ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠭᠢᠭᠦ ᠳᠤ ᠪᠠᠨ ᠤᠮᠤᠭ ᠲᠡᠭᠦᠯᠳᠡᠷ ᠣᠶᠤᠨ ᠰᠠᠨᠠᠭᠠᠨ ᠤ ᠪᠠᠶᠢᠳᠠᠯ ᠨᠠᠷᠢᠯᠢᠭ ᠪᠤᠳᠠᠳᠠᠢ ᠠᠵᠢᠯ ᠤᠨ ᠰᠤᠷᠲᠠᠯ ᠢᠶᠠᠷ ᠡᠭᠦᠳᠦᠨ ᠪᠠᠶᠢᠭᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ ᠭᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/9/11
     9 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠤᠯᠪᠠᠰᠤᠨ ᠬᠤᠲᠠ  ᠶᠢ ᠡᠭᠦᠳᠤᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠭᠢᠭᠦ ᠳᠤ ᠪᠠᠨ ᠤᠮᠤᠭ ᠲᠡᠭᠦᠯᠳᠡᠷ ᠣᠶᠤᠨ ᠰᠠᠨᠠᠭᠠᠨ ᠤ ᠪᠠᠶᠢᠳᠠᠯ᠂ ᠨᠠᠷᠢᠯᠢᠭ ᠪᠤᠳᠠᠳᠠᠢ ᠠᠵᠢᠯ ᠤᠨ ᠰᠤᠷᠲᠠᠯ ᠢᠶᠠᠷ ᠡᠭᠦᠳᠦᠨ ᠪᠠᠶᠢᠭᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠲᠥᠪ ᠤᠨ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠰᠢᠯᠭᠠᠨ ᠬᠤᠷᠢᠶᠠᠯᠳᠠ ᠶᠢᠨ ᠲᠤᠭᠤᠶᠢᠯᠠᠩ ᠤᠨ ᠰᠢᠯᠭᠠᠨ ᠬᠤᠷᠢᠶᠠᠯᠳᠠ ᠶᠢ ᠤᠷᠤᠭᠰᠢᠳᠠᠢ ᠥᠩᠭᠡᠷᠡᠭᠡᠵᠤ ᠪᠥᠭᠦ ᠬᠤᠰᠢᠭᠤᠨ ᠤ ᠠᠷᠠᠳ ᠲᠥᠮᠡᠨ ᠳᠤ ᠬᠠᠨᠤᠮᠵᠢᠳᠠᠢ ᠬᠠᠷᠢᠭᠤᠯᠳᠠ ᠥᠭᠭᠦ ᠬᠡᠷᠡᠭᠲᠡᠶ ᠭᠡᠵᠤ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠳᠡᠳ᠋ ᠳᠠᠷᠤᠭ᠎ᠠ ᠵᠧᠦ ᠱᠤᠸᠠᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠭᠠᠯᠠᠭᠤᠲᠤ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠱᠦᠵᠢ ᠪᠠᠶᠢᠴᠠᠭᠠᠨ ᠰᠤᠳᠤᠯᠤᠯᠳᠠ ᠳᠤ ᠣᠷᠣᠯᠴᠠᠪᠠ᠃
     ᠡᠷᠳᠡᠨᠢᠪᠢᠯᠢᠭ ᠨᠠᠷ ᠤᠷᠢᠳ ᠬᠤᠵᠢᠳ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ᠂ ᠨᠡᠶᠢᠭᠡᠮ ᠲᠣᠭᠤᠷᠢᠭ ᠰᠠᠭᠤᠭᠠᠯᠢ ᠠᠷᠠᠳ ᠤᠨ ᠲᠤᠭᠤᠷᠢᠭ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠪ᠂ ᠠᠷᠠᠳ ᠤᠨ ᠠᠭᠤᠳᠠᠮ ᠲᠠᠯᠠᠪᠠᠢ ᠵᠡᠷᠭᠡ ᠭᠠᠵᠠᠷ ᠢᠶᠠᠷ ᠭᠥᠨᠵᠡᠭᠡᠶᠢᠷᠠᠨ ᠡᠵᠡᠩᠨᠡᠭᠴᠢᠳ ᠬᠤᠳᠠᠯᠳᠤᠭᠠᠴᠢᠳ᠂ ᠬᠥᠳᠡᠯᠮᠦᠷᠢᠴᠢᠨ ᠤᠯᠠᠨ ᠲᠦᠮᠡᠨ ᠲᠠᠢ ᠰᠡᠳᠬᠢᠯ ᠤᠨ ᠦᠭᠡ ᠪᠠᠨ ᠶᠠᠷᠢᠯᠴᠠᠵᠤ ᠬᠤᠲᠠ ᠶᠢᠨ ᠬᠤᠪᠢᠷᠠᠯᠲᠠ ᠶᠢᠨ ᠪᠠᠶᠠᠷ ᠪᠠᠭ᠋ᠠᠳᠤᠯ‌ᠢ ᠬᠠᠮᠲᠤ ᠪᠠᠷ ᠬᠤᠪᠢᠶᠠᠯᠴᠠᠬᠤ ᠶᠢᠨ ᠬᠠᠮᠲᠤ ᠪᠤᠯᠪᠠᠰᠤᠨ ᠬᠤᠲᠠ  ᠶᠢᠨ ᠡᠭᠦᠳᠤᠨ ᠪᠠᠶᠢᠭᠤᠯᠤᠯᠳᠠ ᠶᠢᠨ ᠡᠮᠦᠨ᠎ᠡ ᠹᠷᠣᠨᠲ ᠲᠤ ᠭᠠᠪᠰᠢᠭᠠᠶᠢᠯᠠᠵᠤ ᠪᠠᠶᠢᠭ᠎ᠠ ᠰᠠᠶᠢᠨ ᠳᠤᠷᠠᠴᠤᠳ᠂ ᠵᠢᠵᠢᠭᠦᠷᠯᠠᠵᠤ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠶᠢᠨ ᠲᠥᠯᠥᠭᠡᠯᠡᠭᠴᠢ ᠶᠢ ᠲᠤᠬᠤᠨᠢᠭᠤᠯᠤᠨ ᠡᠯ᠎ᠡ ᠠᠵᠢᠯ ᠲᠥᠷᠥᠯ ᠤᠨ ᠨᠠᠮ ᠤᠨ ᠭᠡᠰᠢᠭᠦᠨ ᠺᠠᠳ᠋ᠷ᠂ ᠰᠠᠭᠤᠭᠠᠯᠢ ᠠᠷᠠᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠶ᠃
     ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢ ᠭᠢᠭᠰᠡᠨ ᠠᠴᠠ ᠨᠠᠰᠢ ᠬᠤᠲᠠ ᠶᠢᠨ ᠲᠥᠷᠢ ᠲᠥᠷᠭᠦ ᠶᠡᠭᠡᠭᠡᠨ ᠬᠤᠪᠢᠷᠠᠯᠳᠠ ᠭᠠᠷᠴᠤ ᠣᠯᠠᠨ ᠨᠡᠶᠢᠲᠡ ᠶᠢᠨ ᠥᠢᠯᠡᠴᠢᠯᠡᠭᠡ ᠲᠠᠰᠤᠷᠠᠯᠲᠠ ᠥᠭᠡᠢ ᠰᠠᠶᠢᠵᠢᠷᠠᠨ ᠬᠤᠲᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠪᠠ ᠬᠤᠲᠠ ᠶᠢᠨ ᠪᠣᠯᠪᠠᠰᠤᠨ ᠤ ᠲᠦᠪᠰᠢᠨ ᠢᠯᠡᠳᠲᠡ ᠳᠡᠭᠡᠭᠰᠢᠯᠡᠵᠦ ᠠᠷᠠᠳ ᠣᠯᠠᠨ ᠤ ᠠᠰᠢᠭ ᠬᠦᠷᠲᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠲᠠᠰᠤᠷᠠᠯᠲᠠ ᠥᠬᠡᠶ ᠴᠢᠩᠭᠠᠷᠠᠵᠤ ᠡᠭᠦᠳᠤᠨ ᠪᠠᠶᠢᠭᠤᠯᠤᠯᠳᠠ ᠶᠢᠨ ᠰᠢᠨ᠎ᠡ ᠬᠤᠪᠢᠷᠠᠯᠲᠠ᠂ ᠰᠢᠨ᠎ᠡ ᠦᠷ᠎ᠡ ᠪᠦᠲᠦᠮᠵᠢ ᠶᠢ ᠣᠯᠠᠨ ᠲᠦᠮᠡᠨ ᠲᠤᠰᠬᠠᠵᠤ ᠪᠠᠶᠢᠨ᠎ᠠ᠃ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠡᠵᠡᠨ ᠬᠥᠮᠦᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ ᠪᠣᠯᠪᠠᠰᠤᠨ ᠰᠢᠨ᠎ᠡ ᠰᠤᠷᠲᠠᠯ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ ᠪᠣᠯᠪᠠᠰᠤᠨ ᠰᠤᠷᠲᠠᠯ ᠢ ᠪᠥᠬᠦ ᠬᠤᠰᠢᠭᠤᠨ ᠤ ᠠᠷᠠᠳ ᠣᠯᠠᠨ ᠤ ᠰᠡᠳᠬᠢᠯ ᠳᠤ ᠬᠠᠳᠠᠩᠰᠢᠭᠤᠯᠬᠤ ᠭᠡᠷᠡᠭᠳᠠᠢ᠃ ᠪᠦᠬᠦ ᠬᠤᠰᠢᠭᠤᠨ ᠤ ᠡᠯ᠎ᠡ ᠭᠠᠵᠠᠷ ᠤᠨ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠪᠦᠷᠢᠯᠳᠦᠬᠦᠨ ᠨᠢᠭᠡᠴᠢ᠂ ᠤᠮᠤᠭ ᠲᠡᠭᠦᠯᠳᠡᠷ ᠣᠶᠤᠨ ᠰᠠᠨᠠᠭᠠᠨ ᠤ ᠪᠠᠶᠢᠳᠠᠯ᠂ ᠨᠠᠷᠢᠯᠢᠭ ᠪᠤᠳᠠᠳᠠᠢ ᠠᠵᠢᠯ ᠤᠨ ᠰᠤᠷᠲᠠᠯ ᠢᠶᠠᠷ ᠰᠠᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠡᠷᠴᠢ ᠵᠣᠷᠢᠭ ᠢᠶᠠᠨ ᠭᠥᠪᠴᠢᠯᠠᠨ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠲᠥᠪ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠰᠢᠯᠭᠠᠨ ᠬᠤᠷᠢᠶᠠᠯᠳᠠ ᠶᠢᠨ ᠳᠤᠭᠤᠶᠢᠯᠠᠩ ᠤᠨ ᠰᠢᠯᠭᠠᠨ ᠬᠤᠷᠢᠶᠠᠯᠳᠠ ᠶᠢ ᠤᠷᠤᠭᠰᠢᠳᠠᠢ ᠥᠩᠭᠡᠷᠡᠭᠦᠯᠬᠦ ᠶᠢ ᠪᠠᠲᠤᠯᠠᠵᠤ ᠪᠦᠬᠦ ᠬᠤᠰᠢᠭᠤᠨ ᠤ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠳᠠ ᠥᠭᠭᠦ ᠬᠡᠷᠡᠭᠲᠡᠢ ᠭᠡᠵᠡᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠥᠢᠴᠡᠳ ᠲᠠᠨᠢᠵᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠬᠦᠴᠢᠷ ᠪᠡᠷᠬᠡᠰᠢᠶᠡᠯ ᠢ ᠢᠯᠠᠨ ᠳᠠᠪᠠᠵᠤ ᠬᠤᠲᠠ ᠶᠢᠨ ᠴᠢᠳᠠᠪᠭᠢ ᠶᠢ ᠲᠡᠭᠦᠯᠳᠡᠷᠵᠢᠭᠦᠯᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠳᠠ ᠶᠢᠨ ᠬᠢᠷᠢ ᠬᠡᠮᠵᠢᠶ᠎ᠡ ᠪᠠ ᠪᠣᠯᠪᠠᠰᠤᠨ ᠤ ᠬᠡᠮᠵᠢᠶ᠎ᠡ ᠶᠢ ᠲᠡᠭᠡᠭᠰᠢᠯᠠᠭᠦᠯᠭᠦ ᠭᠡᠷᠡᠭᠳᠠᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠬᠤᠲᠠ‌‍ᠶᠢᠨ ᠳᠣᠣᠷᠴᠢᠯᠠᠭᠰᠠᠨ ᠬᠠᠮᠢᠶᠠᠷᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠭᠡ ᠶᠢᠨ ᠠᠵᠢᠯᠯᠠᠭ᠎ᠠ ᠶᠢ ᠥᠷᠨᠢᠭᠦᠯᠤᠨ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ‌ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠶ ᠳᠦᠷᠢᠮᠵᠢᠭᠦᠯᠬᠦ ᠶᠢ ᠠᠬᠢᠭᠤᠯᠵᠤ ᠪᠣᠳᠠᠲᠠᠶ ᠠᠵᠢᠯ ᠤᠨ ᠦᠷ᠎ᠡ ᠪᠥᠳᠥᠮᠵᠢ ᠪᠠᠷ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号