡᠢ ᠶᠢᠨ ᠴᠢᠨᠠᠷᠳᠠᠢ ᠠᠰᠠᠭᠤᠳᠠᠯ ᠤᠳ ᠢ ᠬᠠᠮᠳᠤ ᠪᠠᠷ ᠠᠷᠭᠠᠴᠠᠭᠠᠵᠦ᠂ ᠬᠦᠮᠦᠨ ᠳᠦᠷᠦᠯᠬᠢᠳᠡᠨ ᠤ ᠨᠡᠩ ᠭᠤᠶᠤ ᠰᠠᠶᠢᠬᠠᠨ ᠢᠷᠡᠬᠡᠳᠦᠢ ᠶᠢ ᠬᠠᠮᠳᠤ ᠪᠠᠷ ᠴᠤᠬᠴᠠᠯᠠᠬᠤ ᠳᠤᠷᠠᠳᠠᠢ ᠪᠠᠶᠢᠨ᠎ᠠ᠃    — ᠪᠢᠲᠠ ᠬᠤᠷᠢᠭ᠎ᠠ ᠱᠤᠭᠤᠮ ᠤᠨ ᠰᠡᠳᠭᠢᠭᠦᠢ ᠶᠢ ᠪᠠᠷᠢᠮᠲᠠᠯᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠨ᠂ ᠤᠷᠤᠭᠰᠢᠯᠠᠯᠲᠠ ᠶᠢᠨ ᠵᠠᠮ ᠲᠡᠭᠡᠷᠡᠬᠢ ᠡᠯ᠎ᠠ ᠵᠦᠢᠯ ᠤᠨ ᠠᠶᠤᠯ ᠲᠦᠭᠰᠢᠬᠦᠷᠢ ᠶᠢ ᠪᠦᠲᠦᠮᠵᠢᠲᠠᠢ ᠰᠡᠷᠭᠡᠶᠢᠯᠡᠨ ᠨᠠᠮᠲᠠᠭᠠᠬᠤ ᠬᠡᠷᠡᠭᠳᠡᠢ᠃ ᠦᠩᠬᠡᠳᠦ ᠰᠤᠯᠤᠩᠭ᠎ᠠ ᠰᠠᠯᠬᠢ ᠪᠤᠷᠤᠭᠠᠨ ᠲᠠᠢ ᠴᠤᠬ ᠢᠯᠡᠷᠡᠵᠦ᠂ ᠠᠵᠠ ᠳᠤᠬᠢᠶᠠᠯ ᠪᠤᠯᠤᠨ ᠦᠷᠢᠰᠦᠯᠳᠦᠬᠡᠨ ᠵᠡᠷᠭᠡᠴᠡᠨ ᠤᠷᠤᠰᠢᠨ᠎ᠠ᠂ ᠡᠨᠡ ᠪᠤᠯ ᠡᠷᠳᠡᠨ ᠠᠴᠠ ᠨᠠᠭᠠᠰᠢᠬᠢ ᠦᠯᠦ ᠬᠤᠪᠢᠷᠠᠬᠤ ᠬᠤᠪᠢᠰᠤᠩᠭᠤᠢ ᠵᠢᠮ᠎ᠠ ᠶᠤᠰᠤ ᠪᠤᠯᠤᠨ᠎ᠠ᠃ ᠮᠠᠨ ᠤ ᠨᠠᠮ ᠪᠠᠶᠢᠭᠤᠯᠤᠬᠳᠠᠭᠠᠳ ᠵᠠᠭᠤ ᠰᠢᠬᠠᠮ ᠵᠢᠯ ᠪᠤᠯᠤᠬᠰᠠᠨ᠂ ᠰᠢᠨ᠎ᠠ ᠳᠤᠮᠳᠠᠳᠤ ᠤᠯᠤᠰ ᠪᠠᠶᠢᠭᠤᠯᠤᠬᠳᠠᠭᠠᠳ 70 ᠭᠠᠷᠤᠢ ᠵᠢᠯ ᠪᠤᠯᠤᠬᠰᠠᠨ᠂ ᠦᠬᠡᠷᠡᠴᠢᠯᠡᠯᠳᠡ ᠨᠡᠬᠡᠬᠡᠯᠳᠡ ᠬᠢᠬᠡᠳ 40 ᠭᠠᠷᠤᠢ ᠵᠢᠯ ᠪᠤᠯᠤᠬᠰᠠᠨ ᠳᠡᠤᠬᠡ ᠶᠡᠷᠦ ᠠᠴᠠ ᠬᠠᠷᠰᠢ ᠰᠠᠭᠠᠳ ᠦᠬᠡᠢ ᠤᠷᠤᠬᠰᠢᠳᠠᠢ ᠶᠠᠪᠤᠬᠳᠠᠬᠰᠠᠨ ᠦᠬᠡᠢ ᠶᠤᠮ᠃ ᠠᠮᠠᠷᠬᠠᠨ ᠢ ᠰᠠᠨᠠᠪᠠᠯ ᠪᠦᠳᠦᠬᠦ ᠶᠠᠪᠤᠳᠠᠯ ᠠᠯᠠᠭ᠎ᠠ᠂ ᠬᠡᠷᠡᠭ ᠠᠴᠠ ᠵᠠᠶᠢᠯᠠᠪᠠᠯ ᠤᠷᠤᠬᠰᠢᠯᠠᠬᠤ ᠵᠠᠮ ᠠᠯᠠᠭ᠎ᠠ᠃ ᠪᠢᠳᠡ ᠡᠷᠬᠡᠪᠰᠢ ᠤᠯᠤᠰ ᠤᠨ ᠳᠤᠳᠤᠭᠠᠳᠤ ᠭᠠᠳᠠᠭᠠᠳᠤ ᠶᠢᠨ ᠶᠡᠭᠡ ᠬᠠᠨᠳᠤᠰᠢ ᠶᠢ ᠬᠤᠪᠢᠰᠤᠩᠭᠤᠢ ᠪᠠᠷ ᠳᠠᠨᠢᠨ ᠡᠵᠡᠮᠰᠢᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ᠂ ᠰᠢᠰᠲ᠋ᠧᠮᠳᠦ ᠴᠢᠨᠠᠷᠳᠠᠢ᠂ ᠪᠠᠷᠠᠯᠠᠯ ᠤᠨ ᠴᠢᠨᠠᠷᠳᠠᠢ ᠪᠠᠷ ᠰᠤᠳᠤᠯᠤᠯ ᠰᠦᠪᠡᠭᠴᠢᠯᠡᠯ ᠢᠶᠠᠨ ᠴᠢᠩᠭᠠᠳᠬᠠᠵᠤ᠂ ᠭᠠᠳᠠᠭᠠᠳᠤ ᠤᠷᠴᠢᠨ ᠤ ᠬᠤᠪᠢᠷᠠᠯᠳᠠ ᠶᠢ ᠨᠡᠯᠢᠶᠡᠳ ᠤᠷᠳᠤ ᠬᠤᠭᠤᠴᠠᠭ᠎ᠠ ᠪᠠᠷ ᠠᠷᠭᠠᠴᠠᠭᠠᠬᠤ ᠦᠵᠡᠯ ᠰᠠᠨᠠᠭᠠᠨ ᠤ ᠪᠡᠯᠡᠳᠬᠡᠯ ᠪᠤᠯᠤᠨ ᠠᠵᠢᠯ ᠤᠨ ᠪᠡᠯᠡᠳᠬᠡᠯ ᠢ ᠰᠠᠶᠢᠳᠤᠷ ᠬᠢᠵᠦ᠂ ᠬᠢᠮᠦᠷᠡᠯ ᠤᠨ ᠶᠠᠪᠤᠴᠠ ᠳᠤᠮᠳᠠ ᠰᠢᠨ᠎ᠠ ᠠᠵᠠ ᠳᠤᠬᠢᠶᠠᠯ ᠢ ᠪᠤᠶᠢᠵᠢᠭᠤᠯᠬᠤ᠂ ᠬᠤᠪᠢᠷᠠᠯᠳᠠ ᠶᠢᠨ ᠶᠠᠪᠤᠴᠠ ᠳᠤᠮᠳᠠ ᠰᠢᠨ᠎ᠠ ᠪᠠᠶᠢᠳᠠᠯ ᠢ ᠡᠬᠦᠳᠬᠦ ᠳᠡᠭᠡᠨ ᠴᠢᠳᠠᠮᠠᠭᠠᠢ ᠪᠠᠶᠢᠬᠤ ᠬᠡᠷᠡᠭᠳᠡᠢ᠃ ᠡᠷᠬᠡᠪᠰᠢ ᠳᠡᠮᠡᠴᠡᠯ ᠤᠨ ᠵᠤᠷᠢᠬ ᠰᠠᠨᠠᠭ᠎ᠠ ᠶᠢ ᠪᠠᠳᠠᠷᠠᠭᠤᠯᠵᠦ᠂ ᠵᠤᠷᠢᠬᠳᠠᠢ ᠪᠠᠷ ᠳᠡᠮᠡᠴᠡᠵᠦ᠂ ᠴᠢᠳᠠᠮᠠᠭᠠᠢ ᠪᠠᠷ ᠳᠡᠮᠡᠴᠡᠵᠦ᠂ ᠪᠠᠶᠢᠳᠠᠯ ᠤᠨ ᠬᠤᠪᠢᠷᠠᠯᠳᠠ ᠶᠢ ᠦᠨᠳᠦᠰᠦᠯᠡᠨ ᠴᠠᠬ ᠳᠤᠬᠠᠢ ᠳᠤᠨᠢ ᠳᠡᠮᠡᠴᠡᠯ ᠤᠨ ᠠᠷᠭ᠎ᠠ ᠪᠤᠳᠤᠯᠭ᠎ᠠ ᠳᠠᠭᠠᠨ ᠳᠤᠬᠢᠷᠠᠭᠤᠯᠤᠯᠳᠠ ᠬᠢᠵᠦ᠂ ᠪᠦᠯᠬᠦᠮᠲᠡᠵᠦ ᠪᠤᠯᠬᠤ ᠬᠦᠴᠤᠨ ᠪᠦᠬᠦᠨ ᠲᠠᠢ ᠪᠦᠯᠬᠦᠮᠲᠡᠨ᠂ ᠠᠯᠢᠪᠠ ᠢᠲᠡᠪᠬᠢ ᠡᠯᠧᠮᠧᠨ᠋ᠲ ᠢ ᠲᠠᠶᠢᠴᠢᠯᠠᠵᠦ᠂ ᠮᠠᠰᠢ ᠤᠯᠠᠠ ᠰᠢᠨ᠎ᠠ ᠲᠡᠤᠬᠡᠳᠦ ᠤᠨᠴᠠᠯᠢᠭ ᠲᠠᠢ ᠠᠭᠤᠤ ᠶᠡᠭᠡ ᠲᠡᠮᠡᠴᠡᠯ ᠤᠨ ᠰᠢᠨ᠎ᠠ ᠢᠯᠠᠯᠲᠠ ᠶᠢ ᠲᠠᠰᠤᠷᠠᠯᠲᠠ ᠦᠭᠡᠢ ᠤᠯᠬᠤ ᠬᠡᠷᠡᠭᠳᠡᠢ᠃    ᠨᠦᠬᠦᠳ ᠡ᠂ ᠨᠠᠶᠢᠵᠠ ᠨᠠᠷ ᠡ︕    ︽ᠤᠷᠴᠢᠯᠠᠩ ᠲᠠᠯᠠᠬᠡᠢ ᠲᠠᠰᠤᠷᠠᠯᠲᠠ ᠦᠭᠡᠢ ᠤᠷᠴᠢᠨ ᠡᠷᠬᠢᠯᠲᠦᠲᠡᠭ᠂ ᠬᠦᠮᠦᠨ ᠲᠦᠷᠦᠯᠬᠢᠳᠠᠨ ᠲᠠᠰᠤᠷᠠᠯᠲᠠ ᠦᠭᠡᠢ ᠦᠭᠡᠳᠡᠯᠡᠨ ᠬᠦᠭᠵᠢᠬᠦ ᠪᠠᠷ ᠴᠤᠴᠠᠯᠳᠠ ᠦᠭᠡᠢ ᠮᠡᠷᠡᠶᠢᠳᠡᠭ︾ ᠶᠤᠮ᠃ ᠨᠢᠭᠡ ᠦᠨᠲᠦᠰᠦᠲᠠᠠ ᠠᠭᠤᠤ ᠶᠡᠭᠡ ᠪᠠᠶᠢᠵᠦ ᠴᠢᠳᠠᠬᠤ‌‍ᠶᠢᠨ ᠦᠨᠲᠦᠰᠦ ᠨᠢ ᠭᠡᠪᠡᠯ ᠶᠠᠮᠠᠷᠪᠠ ᠬᠦᠴᠢᠷ ᠪᠡᠷᠭᠡᠰᠢᠶᠡᠯ ᠪᠤᠯᠤᠨ ᠠᠶᠤᠯ ᠲᠦᠭᠰᠢᠬᠦᠷᠢ ᠳᠤ ᠲᠤᠯᠭᠠᠷᠠᠭᠰᠠᠨ ᠴᠦ ᠶᠡᠷᠦ ᠠᠴᠠ ᠲᠠᠶᠠᠭᠳᠠᠬᠤ ᠦᠭᠡᠢ᠂ ᠤᠬᠤᠷᠢᠬᠤ ᠦᠭᠡᠢ᠂ ᠵᠤᠭᠰᠤᠬᠤ ᠦᠭᠡᠢ ᠪᠠᠶᠢᠵᠦ᠂ ᠦᠪᠡᠷ ᠤᠨ ᠠᠯᠤᠰ ᠢᠷᠡᠭᠡᠲᠦᠢ ᠬᠤᠪᠢ ᠵᠠᠶᠠᠭᠠᠠ‌‍ᠤ ᠪᠠᠨ ᠲᠦᠯᠦᠭᠡ ᠨᠤᠭᠤᠷᠠᠰᠢ ᠦᠭᠡᠢ ᠴᠦᠬᠦᠷᠡᠰᠢ ᠦᠭᠡᠢ ᠲᠡᠮᠡᠴᠡᠬᠦ ᠳᠤ ᠪᠠᠶᠢᠨ᠎ᠠ᠃ 5000 ᠭᠠᠷᠤᠢ ᠵᠢᠯ ᠤᠨ ᠪᠤᠯᠪᠠᠰᠤᠨ‌‍ᠤ ᠬᠦᠭᠵᠢᠯᠲᠠ ᠶᠢᠨ ᠬᠠᠲᠠᠭᠤ ᠪᠡᠷᠭᠡ ᠲᠡᠮᠡᠴᠡᠯ ᠭᠡᠷᠡᠯ ᠰᠠᠴᠤᠷᠠᠩᠭᠤᠢ ᠠᠮᠵᠢᠯᠲᠠ ᠶᠢᠨ ᠲᠤᠮᠲᠠ ᠠᠴᠠ ᠤᠷᠤᠬᠰᠢᠯᠠᠵᠦ ᠢᠷᠡᠭᠰᠡᠡ ᠲᠤᠮᠲᠠᠲᠤ ᠤᠯᠤᠰ ᠤᠨ ᠠᠷᠠᠳ ᠲᠦᠮᠠᠠ ᠪᠤᠯᠤᠨ ᠲᠤᠮᠲᠠᠲᠤ ᠶᠢᠨ ᠦᠨᠲᠦᠰᠦᠲᠠᠠ ᠯᠠᠪᠳᠠᠢ ᠰᠢᠨ᠎ᠠ ᠴᠠᠭ ᠦᠶ᠎ᠠ ᠶᠢᠨ ᠠᠭᠤᠤ ᠶᠡᠭᠡ ᠠᠶᠠᠠ ᠵᠠᠮ ᠢᠶᠠᠷ ᠤᠷᠤᠭᠰᠢᠯᠠᠠ ᠲᠠᠪᠰᠢᠬᠤ ᠶᠤᠮ᠂ ᠶᠠᠮᠠᠷᠪᠠ ᠬᠦᠮᠦᠨ ᠶᠠᠮᠠᠷᠪᠠ ᠬᠦᠴᠤᠨ ᠭᠡᠳ ᠲᠤᠮᠲᠠᠲᠤ ᠤᠯᠤᠰ ᠤᠨ ᠠᠷᠠᠳ ᠲᠦᠮᠠᠠ ᠤ ᠨᠡᠩ ᠰᠠᠶᠢᠨ ᠰᠠᠶᠢᠬᠠᠠ ᠠᠮᠢᠲᠤᠷᠠᠯ ᠤᠨ ᠲᠦᠯᠦᠭᠡ ᠲᠡᠮᠡᠴᠡᠬᠦ ᠤᠷᠤᠭᠰᠢᠯᠠᠯᠲᠠ ᠶᠢᠨ ᠠᠯᠬᠤᠭ᠎ᠠ ᠶᠢ ᠬᠤᠷᠢᠠᠠᠯᠠᠵᠦ ᠴᠢᠲᠠᠬᠤ ᠦᠭᠡᠢ ᠶᠤᠮ︕    ᠪᠢᠳᠡ ᠨᠡᠩ ᠢᠯᠡᠬᠦᠦ ᠨᠢᠬᠳᠠᠷᠠᠨ ᠪᠦᠯᠬᠦᠮᠳᠡᠵᠦ᠂ ᠬᠢᠵᠢᠭ ᠲᠠᠢ ᠳᠡᠮᠡᠴᠡᠬᠦ ᠠᠭᠤᠤ ᠶᠡᠭᠡ ᠵᠤᠷᠢᠬ ᠰᠠᠨᠠᠭ᠎ᠠ ᠶᠢ ᠶᠡᠭᠡ ᠪᠠᠷ ᠪᠠᠳᠠᠷᠠᠭᠤᠯᠵᠦ᠂ ᠬᠦᠴᠦᠨ ᠢᠶᠠᠨ ᠬᠠᠮᠳᠤᠳᠬᠠᠨ ᠰᠡᠳᠬᠢᠯ ᠢᠶᠠᠨ ᠨᠢᠬᠡᠳᠬᠡᠵᠦ᠂ ᠴᠤᠴᠠᠯᠳᠠ ᠦᠬᠡᠢ ᠤᠷᠤᠬᠰᠢᠯᠠᠨ ᠳᠠᠪᠰᠢᠵᠦ᠂ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠬᠦᠷᠬᠡ ᠶᠢᠨ ᠰᠢᠢᠳᠪᠤᠷᠢᠳᠦ ᠢᠯᠠᠯᠳᠠ ᠶᠢ ᠤᠯᠬᠤ ᠪᠠᠷ ᠬᠦᠴᠦᠯᠡᠨ ᠴᠢᠷᠮᠠᠶᠢᠵᠦ᠂ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠠᠶᠢᠭᠤᠯᠬᠤ ᠰᠢᠨ᠎ᠠ ᠠᠶᠠᠨ ᠳᠤ ᠳᠡᠤᠬᠡ ᠶᠢᠨ ᠠᠤᠭ᠎ᠠ ᠦᠢᠯᠡᠰ ᠢ ᠡᠬᠦᠳᠴᠡᠬᠡᠶ᠎ᠠ︕    ︵ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 8 ᠤ ᠴᠠᠬᠢᠯᠭᠠᠨ ᠮᠡᠳᠡᠭᠡ︶    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号