ᠪᠦᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠠᠵᠢᠯ ᠤᠨ ᠲᠤᠭᠢᠷᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/11
     9 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠥᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠬᠤᠰᠢᠭᠤ ᠤᠳᠤᠷᠢᠳᠤᠯᠭ᠎ᠠ ᠯᠠᠨ ᠲᠢᠶᠠᠨ᠂ ᠰᠦ᠋ ᠰᠢᠨ ᠹᠠ᠂ ᠹᠧᠩ ᡁᠢ ᠮᠢᠩ᠂ ᠯᠢ ᠵᠥᠩ ᠯᠢᠨ᠂ ᠭᠤᠤ ᠬᠤ᠋᠂ ᠵᠸᠤ ᠱᠤᠸᠠᠢ᠂ ᠪᠠᠶᠠᠨᠴᠡᠩᠭᠡᠯ ᠪᠤᠯᠤᠨ ᠡᠯ᠎ᠡ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ︶᠂ ᠰᠤᠮᠤ ᠪᠠᠯᠭᠠᠰᠤ᠂ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠱᠠᠭᠠᠷᠳᠠᠨ ᠪᠠᠶᠢᠴᠠᠭᠠᠬᠤ ᠳᠤᠭᠤᠶᠢᠯᠠᠩ ᠲᠠᠢ ᠬᠠᠮᠵᠢᠯᠴᠠᠨ ᠵᠣᠬᠢᠴᠠᠭᠤᠯᠤᠨ ᠬᠤᠯᠪᠣᠭ᠎ᠠ ᠠᠪᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠠᠶᠢᠨ᠎ᠠ᠃
     ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠱᠠᠭᠠᠷᠳᠠᠨ ᠪᠠᠶᠢᠴᠠᠭᠠᠬᠤ ᠳᠤᠭᠤᠶᠢᠯᠠᠩ ᠲᠠᠢ ᠬᠠᠮᠵᠢᠯᠴᠠᠨ ᠱᠠᠭᠠᠷᠳᠠᠨ ᠪᠠᠶᠢᠴᠠᠭᠠᠬᠤ ᠠᠵᠢᠯ ᠢ ᠥᠷᠨᠢᠭᠦᠯᠭᠦ ᠲᠥᠰᠦᠯ︾ ᠢ ᠵᠠᠷᠯᠠᠨ ᠮᠡᠳᠡᠭᠳᠡᠵᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠥᠥᠰᠢᠨ ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠥᠩᠭᠡᠷᠡᠭᠰᠡᠨ ᠵᠢᠯ ᠤᠨ ᠲᠥᠪ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ ᠪᠥᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠠᠵᠢᠯ ᠳᠤ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
     ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠳᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠤᠷᠢᠯᠠᠵᠤ ᠡᠯ᠎ᠡ ᠲᠥᠷᠤᠯ ᠤᠨ ᠠᠵᠢᠯ ᠢ ᠨᠠᠷᠢᠯᠢᠭ ᠪᠣᠳᠠᠲᠠᠶ ᠠᠳᠬᠤᠵᠤ ᠨᠠᠩ ᠶᠡᠭᠡ ᠦᠷ᠎ᠡ ᠪᠦᠲᠦᠮᠵᠢ ᠭᠠᠷᠭᠠᠬᠤ ᠭᠡᠷᠡᠭᠳᠠᠢ ᠭᠡᠵᠡᠢ᠃      ᠡᠷᠳᠡᠨᠢᠪᠢᠯᠢᠭ ᠱᠠᠭᠠᠷᠳᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠪᠠᠨ ᠨᠢᠭᠡᠳᠭᠡᠨ ᠪᠣᠳᠠᠲᠠᠢ ᠠᠵᠢᠯᠯᠠᠵᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠠᠨ ᠲᠤᠰᠢᠶᠠᠯ ᠢᠶᠠᠨ ᠭᠥᠢᠴᠡᠳᠭᠡᠵᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠬᠠᠤᠯᠢ ᠲᠣᠭᠲᠠᠭᠠᠯ ᠶᠣᠰᠣᠭᠠᠷ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠶᠢ ᠪᠠᠷᠢᠮᠲᠠᠯᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠭᠢᠭᠦ ᠭᠡᠷᠡᠭᠳᠠᠢ ᠭᠡᠵᠡᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠤᠳᠤᠷᠢᠳᠬᠤ ᠳᠤᠭᠤᠶᠢᠯᠠᠩ᠂ ᠡᠯ᠎ᠡ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ ᠣᠷᠴᠢᠨ ᠲᠣᠭᠤᠷᠢᠨ ᠤ ᠱᠠᠭᠠᠷᠳᠠᠨ ᠪᠠᠶᠢᠴᠠᠭᠠᠯᠳᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠥᠢᠴᠡᠳ ᠲᠠᠨᠢᠵᠤ ︽ᠳᠥᠷᠪᠡᠨ ᠤᠬᠠᠮᠰᠠᠷ︾ ᠢ ᠴᠢᠩᠭᠠᠳᠬᠠᠬᠤ ᠦᠨᠳᠦᠷᠴᠡ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠠᠵᠢᠯ ᠤᠨ ᠲᠤᠬᠠᠢ ᠦᠵᠡᠯ ᠰᠠᠨᠠᠭ᠎ᠠ ᠲᠠᠨᠢᠯᠳᠠ ᠪᠠᠨ ᠳᠡᠭᠡᠭᠰᠢᠯᠡᠭᠦᠯᠵᠦ ᠪᠣᠳᠠᠲᠤ ᠠᠵᠢᠯᠯᠠᠭ᠎ᠠ ᠪᠠᠷ ᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠠᠵᠢᠯ ᠲᠠᠢ ᠰᠠᠶᠢᠲᠤᠷ ᠬᠠᠮᠵᠢᠯᠴᠠᠬᠤ ᠶᠢ ᠦᠦ᠋ᠰᠢᠨ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ ᠱᠠᠭᠠᠷᠳᠠᠨ ᠪᠠᠶᠢᠴᠠᠭᠠᠬᠤ ᠶᠢ ᠤᠬᠠᠮᠰᠠᠷ ᠠᠴᠠ ᠪᠠᠨ ᠬᠦᠯᠢᠶᠡᠨ ᠪᠦᠬᠦ ᠬᠦᠴᠦᠨ ᠢᠶᠠᠷ ᠢᠶᠠᠨ ᠳᠡᠮᠵᠢᠵᠦ ᠱᠠᠭᠠᠷᠳᠠᠨ ᠪᠠᠶᠢᠴᠠᠭᠠᠬᠤ ᠠᠵᠢᠯ ᠤᠨ ᠡᠯ᠎ᠡ ᠲᠥᠷᠤᠯ ᠤᠨ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号