ᠮᠠᠨ ᠤ ᠬᠤᠰᠢᠭᠤ ᠰᠠᠭᠤᠭᠠᠯᠢ ᠠᠷᠡᠳ ᠤᠨ ᠬᠠᠭᠤᠴᠢᠷᠠᠭᠰᠠᠨ ᠳᠣᠭᠤᠷᠢᠭ ᠢ ᠰᠢᠨᠡᠳᠭᠡᠨ ᠵᠠᠰᠠᠵᠣ ᠭᠤᠶᠣᠵᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2020/9/11
    ᠮᠠᠨ ᠤ ᠬᠤᠰᠢᠭᠤ ᠡᠨ᠋ᠨ ᠵᠢᠯ ᠠᠴᠠ ᠡᠬᠢᠯᠡᠨ ᠭᠠᠯᠠᠭᠤᠲᠣ ᠪᠠᠯᠭᠠᠰᠣᠨ ᠤ ᠰᠠᠭᠤᠭᠠᠯᠢ ᠠᠷᠡᠳ ᠤᠨ ᠬᠠᠭᠤᠴᠢᠷᠠᠭᠰᠠᠨ ᠳᠣᠭᠤᠷᠢᠭ ᠤᠨ ᠪᠠᠷᠢᠯᠭ᠎ᠠ ᠳᠤ ᠣᠯᠡᠨ ᠲᠠᠯ᠎ᠠ ᠶᠢᠨ ᠰᠠᠭᠤᠷᠢ ᠪᠦᠳᠣᠭᠡᠨ ᠪᠠᠶᠢᠭᠤᠯᠣᠯᠲᠠ ᠶᠢᠨ ᠰᠢᠨᠡᠳᠭᠡᠨ ᠵᠠᠰᠠᠬᠤ ᠠᠵᠢᠯ ᠢ ᠢᠯᠭᠤᠮ ᠣᠷᠣᠭᠰᠢᠲᠠᠢ ᠬᠡᠷᠡᠭᠵᠢᠭᠦᠯᠥᠨ ᠰᠠᠭᠤᠭᠠᠯᠢ ᠠᠷᠡᠳ ᠤᠨ ᠣᠷᠣᠰᠢᠨ ᠰᠠᠭᠤᠬᠤ ᠣᠷᠴᠢᠨ ᠳᠣᠭᠤᠷᠢᠨ ᠢ ᠰᠢᠯᠢᠳᠡᠭᠵᠢᠭᠦᠯᠦᠨ ᠠᠰᠢᠭ ᠬᠦᠷᠳᠡᠭᠡᠬᠦ ᠶᠢᠨ ᠬᠠᠮᠲᠣ ᠬᠤᠲᠠ ᠪᠠᠯᠭᠠᠰᠣᠨ ᠤ ᠦᠡᠭᠬᠡ ᠦᠵᠡᠮᠵᠢ ᠶᠢ ᠣᠯᠡᠮ ᠭᠤᠶᠣᠵᠢᠭᠤᠯᠵᠣ ᠪᠠᠶᠢᠨ᠎ᠠ᠃     ᠭᠠᠯᠠᠭᠤᠲᠣ ᠪᠠᠯᠭᠠᠰᠣᠨ ᠤ ᠰᠠᠭᠤᠭᠠᠯᠢ ᠠᠷᠡᠳ ᠤᠨ ᠡᠯ᠎ᠡ ᠬᠠᠭᠤᠴᠢᠷᠠᠭᠰᠠᠨ ᠳᠣᠭᠤᠷᠢᠭ ᠲᠤ ᠦᠬᠡᠷᠡᠴᠢᠯᠠᠨ ᠰᠢᠨᠡᠳᠭᠡᠬᠦ ᠠᠵᠢᠯ ᠰᠢᠪᠳᠣᠷᠭᠠᠨ ᠳᠠᠭᠠᠨ ᠣᠷᠣᠵᠣ ᠰᠠᠭᠤᠭᠠᠯᠢ ᠠᠷᠡᠳ ᠤᠨ ᠠᠰᠠᠷ ᠤᠨ ᠭᠠᠳᠠᠷᠭᠤ ᠳᠤ ᠳᠣᠯᠠᠭᠠᠨ ᠬᠠᠪᠲᠠᠰᠣ ᠨᠠᠭᠠᠬᠠᠣ᠂ ᠰᠢᠷᠳᠡᠨ ᠪᠣᠳᠣᠬᠤ ᠵᠡᠷᠭᠡ ᠠᠵᠢᠯ ᠢ ᠠᠮᠣᠷ ᠳᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ ᠠᠯᠬᠤᠮ ᠳᠠᠷᠠᠭ᠎ᠠ ᠲᠠᠢ ᠶᠠᠪᠣᠭᠳᠠᠵᠣ ᠪᠠᠶᠢᠯ᠎ᠠ᠃ ᠡᠷᠳᠡᠨᠢ ᠶᠢᠨ ᠰᠠᠭᠤᠵᠣ ᠪᠠᠶᠢᠭ᠎ᠠ ᠭᠠᠯᠠᠭᠤᠲᠣ ᠪᠠᠯᠭᠠᠰᠣᠨ ᠤ ᠬᠠᠮᠤᠭ ᠤᠨ ᠶᠡᠭᠡ ᠰᠠᠭᠤᠭᠠᠯᠢ ᠠᠷᠡᠳ ᠤᠨ ᠳᠣᠭᠤᠷᠢᠭ ᠪᠣᠯᠬᠤ ︽ᠨᠠᠨᠳᠢᠨ︾ ᠰᠠᠭᠤᠭᠠᠯᠢ ᠠᠷᠡᠳ ᠤᠨ ᠳᠣᠭᠤᠷᠢᠭ ᠲᠤ 1298 ᠡᠷᠣᠬᠡ ᠰᠠᠭᠤᠵᠣ ᠪᠠᠶᠢᠳᠠᠭ᠃ ᠡᠨ᠋ᠨ ᠵᠣᠨ ᠠᠴᠠ ᠨᠠᠰᠢ ᠲᠣᠰ ᠳᠣᠭᠤᠷᠢᠭ ᠲᠤ ᠮᠢᠩᠭ᠎ᠠ ᠭᠠᠷᠣᠢ ᠳᠦᠮᠡᠨ ᠳᠦᠬᠦᠷᠢᠭ ᠤᠨ ᠪᠡᠯᠡ ᠮᠦᠩᠬᠦ ᠣᠷᠣᠭᠤᠯᠣᠨ ᠳᠣᠰᠣᠨ ᠴᠠᠷᠳᠠᠮᠠᠯ ᠵᠠᠮ᠂ ᠠᠰᠠᠷ ᠤᠨ ᠱᠠᠲᠣᠨ ᠤ ᠭᠤᠳᠣᠮᠵᠢ ᠶᠢᠨ ᠬᠡᠷᠡᠮ ᠢ ᠪᠣᠳᠣᠬᠤ᠂ ᠣᠷᠴᠢᠨ ᠳᠣᠭᠤᠷᠢᠨ ᠤ ᠴᠡᠴᠡᠷᠯᠢᠭᠵᠢᠭᠦᠯᠤᠯᠲᠡ ᠨᠤᠭᠤᠭᠠᠷᠠᠭᠤᠯᠤᠯᠲᠠ ᠪᠣᠯᠣᠨ ᠬᠠᠳᠠᠭᠤᠷᠠᠭᠤᠯᠣᠲᠠ ᠵᠡᠷᠭᠡ ᠲᠠᠯ᠎ᠠ ᠳᠤ ᠰᠢᠨᠡᠳᠭᠡᠨ ᠵᠠᠰᠠᠵᠣ ᠳᠣᠬᠢᠯᠢᠭ ᠰᠠᠶᠢᠬᠠᠨ ᠣᠷᠴᠢᠨ ᠳᠣᠭᠤᠷᠢᠨ ᠨᠢ ᠰᠠᠭᠤᠭᠠᠯᠢ ᠠᠷᠡᠳ ᠲᠤ ᠲᠤᠶᠢᠯ ᠢᠶᠠᠷ ᠲᠠᠭᠠᠯᠠᠭᠳᠠᠵᠣ ᠪᠠᠶᠢᠯ᠎ᠠ᠃
    ᠭᠠᠯᠠᠭᠤᠲᠣ ᠪᠠᠯᠭᠠᠰᠣᠨ ᠤ ︽ᠨᠠᠨᠳᠢᠨ︾ ᠰᠠᠭᠤᠭᠠᠯᠢ ᠠᠷᠡᠳ ᠤᠨ ᠲᠣᠭᠤᠷᠢᠭ ᠤᠨ ᠰᠠᠭᠤᠭᠠᠯᠢ ᠠᠷᠡᠳ ᠡᠷᠳᠡᠨᠢ ᠄ ︽   ᠣᠣᠯ ᠳᠠᠭᠠᠨ ᠰᠠᠯᠬᠢ ᠳᠡᠭᠳᠡᠵᠦ ᠰᠢᠷᠣᠢ ᠬᠡᠶᠢᠰᠣᠨ ᠴᠣᠩᠬᠤ ᠨᠠᠭᠡᠭᠡᠬᠦ ᠠᠷᠭ᠎ᠠ ᠦᠬᠡᠢ ᠪᠠᠶᠢᠭᠰᠠᠨ᠂ ᠣᠳᠣ ᠭᠠᠳᠠᠭᠤᠷ ᠳᠣᠭᠤᠷᠢᠬᠤ ᠳᠤ ᠡᠯ᠎ᠡ ᠲᠠᠯ᠎ᠠ ᠪᠠᠷ ᠳᠣᠬᠢᠯᠢᠭ ᠰᠠᠶᠢᠬᠠᠨ ᠪᠤᠯᠵᠦ ᠳᠣᠶᠢᠯ ᠤᠨ ᠬᠠᠨᠣᠮᠵᠢᠲᠠᠢ ᠪᠠᠶᠢᠨ᠎ᠠ︾ ᠬᠡᠪᠡ᠃     ᠣᠶᠢᠯᠠᠭᠠᠭᠰᠠᠨ ᠢᠶᠠᠷ᠂ ᠡᠨ᠋ᠨ ᠵᠢᠯ ᠠᠴᠠ ᠨᠠᠰᠢ ᠮᠠᠨ ᠤ ᠬᠤᠰᠢᠭᠤ 5100 ᠭᠠᠷᠣᠢ ᠳᠦᠮᠡᠨ ᠲᠦᠭᠦᠷᠢᠭ ᠤᠨ ᠪᠡᠯᠡ ᠮᠦᠩᠬᠦ ᠣᠷᠣᠭᠤᠯᠵᠣ ᠭᠠᠯᠠᠭᠤᠲᠣ ᠪᠠᠯᠭᠠᠰᠣᠨ ᠤ ᠬᠤᠢ ᠹᠧᠩ ᠳᠣᠭᠤᠷᠢᠭ ᠵᠡᠷᠭᠡ ᠰᠠᠭᠤᠭᠠᠯᠢ ᠠᠷᠡᠳ ᠤᠨ 14 ᠬᠠᠭᠤᠴᠢᠷᠠᠭᠰᠠᠨ ᠳᠣᠭᠤᠷᠢᠭ ᠤᠨ ᠵᠡᠮ ᠨᠡᠪᠳᠡᠷᠡᠭᠦᠯᠭᠡ᠂ ᠤᠰᠣ ᠴᠡᠬᠢᠯᠭᠠᠨ ᠲᠣᠯᠠᠭᠠᠯᠭ᠎ᠠ ᠶᠢᠨ ᠬᠤᠭᠤᠯᠠᠢ᠂ ᠬᠡᠷᠡᠮ ᠬᠦᠷᠢᠶᠠᠨ ᠤ ᠲᠣᠣᠷ ᠵᠡᠷᠭᠡ ᠲᠠᠯ᠎ᠠ ᠪᠠᠷ ᠰᠢᠨᠡᠳᠭᠡᠵᠣ ᠡᠾᠧ ᠰᠢᠩ ᠶᠣᠸᠠᠨ ᠰᠠᠭᠤᠭᠠᠯᠢ ᠠᠷᠡᠳ ᠤᠨ ᠳᠣᠭᠤᠷᠢᠭ ᠵᠡᠷᠭᠡ 43 ᠳᠣᠭᠤᠷᠢᠭ ᠲᠤ ᠬᠠᠳᠠᠭᠤᠷᠠᠭᠤᠯᠣᠯᠲᠠ᠂ ᠭᠤᠭᠤᠵᠢᠬᠤ ᠶᠢ ᠰᠡᠷᠭᠡᠶᠢᠯᠡᠬᠦ᠂ ᠠᠰᠠᠷ ᠤᠨ ᠱᠠᠳᠣᠨ ᠤ ᠭᠤᠳᠣᠮᠵᠢ ᠵᠡᠷᠭᠡ ᠶᠢ ᠵᠠᠰᠠᠨ ᠰᠢᠨᠡᠳᠭᠡᠭᠰᠡᠨ ᠪᠠᠶᠢᠨ᠎ᠠ᠃ ᠡᠨ᠋ᠨ ᠤᠳᠠᠭ᠎ᠠ ᠪᠠᠷᠤᠭ 210 ᠭᠠᠷᠣᠢ ᠳᠦᠮᠡᠨ ᠲᠡᠭᠰᠢ ᠳᠦᠷᠪᠡᠯᠵᠢᠨ ᠮᠧᠲᠷ ᠤᠨ ᠲᠠᠯᠠᠪᠠᠢ ᠲᠠᠢ ᠰᠠᠭᠤᠭᠠᠯᠢ ᠠᠷᠡᠳ ᠤᠨ ᠬᠠᠭᠤᠴᠢᠷᠠᠭᠰᠠᠨ ᠳᠣᠭᠤᠷᠢᠭ ᠢ ᠰᠢᠨᠡᠳᠬᠡᠨ ᠵᠠᠰᠠᠵᠣ 1 ᠳᠦᠮᠨ 4000 ᠭᠠᠷᠣᠢ ᠡᠷᠣᠬᠡ ᠶᠢᠨ 4 ᠲᠦᠮᠡ ᠭᠠᠷᠣᠢ ᠬᠦᠮᠣᠨ ᠳᠤ ᠠᠰᠢᠭ ᠭᠦᠷᠲᠡᠭᠡᠭᠰᠡᠨ ᠪᠠᠶᠢᠨ᠎ᠠ᠃      ᠬᠤᠰᠢᠭᠤ ᠪᠠᠳᠣᠯᠠᠭ᠎ᠠ ᠶᠢᠨ ᠴᠢᠨᠠᠷᠳᠠᠢ ᠣᠷᠣᠨ ᠰᠠᠭᠤᠴᠠ ᠪᠣᠯᠣᠨ ᠭᠡᠷ ᠬᠦᠷᠣᠩᠬᠡ ᠶᠢᠨ ᠰᠣᠯᠢᠯᠴᠠᠭᠠᠨ ᠤ ᠬᠠᠮᠢᠶᠠᠷᠣᠯᠲᠠ ᠶᠢᠨ ᠲᠥᠪ ᠤᠨ ᠳᠡᠳ᠋ ᠡᠷᠬᠢᠯᠡᠭᠴᠢ ᠪᠣᠯᠣᠣᠨ᠄ ︽ᠡᠨᠡᠬᠦ ᠪᠠᠷᠢᠯᠭ᠎ᠠ ᠶᠢᠨ ᠢᠯᠭᠤᠮ ᠣᠷᠣᠭᠰᠢᠳᠠᠢ ᠶᠠᠪᠣᠭᠳᠠᠬᠤ ᠶᠢ ᠪᠠᠳᠣᠯᠠᠬᠤ ᠶᠢᠨ ᠳᠦᠯᠣᠭᠡ ᠮᠠᠨ ᠤ ᠪᠠᠶᠢᠭᠤᠯᠭ᠎ᠠ ᠨᠢ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠳᠦᠷᠭᠡᠳᠭᠡᠬᠦ ᠶᠢᠨ ᠬᠠᠮᠲᠣ ᠴᠢᠨᠠᠷ ᠴᠢᠨᠰᠠᠭ᠎ᠠ ᠶᠢ ᠪᠠᠳᠣᠯᠠᠨ ᠰᠠᠭᠤᠭᠠᠯᠢ ᠠᠷᠡᠳ ᠲᠤ ᠳᠣᠬᠢᠯᠢᠭ ᠳᠠᠭᠠᠲᠠᠢ ᠤᠷᠴᠢᠨ ᠳᠣᠭᠤᠷᠢᠨ ᠢ ᠬᠠᠩᠭᠠᠵᠣ ᠪᠣᠳᠠᠳᠠᠢ ᠠᠰᠢᠭ ᠬᠦᠷᠳᠡᠭᠡᠬᠦ ᠪᠠᠷ ᠪᠠᠶᠢᠨ᠎ᠠ︾ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号