ᠬᠦᠰᠡᠯ ᠤᠨ ᠰᠠᠶᠢᠬᠠᠨ ᠳᠤ ᠦᠢᠯᠡᠰ ᠤᠨ ᠬᠠᠷᠭᠤᠢ ᠰᠠᠷᠠᠭᠤᠯᠵᠢᠨ᠎ᠠ
ᠨᠡᠶᠢᠲᠡᠯᠡᠭᠰᠡᠨ ᠴᠠᠭ᠄
2020/9/11
    ᠣᠳᠤᠬᠠᠨ ᠳᠤ ᠬᠦᠳᠡᠭᠡ ᠲᠤᠰᠬᠤᠨ ᠮᠠᠯᠵᠢᠬᠤ ᠣᠷᠤᠨ ᠳᠤ ᠨᠠᠰᠤᠵᠢᠯ ᠤᠨ ᠪᠠᠶᠢᠳᠠᠯ ᠶᠠᠪᠤᠬᠤ ᠲᠤᠳᠤᠮ ᠬᠡᠴᠡᠬᠦᠳᠡᠵᠦ ᠪᠠᠶᠢᠭ᠎ᠠ ᠮᠥᠷᠲᠡᠭᠡᠨ ᠰᠤᠶᠤᠯ ᠪᠤᠯᠪᠠᠰᠤᠷᠠᠯ ᠲᠠᠢ ᠲᠠᠶᠢᠴᠢᠯᠠᠨ ᠲᠠᠭᠠᠭᠤᠯᠬᠤ ᠴᠢᠳᠠᠪᠦᠷᠢᠳᠡᠨ ᠴᠤ ᠨᠡᠯᠢᠶᠡᠳ ᠲᠣᠳᠠᠭᠳᠠᠵᠦ ᠪᠠᠶᠢᠭ᠎ᠠ ᠶᠤᠮ᠃ ᠡᠨᠡᠬᠦ ᠪᠠᠶᠢᠳᠠᠯ ᠳᠤ ᠮᠠᠨ ᠤ ᠬᠤᠰᠢᠭᠤᠨ ᠤ ᠭᠤᠷᠪᠠᠨ ᠣᠶᠤᠳᠠᠨ ᠵᠠᠯᠠᠭᠤ ᠬᠠᠷᠢᠨ ᠠᠮᠤᠷ ᠲᠤᠭᠳᠠᠭᠤᠨ ᠠᠯᠪᠠᠨ ᠠᠵᠢᠯ ᠢᠶᠠᠨ ᠣᠷᠬᠢᠵᠦ ᠮᠠᠯᠴᠢᠨ ᠲᠥᠮᠡᠨ ᠳᠡᠭᠡᠨ ᠦᠢᠯᠡᠴᠢᠯᠡᠬᠦ ᠪᠠᠷ ᠵᠣᠷᠢᠭ ᠰᠢᠭᠤᠳᠤᠨ ᠬᠦᠴᠦ ᠣᠬᠠᠭᠠᠨ ᠢᠶᠠᠨ ᠬᠠᠮᠳᠤᠳᠬᠠᠨ ᠰᠢᠭᠤᠷᠬᠠᠶᠢᠯᠠᠨ ᠵᠢᠳᠬᠦᠵᠦ ᠪᠠᠶᠢᠨ᠎ᠠ᠃     ᠭᠠᠯᠠᠭᠤᠳᠤ ᠪᠠᠯᠭᠠᠰᠤᠨ ᠳᠤ ᠪᠠᠶᠢᠷᠢᠰᠢᠵᠦ ᠪᠠᠶᠢᠭ᠎ᠠ ᠪᠧᠢ ᠴᠧᠨ ᠨᠡᠷᠡᠮᠵᠢᠳᠤ ᠲᠡᠵᠢᠬᠡᠯ ᠪᠤᠷᠳᠤᠭᠠᠨ ᠤ  ᠪᠤᠷᠤᠯᠠᠭᠤᠯᠭ᠎ᠠ ᠶᠢᠨ ᠲᠡᠯᠬᠡᠬᠦᠷ ᠲᠤ ᠠᠵᠢᠯᠴᠢᠳ ᠮᠠᠯᠴᠢᠳ ᠤᠨ ᠵᠠᠬᠢᠶᠠᠯᠠᠭᠰᠠᠨ ᠲᠡᠵᠢᠬᠡᠯ ᠪᠤᠷᠳᠤᠭ᠎ᠠ ᠶᠢ ᠠᠴᠢᠶᠠᠨ ᠤ ᠲᠡᠷᠭᠡᠨ ᠳᠤ ᠰᠠᠪᠠᠯᠠᠨ ᠬᠦᠷᠬᠡᠵᠦ ᠦᠭᠬᠦ ᠪᠠᠷ ᠪᠡᠯᠡᠳᠬᠡᠵᠦ ᠶᠠᠭᠠᠷᠠᠯᠳᠤᠨ᠎ᠠ᠃ ᠡᠨᠡᠬᠦ ᠺᠤᠮᠫᠠᠨᠢ ᠨᠢ ᠲᠤᠰᠬᠠᠶᠢᠯᠠᠨ ᠮᠠᠯᠴᠢᠨ ᠲᠠᠷᠢᠶᠠᠴᠢᠨ ᠳᠤ ᠦᠢᠯᠡᠴᠢᠯᠡᠬᠦ ᠪᠠᠷ ᠭᠤᠤᠯ ᠵᠤᠷᠢᠯᠳᠠ ᠪᠠᠨ ᠪᠤᠯᠭᠠᠭᠰᠠᠨ ᠪᠦᠭᠡᠳ ᠬᠠᠷᠢᠭᠤᠴᠠᠯᠭᠠᠳᠠᠳ ᠨᠢ ᠶᠡᠭᠡ ᠰᠤᠷᠭᠠᠭᠤᠯᠢ ᠠᠴᠠ ᠲᠡᠬᠦᠰᠦᠭᠰᠡᠨ ᠭᠤᠷᠪᠠᠨ ᠤᠶᠤᠳᠠᠨ ᠵᠠᠯᠠᠭᠤ ᠪᠠᠷ ᠪᠦᠷᠢᠯᠳᠦᠭᠰᠡᠨ ᠶᠤᠮ᠃     ᠦᠪᠦᠷ ᠮᠤᠩᠭᠤᠯ ᠤᠨ ᠰᠢᠭᠤᠢ ᠲᠠᠷᠢᠶᠠᠯᠠᠩ ᠮᠠᠯ ᠠᠵᠦ ᠠᠬᠤᠢ ᠶᠢᠨ ᠬᠦᠭᠵᠢᠬᠦᠯᠦᠯᠳᠠ ᠶᠢᠨ ᠺᠤᠮᠫᠠᠨᠢ ᠶᠢᠨ ᠬᠠᠷᠢᠭᠤᠴᠠᠯᠭᠠᠳᠠᠨ ᠣᠯᠠᠭᠠᠠᠬᠦᠤ᠄ ︽ᠣᠣᠯ ᠳᠠᠭᠠᠨ ᠮᠠᠯᠴᠢᠳ ᠲᠡᠵᠢᠬᠡᠯ ᠪᠤᠷᠳᠤᠭ᠎ᠠ ᠶᠢ ᠰᠠᠶᠢᠨ ᠬᠦᠯᠢᠶᠡᠵᠦ ᠠᠪᠬᠤ ᠦᠭᠡᠢ᠂  ᠡᠨᠡ ᠬᠤᠶᠠᠷ ᠵᠢᠯ ᠤᠨ ᠠᠵᠦ ᠠᠬᠤᠢ ᠶᠢᠨ ᠪᠠᠶᠢᠳᠠᠯ ᠠᠴᠠ ᠠᠪᠴᠦ ᠬᠡᠯᠡᠪᠡᠯ ᠲᠡᠵᠢᠬᠡᠯ ᠪᠤᠷᠳᠤᠭ᠎ᠠ ᠬᠡᠷᠡᠭᠯᠡᠬᠦ ᠦᠭᠡᠢ ᠪᠤᠯ ᠮᠠᠯ ᠢᠶᠠᠨ ᠲᠠᠷᠭᠤᠯᠠᠭᠤᠯᠵᠦ ᠲᠡᠶᠢᠯᠬᠦ ᠦᠭᠡᠢ ᠪᠠᠶᠢᠵᠦ ᠠᠰᠢᠭ ᠣᠷᠤᠯᠭ᠎ᠠ ᠮᠠᠭᠤᠳᠠᠢ ᠶᠤᠮ᠃ ᠡᠶᠢᠮᠤ ᠠᠴᠠ ᠪᠢ ᠮᠠᠯᠴᠢᠳ ᠢᠶᠠᠨ ᠲᠠᠶᠢᠴᠢᠯᠠᠨ ᠲᠠᠭᠠᠭᠤᠯᠵᠦ ᠠᠰᠢᠭ ᠣᠷᠤᠯᠭ᠎ᠠ ᠶᠢ ᠨᠡᠮᠡᠭᠳᠡᠬᠦᠯᠬᠦ ᠰᠠᠨᠠᠭ᠎ᠠ ᠲᠠᠢ ᠡᠨᠡ ᠲᠡᠯᠬᠡᠬᠦᠷ ᠢ ᠨᠡᠭᠡᠭᠡᠭᠰᠡᠨ ᠶᠤᠮ︾ ᠭᠡᠪᠡ᠃     ᠮᠠᠯᠴᠢᠳ ᠤᠨ ᠰᠢᠯᠢᠳᠡᠭ ᠴᠢᠨᠠᠷ ᠤᠨ ᠡᠪᠡᠰᠤ ᠪᠤᠷᠳᠤᠭ᠎ᠠ ᠲᠤᠲᠠᠭᠳᠠᠵᠦ ᠪᠠᠶᠢᠭ᠎ᠠ ᠪᠠ ᠰᠢᠨ᠎ᠡ ᠬᠡᠯᠪᠡᠷᠢ ᠶᠢᠨ ᠣᠳᠤᠬᠢᠴᠢᠯᠠᠭᠰᠠᠨ ᠮᠠᠯ ᠮᠠᠯᠵᠢᠯ ᠢ ᠲᠠᠶᠢᠴᠢᠯᠠᠨ ᠬᠦᠭᠵᠢᠬᠦᠯᠬᠦ ᠴᠢᠳᠠᠪᠦᠷᠢᠳᠠᠨ ᠲᠤᠲᠠᠭᠳᠠᠵᠦ ᠪᠠᠶᠢᠭ᠎ᠠ ᠪᠤᠳᠠᠳᠤ ᠪᠠᠶᠢᠳᠠᠯ ᠳᠤ ᠬᠠᠨᠳᠤᠭᠤᠯᠤᠨ ᠶᠡᠭᠡ ᠰᠤᠷᠭᠠᠭᠤᠯᠢ ᠲᠡᠬᠦᠰᠦᠭᠰᠡᠨ ᠣᠯᠠᠭᠠᠨᠬᠦᠤ᠂ ᠪᠤᠯᠤᠷ᠂ ᠠᠰᠬᠠᠨ ᠭᠤᠷᠪᠠᠭᠤᠯᠠ ᠵᠤᠷᠢᠭ ᠵᠤᠷᠢᠯᠳᠠ ᠨᠡᠶᠢᠯᠡᠵᠦ  ᠡᠳᠡᠭᠡᠷ ᠲᠤᠳᠠᠭᠳᠠᠯ ᠢ ᠨᠥᠬᠦᠪᠦᠷᠢᠯᠡᠬᠦ ᠪᠠᠷ ᠠᠯᠪᠠᠨ ᠠᠵᠢᠯ ᠢᠶᠠᠨ ᠣᠷᠬᠢᠨ ᠣᠶᠤᠨ ᠬᠦᠴᠦ ᠪᠠᠨ ᠬᠠᠮᠳᠤᠳᠬᠠᠨ ᠺᠤᠮᠫᠠᠨᠢ ᠪᠠᠶᠢᠭᠤᠯᠤᠨ ᠡᠯ᠎ᠡ ᠭᠠᠵᠠᠷ ᠤᠨ ᠰᠢᠯᠢᠳᠡᠭ ᠴᠢᠨᠠᠷ ᠤᠨ ᠲᠡᠵᠢᠬᠡᠯ ᠪᠤᠷᠳᠤᠭ᠎ᠠ ᠶᠢ ᠪᠠᠶᠢᠴᠠᠭᠠᠨ ᠰᠣᠳᠤᠯᠵᠦ ᠲᠤᠷᠰᠢᠯᠳᠠ ᠬᠢᠬᠦ ᠪᠠᠷ ᠲᠠᠮᠵᠢᠨ ᠣᠷᠤᠨ ᠨᠤᠲᠤᠭ ᠲᠤ ᠲᠤᠬᠢᠷᠠᠭᠰᠠᠨ ᠰᠢᠯᠢᠳᠡᠭ ᠴᠢᠨᠠᠷ ᠤᠨ ᠲᠡᠵᠢᠬᠡᠯ ᠪᠤᠷᠳᠤᠭ᠎ᠠ ᠶᠢ ᠰᠢᠭᠰᠢᠨ ᠰᠤᠩᠭᠤᠵᠦ   ᠮᠠᠯᠴᠢᠳ ᠤᠨ ᠲᠡᠵᠢᠬᠡᠨ ᠮᠠᠯᠵᠢᠬᠤ ᠬᠡᠷᠡᠭᠴᠡᠭᠡ ᠶᠢ ᠬᠠᠩᠭᠠᠨ ᠠᠩᠬᠠᠨ ᠤ ᠠᠯᠬᠤᠮ ᠢᠶᠠᠨ ᠠᠮᠵᠢᠯᠳᠠᠳᠠᠢ ᠠᠯᠬᠤᠵᠠᠢ᠃     ᠦᠪᠦᠷ ᠮᠤᠩᠭᠤᠯ ᠤᠨ ᠰᠢᠭᠤᠢ ᠲᠠᠷᠢᠶᠠᠯᠠᠩ ᠮᠠᠯ ᠠᠵᠦ ᠠᠬᠤᠢ ᠶᠢᠨ ᠬᠦᠭᠵᠢᠬᠦᠯᠦᠯᠳᠠ ᠶᠢᠨ ᠺᠤᠮᠫᠠᠨᠢ ᠶᠢᠨ  ᠬᠠᠷᠢᠭᠤᠴᠠᠯᠭᠠᠳᠠᠨ ᠪᠤᠯᠤᠷ᠄ ︽ᠪᠢ ᠦᠪᠡᠷ ᠢᠶᠠᠨ ᠮᠠᠯ ᠤᠨ ᠡᠮᠴᠢ ᠰᠤᠷᠤᠭᠰᠠᠨ ᠬᠦᠮᠤᠨ᠂ ᠬᠤᠶᠠᠷ ᠵᠢᠯ ᠠᠵᠢᠯᠯᠠᠭᠠᠳ ᠣᠯᠠᠨ ᠮᠠᠯᠴᠢᠨ ᠲᠠᠢ ᠲᠠᠨᠢᠯᠴᠠᠯ᠎ᠠ᠂ ᠣᠯᠠᠮᠵᠢᠯᠠᠯᠳᠤ ᠮᠠᠯ ᠠᠵᠦ ᠠᠬᠤᠢ ᠨᠢ ᠣᠳᠤᠬᠢ ᠨᠡᠶᠢᠬᠡᠮ ᠤᠨ ᠬᠦᠭᠵᠢᠯᠳᠠ ᠲᠠᠢ ᠵᠢᠭᠠᠬᠠᠨ ᠵᠤᠬᠢᠴᠠᠬᠤ ᠦᠭᠡᠢ ᠰᠢᠭ ᠪᠠᠶᠢᠨ᠎ᠠ᠂ ᠪᠢᠳᠠᠨᠠᠷ ᠤᠨ ᠬᠠᠮᠳᠤ ᠶᠢᠨ ᠵᠤᠷᠢᠯᠳᠠ ᠪᠤᠯ ᠲᠠᠷᠤᠢ ᠨᠢᠭᠡ ᠰᠡᠳᠬᠢᠯ ᠨᠢᠭᠡ ᠵᠤᠷᠢᠭ ᠢᠶᠠᠷ ᠮᠠᠯᠴᠢᠨ ᠲᠦᠮᠡᠨ ᠳᠤ ᠦᠢᠯᠡᠴᠢᠯᠡᠬᠦ ᠪᠤᠯᠤᠨ᠎ᠠ︾ ᠭᠡᠪᠡ᠃     ᠲᠡᠵᠢᠬᠡᠯ ᠪᠤᠷᠳᠤᠭᠠᠨ ᠤ ᠲᠤᠳᠠᠭᠳᠠᠯ ᠢ ᠨᠥᠬᠦᠪᠦᠷᠢᠯᠡᠭᠰᠡᠨ ᠤ ᠲᠠᠷᠠᠭ᠎ᠠ ᠲᠡᠳᠡ ᠪᠠᠰᠠ ᠲᠡᠵᠢᠬᠡᠵᠦ ᠪᠤᠷᠳᠤᠬᠤ ᠠᠷᠭ᠎ᠠ ᠠᠪᠴᠠᠯ ᠢ ᠰᠢᠨᠡᠴᠢᠯᠡᠬᠦ ᠲᠠᠯ᠎ᠠ ᠪᠠᠷ ᠢᠳᠡᠪᠬᠢᠳᠠᠢ ᠬᠠᠶᠢᠨ ᠰᠦᠪᠡᠭᠴᠢᠯᠡᠯᠳᠡ ᠬᠢᠭᠰᠡᠨ ᠤ ᠳ᠋ᠦᠩ ᠳᠤ ᠬᠠᠰᠴᠤᠭᠲᠤ ᠪᠠᠭᠰᠢ ᠶᠢᠨ  ᠡᠭᠦᠳᠦᠭᠰᠡᠨ ᠠᠥ᠋ᠲᠴᠢᠯᠠᠭᠰᠠᠨ᠂ ᠣᠳᠤᠬᠢᠴᠢᠯᠠᠭᠰᠠᠨ ᠠᠯᠤᠰ ᠡᠵᠡᠮᠰᠢᠬᠦᠷᠳᠤ ᠲᠡᠵᠢᠬᠡᠨ ᠪᠤᠷᠳᠤᠬᠤ ᠣᠩᠭᠤᠴᠠ ᠨᠢ ᠬᠦᠳᠡᠭᠡ ᠲᠤᠰᠬᠤᠨ ᠤ ᠮᠠᠯᠴᠢᠨ ᠲᠦᠮᠡᠨ ᠳᠤ ᠶᠡᠭᠡ ᠵᠤᠬᠢᠴᠠᠭᠰᠠᠨ ᠠᠴᠠ ᠤᠯᠠᠭᠠᠨᠬᠦᠦ ᠡᠳᠡᠭᠡᠷ ᠤᠩᠭᠤᠴᠠ ᠶᠢ ᠮᠠᠯᠴᠢᠨ ᠲᠦᠮᠡᠨ ᠳᠤ ᠲᠦᠭᠡᠮᠡᠯᠵᠢᠬᠦᠯᠵᠦ ᠪᠠᠶᠢᠨ᠎ᠠ᠃     ᠦᠤᠰᠢᠨ ᠬᠤᠰᠢᠭᠤᠨ ᠤ ᠭᠤᠷᠪᠠᠳᠤᠭᠠᠷ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠪᠠᠭᠰᠢ ᠬᠠᠰᠴᠤᠭᠳᠤ᠄ ︽ᠣᠯᠠᠩᠬᠢ ᠶᠡᠭᠡ ᠰᠤᠷᠭᠠᠭᠤᠯᠢ ᠲᠡᠬᠦᠰᠦᠭᠰᠡᠨ ᠰᠤᠷᠤᠭᠴᠢᠳ ᠪᠦᠷ ᠬᠤᠳᠠ ᠳᠤ ᠦᠯᠡᠳᠡᠶ᠎ᠡ ᠬᠡᠵᠦ ᠴᠢᠷᠮᠠᠶᠢᠳᠠᠭ᠂ ᠡᠳᠡᠭᠡᠷ ᠪᠤᠯ ᠨᠤᠲᠤᠭ ᠢᠶᠠᠨ ᠭᠤᠯᠤᠭᠰᠠᠨ ᠦᠭᠡᠢ ᠬᠠᠷᠢᠨ ᠮᠠᠯᠴᠢᠨ ᠲᠠᠷᠢᠶᠠᠴᠢᠨ ᠤ ᠬᠡᠷᠡᠭᠴᠡᠭᠡ ᠲᠠᠢ ᠴᠠᠭ ᠦᠶ᠎ᠡ ᠳᠤ ᠭᠠᠷᠴᠤ ᠢᠷᠡᠵᠦ ᠦᠢᠯᠡᠰ ᠪᠤᠰᠬᠠᠭᠰᠠᠨ ᠳᠤ ᠪᠢ ᠶᠡᠭᠡ ᠰᠡᠳᠬᠢᠯ ᠲᠤᠭᠳᠤᠯᠵᠦ ᠪᠠᠶᠢᠨ᠎ᠠ︾ ᠭᠡᠪᠡ᠃     ᠣᠯᠠᠭᠠᠳᠤᠯᠤᠭᠠᠢ ᠪᠠᠯᠭᠠᠰᠤᠨ ᠤ ᠪᠠᠶᠠᠠᠰᠢᠯᠢ ᠭᠠᠴᠠᠭᠠᠨ ᠤ ᠮᠠᠯᠴᠢᠨ ᠣᠳᠬᠠᠠᠪᠢᠯᠢᠭ᠌ ᠤᠨ ᠬᠢᠨ ᠡᠨᠡᠬᠦ ᠣᠩᠭᠤᠴᠠᠨ ᠤ ᠠᠰᠢᠭ ᠢ ᠠᠩᠬ᠎ᠠ ᠬᠦᠷᠲᠡᠵᠦ ᠪᠠᠶᠢᠭ᠎ᠠ ᠠᠶᠢᠯ ᠤᠨ ᠨᠢᠭᠡ ᠪᠢᠯᠡ᠃ ᠡᠳᠡᠨᠡᠶᠢᠬᠢᠨ ᠣᠳᠤ ᠮᠢᠬᠠᠨ ᠦᠬᠡᠷ ᠢ ᠲᠡᠵᠢᠬᠡᠨ  ᠮᠠᠯᠵᠢᠬᠤ ᠦᠢᠯᠡᠰ ᠢ ᠲᠤᠷᠰᠢᠨ ᠡᠵᠡᠩᠨᠡᠵᠦ ᠪᠠᠶᠢᠭ᠎ᠠ ᠪᠤᠯᠬᠤᠷ ᠠᠦ᠋ᠲ᠋ᠤᠴᠢᠯᠠᠭᠰᠠᠨ ᠲᠡᠵᠢᠬᠡᠨ ᠪᠤᠷᠳᠤᠬᠤ ᠣᠩᠭᠤᠴᠠ ᠶᠢ ᠣᠭᠰᠠᠷᠠᠭᠠᠳ ᠶᠡᠬᠡᠬᠡᠨ ᠬᠦᠴᠦ ᠬᠦᠯᠦᠰᠤ ᠪᠠ ᠴᠠᠭ ᠬᠤᠭᠤᠴᠠᠭ᠎ᠠ ᠶᠢ ᠠᠷᠪᠢᠯᠠᠭᠰᠠᠨ ᠤ ᠲᠡᠭᠡᠷ᠎ᠡ ᠦᠷ᠎ᠡ ᠠᠰᠢᠭ ᠢ ᠴᠤ ᠲᠡᠭᠡᠭᠰᠢᠯᠡᠬᠦᠯᠵᠡᠢ᠃     ᠮᠠᠯᠴᠢᠨ ᠣᠳᠬᠠᠨᠪᠢᠯᠢᠭ᠌᠄ ︽ᠡᠨᠡ ᠤᠩᠭᠤᠴᠠ ᠶᠢ ᠣᠭᠰᠠᠷᠠᠭᠰᠠᠨ ᠤ ᠲᠠᠷᠠᠭ᠎ᠠ ᠪᠢᠳᠠᠨ ᠳᠤ ᠲᠤᠩ ᠲᠦᠬᠦᠮ ᠪᠤᠯᠵᠠᠢ᠂ ᠣᠣᠯ ᠳᠠᠭᠠᠨ ᠡᠪᠡᠰᠤ ᠪᠤᠷᠳᠤᠭ᠎ᠠ ᠪᠠᠨ ᠪᠦᠷ ᠡᠬᠦᠷᠴᠦ ᠲᠡᠵᠢᠬᠡᠨ᠎ᠡ᠂ ᠣᠳᠤ ᠨᠢᠭᠡ ᠲᠤᠪᠴᠢ ᠲᠠᠷᠤᠪᠠᠯ ᠪᠦᠷ ᠪᠡᠶᠡᠯᠡᠬᠦᠯᠴᠢᠬᠡᠨ᠎ᠡ᠂ ᠰᠢᠨ᠎ᠡ ᠶᠠᠭᠤᠮ᠎ᠠ ᠰᠡᠳᠤᠵᠦ ᠭᠠᠷᠭᠠᠭᠰᠠᠨ ᠨᠢ ᠶᠡᠭᠡ ᠰᠠᠶᠢᠨ ᠪᠠᠶᠢᠨ᠎ᠠ︾ ᠬᠡᠪᠡ᠃     ᠲᠤᠷ᠎ᠠ ᠳᠤ ᠰᠢᠷ᠎ᠠ ᠦᠭᠡᠢ ᠬᠡᠳᠡᠭᠴᠢᠯᠡᠨ ᠰᠢᠨ᠎ᠡ ᠴᠠᠭ ᠦᠶ᠎ᠡ ᠶᠢᠨ ᠲᠠᠪᠰᠢᠭᠰᠠᠨ ᠰᠢᠨ᠎ᠡ ᠠᠷᠭ᠎ᠠ ᠮᠡᠷᠬᠡᠵᠢᠯ ᠢ ᠬᠦᠳᠡᠭᠡ ᠨᠤᠲᠤᠭ ᠲᠤ ᠲᠡᠯᠬᠡᠷᠡᠬᠦᠯᠤᠨ ᠮᠠᠯᠴᠢᠳ ᠤᠨ ᠠᠰᠢᠭ ᠣᠷᠤᠯᠭ᠎ᠠ ᠶᠢ ᠨᠡᠮᠡᠭᠳᠡᠬᠦᠯᠵᠦ ᠦᠷᠬᠦᠯᠵᠢᠯᠡᠭᠰᠡᠨ ᠬᠥᠭᠵᠢᠯᠳᠡ ᠶᠢ ᠪᠠᠳᠤᠯᠠᠬᠤ ᠪᠠᠷ ᠪᠡᠶ᠎ᠡ ᠪᠢᠯᠢᠭ ᠢᠶᠠᠨ ᠰᠣᠷᠢᠵᠦ ᠶᠠᠪᠤᠭ᠎ᠠ ᠡᠳᠡᠬᠡᠷ ᠵᠠᠯᠠᠭᠤᠰ ᠤᠨ ᠡᠷᠬᠢᠮ ᠨᠠᠨᠳᠢᠨ ᠦᠢᠯᠡ ᠠᠵᠢᠯᠯᠠᠭ᠎ᠠ ᠨᠢ  ᠨᠤᠲᠤᠭ ᠤᠨ ᠠᠷᠠᠳ ᠣᠯᠠᠨ ᠤ ᠬᠦᠷᠢᠶᠡᠯᠡᠯ ᠢ ᠣᠯᠵᠦ ᠦᠢᠯᠡᠰ ᠤᠨ ᠬᠠᠷᠭᠤᠢ ᠨᠢ ᠣᠯᠠᠮ ᠰᠠᠷᠠᠭᠤᠯᠵᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号