ᠤᠯᠠᠭᠠᠨᠰᠢᠪᠠᠷᠲᠠᠢ ᠲᠤᠰᠬᠤᠨ ᠪᠠᠰᠠ ᠨᠢᠭᠡ ᠬᠠᠮᠲᠤ ᠶᠢᠨ ᠠᠵᠤ ᠠᠬᠤᠢ ᠲᠠᠢ ᠪᠤᠯᠤᠯ᠎ᠠ
ᠨᠡᠶᠢᠲᠡᠯᠡᠭᠰᠡᠨ ᠴᠠᠭ᠄
2020/9/11
   ᠲᠤᠭ ᠪᠠᠯᠭᠠᠰᠤᠨ ᠤ ᠤᠯᠠᠭᠠᠨᠰᠢᠪᠠᠷᠲᠠᠢ ᠲᠣᠰᠬᠤᠨ ᠪᠣᠯ ᠮᠠᠨ ᠤ ᠬᠤᠰᠢᠭᠤᠨ ᠤ ᠶᠠᠳᠠᠭᠤ ᠬᠦᠴᠢᠷᠳᠡᠯᠲᠡᠢ ᠲᠣᠰᠬᠤᠨ  ᠪᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ ᠲᠤᠰ ᠲᠣᠰᠬᠤᠨ ᠠᠮᠢᠳᠤ ᠪᠣᠳᠠᠰ ᠤᠨ ᠮᠥᠬᠦᠯᠢᠭ ᠤᠨ ᠦᠶᠯᠡᠳᠪᠦᠷᠢ ᠪᠠᠶᠢᠭᠤᠯᠤᠭᠰᠠᠨ ᠢᠶᠠᠷ ᠪᠠᠷᠠᠬᠤ ᠦᠭᠡᠶ ᠣᠳᠣ ᠪᠠᠰᠠ ᠪᠡᠭᠡᠯᠡᠶ ᠶᠢᠨ ᠦᠢᠯᠡᠳᠪᠦᠷᠢ ᠪᠠᠶᠢᠭᠤᠯᠤᠭᠰᠠᠨ ᠨᠢ ᠲᠣᠰᠬᠤᠨ ᠤ ᠠᠷᠠᠳ ᠤᠨ ᠪᠠᠶᠠᠵᠢᠨ ᠴᠢᠨᠡᠭᠡᠯᠢᠭᠵᠢᠬᠦ ᠢᠲᠡᠭᠡᠯ ᠵᠣᠷᠢᠭ ᠢ ᠴᠤ ᠤᠯᠠᠮ ᠭᠥᠪᠴᠢᠯᠡᠭᠰᠠᠨ ᠪᠠᠶᠢᠨ᠎ᠠ᠃    ᠰᠤᠷᠪᠤᠯᠵᠢᠯᠠᠭᠴᠢ ᠤᠯᠠᠭᠠᠨᠰᠢᠪᠠᠷᠲᠠᠢ ᠲᠣᠰᠬᠤᠨ ᠤ ᠪᠡᠭᠡᠯᠡᠶ ᠶᠢᠨ ᠦᠢᠯᠡᠳᠪᠦᠷᠢ ᠳᠤ ᠬᠦᠷᠬᠦ ᠳᠤ ᠠᠷᠪᠠ ᠭᠠᠷᠤᠶ ᠠᠵᠢᠯᠴᠢᠨ ᠰᠢᠨ᠎ᠡ ᠪᠠᠷ ᠬᠤᠳᠠᠯᠳᠤᠨ ᠠᠪᠤᠭᠰᠠᠨ ᠪᠡᠭᠡᠯᠡᠶ ᠦᠢᠯᠡᠳᠪᠦᠷᠢᠯᠡᠬᠦ ᠮᠠᠰᠢᠨ ᠢ ᠪᠤᠯᠪᠠᠰᠤᠷᠠᠩᠭᠤᠢ ᠬᠡᠷᠡᠭᠯᠡᠵᠦ ᠶᠠᠭᠠᠷᠠᠯᠲᠠᠢ ᠠᠵᠢᠯᠯᠠᠵᠤ ᠪᠠᠶᠢᠯ᠎ᠠ᠃ ᠶᠠᠳᠠᠭᠤ ᠠᠴᠠ ᠠᠩᠭᠢᠵᠢᠷᠠᠭᠰᠠᠨ ᠡᠷᠦᠬᠡ ᠡᠤ ᠹᠧᠩ ᠯᠢᠶᠠᠨ ᠪᠣᠯ ᠳᠠᠷᠤᠶ ᠪᠡᠭᠡᠯᠡᠶ ᠶᠢᠨ ᠦᠢᠯᠡᠳᠪᠦᠷᠢ ᠪᠠᠶᠢᠭᠤᠯᠤᠭᠳᠠᠭᠰᠠᠨ ᠤ ᠲᠠᠷᠠᠭᠠᠬᠢ ᠡᠩ ᠲᠡᠷᠢᠬᠦᠨ ᠳᠤ ᠠᠵᠢᠯ ᠤᠨ ᠪᠠᠶᠢᠷᠢᠨ ᠳᠤ ᠭᠠᠷᠤᠭᠰᠠᠨ ᠠᠵᠢᠯᠴᠢᠨ ᠪᠠᠶᠢᠵᠤ ᠤᠷᠤᠯᠭ᠎ᠠ ᠪᠠᠨ ᠨᠡᠮᠡᠭᠳᠡᠬᠦᠯᠬᠦ ᠰᠠᠶᠢᠨ ᠲᠤᠬᠢᠶᠠᠯ ᠤᠯᠤᠯ᠎ᠠ᠃    ᠣᠶᠢᠯᠠᠭᠠᠭᠰᠠᠨ ᠢᠶᠠᠷ᠂ ᠲᠤᠰ ᠦᠢᠯᠡᠳᠪᠦᠷᠢ ᠨᠢ ᠲᠤᠭ ᠪᠠᠯᠭᠠᠰᠤᠨ ᠤ ᠬᠢᠮᠢ ᠶᠢᠨ ᠪᠣᠷᠳᠣᠭᠤᠷ ᠤᠨ ᠥᠢᠯᠡᠳᠪᠤᠷᠢ ᠂ ᠵᠥᠩ ᠲᠢᠶᠠᠨ ᠾᠧ ᠴᠤᠸᠠᠩ ᠺᠤᠮᠫᠠᠨᠢ ᠵᠡᠷᠭᠡ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠠᠴᠠ ᠣᠶᠢᠷ᠎ᠠ  ᠪᠠᠶᠢᠬᠤ ᠣᠷᠣᠨ ᠪᠠᠶᠢᠷᠢ ᠶᠢᠨ ᠳᠠᠪᠠᠭᠤᠯᠢᠭ ᠨᠦᠬᠦᠴᠡᠯ ᠢ ᠠᠰᠢᠭᠯᠠᠵᠤ ᠡᠷᠬᠢᠨ ᠲᠣᠭᠤᠷᠢᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠬᠥᠳᠡᠯᠮᠦᠷᠢ ᠦᠢᠯᠡᠴᠢᠯᠡᠬᠡᠨ ᠤ ᠬᠡᠷᠡᠭᠰᠡᠯ ᠤᠨ ᠳᠡᠯᠭᠡᠭᠦᠷ ᠤᠨ ᠬᠡᠷᠡᠭᠴᠡᠭᠡ ᠱᠠᠭᠠᠷᠳᠠᠯᠠᠭ᠎ᠠ ᠳᠤ ᠨᠢ ᠵᠤᠬᠢᠴᠠᠭᠤᠯᠤᠨ ᠪᠡᠭᠡᠯᠡᠶ ᠦᠢᠯᠡᠳᠪᠦᠷᠢᠯᠡᠵᠦ ᠲᠤᠰᠬᠤᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠬᠦᠯᠳᠡᠭ ᠪᠠᠶᠢᠨ᠎ᠠ᠃ ᠲᠠᠷᠢᠵᠤ ᠲᠡᠵᠢᠭᠡᠬᠦ ᠳᠤ ᠮᠠᠰᠢᠨᠴᠢᠯᠠᠬᠤ ᠮᠡᠷᠭᠡᠵᠢᠯ ᠢ ᠤᠷᠤᠯᠠᠭᠤᠯᠤᠭᠰᠠᠨ ᠠᠴᠠ ᠨᠡᠩ ᠣᠯᠠᠨ ᠬᠥᠳᠡᠯᠮᠦᠷᠢ ᠬᠦᠴᠤ  ᠴᠢᠯᠤᠭᠡᠯᠡᠭᠳᠡᠭᠰᠡᠨ ᠠᠴᠠ ᠲᠤᠰ ᠪᠡᠭᠡᠯᠡᠶ ᠶᠢᠨ ᠦᠢᠯᠡᠳᠪᠦᠷᠢ ᠨᠢ ᠵᠢᠯ ᠪᠦᠷᠢ ᠲᠣᠰᠬᠤᠨ ᠤ 20 ᠭᠠᠷᠤᠶ ᠬᠦᠮᠦᠰ ᠲᠤ ᠠᠵᠢᠯ ᠤᠯᠭᠤᠵᠦ ᠲᠣᠰᠬᠤᠨ ᠤ ᠠᠷᠠᠳ 30 ᠨᠡᠬᠡᠮᠡᠯ ᠤᠨ ᠮᠠᠰᠢᠨ ᠢᠶᠠᠷ ᠡᠳᠦᠷ ᠪᠦᠷᠢ 1 ᠲᠦᠮᠡᠨ ᠬᠤᠤᠰ ᠪᠡᠭᠡᠯᠡᠶ ᠦᠢᠯᠡᠳᠪᠦᠷᠢᠯᠡᠳᠡᠭ ᠪᠠᠶᠢᠨ᠎ᠠ᠃    ᠡᠨᠡ ᠵᠢᠯ ᠤᠯᠠᠭᠠᠨᠰᠢᠪᠠᠷᠲᠠᠢ ᠲᠤᠰᠬᠤᠨ ᠤᠯᠠᠨ ᠲᠠᠯ᠎ᠠ ᠶᠢᠨ ᠠᠷᠭ᠎ᠠ ᠬᠡᠮᠵᠢᠶ᠎ᠡ ᠶᠢ ᠭᠡᠷᠡᠭᠯᠠᠨ 50 ᠭᠠᠷᠤᠢ ᠲᠦᠮᠡᠨ ᠲᠦᠬᠦᠷᠢᠭ ᠤᠨ ᠪᠡᠯᠡ ᠴᠤᠭᠯᠠᠭᠤᠯᠤᠨ ᠪᠠᠶᠢᠭᠤᠯᠤᠭᠰᠠᠨ ᠡᠨᠡᠬᠦ ᠦᠢᠯᠡᠳᠪᠦᠷᠢ ᠨᠢ ᠨᠢᠳᠤᠨᠤᠨ ᠠᠴᠠ ᠨᠠᠰᠢᠭᠢ ᠲᠣᠰᠬᠤᠨ ᠤ ᠡᠷᠬᠢᠯᠡᠭᠰᠡᠨ ᠬᠤᠶᠠᠳᠠᠬᠢ ᠬᠠᠮᠲᠤ ᠶᠢᠨ ᠠᠵᠤ ᠠᠬᠤᠶ ᠶᠢᠨ ᠠᠵᠤ ᠠᠬᠤᠶᠢᠯᠠᠯ ᠪᠤᠯᠤᠭᠰᠠᠨ ᠪᠠᠶᠢᠨ᠎ᠠ᠃ ᠲᠤᠰᠬᠤᠨ ᠠᠴᠠ ᠬᠠᠮᠲᠤ ᠶᠢᠨ ᠠᠵᠤ ᠠᠬᠤᠶᠢᠯᠠᠯ ᠤᠨ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢᠨ ᠬᠦᠮᠦᠨ ᠢ ᠤᠷᠢᠵᠤ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠳᠠ᠂ ᠡᠵᠡᠩᠨᠡᠯᠲᠡ ᠬᠠᠮᠢᠶᠠᠷᠤᠯᠳᠠ ᠵᠡᠷᠭᠡ ᠲᠠᠯ᠎ᠠ ᠪᠠᠷ ᠵᠢᠭᠠᠨ ᠵᠢᠯᠤᠭᠤᠳᠤᠭᠤᠯᠵᠤ ᠠᠵᠤ ᠠᠬᠤᠶᠢᠯᠠᠯ ᠤᠨ ᠡᠵᠡᠩᠨᠡᠯᠲᠡ ᠶᠢ ᠨᠡᠩ ᠲᠦᠷᠢᠮᠵᠢᠭᠦᠯᠦᠭᠰᠡᠨ ᠪᠠᠶᠢᠨ᠎ᠠ᠃ ᠣᠳᠣᠬᠠᠨ ᠲᠣᠰᠬᠤᠨ ᠳᠤ ᠠᠮᠢᠳᠤ ᠪᠣᠳᠠᠰ ᠤᠨ ᠮᠦᠬᠦᠯᠢᠭᠵᠢᠬᠦᠯᠬᠦ ᠦᠢᠯᠡᠳᠪᠦᠷᠢ ᠪᠠ ᠪᠡᠭᠡᠯᠡᠶ ᠶᠢᠨ ᠠᠵᠤ ᠦᠢᠯᠡᠳᠪᠦᠷᠢ ᠲᠠᠢ ᠪᠤᠯᠤᠭᠰᠠᠨ ᠨᠢ ᠲᠣᠰᠬᠤᠨ ᠤ ᠠᠷᠠᠳ ᠤᠨ ᠠᠵᠢᠯ ᠣᠯᠭᠤᠯᠲᠠ ᠶᠢ ᠠᠭᠢᠭᠤᠯᠤᠨ ᠤᠷᠤᠯᠭ᠎ᠠ ᠶᠢ ᠨᠡᠮᠡᠭᠳᠡᠭᠦᠯᠬᠦ ᠳᠤ ᠨᠠᠩ ᠶᠡᠭᠡ ᠢᠳᠡᠬᠡᠯ ᠲᠠᠢ᠂ ᠨᠠᠩ ᠪᠠᠲᠤᠯᠠᠭ᠎ᠠ ᠲᠠᠢ ᠪᠤᠯᠤᠯ᠎ᠠ᠃    ᠬᠤᠰᠢᠭᠤ ᠶᠠᠳᠠᠭᠤ ᠶᠢ ᠲᠡᠳᠬᠦᠬᠦ ᠠᠯᠪᠠᠨ ᠭᠡᠷ ᠠᠴᠠ ᠤᠯᠠᠭᠠᠨᠰᠢᠪᠠᠷᠲᠠᠢ ᠲᠤᠰᠬᠤᠨ ᠳᠤ ᠲᠤᠮᠢᠯᠠᠭᠰᠠᠨ ᠠᠵᠢᠯᠲᠠᠨ ᠡᠷᠳᠡᠨᠢ᠄ ︽ᠲᠠᠷᠠᠭ᠎ᠠ ᠠᠯᠬᠤᠮ ᠳᠤ ᠪᠢᠳᠠ ᠦᠢᠯᠡᠳᠪᠤᠷᠢ ᠪᠠᠨ ᠤᠯᠠᠮ ᠨᠢᠭᠡ ᠠᠯᠬᠤᠮ ᠦᠷᠭᠡᠳᠬᠡᠵᠦ ᠮᠠᠯᠴᠢᠨ ᠲᠠᠷᠢᠶᠠᠴᠢᠨ ᠪᠤᠯᠤᠨ ᠡᠷᠬᠢᠨ ᠲᠤᠭᠤᠷᠢᠨ ᠤ ᠠᠵᠤ ᠦᠢᠯᠡᠳᠪᠦᠷᠢ ᠳᠤ ᠠᠯᠢ ᠵᠦᠢᠯ ᠤᠨ ᠬᠡᠷᠡᠭᠴᠡᠭᠡ ᠨᠢ ᠲᠤᠲᠠᠭᠲᠠᠪᠠᠯ ᠲᠡᠷᠡ ᠵᠦᠢᠯ ᠢ ᠨᠢ ᠲᠤᠬᠢᠷᠠᠭᠤᠯᠤᠨ ᠤᠷᠤᠯᠭ᠎ᠠ ᠪᠠᠨ ᠤᠯᠠᠮ ᠨᠢᠬᠡ ᠠᠯᠬᠤᠮ ᠨᠡᠮᠡᠭᠳᠡᠬᠦᠯᠤᠶ᠎ᠡ ᠬᠡᠵᠦ ᠭᠦᠰᠡᠵᠤ ᠪᠠᠶᠢᠨ᠎ᠠ︾ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号