ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ ᠣᠯᠠᠨ ᠲᠦᠮᠡᠨ ᠢ ᠳᠠᠶᠢᠴᠢᠯᠠᠨ ᠪᠥᠬᠦ ᠤᠯᠤᠰ ᠤᠨ ᠬᠤᠰᠢᠭᠤ ᠰᠢᠶᠠᠨ ᠤ ᠱᠠᠲᠤᠨ ᠤ ᠪᠣᠯᠪᠠᠰᠤᠨ ᠬᠤᠲᠠ ᠶᠢ ᠬᠠᠮᠳᠤᠪᠠᠷ ᠴᠢᠷᠮᠠᠶᠢᠨ ᠪᠠᠶᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/9/11
     9 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ ᠣᠯᠠᠨ ᠲᠦᠮᠡᠨ ᠢ ᠳᠠᠶᠢᠴᠢᠯᠠᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠳᠠᠯᠠᠨ ᠰᠠᠭᠤᠭᠠᠯᠢ ᠠᠷᠠᠳ ᠣᠯᠠᠨ ᠲᠦᠮᠡᠨ ᠤ ᠰᠠᠨᠠᠯ ᠢ ᠬᠤᠷᠢᠶᠠᠵᠤ ᠡᠭᠦᠳᠤᠨ ᠪᠠᠶᠢᠭᠤᠯᠤᠯᠳᠠ ᠨᠢ ᠠᠷᠠᠳ ᠲᠤ ᠠᠰᠢᠭ ᠭᠥᠷᠳᠡᠭᠡᠨ ᠠᠷᠠᠳ ᠤᠨ ᠲᠥᠯᠥᠭᠡ ᠪᠠᠶᠢᠵᠤ  ᠪᠦᠬᠦ ᠬᠤᠰᠢᠭᠤᠨ ᠤ ᠠᠷᠠᠳ ᠲᠥᠮᠡᠨ ᠳᠤ ᠬᠠᠨᠤᠮᠵᠢᠳᠠᠢ ᠬᠠᠷᠢᠭᠤᠯᠳᠠ ᠥᠭᠭᠦ ᠭᠡᠷᠡᠭᠳᠠᠢ ᠭᠡᠵᠤ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠤᠳᠤᠷᠢᠳᠤᠯᠭ᠎ᠠ  ᠵᠸᠤ ᠱᠤᠸᠠᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠭᠠᠯᠠᠭᠤᠲᠤ ᠪᠠᠯᠭᠠᠰᠤᠨ ᠤ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠭᠰᠠᠨ ᠪᠠᠶᠢᠨ᠎ᠠ᠃
     ᠨᠠᠨᠳᠢᠨ ᠨᠠᠶᠢᠭᠡᠮ ᠲᠣᠭᠤᠷᠢᠭ ᠲᠤ ᠵᠤᠤ ᠹᠸᠢ ᠯᠤ᠋ ᠨᠡᠷ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠶᠢᠴᠠᠭᠠᠨ ᠦᠵᠡᠭᠰᠡᠨ ᠪᠥᠭᠡᠳ ᠬᠤᠭ ᠨᠣᠪᠰᠢ ᠶᠢ ᠴᠡᠪᠡᠷᠯᠡᠬᠦ ᠠᠵᠢᠯᠯᠠᠭᠠᠨ ᠳᠤ ᠣᠷᠣᠯᠴᠠᠭᠰᠠᠨ ᠪᠠᠶᠢᠨ᠎ᠠ᠃ ᠵᠤᠤ ᠹᠸᠢ ᠯᠦ ᠨᠡᠶᠢᠭᠡᠮ ᠲᠣᠭᠤᠷᠢᠭ ᠪᠣᠯᠤᠨ ᠳᠠᠭᠠᠭᠠᠴᠢᠯᠠᠨ ᠬᠠᠷᠢᠯᠴᠠᠬᠤ ᠨᠢᠭᠡᠴᠢ ᠶᠢᠨ ᠠᠵᠢᠯᠲᠠᠳ ᠲᠤ ᠰᠠᠭᠤᠭᠠᠯᠢ ᠠᠷᠠᠳ ᠢ ᠥᠷᠭᠡᠨ ᠢᠶᠠᠷ ᠳᠠᠶᠢᠴᠢᠯᠠᠨ ᠥᠷᠭᠡᠨ ᠣᠯᠠᠨ ᠲᠦᠮᠡᠨ ᠤ ᠡᠭᠦᠳᠦᠨ ᠪᠠᠶᠢᠭᠤᠯᠤᠯᠳᠠ ᠳᠤ ᠣᠷᠣᠯᠴᠠᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠵᠤ ᠰᠠᠭᠤᠭᠠᠯᠢ ᠲᠣᠭᠤᠷᠢᠭ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠵᠤ ᠰᠠᠭᠤᠭᠠᠯᠢ ᠲᠣᠭᠤᠷᠢᠭ ᠢ ᠤᠷᠤᠰᠢᠨ ᠰᠠᠭᠤᠬᠤ ᠳᠤ ᠲᠠᠭᠠᠯᠠᠮᠵᠢᠳᠠᠢ ᠪᠤᠯᠭᠠᠨ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠪᠠ ᠬᠠᠨᠤᠮᠵᠢ ᠶᠢᠨ ᠭᠡᠮᠵᠢᠶ᠎ᠠ ᠶᠢ ᠦᠨᠡᠨᠬᠦ ᠳᠡᠭᠡᠭᠰᠢᠯᠡᠭᠦᠯᠵᠦ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠦᠷ᠎ᠡ ᠪᠦᠲᠦᠭᠡᠯ ᠢ ᠡᠳ᠋ᠯᠡᠭᠦᠯᠬᠦ ᠬᠡᠷᠡᠭᠲᠡᠶ ᠭᠡᠰᠡᠨ ᠪᠠᠶᠢᠨ᠎ᠠ᠃
     ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠪᠠ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠲᠤ ᠣᠷᠴᠢᠨ ᠲᠣᠭᠤᠷᠢᠨ ᠴᠡᠪᠡᠷ ᠲᠡᠭᠰᠢ᠂ ᠲᠡᠷᠭᠡ ᠮᠠᠰᠢᠨ ᠡᠮᠬᠢ ᠵᠢᠷᠤᠮ ᠲᠠᠢ ᠪᠠᠶᠢᠭ᠎ᠠ ᠶᠢ ᠥᠵᠡᠭᠡᠳ ᠵᠤᠤ ᠹᠸᠢ ᠯᠦ ᠴᠢᠬᠤᠯᠠᠴᠢᠯᠠᠭᠰᠠᠨ ᠨᠢ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠭᠡᠮᠵᠢᠶ᠎ᠠ ᠨᠢ ᠣᠯᠠᠨ ᠲᠦᠮᠡᠨ ᠤ ᠥᠢᠯᠡᠳᠪᠤᠷᠢᠯᠠᠯ ᠠᠮᠢᠳᠤᠷᠠᠯ ᠲᠠᠢ ᠨᠢᠭᠲᠠ ᠬᠠᠷᠢᠴᠠᠭ᠎ᠠ ᠲᠠᠢ ᠪᠤᠯᠬᠤᠷ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠰᠠᠭᠤᠷᠢ ᠲᠥᠭᠦᠭᠡᠷᠤᠮᠵᠢ ᠶᠢ ᠲᠠᠭᠦᠯᠳᠡᠷᠵᠢᠭᠦᠯᠤᠨ ᠢᠳᠡᠭᠡᠨ ᠤ ᠠᠮᠤᠷ ᠲᠦᠪᠰᠢᠨ ᠤ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠵᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠨ ᠠᠷᠠᠳ ᠣᠯᠠᠨ ᠤ ᠡᠳ᠋ ᠪᠠᠷᠠᠭ᠎ᠠ ᠬᠤᠳᠠᠯᠳᠤᠨ ᠠᠪᠬᠤ ᠣᠷᠴᠢᠨ ᠢ ᠤᠯᠠᠮ ᠰᠠᠶᠢᠵᠢᠷᠠᠭᠤᠯᠬᠤ ᠴᠢᠬᠤᠯᠠ  ᠲᠠᠢ ᠭᠡᠵᠡᠢ᠃     ᠵᠤᠤ ᠹᠸᠢ ᠯᠦ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠨᠢ ᠬᠤᠲᠠ ᠶᠢᠨ ᠴᠢᠳᠠᠮᠵᠢ ᠶᠢᠨ ᠳᠦᠷᠢ ᠲᠥᠷᠬᠦ᠂ ᠬᠤᠲᠠ ᠶᠢᠨ ᠪᠣᠯᠪᠠᠰᠤᠨ ᠤ ᠬᠡᠮᠵᠢᠶ᠎ᠡ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠠᠭᠤᠯᠤᠭᠳᠠᠬᠤᠨ ᠢ ᠳᠡᠭᠡᠭᠰᠢᠯᠡᠭᠦᠯᠵᠦ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠬᠤ ᠳᠤ ᠠᠰᠢᠭᠲᠠᠢ ᠶᠤᠮ᠂ ᠬᠤᠲᠠ ᠶᠢᠨ ᠠᠵᠤ ᠦᠢᠯᠡᠰ ᠤᠨ ᠬᠥᠭᠵᠢᠯᠲᠡ ᠪᠠ ᠠᠵᠤ ᠠᠬᠤᠢ ᠶᠢᠨ ᠴᠡᠴᠡᠭᠯᠡᠯᠲᠡ ᠶᠢ ᠳᠠᠶᠢᠴᠢᠯᠠᠨ ᠭᠤᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠨ ᠮᠠᠨ ᠤ ᠬᠤᠰᠢᠭᠤᠨ‌‍ᠤ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ ᠣᠳᠣᠬᠠᠨ ᠳᠤ ᠡᠭᠦᠳᠦᠨ ᠪᠠᠶᠢᠭᠤᠯᠬᠤ ᠠᠵᠢᠯ ᠨᠢᠭᠡᠨᠲᠡ ᠬᠠᠮᠤᠭ ᠡᠴᠦᠰ ᠤᠨ ᠵᠠᠩᠭᠢᠯᠠᠭ᠎ᠠ ᠶᠢᠨ ᠦᠶ᠎ᠡ ᠳᠤ ᠤᠷᠤᠵᠤ ᠡᠯ᠎ᠡ ᠬᠠᠷᠢᠭᠤᠴᠠᠯᠭᠠᠲᠤ ᠨᠢᠭᠡᠴᠢ ᠪᠣᠯᠤᠨ ᠰᠠᠯᠠᠭ᠎ᠠ ᠮᠥᠴᠢᠷ ᠢᠲᠡᠭᠡᠯ ᠵᠣᠷᠢᠭ ᠢᠶᠠᠨ ᠪᠠᠲᠤᠳᠬᠠᠵᠤ ᠭᠥᠴᠤᠨ ᠢᠶᠠᠨ ᠲᠥᠪᠯᠡᠷᠡᠭᠦᠯᠤᠨ ᠰᠢᠯᠭᠠᠨ ᠪᠠᠶᠢᠴᠠᠭᠠᠯᠲᠠ ᠶᠢ ᠤᠭᠲᠤᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ ᠨᠠᠩ ᠶᠡᠭᠡ ᠦᠷ᠎ᠡ ᠪᠦᠲᠦᠮᠵᠢ ᠶᠢ ᠤᠯᠵᠤ ᠪᠦᠬᠦ ᠬᠤᠰᠢᠭᠤᠨ ᠤ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠥᠭᠭᠦ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号