ᠬᠤᠰᠢᠭᠤ ᠠᠷᠠᠳ ᠤᠨ ᠵᠠᠰᠠᠭ ᠤᠨ ᠣᠷᠳᠣᠨ ᠪᠤᠯᠤᠨ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠥᠢᠯ ᠤᠨ ᠬᠠᠮᠳᠤᠷᠠᠯᠴᠠᠭᠠᠨ ᠤ ᠪᠤᠷᠤ ᠲᠥᠯᠥᠪ ᠤᠨ ᠭᠡᠷ᠎ᠡ ᠲᠤᠭᠳᠠᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2020/9/11
     9 ᠰᠠᠷ᠎ᠠ ᠶᠢᠨ 8 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠪᠤᠯᠤᠨ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠥᠢᠯ ᠤᠨ ᠬᠠᠮᠳᠤᠷᠠᠯᠴᠠᠭᠠᠨ ᠤ ᠪᠤᠷᠤ ᠲᠥᠯᠥᠪ ᠤᠨ ᠭᠡᠷ᠎ᠡ ᠲᠤᠭᠳᠠᠬᠤ ᠶᠣᠰᠣᠯᠠᠯ ᠶᠠᠪᠤᠭᠳᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ ᠠᠵᠢᠯᠴᠢᠨ ᠤ ᠡᠪᠯᠡᠯ ᠤᠨ ᠲᠡᠷᠢᠭᠦᠯᠡᠭᠴᠢ ᠸᠠᠩ ᠸᠧᠶ ᠭᠤᠸᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠼᠤᠤ ᠶᠢᠨ ᠱᠠᠨ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠩ ᠵᠥᠩ ᠬᠤᠩ ᠵᠢᠴᠢ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠣᠯᠤᠨ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠡᠷ᠎ᠡ ᠲᠤᠭᠳᠠᠬᠤ ᠶᠣᠰᠣᠯᠠᠯ ᠳᠤ ᠣᠷᠣᠯᠴᠠᠪᠠ᠃
     ᠸᠠᠩ ᠸᠧᠶ ᠭᠤᠸᠠᠩ ᠢᠯᠡᠷᠬᠡᠶᠢᠯᠡᠬᠦ ᠳᠡᠭᠡᠨ᠂ ᠥᠥᠰᠢᠨ ᠬᠤᠰᠢᠭᠤᠨ ᠤ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠢᠯᠠᠷᠭᠡᠢ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ ᠪᠠᠶᠢᠭ᠎ᠠ ᠶᠤᠮ᠂ ᠮᠠᠨ ᠤ ᠺᠣᠮᠫᠠᠨᠢ ᠶᠢᠨ ᠬᠢᠨ ᠥᠥᠰᠢᠨ ᠬᠤᠰᠢᠭᠤᠨ ᠤ ᠥᠪᠡᠷᠮᠢᠴᠡ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠠᠵᠤ ᠥᠢᠯᠡᠰ  ᠤᠨ ᠪᠥᠳᠥᠴᠠ ᠶᠢᠨ ᠲᠣᠬᠢᠷᠠᠭᠤᠯᠤᠯᠲᠠ ᠶᠢ ᠬᠠᠮᠳᠤᠪᠠᠷ ᠠᠭᠢᠭᠤᠯᠤᠨ ᠥᠥᠰᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃      ᠵᠣᠣ ᠹᠸᠢ ᠯᠦ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠮᠠᠨ ᠤ ᠬᠤᠰᠢᠭᠤᠨ ᠳᠤ ᠪᠠᠯᠠ ᠣᠷᠣᠭᠤᠯᠤᠨ ᠬᠥᠭᠵᠢᠭᠦᠯᠬᠦ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠢᠯᠠᠷᠭᠡᠶᠢᠯᠠᠭᠦ ᠳᠤ ᠪᠠᠨ᠂ ᠤᠢᠢᠷ᠎ᠠ ᠶᠢᠨ ᠵᠢᠯ ᠠᠴᠠ ᠮᠠᠨ ᠤ ᠬᠤᠰᠢᠭᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠥᠢᠯᠡᠳᠤᠯᠭᠡᠵᠢᠭᠦᠯᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠠᠮᠢ ᠠᠬᠤᠢ ᠶᠢ ᠤᠷᠢᠳ ᠢᠶᠠᠷ ᠪᠤᠳᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠥᠪᠡᠭᠴᠢᠯᠡᠭᠰᠠᠭᠡᠷ ᠢᠷᠡᠭᠰᠠᠨ ᠪᠠᠶᠢᠨ᠎ᠠ᠃ ᠡᠨᠡ ᠤᠳᠠᠭᠠᠨ ᠤ ᠭᠡᠷ᠎ᠡ ᠲᠣᠭᠲᠠᠬᠤ ᠪᠠᠷ ᠳᠠᠮᠵᠢᠨ ᠬᠠᠮᠵᠢᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠬᠤ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠲᠥᠷᠥᠯ ᠵᠥᠢᠯ ᠢ ᠮᠠᠨ ᠤ ᠬᠤᠰᠢᠭᠤᠨ ᠳᠤ ᠪᠠᠶᠢᠭᠤᠯᠤᠭᠳᠠᠬᠤ ᠶᠢ ᠠᠭᠢᠭᠤᠯᠤᠨ ᠮᠠᠨ ᠤ ᠬᠤᠰᠢᠭᠤ ᠲᠠᠢ ᠬᠠᠮᠵᠢᠯᠴᠠᠨ ᠰᠢᠨ᠎ᠡ ᠡᠨᠧᠷᠭᠢ ᠶᠢᠨ ᠠᠵᠤ ᠦᠢᠯᠡᠰ ᠪᠠ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠬᠤ ᠶᠢ ᠭᠥᠰᠡᠵᠤ ᠪᠠᠶᠢᠨ᠎ᠠ ᠭᠡᠵᠡᠢ᠃
     ᠶᠣᠰᠣᠯᠠᠯ ᠳᠡᠭᠡᠷ᠎ᠡ᠂ ᠸᠠᠩ ᠸᠧᠶ ᠭᠤᠸᠠᠩ ᠠᠵᠤ ᠠᠬᠤᠶᠢᠯᠠᠯ ᠤᠨ ᠲᠦᠢᠮᠣ ᠪᠠᠶᠢᠳᠠᠯ᠂ ᠬᠠᠮᠲᠤᠷᠠᠯᠴᠠᠭᠠᠨ ᠤ ᠠᠬᠤᠶ ᠪᠠᠶᠢᠳᠠᠯ᠂ ᠬᠠᠮᠲᠤᠷᠠᠯᠴᠠᠭᠠᠨ ᠤ ᠠᠭᠤᠯᠭ᠎ᠠ ᠵᠡᠷᠭᠡ ᠶᠢᠨ ᠲᠤᠬᠠᠶ ᠳᠤ ᠲᠠᠨᠢᠯᠴᠠᠭᠤᠯᠭ᠎ᠠ ᠬᠢᠵᠦ ᠯᠢ ᠵᠥᠩ ᠯᠢᠨ ᠪᠣᠯᠤᠨ ᠸᠠᠩ ᠸᠧᠶ ᠭᠤᠸᠠᠩ ᠲᠣᠰ ᠲᠣᠰ ᠬᠤᠰᠢᠭᠤ ᠠᠷᠠᠳ ᠤᠨ ᠵᠠᠰᠠᠭ ᠤᠨ ᠣᠷᠳᠣᠨ ᠪᠤᠯᠤᠨ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢ ᠲᠥᠯᠥᠭᠡᠯᠡᠨ ︽ᠪᠠᠯᠠ ᠣᠷᠣᠭᠤᠯᠤᠯᠲᠠ ᠶᠢᠨ ᠲᠥᠷᠥᠯ ᠵᠥᠢᠯ ᠤᠨ ᠬᠠᠮᠲᠤᠷᠠᠯᠴᠠᠭᠠᠨ ᠤ ᠰᠠᠨᠠᠮᠵᠢ ᠶᠢᠨ ᠭᠡᠯᠡᠯᠴᠡᠭᠡᠷ︾ ᠲᠣᠭᠲᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号