ᠮᠠᠨ ᠤ ᠬᠤᠰᠢᠭᠤᠨ ᠤ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ 36 ᠳᠠᠬᠢ ᠪᠠᠭᠰᠢ ᠶᠢᠨ ᠪᠠᠶᠠᠷ ᠢᠶᠠᠨ ᠪᠡᠯᠭᠡᠯᠡᠪᠡ
ᠨᠡᠶᠢᠲᠡᠯᠡᠭᠰᠡᠨ ᠴᠠᠭ᠄
2020/9/11
     ᠵᠢᠯ ᠪᠤᠯᠭᠠᠨ ᠤ 9 ᠰᠠᠷ᠎ᠠ ᠶᠢᠨ 10 ᠤ ᠡᠳᠤᠷ ᠪᠤᠯ ᠪᠠᠭᠰᠢ ᠶᠢᠨ ᠪᠠᠶᠠᠷ ᠤᠨ ᠡᠳᠤᠷ ᠪᠤᠯᠤᠨ᠎ᠠ᠃ 36 ᠳᠠᠬᠢ ᠪᠠᠭᠰᠢ ᠶᠢᠨ ᠪᠠᠶᠠᠷ ᠬᠦᠷᠴᠦ ᠢᠷᠡᠭᠦ ᠲᠠᠰᠢᠷᠠᠮ ᠢᠶᠠᠷ ᠮᠠᠨ ᠤ ᠬᠤᠰᠢᠭᠤᠨ ᠤ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠰᠢᠯᠢᠳᠡᠭ ᠪᠠᠭᠰᠢ ᠨᠠᠷ ᠢᠶᠠᠨ ᠱᠠᠩᠨᠠᠨ ᠭᠥᠭᠢᠭᠦᠯᠵᠤ ᠪᠠᠭᠰᠢ ᠶᠢᠨ ᠪᠠᠶᠠᠷ ᠢᠶᠠᠨ ᠪᠡᠯᠭᠡᠯᠡᠯ᠎ᠠ᠃ ᠪᠥᠭᠦ ᠪᠠᠭᠰᠢ ᠠᠵᠢᠯᠳᠡᠨ ᠪᠤᠯᠤᠨ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠨᠡᠷ ᠠᠵᠢᠯᠯᠠᠭᠠᠨ ᠳᠤ ᠤᠷᠤᠯᠴᠠᠵᠤ ᠰᠤᠷᠭᠠᠭᠤᠯᠢ ᠠᠴᠠ ᠪᠦᠭᠦ ᠪᠠᠭᠰᠢ ᠠᠵᠢᠯᠳᠡᠨ ᠳᠤ ᠰᠤᠷᠭᠤᠭ ᠴᠡᠴᠡᠭ ᠭᠥᠷᠭᠡᠨ ᠪᠠᠶᠠᠷ ᠤᠨ ᠡᠳᠤᠷ ᠤᠨ ᠮᠡᠨᠳᠤ ᠲᠡᠪᠰᠢᠭᠦᠯᠥᠭᠰᠠᠨ ᠤ ᠬᠠᠮᠳᠤ ︽ᠰᠢᠯᠢᠳᠡᠭ ᠪᠠᠭᠰᠢ︾᠂ ︽ᠲᠡᠷᠢᠭᠦᠨ ᠤ ᠵᠢᠭᠠᠨ ᠰᠤᠷᠭᠠᠯᠳᠡ ᠶᠢᠨ ᠠᠵᠢᠯᠳᠡᠨ︾᠂ ︽ᠲᠡᠷᠢᠭᠦᠨ ᠤ ᠬᠤᠪᠢ ᠬᠦᠮᠦᠨ︾᠂ ︽ᠠᠬᠠᠮᠠᠳ ᠪᠠᠭᠰᠢ︾ ᠨᠠᠷ ᠢ ᠱᠠᠩᠨᠠᠨ ᠬᠦᠭᠢᠭᠦᠯᠥᠭᠰᠡᠨ ᠪᠠᠶᠢᠨ᠎ᠠ᠃      ᠮᠠᠨ ᠤ ᠬᠤᠰᠢᠭᠤᠨ ᠤ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠳᠤ 9 ᠵᠢᠯ ᠠᠵᠢᠯᠯᠠᠵᠤ 3 ᠵᠢᠯ ᠮᠤᠩᠭᠤᠯ ᠬᠡᠯᠡᠨ ᠤ ᠪᠠᠭᠰᠢ ᠶᠢᠨ ᠠᠵᠢᠯ ᠤᠨ ᠪᠠᠶᠢᠷᠢ ᠲᠠᠢ ᠶᠠᠪᠤᠭᠰᠠᠨ ᠨᠠᠷᠡ ᠡᠨᠡ ᠤᠳᠠᠭ᠎ᠠ ︽ᠰᠢᠯᠢᠳᠡᠭ ᠪᠠᠭᠰᠢ︾ ᠶᠢᠨ ᠱᠠᠩᠨᠠᠯ ᠬᠦᠷᠳᠡᠭᠰᠡᠨ ᠳᠤ ᠪᠠᠨ ᠮᠠᠰᠢ ᠪᠠᠶᠠᠷᠳᠡᠢ ᠪᠠᠶᠢᠵᠤ ᠲᠡᠭᠦᠨ ᠤ ᠵᠢᠭᠠᠨ ᠰᠤᠷᠭᠠᠯᠳᠡ ᠳᠤ ᠨᠠᠩ ᠢᠯᠡᠭᠦᠤ ᠬᠦᠴᠦ ᠪᠠᠨ ᠡᠷᠭᠦᠭᠦ ᠵᠤᠷᠢᠭ ᠢ ᠨᠢ ᠬᠦᠪᠴᠢᠯᠡᠭᠰᠡᠨ ᠪᠠᠶᠢᠨ᠎ᠠ᠃      ᠬᠤᠰᠢᠭᠤ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠶᠢᠨ ᠪᠠᠭᠰᠢ ᠨᠠᠷᠠ᠄ ︽ᠪᠠᠭᠰᠢ ᠨᠠᠷ ᠲᠤ ᠪᠠᠭᠰᠢ ᠶᠢᠨ ᠪᠠᠶᠠᠷ ᠤᠨ ᠮᠡᠨᠳᠤ ᠭᠦᠷᠭᠡᠵᠦ ᠪᠠᠶᠢᠨ᠎ᠠ᠃ ᠦᠨᠦᠳᠤᠷ ᠪᠢ ᠠᠵᠠ ᠪᠠᠷ ︿ᠰᠢᠯᠢᠳᠡᠭ ᠪᠠᠭᠰᠢ﹀ ᠪᠠᠷ ᠦᠨᠡᠯᠡᠭᠳᠡᠭᠰᠡᠨ ᠳᠤ ᠮᠠᠰᠢ ᠪᠠᠶᠠᠷᠯᠠᠵᠤ ᠪᠠᠶᠢᠨ᠎ᠠ᠃ ᠲᠤᠰ ᠱᠠᠩᠨᠠᠯ ᠪᠤᠯ ᠨᠢᠭᠡᠨ ᠵᠤᠷᠢᠭᠵᠢᠭᠤᠯᠤᠯ᠂ ᠱᠠᠭᠠᠷᠳᠠᠯᠭ᠎ᠠ᠂ ᠨᠠᠩ ᠢᠯᠠᠩᠭᠤᠶ᠎ᠠ ᠬᠦᠰᠡᠯ ᠪᠠᠶᠢᠬᠤ  ᠨᠢ ᠲᠠᠭᠠᠷᠠᠨ᠎ᠠ︾ ᠭᠡᠵᠦ ᠪᠠᠶᠢᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号