︽ᠲᠡᠮᠡᠬᠢᠨ ᠶᠤᠵᠤᠭᠤᠷ︾ ᠲᠡᠭᠦᠵᠦ ᠪᠤᠯᠪᠠᠰᠤᠨ ᠬᠤᠳᠠ ᠶᠢ ᠴᠤᠭᠴᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2020/9/11
    ᠤᠶᠢᠷ᠎ᠠ ᠶᠢᠨ ᠡᠳᠤᠷ᠂ ᠮᠠᠨ ᠤ ᠬᠤᠰᠢᠭᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠶᠡᠷᠤᠩᠭᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠰᠢᠭᠤ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠤ ︽ᠲᠠᠮᠠᠬᠢᠨ ᠶᠤᠵᠤᠭᠤᠷ ᠪᠠᠷ ᠪᠤᠳᠠᠰ ᠰᠤᠯᠢᠵᠦ ᠪᠣᠯᠪᠠᠰᠤᠨ ᠬᠤᠲᠠ ᠶᠢ ᠬᠠᠮᠲᠤᠪᠠᠷ ᠴᠣᠭᠴᠠᠯᠠᠬᠤ︾ ᠠᠵᠢᠯᠯᠠᠭ᠎ᠠ ᠥᠷᠨᠢᠭᠦᠯᠵᠦ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠲᠡᠭᠡᠭᠰᠢᠯᠡᠭᠦᠯᠤᠨ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠠᠵᠢᠯᠯᠠᠭ᠎ᠠ ᠳᠤ ᠤᠷᠤᠯᠴᠠᠭᠤᠯᠵᠤ ᠪᠠᠶᠢᠨ᠎ᠠ᠃     ᠰᠤᠶᠤᠯᠳᠠᠯᠢ ᠪᠤᠯ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠨᠢᠭᠡᠨ ᠬᠥᠯᠥᠰᠥᠨ ᠠᠵᠢᠯᠴᠢᠨ ᠪᠣᠯᠤᠨ᠎ᠠ᠃ ᠲᠡᠷᠡ ᠠᠵᠢᠯ ᠤᠨ ᠴᠢᠯᠥᠭᠡ ᠵᠠᠪ ᠢᠶᠠᠷ ᠢᠶᠠᠨ ᠤᠶᠢᠷ᠎ᠠ ᠬᠠᠪᠢ ᠳᠠᠬᠢ ᠲᠡᠮᠡᠬᠢᠨ ᠶᠤᠵᠤᠭᠤᠷ ᠲᠡᠭᠦᠵᠦ ᠲᠤᠭᠳᠠᠭᠰᠠᠨ ᠭᠠᠵᠠᠷ ᠲᠤ  ᠠᠪᠠᠴᠢᠵᠤ ᠠᠮᠢᠳᠤᠷᠠᠯ ᠤᠨ ᠪᠤᠳᠠᠰ ᠰᠤᠯᠢᠳᠠᠭ ᠪᠠᠶᠢᠨ᠎ᠠ᠃
    ᠠᠵᠢᠯᠴᠢᠨ ᠰᠤᠶᠤᠯᠳᠠᠯᠠᠢ᠄ ︽ᠡᠨᠡ ᠵᠢᠯ ᠠᠴᠠ ᠡᠬᠢᠯᠡᠭᠡᠳ ᠤᠷᠴᠢᠨ ᠲᠤᠭᠤᠷᠢᠨ ᠰᠠᠶᠢᠨ ᠪᠤᠯᠪᠠ᠃ 60 ᠲᠡᠮᠡᠬᠢᠨ ᠰᠢᠯᠪᠢ ᠲᠡᠭᠦᠪᠡᠯ ᠰᠠᠪᠠ᠂ ᠠᠯᠴᠢᠭᠤᠷ ᠰᠤᠯᠢᠴᠢᠬᠠᠨ᠎ᠠ᠃ ᠨᠢᠭᠡ ᠳᠤ ᠲᠡᠮᠡᠬᠢᠨ ᠰᠢᠯᠪᠢ ᠲᠡᠭᠦᠪᠡᠯ ᠤᠷᠴᠢᠨ ᠲᠤᠭᠤᠷᠢᠨ ᠤ ᠬᠤᠭ ᠢ ᠠᠷᠢᠯᠭᠠᠴᠢᠬᠠᠨ᠎ᠠ᠃ ᠬᠤᠶᠠᠷ ᠳᠤ ᠪᠢᠳᠠ ᠲᠠᠮᠠᠬᠢᠨ ᠶᠤᠵᠤᠭᠤᠷ ᠢᠶᠠᠷ ᠶᠠᠭᠤᠮ᠎ᠠ ᠰᠤᠯᠢᠴᠢᠬᠠᠨ᠎ᠠ ᠃ ᠶᠡᠭᠡ ᠰᠠᠶᠢᠨ ᠣᠴᠢᠷ ᠶᠤᠮ︾ ᠬᠡᠪᠡ᠃     ᠮᠠᠨ ᠤ ᠬᠤᠰᠢᠭᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠶᠡᠷᠦᠩᠬᠡᠶᠢᠯᠡᠭᠰᠡᠨ ᠬᠠᠤᠯᠢ ᠭᠡᠷᠡᠭᠵᠢᠭᠦᠯᠭᠦ ᠲᠣᠪᠴᠢᠶᠠᠨ ᠠᠴᠠ ᠦᠷᠨᠢᠭᠦᠯᠵᠦ ᠪᠠᠶᠢᠭ᠎ᠠ ︽ᠲᠡᠮᠡᠬᠢᠨ ᠶᠤᠵᠤᠭᠤᠷ ᠲᠡᠭᠦᠵᠦ ᠪᠤᠳᠠᠰ ᠰᠤᠯᠢᠬᠤ︾ ᠠᠵᠢᠯᠯᠠᠭ᠎ᠠ ᠨᠢ ᠦᠷᠭᠡᠨ ᠤᠯᠠᠨ ᠰᠠᠭᠤᠭᠠᠯᠢ ᠠᠷᠡᠳ ᠲᠤ ᠪᠤᠯᠪᠠᠰᠤᠨ ᠢᠶᠠᠷ ᠲᠠᠮᠠᠬᠢ ᠰᠤᠷᠤᠵᠤ ᠲᠠᠮᠠᠬᠢᠨ ᠶᠤᠵᠤᠭᠤᠷ  ᠢ ᠭᠠᠵᠠᠷ ᠪᠤᠯᠭᠠᠨ ᠳᠤ ᠬᠠᠶᠠᠬᠤ ᠦᠭᠡᠢ ᠪᠠᠶᠢᠬᠤ ᠶᠢ ᠰᠠᠨᠠᠭᠤᠯᠤᠭᠰᠠᠨ ᠢᠶᠠᠷ ᠪᠠᠷᠠᠬᠤ ᠦᠭᠡᠢ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠴᠤ ᠢᠯᠡᠳᠳᠡ ᠲᠡᠭᠡᠭᠰᠢᠯᠡᠭᠰᠡᠨ ᠪᠠᠶᠢᠨ᠎ᠠ᠃ ᠮᠦᠨᠴᠤ ᠥᠷᠭᠡᠨ ᠣᠯᠠᠨ ᠬᠥᠯᠥᠰᠥᠨ ᠠᠵᠢᠯᠴᠢᠳ ᠵᠢᠴᠢ ᠡᠷᠭᠢᠨ ᠲᠣᠭᠤᠷᠢᠨ ᠤ ᠰᠠᠭᠤᠭᠠᠯᠢ ᠠᠷᠠᠳ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠲᠤᠬᠠᠢ ᠰᠤᠷᠳᠠᠯ ᠤᠬᠠᠭᠤᠯᠭ᠎ᠠ ᠬᠢᠳᠡᠭ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号