ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠡ ᠶᠢᠨ ᠱᠠᠯᠠᠪᠳᠠᠭᠤᠯᠤᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠬᠢᠨ ᠤᠷᠳᠤᠰ ᠬᠤᠳᠠ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠡ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠠᠶᠢᠴᠢᠯᠠᠯᠳᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2020/9/11
     9 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠡ ᠶᠢᠨ ᠱᠠᠯᠠᠪᠳᠠᠭᠤᠯᠤᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠬᠢᠨ ᠤᠷᠳᠤᠰ ᠬᠤᠳᠠ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠡ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠠᠶᠢᠴᠢᠯᠠᠯᠳᠠ ᠶᠢᠨ ᠬᠤᠷᠠᠯ ᠢ ᠬᠤᠷᠠᠯᠳᠤᠭᠤᠯᠵᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠦᠨ ᠬᠤᠢ ᠮᠢᠨ᠂ ᠳᠡᠳ᠋ ᠳᠤᠭᠤᠶᠢᠯᠠᠩ ᠤᠨ ᠳᠠᠷᠤᠭ᠎ᠠ ᠬᠤᠤ ᠴᠢᠩ ᠸᠧᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ ᠲᠤᠰ ᠲᠤᠰ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠶᠢᠨ ᠡᠤ ᠬᠤᠷᠠᠯ ᠢ ᠡᠷᠭᠢᠯᠡᠪᠡ᠃
     ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠤᠨ ᠪᠥᠭᠦ ᠭᠡᠰᠢᠭᠦᠳ ᠪᠤᠯᠤᠨ ᠬᠤᠳᠠ ᠶᠢᠨ ᠨᠠᠮ ᠤᠨ ᠬᠤᠷᠢᠶ᠎ᠠ ᠵᠠᠰᠠᠭ  ᠤᠨ ᠤᠷᠳᠤᠨ ᠤ ᠬᠤᠯᠪᠤᠭᠳᠠᠯ ᠪᠥᠭᠦᠢ ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠪᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠭᠤᠤᠯ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠨ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠢ ᠵᠡᠷᠭᠡ ᠬᠤᠰᠢᠭᠤ ᠰᠢᠶᠠᠨ ᠤ ᠲᠠᠰ ᠤᠨ ᠤᠳᠤᠷᠢᠳᠤᠯᠭ᠎ᠠ ᠪᠤᠯᠤᠨ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ  ᠳᠤ ᠤᠷᠤᠯᠴᠠᠭᠰᠠᠨ ᠪᠠᠶᠢᠨ᠎ᠠ᠃      ᠰᠦᠨ ᠬᠤᠢ ᠮᠢᠨ ᠵᠢᠭᠠᠬᠤ ᠳᠤ ᠪᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠤᠯ ᠪᠤᠯᠭᠠᠬᠰᠡᠨ ᠨᠠᠮ ᠤᠨ ᠲᠥᠪ ᠬᠤᠷᠢᠶ᠎ᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢᠨ ᠴᠢᠬᠤᠯᠠ ᠠᠭᠤᠯᠭ᠎ᠠ ᠪᠣᠯᠭᠠᠪᠠ᠃ ᠠᠯᠢ ᠤᠯᠠᠨ ᠦᠨᠳᠦᠰᠦᠨ ᠴᠢᠨᠠᠷᠲᠠᠶ᠂ ᠡᠭᠦᠳᠦᠯᠲᠡ ᠶᠢᠨ ᠴᠢᠨᠠᠷᠲᠠᠶ᠂ ᠠᠯᠤᠰ ᠬᠡᠳᠦ ᠶᠢᠨ ᠴᠢᠨᠠᠷᠲᠠᠶ ᠠᠵᠢᠯ ᠢ ᠲᠥᠯᠥᠪᠵᠢᠭᠦᠯᠦᠨ ᠥᠷᠨᠢᠭᠦᠯᠵᠦ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢ ᠠᠬᠢᠭᠤᠯᠤᠭᠰᠠᠨ ᠠᠴᠠ ᠭᠦᠨᠵᠡᠭᠡᠶ ᠲᠡᠤᠬᠡᠲᠦ ᠴᠢᠨᠠᠷᠲᠠᠶ ᠬᠤᠪᠢᠷᠠᠯᠲᠠ ᠭᠠᠷᠴᠠᠶ ᠬᠡᠪᠡ᠃
     ᠰᠦᠨ ᠬᠤᠢ ᠮᠢᠨ ᠴᠢᠬᠤᠯᠠᠴᠢᠯᠠᠬᠤ ᠳᠤ ᠪᠠᠨ᠂ ᠡᠨᠡ ᠤᠳᠠᠭ᠎ᠠ ᠭᠤᠤᠯᠳᠠᠭᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠷᠳᠤᠰ ᠬᠤᠳᠠ ᠰᠤᠷᠤᠯᠴᠠᠨ ᠲᠤᠭᠤᠰᠢᠯᠠᠭᠤᠯᠤᠬᠰᠡᠨ ᠵᠢᠴᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠬᠰᠡᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠬᠰᠡᠨ ᠪᠠᠶᠢᠳᠠᠯ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠲᠦᠷᠢᠮ ᠲᠤᠬᠳᠠᠭᠠᠯ᠂ ᠪᠠᠷᠢᠮᠵᠢᠶ᠎ᠠ ᠶᠢᠨ ᠵᠢᠷᠤᠮᠵᠢᠯ᠂ ᠲᠥᠯᠥᠪᠵᠢᠭᠦᠯᠭᠡ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠡ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ︾ ᠪᠠ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠲᠠᠢ ᠪᠠᠶᠢᠬᠤ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠪᠠ ᠠᠷᠠᠳ ᠣᠯᠠᠨ ᠤ ᠲᠤᠰᠬᠠᠯ ᠴᠢᠩᠭ᠎ᠠ ᠠᠰᠠᠭᠤᠳᠠᠯ ᠢ ᠰᠢᠢᠳᠪᠤᠷᠢᠯᠡᠭᠰᠡᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠨ᠎ᠠ᠃ ᠣᠷᠳᠣᠰ ᠬᠤᠲᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠠᠬᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ︽ᠳᠥᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠳᠤ ᠢᠳᠡᠪᠬᠢᠲᠡᠢ ᠬᠠᠮᠵᠢᠯᠴᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠡᠯ᠎ᠡ ᠲᠦᠷᠦᠯ ᠤᠨ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠬᠡᠵᠠᠢ᠃    ᠨᠢᠤ ᠵᠢᠶᠦ᠋ᠨ ᠶᠠᠨ ᠢᠯᠡᠷᠬᠡᠶᠢᠯᠡᠬᠦ ᠳᠤ ᠪᠠᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠡ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠪᠣᠯ ᠮᠠᠨ ᠤ ᠬᠤᠲᠠ ᠶᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ︾ ᠮᠦᠨ᠂ ᠮᠠᠨ ᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠡᠯ᠎ᠡ ᠲᠦᠷᠦᠯ ᠤᠨ ᠠᠵᠢᠯ ᠢ ︽ᠰᠤᠳᠠᠯ ᠪᠠᠷᠢᠵᠤ ᠣᠨᠣᠰᠢᠯᠠᠵᠤ︾ ᠪᠠᠶᠢᠭ᠎ᠠ ᠶᠠᠪᠤᠳᠠᠯ ᠪᠣᠯᠤᠨ᠎ᠠ᠂ ᠮᠠᠨ ᠤ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷ ᠤᠨ ᠬᠥᠭᠵᠢᠯᠲᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ ᠪᠠ ᠬᠠᠷᠢᠭᠤᠴᠠᠯᠭ᠎ᠠ ᠡᠭᠦᠷᠭᠡᠯᠡᠭᠴᠢ ᠶᠢᠨ ᠪᠣᠳᠠᠲᠤ ᠰᠢᠯᠭᠠᠯᠲᠠ ᠮᠥᠨ᠃ ᠬᠤᠲᠠ ᠳᠠᠶᠠᠭᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠨᠡᠮᠡᠭᠳᠡᠬᠦᠯᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ ᠱᠠᠯᠠᠪᠳᠠᠭᠤᠯᠤᠨ ᠪᠠᠶᠢᠴᠠᠭᠠᠬᠤ ᠳᠤ ᠲᠥᠪ ᠴᠢᠩᠭ᠎ᠠ ᠬᠠᠨᠳᠤᠵᠤ᠂ ᠰᠠᠨᠠᠭᠠᠴᠢᠯᠠᠭ᠎ᠠ ᠠᠴᠠ ᠪᠠᠨ ᠱᠠᠯᠠᠪᠳᠠᠭᠤᠯᠤᠨ ᠪᠠᠶᠢᠴᠠᠭᠠᠬᠤ ᠶᠢ ᠬᠦᠯᠢᠶᠡᠵᠦ᠂ ᠱᠠᠯᠠᠪᠳᠠᠭᠤᠯᠤᠨ ᠪᠠᠶᠢᠴᠠᠭᠠᠯᠲᠠ ᠳᠤ ᠡᠷᠡᠰ ᠬᠠᠮᠵᠢᠯᠴᠠᠨ᠂ ᠱᠠᠯᠠᠪᠳᠠᠭᠤᠯᠤᠨ ᠪᠠᠶᠢᠴᠠᠭᠠᠬᠤ ᠶᠢ ᠪᠥᠬᠦ ᠬᠦᠴᠦᠨ ᠢᠶᠠᠷ ᠢᠶᠠᠨ ᠳᠡᠮᠵᠢᠬᠦ ᠭᠡᠷᠡᠭᠲᠡᠢ᠃ ᠵᠣᠬᠢᠶᠠᠨ ᠪᠠᠶᠢᠭᠤᠯᠤᠯᠲᠠ᠂ ᠣᠯᠠᠨ ᠲᠦᠮᠡᠨ᠂ ᠠᠵᠢᠯ ᠦᠢᠯᠡᠰ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠳᠡ ᠶᠢᠨ ᠱᠠᠯᠠᠪᠳᠠᠭᠤᠯᠤᠨ ᠪᠠᠶᠢᠴᠠᠭᠠᠯᠳᠡ ᠶᠢᠨ ᠡᠯ᠎ᠡ ᠲᠦᠷᠦᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠬᠤ᠂ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠳᠡᠮᠵᠢᠬᠦ᠂ ᠰᠠᠶᠢᠲᠤᠷ ᠬᠠᠮᠵᠢᠯᠴᠠᠬᠤ᠂ ᠰᠠᠶᠢᠲᠤᠷ ᠪᠠᠲᠤᠯᠠᠬᠤ ᠶᠠᠪᠤᠳᠠᠯ ᠢ ᠵᠠᠶᠢᠯᠠᠭᠤᠯᠵᠤ ᠪᠣᠯᠤᠰᠢ ᠦᠭᠡᠢ ᠤᠯᠤᠰ ᠲᠥᠷᠥ ᠶᠢᠨ ᠬᠠᠷᠢᠭᠤᠴᠠᠯᠭ᠎ᠠ ᠪᠠ ᠡᠷᠬᠡᠪᠰᠢ ᠪᠡᠶᠡᠯᠡᠭᠦᠯᠬᠦ ᠤᠯᠤᠰ ᠲᠥᠷᠥ ᠶᠢᠨ ᠡᠭᠦᠷᠭᠡ ᠪᠠᠨ ᠪᠤᠯᠭᠠᠬᠤ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠰᠠᠬᠢᠯᠭ᠎ᠠ ᠪᠠᠲᠤ ᠣᠪᠣᠷ ᠰᠤᠷᠲᠠᠯ ᠢ ᠦᠨᠡᠨ ᠬᠦ ᠴᠢᠩᠳᠠᠯᠠᠵᠤ ᠦᠢᠯᠡᠴᠢᠯᠡᠭᠡ ᠶᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠷᠢᠭᠲᠠᠶ ᠪᠠᠷ ᠠᠰᠠᠭᠤᠳᠠᠯ ᠳᠤ ᠰᠢᠭᠤᠳ ᠬᠠᠨᠳᠤᠵᠤ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠰᠠᠶᠢᠵᠢᠷᠠᠭᠤᠯᠤᠨ᠂ ᠦᠨᠡᠨ ᠢᠶᠠᠷ ᠵᠠᠰᠠᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡᠳᠦᠯᠲᠡᠶ ᠲᠥᠯᠥᠪᠯᠡᠨ ᠴᠡᠭᠴᠡᠯᠡᠨ ᠰᠠᠶᠢᠵᠢᠷᠠᠭᠤᠯᠵᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠨᠢᠭᠡ ᠠᠴᠠ ᠨᠥᠭᠦᠭᠡ ᠶᠢ ᠵᠦᠢᠴᠢᠯᠡᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠳᠡ ᠶᠢᠨ ᠲᠣᠪᠤᠶᠢᠮ᠎ᠠ ᠠᠰᠠᠭᠤᠳᠠᠯ ᠢ ᠴᠢᠩᠭ᠎ᠠ ᠪᠥᠭᠡᠳ ᠪᠣᠳᠠᠲᠠᠶ ᠰᠠᠶᠢᠲᠤᠷ ᠰᠢᠢᠳᠪᠤᠷᠢᠯᠡᠬᠦ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠶᠢ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠯᠦᠭᠡ ᠤᠶᠠᠯᠳᠤᠭᠤᠯᠵᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ‌‍ᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠭᠡᠷᠡᠭᠲᠡᠢ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠮᠢ ᠠᠬᠤᠢ ᠶᠢ ᠤᠷᠢᠳ ᠢᠶᠠᠷ ᠪᠣᠳᠣᠯᠬᠢᠯᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠲᠦᠷᠭᠡᠳᠬᠡᠨ ᠨᠡᠭᠡᠭᠡᠵᠦ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠬᠤ ᠪᠠ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠪᠦᠳᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号