ᠮᠤᠩᠬᠠᠭ ᠤᠨ ᠬᠠᠷᠠᠩᠭᠤᠢ ᠶᠢ ᠬᠡᠶᠢᠬᠦᠯᠦᠭᠴᠢ ᠲᠤᠯᠢ
ᠨᠡᠶᠢᠲᠡᠯᠡᠭᠰᠡᠨ ᠴᠠᠭ᠄
2020/9/10
  ᠮᠤᠩᠬᠠᠭ ᠤᠨ ᠬᠠᠷᠠᠩᠭᠤᠢ ᠶᠢ ᠬᠡᠶᠢᠬᠦᠯᠦᠭᠴᠢ ᠲᠤᠯᠢ                            — ︽ᠮᠤᠩᠭᠤᠯ ᠰᠤᠳᠤᠯᠤᠯ ᠤᠨ ᠲᠤᠯᠢ ᠪᠢᠴᠢᠭ ᠤᠨ                                 ᠬᠦᠷᠢᠶᠡᠯᠡᠩ︾ ᠤᠨ ᠮᠦᠩᠬᠡᠳᠡᠯᠡᠢ ᠶᠢ ᠰᠤᠷᠪᠤᠯᠵᠢᠯᠠᠭᠰᠠᠨ ᠨᠢ     ᠦᠤᠰᠢᠨ ᠬᠤᠰᠢᠭᠤᠨ ᠤ ᠲᠤᠭ ᠪᠠᠯᠭᠠᠰᠤᠨ ᠳᠠᠬᠢ ᠮᠡᠶᠢᠷᠡᠨᠰᠦ᠋ᠮ᠎ᠡ ᠨᠠᠶᠢᠬᠡᠮ ᠲᠤᠭᠤᠷᠢᠭ ᠲᠤ ᠪᠠᠶᠢᠷᠢᠯᠠᠵᠤ ᠪᠠᠶᠢᠭ᠎ᠠ ︽ᠮᠤᠩᠭᠤᠯ ᠰᠤᠳᠤᠯᠤᠯ ᠤᠨ ᠲᠤᠯᠢ ᠪᠢᠴᠢᠭ ᠤᠨ ᠬᠦᠷᠢᠶᠡᠯᠡᠩ︾ ᠤᠨ ᠡᠵᠡᠨ ᠮᠦᠩᠬᠡᠳᠡᠯᠡᠢ ᠶᠢ ᠲᠡᠯᠬᠡᠨ ᠦᠵᠡᠬᠦᠯᠬᠡ ᠶᠢᠨ ᠬᠡᠷ ᠲᠤᠨᠢ ᠰᠤᠷᠪᠤᠯᠵᠢᠯᠠᠪᠠ᠃    ᠰᠤᠷᠪᠤᠯᠵᠢᠯᠠᠭᠴᠢ᠄ ᠲᠠ ᠮᠤᠩᠭᠤᠯ ᠰᠤᠳᠤᠯᠤᠯ ᠤᠨ ᠲᠤᠯᠢ ᠪᠢᠴᠢᠭ ᠤᠨ ᠬᠦᠷᠢᠶᠡᠯᠡᠩ ᠤᠨ ᠢᠶᠠᠨ ᠲᠤᠬᠠᠢ ᠲᠠᠶᠢᠯᠪᠤᠷᠢᠯᠠᠯᠲᠠ ᠬᠢᠬᠦ ᠪᠤᠯᠪᠠ ᠤᠤ︖
    ᠮᠦᠩᠬᠡᠳᠡᠯᠡᠢ᠄ ︽ᠮᠤᠩᠭᠤᠯ ᠰᠤᠳᠤᠯᠤᠯ ᠤᠨ ᠲᠤᠯᠢ ᠪᠢᠴᠢᠭ ᠤᠨ ᠬᠦᠷᠢᠶᠡᠯᠡᠩ︾ ᠢ 2019 ᠤᠨ ᠤ 3 ᠰᠠᠷ᠎ᠠ ᠠᠴᠠ ᠤᠷᠳᠤᠰ ᠬᠤᠲᠠ ᠶᠢᠨ ᠦᠦᠰᠢᠨ ᠬᠤᠰᠢᠭᠤᠨ ᠤ ᠲᠤᠭ ᠪᠠᠯᠭᠠᠰᠤᠨ ᠤ ᠮᠠᠶᠢᠷᠠᠨᠰᠦ᠋ᠮ᠎ᠡ ᠨᠠᠶᠢᠬᠡᠮ ᠲᠤᠭᠤᠷᠢᠭ ᠲᠤ ᠡᠬᠢᠯᠡᠨ ᠪᠠᠶᠢᠭᠤᠯᠵᠤ᠂ 2019 ᠤᠨ ᠤ 7 ᠰᠠᠷ᠎ᠠ ᠶᠢᠨ 13 ᠠᠴᠠ ᠲᠤᠯᠢ ᠪᠢᠴᠢᠭ ᠤᠳ ᠢᠶᠠᠨ ᠳᠡᠯᠭᠡᠨ ᠦᠵᠡᠭᠦᠯᠦᠭᠡᠳ ᠡᠳᠦᠭᠡ ᠬᠦᠷᠴᠦ ᠪᠠᠶᠢᠨ᠎ᠠ᠃ ᠪᠢ ᠡ᠊ᠨᠳᠡ ᠭᠤᠴᠢᠨ ᠬᠤᠶᠠᠷ ᠲᠤᠨ ᠨᠤᠮ ᠲᠠᠳᠠᠵᠤ ᠢᠷᠡᠭᠰᠡᠨ ᠶᠤᠮ᠃ ᠨᠠᠶᠢᠬᠡᠮ ᠲᠤᠭᠤᠷᠢᠭ ᠡᠶᠢᠮᠤ ᠬᠡᠷ ᠢ ᠰᠦᠢᠳᠬᠡᠯ ᠦᠬᠡᠢ ᠪᠠᠷ ᠬᠠᠩᠭᠠᠨ ᠦᠭᠬᠦᠭᠰᠡᠨ ᠨᠢ ᠶᠡᠭᠡ ᠰᠤᠨᠢᠨ ᠪᠤᠯᠤᠯ᠎ᠠ᠃ ᠮᠠᠨ ᠤ ᠡᠨᠡ ᠲᠤᠯᠢ ᠪᠢᠴᠢᠭ ᠤᠨ ᠬᠦᠷᠢᠶᠡᠯᠡᠩ 138 ᠲᠡᠭᠰᠢ ᠲᠦᠷᠪᠡᠯᠵᠢᠨ ᠮᠧᠲᠷ ᠲᠠᠯᠠᠪᠠᠢ ᠲᠠᠢ᠃ ᠬᠡᠪᠡᠴᠤ ᠮᠢᠨᠤ ᠵᠢᠩᠬᠢᠨᠢ ᠲᠤᠯᠢ ᠪᠢᠴᠢᠭ ᠤᠨ ᠬᠦᠷᠢᠶᠡᠯᠡᠩ ᠤᠨ ᠬᠤᠪᠢ ᠳᠤ ᠠᠷᠠᠢ ᠪᠠᠰᠠ ᠪᠠᠭ᠎ᠠ ᠪᠠᠶᠢᠭᠰᠠᠭᠠᠷ᠃ ᠪᠢ ᠡ᠊ᠨᠳᠡ ᠵᠦᠪᠬᠡᠨ ᠨᠢᠬᠡ ᠬᠡᠰᠡᠭ ᠲᠤᠯᠢ ᠪᠢᠴᠢᠭ ᠢᠶᠠᠨ ᠲᠡᠯᠬᠡᠨ ᠦᠵᠡᠬᠦᠯᠵᠤ ᠪᠠᠶᠢᠨ᠎ᠠ᠃ ᠡᠭᠦᠨ ᠠᠴᠠ ᠭᠠᠳᠠᠨ᠎ᠠ ᠤᠳᠤᠬᠠᠨ ᠳᠤ ᠭᠠᠵᠠᠷ ᠦᠭᠡᠢ ᠠᠴᠠ ᠪᠤᠯᠵᠤ ᠳᠡᠯᠭᠡᠵᠦ ᠦᠵᠡᠬᠦᠯᠵᠦ ᠴᠢᠳᠠᠭᠠᠳᠦᠢ 1400 ᠭᠠᠷᠤᠢ ᠬᠤᠪᠢ ᠮᠤᠩᠭᠤᠯ ᠰᠤᠳᠤᠯᠤᠯ ᠤᠨ ᠲᠣᠯᠢ ᠪᠢᠴᠢᠭ ᠪᠤᠶᠤ ᠲᠣᠯᠢ ᠪᠢᠴᠢᠭ ᠤᠨ ᠰᠤᠳᠤᠯᠭ᠎ᠠ ᠰᠢᠨᠵᠢᠯᠡᠭᠡᠨ ᠤ ᠮᠠᠲ᠋ᠧᠷᠢᠶᠠᠯ ᠤᠳ ᠪᠠᠶᠢᠨ᠎ᠠ᠃ ᠬᠡᠪᠡᠴᠤ ᠦᠨᠳᠤᠰᠤᠨ ᠳᠡᠭᠡᠨ ᠲᠤᠯᠢ ᠪᠢᠴᠢᠭ ᠤᠨ ᠪᠦᠷᠢᠨ ᠪᠠᠶᠢᠳᠠᠯ ᠢ ᠬᠠᠷᠠᠭᠤᠯᠴᠢᠬᠠᠬᠤ ᠠᠴᠠ ᠲᠡᠯᠬᠡᠨ ᠦᠵᠡᠬᠦᠯᠬᠡ ᠬᠢᠵᠤ ᠪᠠᠶᠢᠨ᠎ᠠ᠃ ᠵᠢᠱᠢᠶᠡᠯᠡᠪᠡᠯ᠂ 1717 ᠤᠨ ᠳᠤ ᠮᠠᠨᠵᠤ ᠶᠢᠨ ᠵᠠᠰᠠᠭ ᠤᠨ ᠭᠠᠵᠠᠷ ᠮᠠᠨᠵᠤ ᠶᠢᠨ ᠬᠠᠭᠠᠨ ᠤ ᠵᠢᠭᠠᠪᠤᠷᠢ ᠪᠠᠷ ᠬᠢᠵᠤ ᠬᠡᠪᠯᠡᠭᠰᠡᠨ ︽ᠮᠠᠨᠵᠤ ᠮᠤᠩᠭᠤᠯ ᠬᠡᠯᠡᠨ ᠤ ᠲᠠᠶᠢᠯᠪᠤᠷᠢ ᠲᠤᠯᠢ︾᠂ ᠡᠭᠦᠨ ᠤ ᠶᠠᠭ ᠲᠤᠯᠢ ᠨᠢ ᠡᠬᠦᠨ ᠠᠴᠠ ᠪᠠᠰᠠ ᠤᠷᠳᠤ᠂ ᠡᠨᠡ ᠪᠤᠯ ᠲᠡᠬᠦᠨ ᠤ ᠬᠡᠷᠡᠯ ᠵᠢᠷᠤᠭ ᠤᠨ ᠬᠡᠪ ᠪᠤᠯᠤᠨ᠎ᠠ᠃ ᠡᠶᠢᠮᠤ ᠮᠠᠶ᠋ᠢᠭ ᠤᠨ ᠲᠤᠯᠢ ᠨᠤᠭᠤᠳ ᠢ ᠪᠤᠯᠬᠤ ᠨᠦᠬᠦᠴᠡᠯ ᠤᠨ ᠲᠤᠤᠷ᠎ᠠ ᠪᠢ ᠪᠦᠷ ᠡᠯ᠎ᠡ ᠤᠨ ᠤ ᠬᠡᠪᠯᠡᠯ ᠤᠳ ᠢ ᠤᠯᠵᠤ ᠪᠦᠷᠢᠳᠬᠡᠨ ᠲᠠᠯᠪᠢᠵᠤ ᠪᠠᠶᠢᠭ᠎ᠠ ᠶᠤᠮ᠃ ᠮᠢᠨᠤ ᠡᠨᠡ ᠲᠤᠯᠢ ᠨᠤᠭᠤᠳ ᠪᠤᠯ ᠪᠦᠷ ᠮᠤᠩᠭᠤᠯ ᠬᠡᠯᠡ ᠪᠠᠷ ᠬᠡᠪᠯᠡᠭᠰᠡᠨ ᠪᠤᠶᠤ ᠮᠤᠩᠭᠤᠯ ᠲᠠᠢ ᠬᠠᠮᠢᠶ᠎ᠠ ᠲᠠᠢ ᠲᠤᠯᠢ ᠨᠤᠭᠤᠳ ᠪᠠᠶᠢᠭ᠎ᠠ ᠶᠤᠮ᠃ ᠡᠬᠦᠨ ᠳᠤ ᠮᠤᠩᠭᠤᠯ᠂ ᠶᠠᠫᠤᠨ᠂ ᠭᠧᠷᠮᠡᠨ᠂ ᠤᠷᠤᠰ᠂ ᠬᠢᠳᠠᠳ ᠬᠡᠬᠦᠴᠢᠯᠡᠨ ᠤᠯᠠᠨ ᠬᠡᠯᠡᠨ ᠤ ᠲᠤᠯᠢ ᠨᠤᠭᠤᠳ ᠪᠠᠶᠢᠬᠤ ᠠᠴᠠ ᠭᠠᠳᠠᠨ᠎ᠠ ᠮᠤᠩᠭᠤᠯᠴᠤᠳ ᠤᠨ ᠦᠪᠡᠷ ᠲᠡᠭᠡᠨ ᠬᠡᠪᠯᠡᠬᠦᠯᠦᠭᠰᠡᠨ ᠮᠠᠰᠢ ᠠᠷᠪᠢᠨ ᠲᠤᠯᠢ ᠨᠤᠭᠤᠳ ᠪᠠᠶᠢᠭ᠎ᠠ ᠶᠤᠮ᠃     ᠰᠤᠷᠪᠤᠯᠵᠢᠯᠠᠭᠴᠢ᠄ ᠲᠡᠬᠡᠪᠡᠯ ︽ᠮᠤᠩᠭᠤᠯ ᠰᠤᠳᠤᠯᠤᠯ ᠤᠨ ᠲᠤᠯᠢ ᠪᠢᠴᠢᠭ ᠤᠨ ᠬᠦᠷᠢᠶᠡᠯᠡᠩ︾ ᠳᠤ ᠴᠤᠬᠤᠮ ᠶᠠᠮᠠᠷ ᠶᠠᠮᠠᠷ ᠲᠦᠷᠤᠯ ᠤᠨ ᠲᠤᠯᠢ ᠨᠤᠭᠤᠳ ᠬᠡᠳᠤᠢ ᠶᠢ ᠲᠡᠯᠬᠡᠨ ᠦᠵᠡᠬᠦᠯᠵᠤ ᠪᠠᠶᠢᠳᠠᠭ ᠪᠤᠢ︖     ᠮᠦᠩᠬᠡᠳᠠᠯᠠᠢ᠄ ︽ᠮᠤᠩᠭᠤᠯ ᠰᠤᠳᠤᠯᠤᠯ ᠤᠨ ᠲᠤᠯᠢ ᠪᠢᠴᠢᠭ ᠤᠨ ᠬᠦᠷᠢᠶᠡᠯᠡᠩ︾ ᠳᠤ ᠮᠤᠩᠭᠤᠯ ᠬᠡᠯᠡ ᠪᠢᠴᠢᠭ᠂ ᠲᠡᠦᠬᠡ᠂ ᠭᠠᠵᠠᠷ ᠵᠦᠢ᠂ ᠤᠯᠤᠰ ᠲᠥᠷᠥ᠂ ᠡᠳ᠋ ᠤᠨ ᠵᠠᠰᠠᠭ᠂ ᠭᠦᠨ ᠤᠬᠠᠭᠠᠨ᠂ ᠬᠠᠤᠯᠢ ᠴᠠᠭᠠᠵᠠ᠂ ᠱᠠᠰᠢᠨ ᠰᠤᠷᠳᠠᠬᠤᠨ᠂ ᠴᠡᠷᠢᠭ ᠤᠨ ᠶᠠᠪᠤᠳᠠᠯ᠂ ᠤᠳᠬ᠎ᠠ ᠵᠤᠬᠢᠶᠠᠯ᠂ ᠤᠷᠠᠯᠢᠭ᠂ ᠤᠳᠤᠨ ᠤᠷᠤᠨ᠂ ᠠᠨᠠᠭᠠᠬᠤ ᠤᠬᠠᠭᠠᠨ ᠵᠡᠷᠭᠡ ᠤᠯᠠᠨ ᠲᠦᠷᠦᠯ ᠤᠨ ᠨᠠᠶᠢᠲᠡ 2600 ᠭᠠᠷᠤᠢ ᠬᠤᠪᠢ᠂ ᠳᠡᠯᠡᠬᠡᠢ ᠶᠢᠨ 10 ᠭᠠᠷᠤᠢ ᠤᠯᠤᠰ ᠤᠷᠤᠨ ᠳᠤ ᠬᠡᠪᠯᠡᠭᠳᠡᠭᠰᠡᠨ ᠮᠤᠩᠭᠤᠯ ᠰᠤᠳᠤᠯᠤᠯ ᠤᠨ ᠲᠣᠯᠢ ᠪᠢᠴᠢᠭ ᠪᠤᠶᠤ ᠲᠣᠯᠢ ᠪᠢᠴᠢᠭ ᠤᠨ ᠰᠤᠳᠤᠯᠭ᠎ᠠ ᠰᠢᠨᠵᠢᠯᠡᠭᠡᠨ ᠤ ᠮᠠᠲ᠋ᠧᠷᠢᠶᠠᠯ᠂ ᠲᠣᠯᠢ ᠪᠢᠴᠢᠭ ᠤᠨ ᠡᠬᠡ ᠨᠤᠤᠷᠠᠭ ᠤᠳ ᠢ ᠳᠡᠯᠭᠡᠨ ᠦᠵᠡᠬᠦᠯᠵᠦ ᠪᠠᠶᠢᠨ᠎ᠠ᠃ ᠡᠭᠦᠨ ᠳᠤ 18 ᠳ᠋ᠤᠭᠠᠷ ᠵᠠᠭᠤᠨ ᠠᠴᠠ 20 ᠳ᠋ᠤᠭᠠᠷ ᠵᠠᠭᠤᠨ ᠤ ᠳᠤᠮᠳᠠᠴᠢ ᠬᠦᠷᠲᠡᠯᠡᠬᠢ ᠬᠤᠭᠤᠴᠠᠭᠠᠨ ᠳᠤ ᠨᠠᠶᠢᠷᠠᠭᠤᠯᠤᠭᠳᠠᠨ ᠬᠡᠪᠯᠡᠭᠳᠡᠭᠰᠡᠨ 50 ᠭᠠᠷᠤᠢ ᠲᠣᠯᠢ ᠪᠢᠴᠢᠭ ᠪᠠᠶᠢᠨ᠎ᠠ᠃ ᠲᠤᠬᠠᠶᠢᠯᠠᠪᠠᠯ ᠦᠵᠦᠮᠦᠴᠢᠨ ᠭᠦᠩ ᠭᠤᠮᠪᠤᠵᠠᠪ ᠤᠨ 1733 ᠣᠨ ᠳᠤ ᠪᠡᠭᠡᠵᠢᠩ ᠳᠤ ᠮᠤᠳᠤᠨ ᠪᠠᠷ ᠢᠶᠠᠷ ᠬᠡᠪᠯᠡᠭᠰᠡᠨ ︽ᠡᠮ ᠤᠨ ᠨᠠᠷ᠎ᠡ᠂ ᠳᠦᠪᠡᠳ ᠬᠢᠲᠠᠳ ᠬᠠᠳᠠᠮᠠᠯ ᠣᠷᠣᠰᠢᠪᠠ︾ ︵ᠮᠤᠩᠭᠤᠯ᠂ ᠬᠢᠲᠠᠳ᠂ ᠲᠦᠪᠠᠳ ᠬᠠᠷᠢᠴᠠᠭᠤᠯᠤᠭᠰᠠᠨ ᠡᠮ ᠤᠨ ᠨᠡᠷᠡᠰ ᠤᠨ ᠲᠣᠯᠢ︶︔ 1737 ᠣᠨ ᠳᠤ ᠪᠡᠭᠡᠵᠢᠩ ᠳᠤ ᠮᠤᠳᠤᠨ ᠪᠠᠷ ᠢᠶᠠᠷ ᠬᠡᠪᠯᠡᠭᠰᠡᠨ ︽ᠳᠦᠪᠡᠳ ᠦᠭᠡ ᠬᠢᠯᠪᠡᠷ ᠰᠤᠷᠬᠤ ᠪᠢᠴᠢᠭ ᠭᠤᠷᠪᠠ ᠰᠢᠭᠦᠵᠦ ᠵᠠᠰᠠᠭᠰᠠᠨ ᠤᠷᠤᠰᠢᠪᠠᠢ︾ ︵ᠳᠦᠪᠡᠳ ᠮᠤᠩᠭᠤᠯ ᠳᠣᠬᠢᠶᠠᠨ ᠤ ᠪᠢᠴᠢᠭ︶︔ 1850 ᠣᠨ ᠤ ᠦᠶ᠎ᠡ ᠳᠤ ᠪᠡᠭᠡᠵᠢᠩ ᠳᠤ ᠮᠤᠳᠤᠨ ᠪᠠᠷ ᠢᠶᠠᠷ ᠬᠡᠪᠯᠡᠭᠰᠡᠨ ︽ᠳᠦᠷᠪᠡᠨ ᠵᠦᠢᠯ ᠤᠨ ᠦᠰᠦᠭ ᠬᠠᠪᠰᠤᠷᠤᠭᠰᠠᠨ ᠲᠣᠯᠢ ᠪᠢᠴᠢᠭ︾︔ 1913 ᠣᠨ ᠳᠤ ᠪᠡᠭᠡᠵᠢᠩ ᠳᠤ ᠴᠢᠯᠠᠭᠤᠨ ᠪᠠᠷ ᠢᠶᠠᠷ ᠬᠡᠪᠯᠡᠭᠰᠡᠨ ︽ᠮᠣᠩᠭᠤᠯ ᠬᠢᠲᠠᠳ ᠮᠠᠨᠵᠤ ᠦᠰᠦᠭ ᠤᠨ ᠰᠠᠨ ᠬᠡ︾ ︵ᠮᠣᠩᠭᠤᠯ᠂ ᠬᠢᠲᠠᠳ᠂ ᠮᠠᠨᠵᠤ ᠬᠡᠯᠡᠨ ᠤ ᠬᠠᠷᠢᠴᠠᠭᠤᠯᠤᠭᠰᠠᠨ ᠲᠣᠯᠢ︶︔ 1940 ᠤᠨ ᠤ ᠦᠶ᠎ᠡ ᠳᠤ ᠲᠤᠭᠤᠷᠪᠢᠭᠰᠠᠨ ︽ᠮᠣᠩᠭᠤᠯ ᠬᠢᠲᠠᠳ ᠮᠠᠨᠵᠤ ᠲᠣᠯᠢ ᠪᠢᠴᠢᠭ︾ ᠤᠨ ᠭᠠᠷ ᠡᠬᠡ︔ 1940 ᠣᠨ ᠤ ᠦᠶ ᠎ᠡ ᠶᠢᠨ ᠰᠡᠬᠦᠯᠴᠢ ᠳᠤ ᠬᠠᠭᠤᠴᠢᠨ ᠪᠠᠷᠭᠤ ᠶᠢᠨ ᠪᠤᠶᠠᠨᠪᠢᠯᠢᠭ᠌ ᠤᠨ ᠲᠤᠭᠤᠷᠪᠢᠭᠰᠠᠨ ︽ᠨᠡᠷᠡᠰ ᠤᠨ ᠲᠣᠯᠢ ᠶᠢᠨ ᠡᠬᠡ ᠪᠢᠴᠢᠭ︾︔ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 10 ᠵᠢᠯ ᠤᠨ ᠣᠢ ᠳᠤ ᠵᠣᠷᠢᠭᠤᠯᠤᠨ ᠦᠪᠦᠷ ᠮᠤᠩᠭᠤᠯ ᠤᠨ ᠬᠡᠯᠡ ᠤᠳᠬ᠎ᠠ ᠵᠣᠬᠢᠶᠠᠯ ᠰᠤᠳᠤᠯᠬᠤ ᠭᠠᠵᠠᠷ ᠠᠴᠠ ᠨᠠᠶᠢᠷᠠᠭᠤᠯᠤᠭᠰᠠᠨ ︽ᠬᠢᠲᠠᠳ — ᠮᠣᠩᠭᠤᠯ ᠲᠣᠯᠢ ︵ᠨᠣᠣᠷᠠᠭ︶︾ ᠵᠡᠷᠭᠡ ᠮᠠᠰᠢ ᠣᠯᠠᠨ ᠬᠤᠪᠤᠷᠬᠠᠨ ᠬᠡᠪᠯᠡᠯ ᠪᠤᠶᠤ ᠭᠠᠭᠴᠠᠬᠠᠨ ᠬᠤᠪᠢ ᠪᠠᠶᠢᠭ᠎ᠠ ᠭᠠᠷ ᠪᠢᠴᠢᠮᠠᠯ ᠲᠣᠯᠢ ᠪᠢᠴᠢᠭ ᠤᠳ ᠢ ᠳᠡᠯᠭᠡᠨ ᠦᠵᠡᠭᠦᠯᠵᠦ ᠪᠠᠶᠢᠨ᠎ᠠ᠃    ᠰᠤᠷᠪᠤᠯᠵᠢᠯᠠᠭᠴᠢ᠄ ᠲᠠᠨ ᠤ ︽ᠮᠤᠩᠭᠤᠯ ᠰᠤᠳᠤᠯᠤᠯ ᠤᠨ ᠲᠤᠯᠢ ᠪᠢᠴᠢᠭ ᠤᠨ ᠬᠦᠷᠢᠶᠡᠯᠡᠩ︾ ᠤᠨ ᠲᠤᠬᠠᠢ ᠨᠠᠶᠢᠬᠡᠮ ᠨᠠᠶᠢᠳᠠ ᠶᠢᠨ ᠬᠢᠨ ᠬᠢᠷᠢ ᠵᠡᠷᠬᠡ ᠮᠡᠳᠡᠷᠡᠵᠤ ᠠᠰᠢᠭᠯᠠᠵᠤ ᠪᠠᠶᠢᠳᠠᠭ ᠪᠤᠢ︖     ᠮᠦᠩᠬᠡᠳᠡᠯᠡᠢ᠄ ᠮᠠᠨ ᠤ ᠲᠣᠯᠢ ᠪᠢᠴᠢᠭ ᠤᠨ ᠬᠦᠷᠢᠶᠡᠯᠡᠩ ᠨᠢ ᠳᠤᠮᠳᠠᠳᠤ ᠤᠯᠤᠰ ᠴᠢᠨᠠᠭᠰᠢᠯᠠᠨ ᠳᠡᠯᠡᠬᠡᠢ ᠶᠢᠨ ᠣᠯᠠᠨ ᠤᠯᠤᠰ ᠲᠤ ᠴᠤ ᠤᠳᠤᠬᠠᠨ ᠳᠤ ᠴᠤᠷ ᠤᠨ ᠭᠠᠭᠴᠠ ᠪᠠᠶᠢᠭ᠎ᠠ ᠮᠣᠩᠭᠤᠯ ᠲᠣᠯᠢ ᠪᠢᠴᠢᠭ ᠤᠨ ᠳᠤᠰᠬᠠᠢ ᠨᠣᠮ ᠤᠨ ᠰᠠᠩ ᠪᠠᠶᠢᠭ᠎ᠠ ᠶᠤᠮ᠃ ᠮᠦᠨ ᠴᠤ ᠮᠣᠩᠭᠤᠯ ᠲᠣᠯᠢ ᠪᠢᠴᠢᠭ ᠤᠨ ᠡᠷᠲᠡᠨ ᠠᠴᠠ ᠡᠳᠦᠭᠡ ᠬᠦᠷᠲᠡᠯᠡᠬᠢ ᠲᠡᠦᠬᠡᠨ ᠪᠠᠶᠢᠳᠠᠯ ᠢ ᠬᠦᠮᠦᠰ ᠲᠤ ᠲᠠᠨᠢᠯᠴᠠᠭᠤᠯᠬᠤ᠂ ᠲᠣᠯᠢ ᠪᠢᠴᠢᠭ ᠤᠳ ᠢ ᠰᠣᠨᠢᠷᠬᠠᠭᠴᠢᠳ ᠲᠤ ᠠᠰᠢᠭᠯᠠᠭᠤᠯᠬᠤ᠂ ᠲᠣᠯᠢ ᠪᠢᠴᠢᠭ ᠨᠠᠶᠢᠷᠠᠭᠤᠯᠬᠤ ᠠᠵᠢᠯ ᠳᠤ ᠦᠢᠯᠡᠴᠢᠯᠡᠬᠦ ᠵᠡᠷᠭᠡ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠰᠤᠶᠤᠯ ᠤᠨ ᠪᠦᠲᠦᠭᠡᠨ ᠪᠠᠶᠢᠭᠤᠯᠤᠯᠲᠠ ᠪᠤᠯᠤᠨ ᠵᠤᠭᠠᠴᠠᠯ ᠢ ᠤᠶᠠᠯᠳᠤᠭᠤᠯᠤᠭᠰᠠᠨ᠂ ᠦᠨ᠎ᠡ ᠲᠦᠯᠦᠪᠦᠷᠢ ᠦᠭᠡᠢ ᠪᠠᠷ ᠦᠢᠯᠡᠴᠢᠯᠡᠬᠦ ᠪᠣᠯᠣᠮᠵᠢ ᠶᠢ ᠬᠠᠩᠭᠠᠵᠤ ᠪᠠᠶᠢᠭ᠎ᠠ ᠨᠣᠮ ᠤᠨ ᠰᠠᠩ ᠶᠤᠮ᠃ ᠳᠡᠯᠭᠡᠨ ᠦᠵᠡᠬᠦᠯᠵᠦ ᠪᠠᠶᠢᠭ᠎ᠠ ᠬᠤᠭᠤᠴᠠᠭᠠᠨ ᠳᠤ ᠲᠥᠪ ᠤᠨ ᠦᠨᠳᠦᠰᠦᠲᠡᠨ ᠤ ᠬᠡᠯᠡᠨ ᠤ ᠤᠷᠴᠢᠭᠤᠯᠭ᠎ᠠ ᠶᠢᠨ ᠲᠣᠪᠴᠢᠶ᠎ᠠ᠂ ᠳᠤᠮᠳᠠᠳᠤ ᠤᠯᠤᠰ ᠤᠨ ᠨᠠᠢᠮᠠᠨ ᠮᠤᠵᠢ ᠤᠷᠤᠨ ᠤ ᠮᠤᠩᠭᠤᠯ ᠣᠷᠴᠢᠭᠤᠯᠤᠭᠴᠢᠳ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠡᠯᠡ ᠪᠢᠴᠢᠭ ᠰᠤᠳᠤᠯᠬᠤ ᠭᠠᠵᠠᠷ᠂ ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠳᠡᠮᠳᠡᠳ᠂ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ᠂ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ᠂ ︽ᠮᠤᠩᠭᠤᠯ ᠵᠦᠪ ᠪᠢᠴᠢᠯᠭᠡ ᠶᠢᠨ ᠲᠣᠯᠢ︾ ᠶᠢᠨ ᠨᠠᠶᠢᠷᠠᠭᠤᠯᠤᠭᠴᠢᠳ᠂ ᠦᠪᠦᠷ ᠮᠤᠩᠭᠤᠯ ᠤᠨ ᠬᠠᠤᠯᠢᠴᠢᠳ ᠤᠨ ᠨᠡᠶᠢᠬᠡᠮᠯᠢᠭ ᠤᠨ ᠬᠠᠤᠯᠢᠴᠢᠳ᠂ ᠦᠪᠦᠷ ᠮᠤᠩᠭᠤᠯ ᠤᠨ ᠨᠣᠮ ᠤᠨ ᠰᠠᠩ᠂ ᠤᠷᠳᠤᠰ ᠬᠤᠲᠠ ᠶᠢᠨ ᠨᠣᠮ ᠤᠨ ᠰᠠᠩ ᠤᠨ ᠰᠤᠳᠤᠯᠬᠤ ᠰᠠᠩᠴᠢᠳ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠤᠷᠳᠤᠰ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠤᠳᠤᠷᠢᠳᠤᠯᠭ᠎ᠠ᠂ ᠦᠪᠦᠷ ᠮᠤᠩᠭᠤᠯ ᠤᠨ ᠡᠳᠦᠷ ᠤᠨ ᠰᠤᠨᠢᠨ᠂ ᠦᠪᠦᠷ ᠮᠤᠩᠭᠤᠯ ᠤᠨ ᠲᠧᠯᠸᠢᠰ ᠬᠤᠷᠢᠶᠠᠨ ᠤ ᠰᠤᠷᠪᠤᠯᠵᠢᠯᠠᠭᠴᠢᠳ ᠪᠤᠯᠤᠨ ᠬᠤᠲᠠ᠂ ᠬᠤᠰᠢᠭᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠤᠯᠭ᠎ᠠ᠂ ᠡᠯ᠎ᠡ ᠰᠤᠷᠭᠠᠭᠤᠯᠢ ᠶᠢᠨ ᠪᠠᠭᠰᠢ᠂ ᠰᠤᠷᠤᠭᠴᠢᠳ᠂ ᠮᠠᠯᠴᠢᠨ ᠲᠠᠷᠢᠶᠠᠴᠢᠨ᠂ ᠬᠡᠪᠯᠡᠯ ᠮᠡᠳᠡᠭᠡᠯᠡᠯ ᠤᠨ ᠠᠵᠢᠯᠲᠠᠨ ᠵᠡᠷᠭᠡ ᠨᠡᠶᠢᠲᠡ 2000 ᠭᠠᠷᠤᠢ ᠬᠦᠮᠦᠨ ᠲᠣᠭᠤᠷᠢᠨ ᠦᠵᠡᠵᠦ᠂ ᠵᠠᠷᠢᠮ ᠪᠠᠶᠢᠭᠤᠯᠭ᠎ᠠ ᠨᠢᠭᠡᠴᠢ ᠪᠤᠶᠤ ᠬᠤᠪᠢ ᠬᠦᠮᠤᠨ ᠮᠠᠨ ᠤ ᠬᠦᠷᠢᠶᠠᠯᠠᠩ ᠲᠠᠢ ᠬᠠᠮᠲᠤᠷᠠᠨ ᠠᠵᠢᠯᠯᠠᠬᠤ ᠬᠦᠰᠡᠯ ᠢᠶᠠᠨ ᠲᠠᠯᠪᠢᠭᠠᠳ ᠪᠠᠶᠢᠨ᠎ᠠ᠃     ᠰᠤᠷᠪᠤᠯᠵᠢᠯᠠᠭᠴᠢ᠄ ᠲᠠ ᠶᠠᠭᠠᠬᠢᠭᠠᠳ ᠲᠤᠯᠢ ᠪᠢᠴᠢᠭ ᠴᠤᠭᠯᠠᠭᠤᠯᠵᠤ ᠡᠬᠢᠯᠡᠭᠰᠡᠨ ᠪᠤᠢ︖     ᠮᠦᠩᠬᠡᠳᠡᠯᠡᠢ᠄ ᠪᠢ ᠤᠤᠯ ᠨᠢ ᠬᠦᠬᠡᠬᠤᠳᠠ ᠳᠤ ᠪᠢᠴᠢᠭ ᠤᠨ ᠬᠠᠷ᠎ᠠ ᠠᠵᠢᠯ ᠬᠢᠵᠤ ᠪᠠᠶᠢᠵᠠᠢ᠃ ᠰᠡᠳᠬᠦᠯ ᠤᠨ ᠡᠬᠡ ᠪᠢᠴᠢᠭ ᠢ ᠲᠡᠬᠦᠬᠦ᠂ ᠬᠢᠨᠠᠬᠤ᠂ ᠵᠠᠯᠠᠷᠠᠭᠤᠯᠬᠤ ᠵᠡᠷᠬᠡ ᠠᠴᠠ ᠦᠭᠰᠤᠬᠦᠯᠤᠨ ᠵᠢᠭᠠᠯ ᠵᠤᠭᠤᠯ ᠵᠤᠭᠤᠰ ᠤᠯᠳᠠᠭ ᠠᠵᠢᠯ ᠢ ᠬᠢᠵᠤ ᠪᠠᠶᠢᠵᠠᠢ᠃ ᠲᠡᠬᠡᠬᠡᠳ ᠲᠤᠯᠢ ᠪᠢᠴᠢᠭ ᠤᠨ ᠬᠡᠷᠡᠭᠴᠡᠭᠡ ᠦᠢᠯᠡᠳᠤᠯ ᠢ ᠰᠠᠶᠢᠨ ᠲᠠᠨᠢᠵᠤ ᠤᠯᠤᠭᠰᠠᠨ ᠶᠤᠮ᠃ ᠰᠡᠬᠦᠯᠠᠷ ᠨᠢ ᠨᠤᠮ ᠬᠡᠪᠯᠡᠭᠦᠯᠦᠨ ᠴᠤᠭᠯᠠᠭᠤᠯᠵᠤ ᠪᠤᠷᠤᠯᠠᠭᠤᠯᠤᠯ᠎ᠠ᠃ ᠲᠡᠬᠡᠬᠡᠳ ᠯᠠ ᠲᠤᠯᠢ ᠪᠢᠴᠢᠭ ᠴᠤᠭᠯᠠᠭᠤᠯᠳᠠᠭ ᠠᠶᠠᠨ ᠢᠶᠠᠨ ᠡᠬᠢᠯᠡᠬᠦᠯᠵᠤ᠂ ᠤᠳᠤ ᠪᠠᠷᠤᠭ ᠬᠤᠷᠢ ᠭᠤᠴᠢᠨ ᠵᠢᠯ ᠪᠤᠯᠵᠤ ᠪᠠᠶᠢᠨ᠎ᠠ᠃
    ᠰᠤᠷᠪᠤᠯᠵᠢᠯᠠᠭᠴᠢ᠄ ᠲᠤᠯᠢ ᠪᠢᠴᠢᠭ ᠴᠤᠭᠯᠠᠭᠤᠯᠵᠤ ᠶᠠᠪᠤᠬᠤ ᠳᠤ ᠪᠠᠰᠠ ᠲᠤᠩ ᠤᠯᠠᠨ ᠰᠤᠨᠢᠨ ᠰᠠᠶᠢᠬᠠᠨ ᠤᠴᠢᠷ ᠬᠡᠷᠡᠭ ᠲᠠᠭᠠᠷᠠᠭᠰᠠᠨ ᠪᠠᠶᠢᠬ᠎ᠠ ᠡ︖     ᠮᠦᠩᠬᠡᠳᠡᠯᠡᠢ᠄ ᠲᠡᠶᠢᠮᠤ ᠡ᠂ ᠪᠢ ᠨᠢᠬᠡ ᠤᠳᠠᠭ᠎ᠠ ᠮᠢᠩᠭ᠎ᠠ ᠶᠢᠰᠤᠨ ᠵᠠᠭᠤ ᠭᠤᠴᠢᠨ ᠬᠡᠳᠤᠨ ᠤᠨ ᠤ ᠦᠶ᠎ᠡ ᠳᠤ ᠪᠤᠯᠤᠭᠰᠠᠨ ᠨᠢᠬᠡᠨ ᠬᠡᠷᠡᠭ ᠤᠨ ᠲᠤᠬᠠᠢ ᠮᠠᠲ᠋ᠧᠷᠢᠶᠡᠯ ᠤᠯᠤᠭᠠᠳ ᠲᠡᠬᠦᠨ ᠤ ᠲᠤᠳᠤᠷ᠎ᠠ ᠠᠴᠠ ᠨᠢᠬᠡᠨ ᠬᠦᠮᠤᠨ ᠤ ᠵᠢᠷᠤᠭ ᠰᠡᠬᠦᠳᠡᠷ ᠢ ᠤᠯᠵᠤ ᠠᠪᠤᠭᠰᠠᠨ ᠶᠤᠮ᠃ ᠲᠡᠬᠦᠨ ᠢᠶᠠᠨ ᠪᠢ ᠬᠡᠪᠯᠡᠯ ᠤᠨ ᠬᠤᠷᠢᠶᠠᠨ ᠤ ᠨᠢᠬᠡᠨ ᠨᠠᠶᠢᠵᠠ ᠳᠤ ᠶᠠᠷᠢᠵᠤ ᠪᠢᠯᠡ᠃ ᠲᠡᠬᠡᠭᠰᠡᠨ ᠴᠢᠨᠢ ᠬᠡᠳᠤᠨ ᠰᠠᠷ᠎ᠠ ᠪᠤᠯᠤᠭᠰᠠᠨ ᠬᠤᠶᠢᠨ᠎ᠠ ᠬᠡᠪᠯᠡᠯ ᠤᠨ ᠬᠤᠷᠢᠶᠠᠨ ᠤ ᠨᠠᠶᠢᠵᠠ ᠮᠢᠨᠢ ᠬᠠᠷᠢᠨ ᠲᠡᠷᠡ ᠬᠦᠮᠤᠨ ᠤ ᠬᠤᠶᠢᠴᠢᠰ ᠨᠢ ᠨᠠᠳᠠ ᠲᠠᠢ ᠠᠭᠤᠯᠵᠠᠶ᠎ᠠ ᠬᠡᠰᠡᠨ ᠦᠬᠡ ᠢᠷᠡᠯ᠎ᠡ ᠬᠡᠨ᠎ᠡ ᠬᠡᠵᠤ ᠨᠠᠳᠠ ᠤᠳᠠᠰᠤ ᠢᠷᠡᠵᠠᠢ᠃ ᠲᠡᠬᠡᠬᠡᠳ ᠮᠠᠨ ᠤ ᠬᠤᠶᠠᠭᠤᠯᠠ ᠪᠠᠶᠠᠠᠨᠠᠭᠤᠷ ᠬᠤᠳᠠ ᠶᠢᠨ ᠤᠷᠠᠳ ᠤᠨ ᠡᠮᠤᠨᠡᠳᠤ ᠬᠤᠰᠢᠭᠤᠨ ᠤ ᠨᠢᠬᠡ ᠨᠠᠰᠤᠳᠠᠨ ᠤ ᠳᠤ ᠤᠴᠢᠵᠤ ᠪᠢᠯᠡ᠃ ᠲᠡᠷᠡ ᠨᠠᠰᠤᠳᠠᠨ ᠶᠠᠭ ᠮᠢᠨᠤ ᠤᠯᠤᠭᠰᠠᠨ ᠵᠢᠷᠤᠭ ᠰᠡᠬᠦᠳᠡᠷ ᠲᠠᠬᠢ ᠬᠦᠮᠤᠨ ᠤ ᠦᠬᠢᠨ ᠨᠢ ᠪᠠᠶᠢᠵᠠᠢ᠃ ᠨᠠᠰᠤᠳᠠᠨ ᠰᠠᠯᠤᠭᠠᠳ ᠬᠡᠴᠢᠨᠡᠬᠡᠨ ᠵᠢᠯ ᠪᠤᠯᠤᠭᠰᠠᠨ ᠠᠪᠤ ᠲᠠᠢ ᠮᠢᠨᠢ ᠠᠭᠤᠯᠵᠠᠭᠤᠯᠤᠯ᠎ᠠ ᠬᠡᠳ ᠪᠠᠶᠠᠷᠯᠠᠵᠤ ᠲᠦᠷᠤᠯ ᠲᠦᠮᠤᠰᠤ ᠪᠠᠨ ᠴᠤᠭᠯᠠᠭᠤᠯᠵᠤ ᠨᠠᠶᠢᠷ ᠬᠤᠷᠢᠮ ᠬᠢᠵᠤ ᠪᠢᠯᠡ᠃ ᠲᠡᠷᠡ ᠨᠠᠰᠤᠳᠠᠨ ᠪᠠᠭ᠎ᠠ ᠨᠠᠰᠤᠨ ᠳᠠᠭᠠᠨ ᠠᠪᠤ ᠲᠠᠢ ᠪᠠᠨ ᠰᠠᠯᠵᠤ᠂ ᠠᠪᠤ ᠨᠢ ᠬᠡᠷᠡᠭ ᠲᠤ ᠬᠤᠯᠪᠤᠭᠳᠠᠵᠤ ᠴᠠᠭᠠᠵᠠᠯᠠᠭᠤᠯᠤᠭᠰᠠᠨ ᠪᠠᠶᠢᠵᠠᠢ᠃ ᠪᠢ ᠶᠠᠭ ᠡᠨᠡ ᠲᠡᠤᠬᠡᠨ ᠮᠠᠲ᠋ᠧᠷᠢᠶᠡᠯ ᠢ ᠤᠯᠤᠭᠰᠠᠨ ᠢᠶᠠᠷ ᠲᠡᠷᠡ ᠨᠠᠰᠤᠳᠠᠨ ᠳᠤ ᠲᠤᠰᠠ ᠬᠦᠷᠦᠭᠰᠡᠨ ᠪᠢᠯᠡ᠃ ᠪᠢ ᠲᠠᠬᠢᠨ ᠲᠡᠷᠡ ᠨᠠᠰᠤᠳᠠᠨ ᠤ ᠳᠤ ᠤᠴᠢᠬᠤ ᠳᠤ ᠪᠦᠷ ᠲᠤᠮᠤ ᠰᠡᠬᠦᠳᠡᠷ ᠪᠤᠯᠭᠠᠨ ᠤᠬᠢᠶᠡᠵᠤ ᠡᠯᠬᠦᠬᠡᠳ ᠲᠠᠬᠢᠵᠤ ᠪᠠᠶᠢᠭᠰᠠᠨ ᠪᠢᠯᠡ᠃ ᠪᠠᠰᠠ ᠨᠢᠬᠡ ᠤᠴᠢᠷ ᠬᠡᠪᠡᠯ ᠪᠢ ᠬᠦᠬᠡᠬᠤᠳᠠ ᠶᠢᠨ ᠬᠠᠭᠤᠴᠢᠨ ᠬᠤᠳᠠ ᠶᠢᠨ ᠲᠤᠭᠤᠷᠢᠭ ᠤᠨ ᠮᠦᠩᠬᠦᠨ ᠤ ᠲᠠᠷᠬᠠᠨ ᠠᠴᠢᠳᠤ ᠬᠡᠭᠴᠢ ᠲᠠᠷᠬᠠᠨ ᠤ ᠳᠤ ᠤᠴᠢᠭᠠᠳ ᠦᠬᠡ ᠲᠠᠭᠠᠷᠠᠵᠤ ᠲᠤᠯᠢ ᠪᠢᠴᠢᠭ ᠴᠤᠭᠯᠠᠭᠤᠯᠳᠠᠭ ᠲᠤᠬᠠᠢ ᠪᠠᠨ ᠵᠤᠭᠤᠭᠳᠠᠵᠤ ᠰᠠᠭᠤᠳᠠᠯ᠎ᠠ ᠲᠡᠷᠡ ᠭᠤᠸᠠᠢ ᠮᠢᠨᠢ ᠮᠢᠨᠤ ᠲᠤᠯᠢ ᠪᠢᠴᠢᠭ ᠴᠤᠭᠯᠠᠭᠤᠯᠤᠭᠰᠠᠨ ᠲᠤᠬᠠᠢ ᠰᠤᠨᠤᠰᠴᠤ ᠰᠡᠳᠬᠢᠯ ᠬᠦᠳᠡᠯᠤᠬᠡᠳ ᠦᠷᠤᠬᠡᠨ ᠳᠡᠭᠡᠨ ᠬᠦᠶᠤᠨ ᠤᠷᠤᠵᠤ ᠨᠠᠳᠠ ᠨᠢᠬᠡ ᠬᠤᠪᠤᠷ ᠨᠠᠨᠳᠢᠨ ᠬᠠᠳᠠᠭᠠᠯᠠᠵᠤ ᠪᠠᠶᠢᠭᠰᠠᠨ ᠲᠤᠯᠢ ᠪᠢᠴᠢᠭ ᠢᠶᠠᠨ ᠬᠦᠷᠬᠡᠵᠤ ᠪᠢᠯᠡ᠃ ᠪᠢ ᠤᠴᠢᠷ ᠵᠦᠭ ᠦᠬᠡᠢ ᠬᠦᠮᠤᠨ ᠤ ᠨᠠᠨᠳᠢᠨ ᠶᠠᠭᠤᠮ᠎ᠠ ᠶᠢ ᠠᠪᠬᠤ ᠦᠬᠡᠢ ᠬᠡᠬᠦᠯᠠᠷ ᠲᠡᠷᠡ ︽ᠪᠢ ᠬᠡᠤᠬᠡᠳ ᠦᠬᠡᠢ ᠂ ᠡᠭᠦᠨ ᠢ ᠬᠡᠨ ᠵᠠᠯᠭᠠᠮᠵᠢᠯᠠᠬᠤ ᠪᠤᠢ︖ ᠲᠡᠬᠡᠬᠦᠯᠠᠷ ᠪᠢ ᠴᠢᠮ᠎ᠠ ᠳᠤ ᠦᠭᠴᠢᠬᠡᠶ᠎ᠡ᠂ ᠬᠡᠷᠡᠭᠯᠡᠳᠡᠭ ᠬᠦᠮᠤᠨ ᠪᠠᠶᠢᠳᠠᠭ ᠪᠠᠶᠢᠯᠬᠦᠢ︾ ᠬᠡᠳ ᠭᠠᠷ ᠤᠨ ᠦᠰᠦᠭ ᠵᠢᠷᠤᠵᠤ ᠡᠭᠦᠨ ᠢ ᠪᠠᠨ ᠮᠠᠨ ᠤ ᠮᠤᠩᠭᠤᠯ ᠲᠤᠯᠢ ᠪᠢᠴᠢᠭ ᠤᠨ ᠬᠦᠷᠢᠶᠡᠯᠡᠩ ᠳᠤ ᠪᠡᠯᠡᠭᠯᠡᠪᠡ᠃ ᠡᠶᠢᠮᠤ ᠰᠡᠳᠬᠢᠯ ᠬᠦᠳᠡᠯᠬᠡᠮ᠎ᠡ ᠤᠴᠢᠷ ᠤᠳ ᠨᠠᠳᠠ ᠠᠷᠪᠢᠨ ᠲᠠᠭᠠᠷᠠᠭᠰᠠᠨ ᠳ᠋ᠠ᠃ ᠰᠤᠶᠤᠯ ᠳᠠᠭᠠᠨ ᠬᠠᠶᠢᠷᠠᠲᠠᠢ ᠬᠦᠮᠤᠰ ᠤᠨ ᠬᠠᠯᠠᠭᠤᠨ ᠲᠡᠮᠵᠢᠯᠬᠡ ᠳᠤ ᠯᠠ ᠮᠠᠨ ᠤ ᠦᠢᠯᠡᠰ ᠤᠯᠠᠮ ᠢᠯᠡᠬᠦᠤ ᠬᠦᠭᠵᠢᠨ ᠪᠠᠳᠠᠷᠠᠬᠤ ᠪᠠᠶᠢᠬ᠎ᠠ     ᠰᠤᠷᠪᠤᠯᠵᠢᠯᠠᠭᠴᠢ᠄ ᠲᠠ ᠡᠨᠡ ︽ᠮᠤᠩᠭᠤᠯ ᠰᠤᠳᠤᠯᠤᠯ ᠤᠨ ᠲᠤᠯᠢ ᠪᠢᠴᠢᠭ ᠤᠨ ᠬᠦᠷᠢᠶᠡᠯᠡᠩ︾ ᠢᠶᠠᠨ ᠬᠤᠵᠢᠮ ᠬᠤᠶᠢᠰᠢᠳᠠ ᠶᠠᠭᠠᠬᠢᠵᠤ ᠠᠪᠴᠤ ᠶᠠᠪᠤᠶ᠎ᠠ ᠬᠡᠵᠤ ᠪᠤᠳᠤᠵᠤ ᠪᠠᠶᠢᠨ᠎ᠠ ᠪᠤᠢ︖     ᠮᠦᠩᠬᠡᠳᠡᠯᠡᠢ᠄ ᠡᠨᠡ ᠪᠤᠯ ᠪᠠᠰᠠ ᠨᠢᠬᠡ ᠨᠠᠳᠠ ᠲᠤᠯᠠᠭᠠᠷᠠᠭᠰᠠᠨ ᠬᠦᠴᠢᠷ ᠠᠰᠠᠭᠤᠳᠠᠯ᠂ ᠨᠢᠬᠡ ᠭᠠᠵᠠᠷ ᠤᠷᠤᠨ ᠤ ᠰᠤᠶᠤᠯ ᠤᠨ ᠬᠦᠭᠵᠢᠯᠳᠡ ᠨᠢ ᠲᠡᠷᠡ ᠭᠠᠵᠠᠷ ᠤᠷᠤᠨ ᠤ ᠤᠳᠤᠷᠢᠳᠤᠯᠭ᠎ᠠ ᠰᠤᠶᠤᠯ ᠢ ᠬᠢᠷᠢ ᠵᠡᠷᠬᠡ ᠬᠦᠨᠳᠤᠳᠬᠡᠨ᠎ᠡ ᠬᠡᠳᠡᠭ ᠲᠠᠢ ᠨᠢᠭᠳᠠ ᠬᠤᠯᠪᠤᠭᠳᠠᠯ ᠲᠠᠢ᠃ ᠪᠢ ᠡ᠊ᠨᠳᠡ ᠢᠷᠡᠬᠡᠳ ︽ᠮᠤᠩᠭᠤᠯ ᠰᠤᠳᠤᠯᠤᠯ ᠤᠨ ᠲᠤᠯᠢ ᠪᠢᠴᠢᠭ ᠤᠨ ᠬᠦᠷᠢᠶᠡᠯᠡᠩ︾ ᠢ ᠬᠢᠵᠤ ᠰᠠᠭᠤᠬᠤ ᠳᠤ ᠲᠡᠬᠦᠨ ᠢ ᠪᠠᠨ ᠬᠡᠷᠬᠢᠨ ᠤᠯᠠᠮ ᠦᠬᠡᠳᠡ ᠲᠠᠢ ᠦᠩᠬᠡ ᠲᠠᠢ ᠠᠪᠴᠤ ᠶᠠᠪᠤᠨ᠎ᠠ ᠬᠡᠳᠡᠭ ᠪᠤᠯ ᠨᠠᠮ ᠵᠠᠰᠠᠭ ᠤᠨ ᠬᠠᠪᠰᠤᠷᠤᠯᠭ᠎ᠠ ᠲᠡᠮᠵᠢᠯᠬᠡ ᠲᠠᠢ ᠰᠢᠭᠤᠳ ᠬᠤᠯᠪᠤᠭ᠎ᠠ ᠲᠠᠢ᠃ ᠮᠢᠨᠤ ᠭᠠᠭᠴᠠ ᠬᠦᠮᠤᠨ ᠤ ᠴᠢᠷᠮᠠᠶᠢᠯᠭ᠎ᠠ ᠪᠠᠷ ᠪᠤᠯᠬᠤ ᠶᠤᠮ ᠪᠢᠰᠢ᠃ ᠬᠡᠳᠤ ᠬᠡᠳᠤᠨ ᠭᠠᠵᠠᠷ ︽ᠮᠤᠩᠭᠤᠯ ᠰᠤᠳᠤᠯᠤᠯ ᠤᠨ ᠲᠤᠯᠢ ᠪᠢᠴᠢᠭ ᠤᠨ ᠬᠦᠷᠢᠶᠡᠯᠡᠩ︾ ᠢ ᠠᠪᠴᠤ ᠶᠠᠪᠤᠬᠤ ᠲᠦᠰᠤᠯ ᠢᠶᠠᠨ ᠭᠠᠷᠭᠠᠵᠤ ᠪᠠᠶᠢᠭᠰᠠᠨ᠃ ᠵᠢᠱᠢᠶᠡᠯᠡᠬᠦ ᠳᠤ ᠦᠪᠤᠷ ᠮᠤᠩᠭᠤᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠨᠠᠳᠠ ᠲᠠᠢ ᠬᠡᠷ᠎ᠡ ᠬᠢᠬᠦ ᠬᠡᠨ᠎ᠡ᠃ ᠲᠡᠳᠡ 1840 ᠤᠨ ᠠᠴᠠ 1950 ᠤᠨ ᠤ ᠬᠤᠭᠤᠷᠤᠨᠳᠤ ᠬᠡᠪᠯᠡᠭᠰᠡᠨ ᠲᠤᠯᠢ ᠨᠤᠭᠤᠳ ᠢ ᠪᠦᠷ ᠲᠠᠬᠢᠵᠤ ᠬᠡᠪᠯᠡᠬᠦᠯᠬᠦ ᠬᠡᠵᠤ᠂ ᠨᠠᠶᠢᠳᠠ ᠲᠠᠯᠠ ᠭᠠᠷᠤᠢ ᠲᠤᠯᠢ ᠪᠢᠴᠢᠭ ᠤᠨ ᠨᠠᠷ᠎ᠠ ᠶᠢ ᠭᠠᠷᠭᠠᠵᠤ ᠢᠷᠡᠵᠠᠢ᠃ ᠨᠠᠳᠠ ᠳᠤ ᠲᠠᠪᠢ ᠭᠠᠷᠤᠢ ᠲᠤᠯᠢ ᠪᠢᠴᠢᠭ ᠨᠢ ᠪᠠᠶᠢᠨ᠎ᠠ᠃ ᠬᠡᠪᠡᠴᠤ ᠪᠢ ᠬᠦᠳᠡᠯᠦᠬᠡ ᠦᠬᠡᠢ᠃ ᠤᠴᠢᠷ ᠨᠢ ᠨᠢᠬᠡ ᠳᠤ ᠲᠡᠳᠡᠬᠡᠷ ᠲᠦᠰᠤᠯ ᠤᠳ ᠪᠤᠳᠠᠳᠤ ᠵᠦᠢᠯ ᠦᠬᠡᠢ᠂ ᠬᠤᠶᠠᠷ ᠲᠤ ᠨᠤᠳᠤᠭ ᠲᠠᠭᠠᠨ ᠦᠢᠯᠡᠴᠢᠯᠡᠬᠦ ᠰᠠᠨᠠᠭᠠᠲᠠᠢ ᠪᠠᠶᠢᠭ᠎ᠠ ᠨᠢ ᠦᠨᠡᠨ᠃     ᠰᠤᠷᠪᠤᠯᠵᠢᠯᠠᠭᠴᠢ᠄ ᠤᠳᠤ ᠲᠠ ᠭᠤᠤᠯᠳᠠᠭᠤ ᠶᠠᠮᠠᠷ ᠠᠵᠢᠯ ᠢ ᠬᠢᠵᠤ ᠪᠠᠶᠢᠬᠤ ᠪᠤᠢ︖     ᠮᠦᠩᠬᠡᠳᠡᠯᠡᠢ᠄ ᠤᠳᠤ ᠨᠡᠯᠢᠶᠡᠳ ᠠᠷᠪᠢᠨ ᠨᠤᠮ ᠬᠢᠶ᠎ᠠ ᠬᠡᠵᠤ ᠪᠠᠶᠢᠨ᠎ᠠ᠃ ᠪᠠᠰᠠ ᠲᠤᠯᠢ ᠪᠢᠴᠢᠭ ᠤᠨ ᠬᠡᠯᠬᠢᠶᠠᠰᠤ ᠬᠢᠬᠦ᠂ ᠲᠤᠯᠢ ᠪᠢᠴᠢᠭ ᠤᠳ ᠢ ᠲᠠᠬᠢᠨ ᠬᠡᠪᠯᠡᠬᠦᠯᠬᠦ᠂ ᠰᠤᠳᠤᠯᠬᠤ ᠵᠡᠷᠬᠡ ᠮᠠᠰᠢ ᠠᠷᠪᠢᠨ ᠠᠵᠢᠯ ᠬᠢᠳᠠᠯ ᠤᠳ ᠬᠦᠯᠢᠶᠡᠵᠤ ᠪᠠᠶᠢᠨ᠎ᠠ᠃ ᠤᠳᠤ ︽ᠮᠤᠩᠭᠤᠯ ᠰᠤᠳᠤᠯᠤᠯ ᠤᠨ ᠲᠤᠯᠢ ᠪᠢᠴᠢᠭ ᠤᠨ ᠬᠦᠷᠢᠶᠡᠯᠡᠩ︾ ᠢ ᠶᠠᠭᠠᠬᠢᠵᠤ ᠠᠵᠤ ᠦᠢᠯᠡᠰᠵᠢᠬᠦᠯᠵᠤ᠂ ᠨᠠᠶᠢᠬᠡᠮ ᠤᠨ ᠦᠷ᠎ᠡ ᠠᠰᠢᠭ ᠭᠠᠷᠭᠠᠨ ᠮᠤᠩᠭᠤᠯᠴᠤᠳ ᠲᠤ ᠠᠰᠢᠭᠲᠠᠢ ᠵᠦᠢᠯ ᠪᠤᠯᠭᠠᠬᠤ ᠬᠡᠳᠡᠭ ᠪᠤᠯ ᠬᠤᠵᠢᠮ ᠬᠤᠶᠢᠰᠢᠳᠠ ᠶᠢᠨ ᠬᠢᠬᠦ ᠠᠵᠢᠯ ᠤᠳ ᠪᠢᠯᠡ᠃    ᠰᠤᠷᠪᠤᠯᠵᠢᠯᠠᠭᠴᠢ᠄ ᠲᠠᠨ ᠤ ᠰᠠᠶᠢᠬᠠᠨ ᠰᠤᠷᠪᠤᠯᠵᠢᠯᠠᠭ᠎ᠠ ᠦᠭᠬᠦᠭᠰᠡᠨ ᠳᠤ ᠪᠠᠶᠠᠷᠯᠠᠵᠤ᠂ ᠠᠵᠢᠯ ᠦᠢᠯᠡᠰ ᠤᠨ ᠦᠨᠳᠤᠷ ᠠᠮᠵᠢᠯᠳᠠ ᠶᠢ ᠬᠠᠮᠳᠤ ᠳᠤᠨᠢ ᠬᠦᠰᠡᠶ᠎ᠡ᠂ ᠪᠠᠶᠠᠷᠯᠠᠯ᠎ᠠ᠃                      ︵ᠭᠡᠷᠡᠯ ᠵᠢᠷᠤᠭ ᠤᠳ ᠢ ᠵᠠᠩᠭᠠᠨᠤᠷᠪᠤ ᠬᠠᠨᠭ᠍ᠭᠠᠪᠠ︶
ᠢᠷᠡᠯᠲᠡ᠄ ᠣᠷᠳᠣᠰ ᠮᠣᠩᠭᠤᠯ ᠰᠦᠯᠵᠢᠶ᠎ᠠ