ᠨᠠᠮᠤᠷ ᠤᠨ ᠤᠯᠠᠷᠢᠯ ᠭᠦᠷᠴᠦ ᠢᠷᠡᠬᠦ ᠪᠠᠷ ᠮᠠᠨ ᠤ ᠬᠤᠰᠢᠭᠤ ᠠᠷᠪᠠᠨ ᠲᠦᠮᠡᠨ ᠮᠦ ᠶᠢᠨ ᠡᠷᠳᠡᠨᠢ ᠰᠢᠰᠢ ᠶᠢᠨ | ᠨᠤᠭᠤᠭᠠᠨ ᠪᠤᠷᠳᠤᠭ᠎ᠠ ᠬᠠᠳᠤᠵᠤ ᠬᠤᠷᠢᠶᠠᠬᠤ ᠠᠵᠢᠯ ᠢᠶᠠᠨ ᠡᠬᠢᠯᠡᠬᠦᠯᠵᠦ ᠡᠯ᠎ᠡ ᠭᠠᠵᠠᠷ ᠤᠨ ᠬᠢᠨ ᠬᠥᠮᠦᠨ ᠤ ᠬᠦᠴᠦ᠂ | ᠲᠣᠮᠣ ᠬᠡᠯᠪᠡᠷᠢ ᠶᠢᠨ ᠮᠠᠰᠢᠨ ᠮᠧᠬᠠᠨᠢᠭ ᠢ ᠢᠳᠡᠪᠬᠢᠲᠡᠢ ᠵᠣᠬᠢᠶᠠᠨ ᠪᠠᠶᠢᠭᠤᠯᠵᠤ ᠨᠤᠭᠤᠭᠠᠨ ᠪᠤᠷᠳᠤᠭ᠎ᠠ ᠬᠠᠳᠤᠵᠤ | ᠬᠤᠷᠢᠶᠠᠨ ᠡᠯᠪᠡᠭ ᠬᠤᠷᠢᠶᠠᠯᠲᠠ ᠪᠠᠨ ᠤᠭᠲᠤᠯ᠎ᠠ᠃ | ᠣᠷᠳᠣᠰ ᠬᠤᠲᠠ ᠶᠢᠨ ᠲᠠᠯ᠎ᠠ ᠨᠤᠲᠤᠭ ᠤᠨ ᠡᠾᠧ ᠨᠢᠤ ᠮᠠᠯ ᠠᠵᠤ ᠠᠬᠤᠢ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠰᠦᠯᠳᠡ ᠰᠤᠮᠤᠨ ᠤ ᠲᠥᠩᠽᠢ ᠭᠠᠴᠠᠭᠠᠨ ᠳᠠᠬᠢ ᠡᠷᠳᠡᠨᠢ ᠰᠢᠰᠢ ᠶᠢᠨ ᠨᠤᠭᠤᠭᠠᠨ | ᠪᠤᠷᠳᠤᠭ᠎ᠠ ᠶᠢᠨ ᠰᠠᠭᠤᠷᠢᠨ ᠭᠠᠵᠠᠷ ᠲᠤ ᠬᠤᠶᠠᠷ ᠲᠤᠮᠤ ᠬᠡᠯᠪᠡᠷᠢ ᠶᠢᠨ ᠬᠠᠳᠤᠵᠤ ᠬᠤᠷᠢᠶᠠᠬᠤ ᠮᠠᠰᠢᠨ ᠨᠤᠭᠤᠭᠠᠨ | ᠪᠤᠷᠳᠤᠭ᠎ᠠ ᠬᠤᠷᠢᠶᠠᠵᠤ ᠶᠠᠭᠠᠷᠠᠯᠳᠤᠨ ᠬᠠᠳᠤᠵᠤ ᠬᠤᠷᠢᠶᠠᠭᠰᠠᠨ ᠨᠤᠭᠤᠭᠠᠨ ᠪᠤᠷᠳᠤᠭ᠎ᠠ ᠪᠠᠨ ᠳᠠᠷᠤᠰᠢᠭᠤᠯᠤᠨ | ᠬᠠᠳᠠᠭᠠᠯᠠᠬᠤ ᠵᠣᠭᠤᠷᠢ ᠳᠤ ᠬᠦᠷᠭᠡᠨ ᠬᠠᠳᠠᠭᠠᠯᠠᠵᠤ ᠪᠠᠶᠢᠯ᠎ᠠ᠃ ᠳᠠᠷᠤᠰᠢᠭᠤᠯᠤᠭᠰᠠᠨ ᠡᠷᠳᠡᠨᠢ ᠰᠢᠰᠢ ᠪᠣᠯ ᠲᠠᠷᠤᠢ | ᠮᠠᠯ ᠤᠨ ᠡᠪᠦᠯᠵᠢᠬᠦ ᠴᠢᠬᠤᠯᠠ ᠬᠦᠨᠡᠰᠦ ᠪᠤᠯᠤᠨ᠎ᠠ᠃ ᠣᠷᠳᠣᠰ ᠬᠤᠲᠠ ᠶᠢᠨ ᠲᠠᠯ᠎ᠠ ᠨᠤᠲᠤᠭ ᠤᠨ ᠡᠾᠧ ᠨᠢᠤ ᠮᠠᠯ | ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠵᠢᠯ ᠪᠦᠷᠢ ᠥᠪᠡᠰᠦᠪᠡᠨ ᠡᠷᠳᠡᠨᠢ ᠰᠢᠰᠢ ᠲᠠᠷᠢᠵᠤ | ᠲᠠᠷᠤᠰᠢᠭᠤᠯᠬᠤ ᠠᠴᠠ ᠭᠠᠳᠠᠨ᠎ᠠ ᠪᠠᠰᠠ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠲᠠᠢ ᠬᠠᠮᠲᠤᠷᠠᠨ ᠠᠵᠢᠯᠯᠠᠵᠤ | ᠵᠠᠬᠢᠶᠠᠯᠠᠭ᠎ᠠ ᠲᠣᠭᠲᠠᠬᠤ ᠪᠠᠷ ᠳᠠᠮᠵᠢᠭᠤᠯᠤᠨ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠳᠠᠷᠤᠰᠢᠭᠤᠯᠤᠭᠰᠠᠨ | ᠡᠷᠳᠡᠨᠢ ᠰᠢᠰᠢ ᠶᠢ ᠬᠤᠳᠠᠯᠳᠤᠨ ᠠᠪᠳᠠᠭ ᠪᠠᠶᠢᠨ᠎ᠠ᠃ | ᠰᠦᠯᠳᠡ ᠰᠤᠮᠤᠨ ᠤ ᠲᠥᠩᠽᠢ ᠭᠠᠴᠠᠭᠠᠨ ᠤ ᠮᠠᠯᠴᠢᠨ ᠮᠦᠩᠬᠡᠴᠢᠯᠠᠭᠤ᠄ ︽ᠬᠤᠶᠠᠷ ᠮᠢᠩᠭ᠎ᠠ ᠭᠠᠷᠤᠢ ᠮᠤ᠋ | ᠭᠠᠵᠠᠷ ᠢ ᠠᠷᠪᠠᠭᠠᠳ ᠬᠤᠨᠤᠪᠠᠯ ᠪᠦᠬᠦᠨ ᠢ ᠬᠠᠳᠤᠴᠢᠬᠠᠬᠤ ᠭᠡᠵᠦ ᠪᠤᠳᠤᠵᠤ ᠪᠠᠶᠢᠨ᠎ᠠ᠃ ᠤᠨᠠᠯᠲᠠ ᠨᠢ ᠲᠤᠩ | ᠦᠨᠳᠦᠷ᠂ ᠮᠢᠨᠦ ᠡᠨᠡ ᠭᠠᠵᠠᠷ ᠢᠶᠠᠷ ᠨᠢᠭᠡ ᠮᠤ᠋ ᠳᠤ ᠪᠠᠷᠤᠭ 6 ᠲᠤᠨ ᠭᠠᠷᠤᠨ᠎ᠠ᠂ ᠨᠢᠭᠡ ᠮᠤ᠋ ᠭᠠᠵᠠᠷ 2000 | ᠭᠠᠷᠤᠢ ᠲᠦᠬᠦᠷᠢᠭ ᠲᠠᠭᠠᠷᠠᠨ᠎ᠠ᠃ ᠭᠠᠵᠠᠷ ᠲᠠᠭᠠᠭᠠᠴᠢᠯᠠᠭᠰᠠᠨ ᠪᠦᠬᠦᠶᠢᠯᠡ ᠵᠠᠷᠤᠳᠠᠯ ᠢᠶᠠᠨ ᠭᠠᠷᠭᠠᠭᠠᠳ 1500 | ᠭᠠᠷᠤᠢ ᠲᠦᠭᠦᠷᠢᠭ ᠤᠨ ᠴᠡᠪᠡᠷ ᠤᠷᠤᠯᠭ᠎ᠠ ᠤᠯᠴᠢᠬᠠᠨ᠎ᠠ︾ ᠭᠡᠪᠡ᠃ | ᠣᠷᠳᠣᠰ ᠬᠤᠲᠠ ᠶᠢᠨ ᠲᠠᠯ᠎ᠠ ᠨᠤᠲᠤᠭ ᠤᠨ ᠡᠾᠧ ᠨᠢᠤ ᠮᠠᠯ ᠠᠵᠤ ᠠᠬᠤᠶ ᠶᠢᠨ ᠬᠢᠵᠠᠭᠠᠷᠲᠤ | ᠬᠠᠷᠢᠭᠤᠴᠠᠯᠭᠠᠲᠤ ᠺᠤᠮᠫᠠᠨᠢ ᠨᠢ 2011 ᠣᠨ ᠳᠤ ᠪᠠᠶᠢᠭᠤᠯᠤᠭᠳᠠᠵᠤ ᠦᠬᠡᠷ ᠤᠨ ᠦᠷᠡᠵᠢᠯ ᠢ ᠦᠷᠭᠡᠳᠬᠡᠬᠦ᠂ | ᠠᠯᠠᠰᠢᠨ ᠦᠬᠡᠷ ᠤᠨ ᠡᠭᠦᠯᠳᠡᠷ ᠪᠤᠶᠢᠵᠢᠭᠤᠯᠬᠤ᠂ ᠭᠡᠷ ᠤᠨ ᠵᠢᠭᠦᠷᠲᠡᠨ ᠲᠡᠵᠢᠭᠡᠨ ᠦᠷᠡᠵᠢᠭᠦᠯᠬᠦ ᠵᠡᠷᠭᠡ ᠲᠥᠷᠥᠯ | ᠵᠦᠢᠯ ᠢ ᠡᠵᠡᠩᠨᠡᠳᠡᠭ ᠠᠴᠠ ᠲᠤᠰ ᠺᠣᠮᠫᠠᠨᠢ ᠨᠢ ᠵᠢᠯ ᠪᠦᠷᠢ ᠶᠡᠭᠡ ᠬᠡᠮᠵᠢᠶᠡᠨ ᠤ ᠳᠠᠷᠤᠰᠢᠭᠤᠯᠤᠭᠰᠠᠨ ᠡᠷᠳᠡᠨᠢ ᠰᠢᠰᠢ | ᠬᠤᠳᠠᠯᠳᠤᠨ ᠠᠪᠲᠠᠭ᠃ | ᠣᠷᠳᠣᠰ ᠬᠤᠲᠠ ᠶᠢᠨ ᠲᠠᠯ᠎ᠠ ᠨᠤᠲᠤᠭ ᠤᠨ ᠡᠾ ᠨᠢᠤ ᠮᠠᠯ ᠠᠵᠤ ᠠᠬᠤᠶ ᠶᠢᠨ ᠬᠢᠵᠠᠭᠠᠷᠲᠤ | ᠬᠠᠷᠢᠭᠤᠴᠠᠯᠭᠠᠲᠤ ᠺᠤᠮᠫᠠᠨᠢ ᠶᠢᠨ ᠶᠠᠷᠥᠩᠬᠡᠢ ᠲᠠᠭᠠᠭᠠᠮᠠᠯ ᠦ᠋ ᠬᠠᠢ ᠹᠧᠢ᠄ ︽ᠲᠤᠬᠠᠶ ᠶᠢᠨ ᠭᠠᠵᠠᠷ ᠤᠨ ᠮᠠᠯᠵᠢᠬᠤ | ᠲᠠᠷᠢᠶᠠᠯᠠᠬᠤ ᠡᠷᠦᠬᠡ ᠲᠠᠢ ᠠᠰᠢᠭ ᠲᠤᠰᠠ ᠶᠢᠨ ᠲᠣᠭᠲᠠᠴᠠ ᠶᠢ ᠪᠠᠶᠢᠭᠤᠯᠵᠠᠶ᠃ ᠢᠩᠬᠢᠭᠡᠳ ᠵᠢᠯ ᠪᠦᠷᠢ ᠣᠶᠢᠷ᠎ᠠ | ᠬᠠᠪᠢ ᠶᠢᠨ ᠮᠠᠯᠵᠢᠬᠤ ᠲᠠᠷᠢᠶᠠᠯᠠᠬᠤ ᠡᠷᠦᠬᠡ ᠶᠢᠨ ᠲᠠᠷᠤᠰᠢᠭᠤᠯᠤᠭᠰᠠᠨ ᠡᠷᠳᠡᠨᠢ ᠰᠢᠰᠢ ᠶᠢ ᠪᠠᠷᠤᠭ 5000 ᠭᠠᠷᠤᠢ | ᠲᠣᠨ ᠬᠤᠳᠠᠯᠳᠤᠨ ᠠᠪᠴᠤ ᠮᠠᠯᠴᠢᠨ ᠲᠠᠷᠢᠶᠠᠴᠢᠨ ᠤ ᠵᠢᠯ ᠪᠦᠷᠢ ᠶᠢᠨ ᠣᠷᠣᠯᠭ᠎ᠠ ᠨᠢ 8000 ᠭᠠᠷᠤᠢ ᠲᠥᠭᠦᠷᠢᠭ | ᠲᠤ ᠬᠦᠷᠳᠡᠭ ᠪᠠᠶᠢᠨ᠎ᠠ︾ ᠭᠡᠪᠡ᠃ | ᠡᠨᠡ ᠵᠢᠯ ᠮᠠᠨ ᠤ ᠬᠤᠰᠢᠭᠤ ᠠᠮᠤ ᠪᠤᠷᠳᠤᠭᠠᠨ ᠤ ᠳᠠᠷᠢᠮᠠᠯ᠂ ᠠᠵᠤ ᠠᠬᠤᠶ ᠶᠢᠨ ᠲᠠᠷᠢᠮᠠᠯ᠂ ᠡᠪᠡᠰᠦ | ᠪᠤᠷᠳᠤᠭᠠᠨ ᠤ ᠲᠠᠷᠢᠮᠠᠯ ᠤᠨ ᠪᠦᠲᠦᠴᠡ ᠳᠤ ᠲᠤᠬᠢᠷᠠᠭᠤᠯᠤᠯᠲᠠ ᠬᠢᠵᠦ ᠲᠠᠷᠢᠶᠠᠯᠠᠩ ᠢᠶᠠᠷ ᠮᠠᠯ ᠠᠵᠤ ᠠᠬᠤᠶ ᠶᠢ | ᠠᠬᠢᠭᠤᠯᠤᠨ ᠮᠠᠯ ᠲᠠᠷᠢᠶᠠᠯᠠᠩ ᠠᠵᠤ ᠠᠬᠤᠶ ᠶᠢ ᠤᠶᠠᠯᠳᠤᠭᠤᠯᠤᠭᠰᠠᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ | ᠭᠡᠷᠡᠭᠵᠢᠭᠦᠯᠵᠥ ᠳᠠᠷᠤᠰᠢᠭᠤᠯᠤᠭᠰᠠᠨ ᠨᠣᠭᠤᠭᠠᠨ ᠪᠣᠷᠳᠣᠭᠠᠨ ᠤ ᠡᠷᠳᠡᠨᠢ ᠰᠢᠰᠢ ᠶᠢ ᠠᠷᠪᠠ ᠭᠠᠷᠤᠶ ᠲᠦᠮᠡᠨ ᠮᠤ᠋ | ᠲᠠᠷᠢᠭᠠᠳ ᠣᠳᠣ ᠬᠤᠷᠢᠶᠠᠬᠤ ᠱᠠᠲᠤᠨ ᠳᠤ ᠤᠷᠤᠵᠦ ᠶᠠᠭ ᠪᠥᠬᠦ ᠲᠠᠯ᠎ᠠ ᠪᠠᠷ ᠬᠠᠳᠣᠨ ᠲᠠᠷᠣᠰᠢᠭᠤᠯᠵᠣ ᠪᠠᠶᠢᠨ᠎ᠠ᠃ |