ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠠᠭᠰᠢ ᠨᠠᠷ ᠤᠨ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠵᠤ ᠪᠦᠬᠦ ᠬᠤᠰᠢᠭᠤᠨ ᠤ ᠥᠷᠭᠡᠨ ᠣᠯᠠᠨ ᠪᠠᠭᠰᠢ ᠨᠠᠷ ᠪᠤᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠲᠡᠪᠰᠢᠭᠦᠯᠪᠡ
ᠨᠡᠶᠢᠲᠡᠯᠡᠭᠰᠡᠨ ᠴᠠᠭ᠄
2020/9/11
     9 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠡᠯ᠎ᠡ ᠰᠤᠷᠭᠠᠭᠤᠯᠢ ᠨᠤᠭᠤᠳ ᠢᠶᠠᠷ ᠭᠦᠨᠵᠡᠭᠡᠶᠢᠷᠡᠨ ᠪᠠᠭᠰᠢ ᠨᠠᠷ ᠢ ᠪᠣᠯᠭᠤᠭᠠᠨ ᠲᠣᠬᠤᠨᠢᠭᠤᠯᠵᠤ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠠᠨ ᠪᠦᠬᠦ ᠬᠤᠰᠢᠭᠤᠨ ᠤ ᠥᠷᠭᠡᠨ ᠣᠯᠠᠨ ᠪᠠᠭᠰᠢ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠡᠷᠬᠢᠮ ᠲᠡᠭᠡᠳᠤ ᠬᠦᠨᠳᠦᠳᠬᠡᠯ ᠲᠡᠪᠰᠢᠭᠦᠯᠥᠭᠰᠠᠨ ᠪᠠᠶᠢᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢᠨ ᠶᠦᠩ ᠭᠠᠩ ᠲᠤᠬᠤᠨᠢᠭᠤᠯᠭ᠎ᠠ ᠳᠤ ᠣᠷᠣᠯᠴᠠᠪᠠ᠃
     ᠡᠷᠳᠡᠨᠢᠪᠢᠯᠢᠭ ᠬᠤᠰᠢᠭᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠣᠷᠳᠣᠰ ᠬᠤᠲᠠ ᠶᠢᠨ ᠮᠤᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠬᠤᠰᠢᠭᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠠᠭᠰᠢ ᠨᠠᠷ ᠤᠨ ᠤᠷᠲᠤ ᠬᠤᠭᠤᠴᠠᠭᠠᠨ ᠤ ᠲᠤᠷᠰᠢ ᠬᠠᠯᠠᠭᠤᠨ ᠰᠡᠳᠬᠢᠯᠭᠡ ᠪᠠᠨ ᠰᠤᠷᠭᠠᠨ ᠬᠥᠮᠦᠵᠢᠯ ᠤᠨ ᠦᠢᠯᠡᠰ ᠲᠤ ᠵᠣᠷᠢᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠨ ᠴᠠᠭ ᠦᠶ᠎ᠡ ᠶᠢᠨ ᠰᠢᠨ᠎ᠡ ᠭᠥᠮᠤᠨ ᠢ ᠨᠢᠭᠡ ᠰᠡᠳᠬᠢᠯ ᠢᠶᠠᠷ ᠬᠥᠮᠦᠵᠢᠭᠦᠯᠵᠦ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠭᠥᠭᠵᠢᠯᠳᠠ ᠳᠤ ᠦᠵᠡᠭᠦᠯᠦᠭᠰᠡᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠴᠢᠬᠤᠯᠠᠴᠢᠯᠠᠬᠤ ᠳᠤ ᠪᠠᠨ᠂ ᠪᠠᠭᠰᠢ ᠪᠣᠯ ᠰᠤᠷᠭᠠᠨ ᠬᠥᠮᠦᠵᠢᠯ ᠢ ᠪᠠᠶᠢᠭᠤᠯᠬᠤ ᠶᠢᠨ ᠦᠨᠳᠦᠰᠦ᠂ ᠰᠤᠷᠭᠠᠨ ᠬᠥᠮᠦᠵᠢᠯ ᠢ ᠬᠥᠭᠵᠢᠭᠦᠯᠬᠦ ᠶᠢᠨ ᠡᠬᠢ ᠰᠤᠷᠪᠤᠯᠵᠢ ᠮᠥᠨ᠃ ᠥᠷᠭᠡᠨ ᠣᠯᠠᠨ ᠪᠠᠭᠰᠢ ᠨᠠᠷ ᠪᠣᠯᠤᠨ ᠰᠤᠷᠭᠠᠨ ᠬᠥᠮᠦᠵᠢᠯ ᠤᠨ ᠠᠵᠢᠯᠲᠠᠳ ᠡᠷᠭᠡᠪᠰᠢ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠭᠥᠮᠤᠵᠢᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠤᠨ ᠶᠣᠰᠣ ᠰᠤᠷᠳᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠭᠡᠷᠡᠭᠳᠠᠢ᠃ ᠪᠠᠭᠰᠢ ᠨᠢᠭᠡᠪᠤᠷᠢ ᠶᠣᠰᠣ ᠰᠤᠷᠳᠠᠬᠤᠨ ᠢᠶᠠᠷ ᠬᠥᠮᠦᠨ ᠢ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠨᠡᠩ ᠤᠯᠠᠨ ᠰᠢᠯᠢᠳᠡᠭ ᠴᠢᠳᠠᠪᠤᠷᠢᠲᠠᠨ ᠢ ᠭᠥᠮᠤᠵᠢᠭᠦᠯᠭᠦ ᠭᠡᠷᠡᠭᠳᠠᠢ᠃ ᠡᠭᠦᠨ ᠤ ᠬᠠᠮᠳᠤ ᠦᠨᠳᠦᠰᠦᠲᠡᠨ ᠤ ᠰᠤᠷᠭᠠᠭᠤᠯᠢ ᠨᠤᠭᠤᠳ ᠲᠠᠰᠤᠷᠠᠯᠲᠠ ᠦᠭᠡᠢ ᠴᠢᠷᠮᠠᠶᠢᠯᠭ᠎ᠠ ᠭᠠᠷᠭᠠᠨ ᠰᠢᠨ᠎ᠡ ᠴᠠᠭ ᠦᠶ᠎ᠡ᠂ ᠰᠢᠨ᠎ᠡ ᠪᠠᠶᠢᠳᠠᠯ ᠤᠨ ᠲᠤᠤᠷ᠎ᠠ ᠨᠡᠩ ᠣᠯᠠᠨ ᠤᠯᠤᠰ ᠢᠶᠠᠨ ᠬᠠᠶᠢᠷᠠᠯᠠᠬᠤ ᠴᠢᠳᠠᠪᠤᠷᠢᠲᠠᠨ ᠢ ᠭᠥᠮᠤᠵᠢᠭᠦᠯᠵᠤ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠤᠯᠤᠰ  ᠤᠨ ᠨᠢᠭᠡᠳᠤᠯᠳᠠᠢ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ ᠵᠢᠭᠠᠨ ᠰᠤᠷᠭᠠᠬᠤ ᠶᠠᠰᠤ ᠴᠢᠨᠠᠷ ᠢ ᠲᠠᠰᠤᠷᠠᠯᠲᠠ ᠦᠭᠡᠢ ᠲᠡᠭᠡᠭᠰᠢᠯᠠᠭᠦᠯᠤᠨ ᠲᠤᠰ ᠲᠤᠰ ᠤᠨ ᠣᠨᠴᠠᠯᠢᠭ ᠢᠶᠠᠷ ᠰᠤᠷᠭᠠᠭᠤᠯᠢ ᠡᠷᠬᠢᠯᠡᠵᠦ ᠦᠨᠳᠦᠰᠦᠲᠡᠨ‌‍ᠦ ᠰᠤᠷᠭᠠᠭᠤᠯᠢ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠤ ᠰᠤᠷᠭᠠᠭᠤᠯᠢ ᠶᠢᠨ ᠪᠠᠭᠰᠢ ᠨᠠᠷ ᠢᠲᠡᠭᠡᠯ ᠭᠥᠰᠡᠯ ᠢᠶᠠᠨ ᠪᠠᠲᠤᠳᠬᠠᠨ ᠨᠠᠩ ᠴᠤᠭ ᠪᠠᠳᠠᠷᠠᠩᠭᠤᠶ ᠣᠶᠤᠨ ᠰᠠᠨᠠᠭᠠᠨ ᠤ ᠪᠠᠶᠢᠳᠠᠯ᠂ ᠨᠠᠩ ᠪᠣᠳᠠᠲᠠᠶ ᠶᠢ ᠡᠷᠬᠢᠮᠯᠡᠬᠦ ᠠᠵᠢᠯ ᠤᠨ ᠰᠤᠷᠳᠠᠯ ᠢᠶᠠᠷ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠤᠨ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠨᠠᠩ ᠶᠡᠭᠡ ᠥᠢᠯᠡᠳᠤᠯ ᠢᠶᠠᠨ ᠪᠠᠳᠠᠷᠠᠭᠤᠯᠵᠤ ᠨᠠᠩ ᠶᠡᠭᠡ ᠬᠤᠪᠢ ᠨᠡᠮᠡᠷᠢ ᠥᠵᠠᠭᠦᠯᠭᠦ ᠶᠢ ᠭᠥᠰᠡᠵᠤ ᠪᠠᠶᠢᠨ᠎ᠠ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号