︽ᠪᠠᠶᠠᠰᠤᠯᠲᠤ ᠭᠠᠷᠠᠭ ᠤᠨ ᠡᠴᠦᠰ ᠲᠤ ᠬᠠᠮᠳᠤᠪᠠᠷ ᠪᠦᠮᠪᠦᠭᠡ ᠢᠰᠬᠦᠯᠬᠦ︾ ᠬᠦᠯ ᠪᠦᠮᠪᠦᠭᠡ ᠶᠢᠨ ᠰᠢᠷᠢᠰ ᠤᠷᠤᠯᠳᠤᠭᠠᠨ ᠵᠢᠴᠢ 2020 ᠤᠨ ᠤ ᠦᠤᠰᠢᠨ ᠬᠤᠰᠢᠭᠤᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠲᠠᠪᠤᠨ ᠬᠦᠮᠦᠨ ᠤ ᠲᠦᠷᠢᠮᠲᠤ ᠬᠦᠯ ᠪᠦᠮᠪᠦᠭᠡ ᠶᠢᠨ ᠤᠷᠤᠯᠳᠤᠭᠠᠨ ᠠᠮᠵᠢᠯᠳᠠᠳᠠᠢ ᠦᠨᠳᠦᠷᠯᠡᠯ᠎ᠡ
ᠨᠡᠶᠢᠲᠡᠯᠡᠭᠰᠡᠨ ᠴᠠᠭ᠄
2020/9/11
     ᠪᠦᠬᠦ ᠬᠤᠰᠢᠭᠤᠨ ᠤ ᠬᠦᠯ ᠪᠦᠮᠪᠦᠬᠡᠨ ᠤ ᠬᠦᠭᠵᠢᠯᠳᠡ ᠶᠢ ᠤᠯᠠᠮ ᠨᠢᠬᠡ ᠠᠯᠬᠤᠮ ᠠᠬᠢᠭᠤᠯᠵᠤ ᠬᠦᠯ ᠪᠦᠮᠪᠦᠭᠡ ᠨᠠᠭᠠᠳᠬᠤ ᠢᠶᠠᠷ ᠲᠠᠮᠵᠢᠨ ᠪᠡᠶ᠎ᠡ ᠮᠠᠬᠠᠪᠣᠣᠨ ᠪᠠᠨ ᠴᠢᠬᠢᠷᠠᠭᠵᠢᠭᠤᠯᠬᠤ ᠢ ᠵᠢᠯᠣᠭᠤᠳᠬᠤ ᠶᠢᠨ ᠲᠦᠯᠦᠬᠡ ᠬᠤᠰᠢᠭᠤ ᠪᠡᠶ᠎ᠡ ᠲᠠᠮᠢᠷ ᠤᠨ ᠦᠢᠯᠡᠰ ᠤᠨ ᠬᠦᠭᠵᠢᠬᠦᠯᠦᠯᠳᠡ ᠶᠢᠨ ᠲᠦᠪ ᠠᠴᠠ ᠭᠤᠤᠯᠯᠠᠨ ᠡᠷᠬᠢᠯᠡᠭᠰᠡᠨ ︽ᠪᠠᠶᠠᠰᠤᠯᠲᠤ ᠭᠠᠷᠠᠭ ᠤᠨ ᠡᠴᠦᠰ ᠲᠤ ᠬᠠᠮᠳᠤᠪᠠᠷ ᠪᠦᠮᠪᠦᠭᠡ ᠢᠰᠬᠦᠯᠬᠦ︾ ᠬᠦᠯ ᠪᠦᠮᠪᠦᠭᠡ ᠶᠢᠨ ᠰᠢᠷᠢᠰ ᠤᠷᠤᠯᠳᠤᠭᠠᠨ ᠵᠢᠴᠢ 2020 ᠤᠨ ᠤ ᠦᠤᠰᠢᠨ ᠬᠤᠰᠢᠭᠤᠨ ᠤ ︽ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠲᠠᠪᠤᠨ ᠬᠦᠮᠦᠨ ᠤ ᠲᠦᠷᠢᠮᠲᠤ ᠬᠦᠯ ᠪᠦᠮᠪᠦᠭᠡ ᠶᠢᠨ ᠤᠷᠤᠯᠳᠤᠭᠠᠨ ᠬᠤᠰᠢᠭᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠤ ᠲᠦᠪ ᠲᠤ ᠶᠠᠪᠤᠭᠳᠠᠯ᠎ᠠ᠃
     ᠲᠤᠰ ᠤᠳᠠᠭᠠᠨ ᠤ ᠤᠷᠤᠯᠳᠤᠭᠠᠨ ᠨᠢ 9 ᠰᠠᠷ᠎ᠠ ᠶᠢᠨ 3 ᠤ ᠡᠳᠦᠷ ᠠᠴᠠ 5 ᠤ ᠡᠳᠦᠷ ᠪᠤᠯᠳᠠᠯ᠎ᠠ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠨ ᠬᠤᠰᠢᠭᠤ ᠰᠤᠷᠭᠠᠨ ᠬᠦᠮᠦᠵᠢᠯ ᠤᠨ ᠲᠤᠪᠴᠢᠶ᠎ᠠ᠂ ᠬᠤᠰᠢᠭᠤ ᠰᠢᠬᠦᠬᠦ ᠬᠤᠷᠢᠶ᠎ᠠ᠂ ᠬᠤᠰᠢᠭᠤ ᠤᠬᠠᠭᠤᠯᠬᠤ ᠬᠡᠯᠳᠡᠰ ᠵᠡᠷᠭᠡ ᠬᠦᠯ ᠪᠦᠮᠪᠦᠬᠡᠨ ᠤ ᠲᠦᠯᠦᠬᠡᠯᠡᠭᠴᠢᠳ ᠤᠨ ᠠᠷᠪᠠᠨ ᠪᠦᠯᠬᠦᠮ ᠤᠷᠤᠯᠴᠠᠨ 24 ᠲᠠᠯᠠᠪᠠᠢ ᠬᠤᠪᠢᠶᠠᠨ ᠶᠠᠪᠤᠭᠳᠠᠵᠤ ᠪᠦᠮᠪᠦᠬᠡᠴᠢᠳ ᠤᠨ ᠴᠤᠭ ᠵᠢᠪᠬᠤᠭ᠎ᠠ᠂ ᠪᠦᠯᠬᠦᠮᠳᠡᠯ ᠨᠢᠭᠳᠠᠷᠠᠯ ᠢ ᠬᠦᠢᠴᠡᠳ ᠬᠠᠷᠠᠭᠤᠯᠤᠭᠰᠠᠨ ᠪᠠᠶᠢᠨ᠎ᠠ᠃      ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠶᠢᠨ ᠲᠠᠮᠢᠷ ᠤᠨ ᠪᠠᠭᠰᠢ ᠵᠠᠯᠭᠠᠮᠵᠢ᠄ ︽ᠲᠤᠰ ᠤᠳᠠᠭᠠᠨ ᠤ ᠤᠷᠤᠯᠳᠤᠭᠠᠨ ᠨᠢ ᠮᠠᠨ ᠤ ᠡᠯ᠎ᠡ ᠪᠠᠶᠢᠭᠤᠯᠤᠯᠭ᠎ᠠ ᠨᠢᠬᠡᠴᠢ ᠶᠢᠨ ᠠᠵᠢᠯᠳᠠᠳ ᠤᠨ ᠠᠵᠢᠯ ᠤᠨ ᠴᠢᠯᠦᠬᠡᠨ ᠤ ᠬᠦᠯ ᠪᠦᠮᠪᠦᠬᠡᠨ ᠤ ᠤᠷ᠎ᠠ ᠮᠡᠷᠬᠡᠵᠢᠯ ᠤᠨ ᠰᠤᠯᠢᠯᠴᠠᠭ᠎ᠠ ᠳᠤ ᠰᠠᠶᠢᠬᠠᠨ ᠲᠠᠪᠴᠠᠩ ᠬᠠᠩᠭᠠᠭᠰᠠᠨ ᠪᠠᠶᠢᠨ᠎ᠠ᠃ ᠡᠬᠦᠨ ᠳᠤ ᠬᠦᠨ ᠲᠠᠯᠠᠷᠬᠠᠵᠤ ᠪᠠᠶᠢᠨ᠎ᠠ︾ ᠭᠡᠪᠡ᠃      ᠤᠷᠤᠯᠳᠤᠭᠠᠨ ᠤ ᠡᠴᠣᠰ ᠲᠤ ᠨᠢᠬᠡ᠂ ᠬᠤᠶᠠᠷ᠂ ᠭᠤᠷᠪᠠᠳᠤᠭᠠᠷ ᠨᠡᠷ᠎ᠡ ᠳᠤ ᠳᠣᠳᠣᠷᠠᠭᠰᠠᠨ ᠳᠦᠯᠣᠬᠡᠯᠡᠭᠴᠢᠳ ᠤᠨ ᠪᠦᠯᠬᠦᠮ ᠪᠣᠯᠣᠨ ᠰᠢᠯᠢᠳᠡᠭ ᠵᠤᠬᠢᠶᠠᠨ ᠪᠠᠶᠢᠭᠤᠯᠤᠭᠴᠢ ᠶᠢᠨ ᠬᠠᠮᠲᠤ ᠨᠡᠶᠢᠳᠡ ᠪᠠ ᠬᠠᠮᠤᠭ ᠰᠢᠯᠢᠳᠡᠭ ᠲᠠᠮᠢᠷᠴᠢᠨ ᠵᠡᠷᠭᠡ ᠬᠤᠪᠢ ᠬᠦᠮᠦᠨ ᠢ ᠲᠤᠰ ᠲᠤᠰ ᠱᠠᠩᠨᠠᠨ ᠬᠦᠬᠢᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号