ᠰᠢ ᠶᠢᠨ ᠫᠢᠩ ᠦᠷᠦ᠋ᠭᠤᠸᠠᠢ ᠶᠢᠨ ᠶᠡᠷᠦᠩᠭᠡᠶᠢᠯᠡᠭᠴᠢ ᠯᠠᠺᠠᠯᠢᠶᠧ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020/9/15
   ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 9 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 9 ᠰᠠᠷ᠎ᠠ ᠶᠢᠨ 9 ᠤ ᠤᠷᠤᠢ ᠦᠷᠦ᠋ᠭᠤᠸᠠᠢ ᠶᠢᠨ ᠶᠡᠷᠦᠩᠭᠡᠶᠢᠯᠡᠭᠴᠢ ᠯᠠᠺᠠᠯᠢᠶᠧ ᠲᠠᠢ ᠤᠳᠠᠰᠤ ᠪᠠᠷ ᠶᠠᠷᠢᠯᠴᠠᠪᠠ᠃    ᠰᠢ ᠶᠢᠨ ᠫᠢᠩ᠂ ᠦᠷᠦ᠋ᠭᠤᠸᠠᠢ ᠪᠤᠯ ᠬᠠᠮᠤᠭ ᠤᠨ ᠡᠷᠳᠡ ᠳᠤᠮᠳᠠᠳᠤ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠬᠦ ᠲᠡᠮᠡᠴᠡᠯ ᠳᠤ ᠳᠡᠮᠵᠢᠯᠭᠡ ᠦᠵᠡᠬᠦᠯᠦᠨ᠎ᠠ ᠭᠡᠵᠦ ᠢᠯᠡᠳᠭᠡᠬᠦ ᠶᠢᠨ ᠬᠠᠮᠳᠦ ᠬᠠᠪᠰᠤᠷᠤᠯᠭ᠎ᠠ ᠬᠠᠩᠭᠠᠭᠰᠠᠨ ᠯᠠᠲ᠋ᠢᠨ ᠠᠮᠧᠷᠢᠺᠠ ᠶᠢᠨ ᠤᠯᠤᠰ ᠤᠨ ᠨᠢᠭᠡ ᠪᠤᠯᠤᠨ᠎ᠠ᠃ ᠳᠤᠮᠳᠠᠳᠤ ᠶᠢᠨ ᠲᠠᠯ᠎ᠠ ᠶᠢᠨ ᠬᠢᠨ ᠦᠷᠦ᠋ᠭᠤᠸᠠᠢ ᠶᠢᠨ ᠠᠷᠠᠳ ᠲᠦᠮᠡᠨ ᠤ ᠬᠢᠵᠢᠭ ᠲᠠᠢ ᠲᠡᠮᠡᠴᠡᠬᠦ ᠲᠡᠮᠡᠴᠡᠯ ᠳᠤ ᠢᠮᠠᠬᠳᠠ ᠰᠡᠳᠬᠢᠯ ᠲᠠᠯᠪᠢᠬᠰᠠᠭᠠᠷ ᠢᠷᠡᠵᠡᠢ᠃ ᠳᠤᠮᠳᠠᠳᠤ ᠤᠯᠤᠰ ᠤᠨ ᠲᠦᠪ ᠤᠨ ᠵᠠᠰᠠᠭ ᠤᠨ ᠤᠷᠳᠤᠨ᠂ ᠬᠤᠯᠪᠤᠭᠳᠠᠯ ᠪᠦᠬᠦᠢ ᠮᠤᠵᠢ ᠬᠤᠳᠠ᠂ ᠨᠡᠶᠢᠭᠡᠮ ᠤᠨ ᠡᠯ᠎ᠠ ᠡᠳᠡᠭᠡᠳ ᠤᠨ ᠬᠢᠨ ᠦᠷᠦ᠋ᠭᠤᠸᠠᠢ ᠶᠢᠨ ᠲᠠᠯ᠎ᠠ ᠳᠤ ᠬᠢᠵᠢᠭ ᠲᠠᠢ ᠲᠡᠮᠡᠴᠡᠬᠦ ᠡᠳ᠋ ᠪᠤᠳᠠᠰ ᠤᠨ ᠳᠡᠮᠵᠢᠯᠭᠡ ᠬᠠᠩᠭᠠᠬᠤ ᠶᠢᠨ ᠬᠠᠮᠳᠦ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠨ ᠬᠤᠪᠢᠶᠠᠯᠴᠠᠪᠠ᠃ ᠤᠳᠤᠬᠠᠨ ᠤ ᠳᠡᠯᠡᠭᠡᠢ ᠳ᠋ᠠᠬᠢᠨ ᠵᠠᠭᠤᠨ ᠵᠢᠯ ᠳᠤ ᠲᠤᠬᠢᠶᠠᠯᠳᠤᠭᠠᠳᠤᠢ ᠶᠡᠭᠡ ᠬᠤᠪᠢᠰᠤᠯᠳᠠ ᠶᠢ ᠦᠩᠭᠡᠷᠡᠭᠡᠵᠦ ᠪᠠᠶᠢᠨ᠎ᠠ᠂ ᠪᠢᠳᠠ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢᠨ ᠪᠠᠶᠢᠭᠤᠯᠤᠯᠳᠠ ᠶᠢ ᠠᠬᠢᠭᠤᠯᠬᠤ ᠤᠢᠢᠯᠠᠭᠠᠬᠳᠠᠬᠤᠨ ᠢᠶᠠᠷ ᠪᠦᠯᠬᠦᠮᠳᠡᠨ ᠬᠠᠮᠳᠤᠷᠠᠯᠴᠠᠬᠤ ᠵᠠᠮ ᠢᠶᠠᠷ ᠵᠠᠮᠨᠠᠶ᠎ᠠ᠃ ᠳᠤᠮᠳᠠᠳᠤ ᠤᠯᠤᠰ ᠦᠷᠬᠦᠯᠵᠢᠯᠡᠨ ᠦᠷᠦ᠋ᠭᠤᠸᠠᠢ ᠯᠦᠭᠡ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠦᠷᠨᠢᠬᠦᠯᠵᠦ᠂ ᠳᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠶᠢ ᠡᠷᠡᠰ ᠳᠡᠮᠵᠢᠵᠦ᠂ ᠬᠠᠮᠳᠤ ᠪᠠᠷ ᠢᠶᠠᠨ ᠡᠷᠳᠡ ᠨᠢᠬᠡᠨ ᠡᠳᠦᠷ ᠬᠢᠵᠢᠭ ᠢ ᠢᠯᠠᠨ ᠲᠠᠶᠢᠯᠵᠦ᠂ ᠬᠦᠮᠦᠨ ᠲᠦᠷᠦᠯᠬᠢᠳᠡᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠬᠠᠮᠳᠤ ᠴᠤᠬᠴᠠ ᠶᠢᠨ ᠪᠠᠶᠢᠭᠤᠯᠤᠯᠳᠠ ᠶᠢ ᠬᠠᠮᠳᠤ ᠪᠠᠷ ᠠᠬᠢᠭᠤᠯᠤᠨ᠎ᠠ ᠭᠡᠵᠦ ᠵᠢᠭᠠᠵᠦ ᠭᠠᠷᠭᠠᠪᠠ    ᠰᠢ ᠶᠢᠨ ᠫᠢᠩ᠂ ᠦᠷᠦ᠋ᠭᠤᠸᠠᠢ ᠪᠤᠯ ᠲᠤᠮᠳᠠᠳᠤ ᠤᠯᠤᠰ ᠤᠨ ᠯᠠᠲ᠋ᠢᠨ ᠠᠮᠧᠷᠢᠺᠠ ᠶᠢᠨ ᠭᠠᠵᠠᠷ ᠤᠷᠤᠨ ᠳᠠᠬᠢ ᠨᠠᠶᠢᠳᠠᠪᠤᠷᠢᠳᠠᠢ ᠰᠠᠶᠢᠨ ᠨᠠᠶᠢᠵᠠ ᠮᠦᠨ᠂ ᠬᠤᠶᠠᠷ ᠤᠯᠤᠰ ᠢᠶᠠᠷ ᠢᠶᠠᠨ ᠢᠮᠠᠬᠳᠠ ᠬᠠᠷᠢᠯᠴᠠᠨ ᠤᠢᠢᠯᠠᠭᠠᠵᠤ ᠬᠠᠷᠢᠯᠴᠠᠨ ᠲᠡᠮᠵᠢᠳᠡᠭ᠃ 2016 ᠤᠨ ᠳᠤ ᠲᠤᠮᠳᠠᠳᠤ ᠦᠷᠦ᠋ᠭᠤᠸᠠᠢ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠶᠢᠭᠤᠯᠤᠬᠰᠡᠨ ᠠᠴᠠ ᠨᠠᠭᠠᠰᠢ᠂ ᠬᠤᠶᠠᠷ ᠤᠯᠤᠰ ᠤᠨ ᠤᠯᠤᠰ ᠲᠦᠷᠦ ᠶᠢᠨ ᠢᠳᠡᠭᠡᠯᠴᠡᠭᠡ ᠲᠠᠰᠤᠷᠠᠯᠳᠠ ᠦᠭᠡᠢ ᠬᠦᠨᠵᠡᠭᠡᠶᠢᠷᠠᠵᠤ᠂ ᠡᠯ᠎ᠡ ᠬᠦᠷᠢᠶᠠᠨ ᠤ ᠬᠠᠮᠳᠤᠷᠠᠯᠴᠠᠭᠠᠨ ᠤ ᠦᠷ᠎ᠡ ᠪᠦᠳᠦᠭᠡᠯ ᠦᠯᠡᠮᠵᠢ ᠪᠤᠯᠪᠠ᠃ ᠲᠤᠮᠳᠠᠳᠤ ᠤᠯᠤᠰ ᠭᠠᠳᠠᠭᠠᠳᠤ ᠨᠡᠭᠡᠭᠡᠯᠳᠠ ᠶᠢᠨ ᠲᠦᠪᠰᠢᠨ ᠢᠶᠠᠨ ᠪᠦᠬᠦ ᠲᠠᠯ᠎ᠡ ᠪᠠᠷ ᠲᠡᠭᠡᠭᠰᠢᠯᠡᠬᠦᠯᠵᠤ᠂ ᠤᠯᠤᠰ ᠤᠨ ᠲᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠬᠴᠠ ᠪᠠᠨ ᠪᠤᠯᠭᠠᠬᠰᠡᠨ᠂ ᠤᠯᠤᠰ ᠤᠨ ᠲᠤᠳᠤᠭᠠᠳᠤ ᠪᠠ ᠤᠯᠠᠨ ᠤᠯᠤᠰ ᠤᠨ ᠬᠤᠤᠰ ᠤᠷᠴᠢᠯ ᠢ ᠬᠠᠷᠢᠯᠴᠠᠨ ᠠᠬᠢᠭᠤᠯᠤᠬᠰᠠᠨ ᠰᠢᠨ᠎ᠡ ᠬᠦᠭᠵᠢᠯᠳᠠ ᠶᠢᠨ ᠪᠠᠶᠢᠷᠢᠰᠢᠯ ᠢ ᠪᠦᠷᠢᠯᠳᠦᠬᠦᠯᠬᠦ ᠶᠢ ᠠᠬᠢᠭᠤᠯᠬᠤ ᠪᠤᠯᠤᠨ᠎ᠡ᠃ ᠡᠨᠡ ᠨᠢ ᠦᠷᠦ᠋ᠭᠤᠸᠠᠢ ᠶᠢ ᠪᠠᠭᠳᠠᠭᠠᠬᠰᠡᠨ ᠲᠡᠯᠡᠭᠡᠢ ᠶᠢᠨ ᠡᠯ᠎ᠡ ᠤᠯᠤᠰ ᠲᠤ ᠦᠷᠭᠡᠨ ᠠᠭᠤᠳᠠᠮ ᠵᠠᠬ᠎ᠠ ᠲᠡᠯᠭᠡᠬᠦᠷ ᠪᠠ ᠬᠦᠭᠵᠢᠯᠳᠠ ᠶᠢᠨ ᠠᠵᠠ ᠲᠤᠬᠢᠶᠠᠯ ᠬᠠᠨᠭ᠍ᠭᠠᠬᠤ ᠪᠤᠯᠤᠨ᠎ᠡ᠃ ᠲᠤᠮᠳᠠᠳᠤ ᠤᠯᠤᠰ ᠲᠤᠷᠠᠳᠠᠶ᠎ᠡ ᠵᠠᠬ᠎ᠠ ᠲᠡᠯᠭᠡᠬᠦᠷ ᠤᠨ ᠭᠡᠷᠡᠭᠴᠡᠭᠡ ᠳᠤ ᠵᠤᠬᠢᠴᠠᠬᠤ ᠦᠷᠦ᠋ᠭᠤᠸᠠᠢ ᠶᠢᠨ ᠨᠡᠩ ᠤᠯᠠᠨ ᠴᠢᠨᠠᠷ ᠰᠠᠶᠢᠳᠠᠢ ᠮᠠᠯ ᠤᠨ ᠠᠰᠢᠭ ᠰᠢᠮ᠎ᠡ ᠲᠡᠷᠢᠶᠠᠯᠠᠩ ᠤᠨ ᠪᠦᠳᠦᠭᠡᠭᠳᠡᠬᠦᠨ ᠪᠤᠯᠤᠨ ᠦᠨᠳᠤᠷ ᠨᠡᠮᠠᠯᠳᠡ ᠦᠷᠳᠡᠭ ᠲᠠᠢ ᠪᠦᠳᠦᠭᠡᠭᠳᠡᠬᠦᠨ ᠢ ᠤᠷᠤᠭᠤᠯᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠦᠢᠯᠡᠴᠢᠯᠡᠭᠡᠨ ᠤ ᠠᠷᠠᠯᠵᠢᠶ᠎ᠡ ᠵᠡᠷᠭᠡ ᠰᠢᠨ᠎ᠡ ᠬᠠᠮᠳᠤᠷᠠᠯᠴᠠᠭᠠᠨ ᠤ ᠨᠡᠮᠡᠭᠳᠡᠯ ᠤᠨ ᠴᠡᠭ ᠢ ᠢᠳᠡᠪᠬᠢᠳᠠᠢ ᠪᠤᠢ ᠪᠤᠯᠭᠠᠨ᠎ᠡ᠂ ᠦᠷᠦ᠋ᠭᠤᠸᠠᠢ ᠶᠢᠨ ᠬᠢᠨ ᠤ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠳᠤ ᠤᠷᠤᠯᠴᠠᠬᠤ ᠶᠢ ᠪᠠᠶᠠᠷᠯᠡᠨ ᠤᠬᠳᠤᠵᠤ ᠪᠠᠶᠢᠨ᠎ᠠ᠃ ᠬᠤᠶᠠᠷ ᠲᠠᠯ᠎ᠡ ᠪᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠳᠠᠢ ᠬᠠᠮᠳᠤ ᠪᠠᠷ ᠪᠦᠳᠦᠭᠡᠨ ᠪᠠᠶᠢᠭᠤᠯᠬᠤ ᠶᠢ ᠠᠬᠢᠭᠤᠯᠵᠤ᠂ ᠰᠤᠶᠤᠯ᠂ ᠰᠤᠷᠭᠠᠨ ᠬᠦᠮᠦᠵᠢᠯ᠂ ᠪᠠᠶ᠎ᠡ ᠶᠢᠨ ᠲᠠᠮᠢᠷ ᠵᠡᠷᠭᠡ ᠬᠦᠷᠢᠶᠠᠨ ᠳᠠᠬᠢ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠂ ᠲᠤᠮᠳᠠᠳᠤ ᠦᠷᠦ᠋ᠭᠤᠸᠠᠢ ᠶᠢᠨ ᠨᠦᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠬᠦᠯᠤᠶ᠎ᠡ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠠᠶᠢᠭᠤᠯᠤᠬᠳᠠᠬᠰᠠᠨ 75 ᠵᠢᠯ ᠤᠨ ᠤᠢ ᠪᠠᠷ ᠠᠵᠠ ᠲᠤᠬᠢᠶᠠᠯ ᠪᠤᠯᠭᠠᠵᠤ᠂ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯᠳᠠ ᠪᠤᠯᠤᠨ ᠠᠵᠤ ᠠᠬᠤᠢ ᠶᠢᠨ ᠲᠡᠯᠡᠬᠡᠶᠢᠵᠢᠯᠳᠠ ᠶᠢ ᠡᠷᠡᠰ ᠭᠤᠶᠢᠪᠢᠰᠢ ᠦᠬᠡᠢ ᠲᠡᠮᠵᠢᠶ᠎ᠠ᠃ ᠦᠷᠦ᠋ᠭᠤᠸᠠᠢ ᠶᠢᠨ ᠬᠢᠨ ᠳᠤᠮᠳᠠᠳᠤ ᠤᠯᠤᠰ ᠪᠤᠯᠤᠨ ᠬᠦᠭᠵᠢᠵᠤ ᠪᠠᠶᠢᠭ᠎ᠠ ᠤᠯᠤᠰ ᠤᠳ ᠤᠨ ᠬᠠᠮᠳᠤ ᠶᠢᠨ ᠵᠠᠬ᠎ᠠ ᠲᠡᠯᠬᠡᠬᠦᠷ ᠤᠨ ᠴᠢᠯᠤᠬᠡᠳᠤ ᠠᠷᠠᠯᠵᠢᠶᠠᠨ‌‍ᠤ ᠬᠠᠮᠳᠤᠷᠠᠯᠴᠠᠭ᠎ᠠ ᠵᠢᠴᠢ ᠳᠤᠮᠳᠠᠳᠤ ᠯᠠᠲ᠋ᠢᠨ ᠠᠮᠧᠷᠢᠺᠠ ᠲᠢᠪ ᠤᠨ ᠬᠠᠷᠢᠯᠴᠠᠭ᠎ᠠ ᠶᠢᠨ ᠬᠦᠭᠵᠢᠯᠳᠠ ᠪᠤᠯᠤᠨ ᠳᠤᠮᠳᠠᠳᠤ ᠯᠠᠲ᠋ᠢᠨ ᠠᠮᠧᠷᠢᠺᠠ ᠲᠢᠪ ᠤᠨ ᠪᠦᠬᠦᠯᠢ ᠴᠤᠬᠴᠠ ᠶᠢᠨ ᠬᠠᠮᠳᠤᠷᠠᠯᠴᠠᠭ᠎ᠠ ᠳᠤ ᠢᠳᠡᠪᠬᠢᠳᠠᠢ ᠤᠢᠢᠯᠡᠳᠤᠯ ᠪᠠᠳᠠᠷᠠᠭᠤᠯᠬᠤ ᠶᠢ ᠬᠦᠰᠡᠵᠤ ᠪᠠᠶᠢᠨ᠎ᠠ ᠬᠡᠵᠤ ᠴᠢᠬᠤᠯᠠᠴᠢᠯᠠᠪᠠ᠃    ᠯᠠᠺᠠᠯᠢᠶᠧ᠂ ᠪᠢ ᠲᠡᠷᠢᠬᠦᠯᠡᠭᠴᠢ ᠰᠢ ᠶᠢᠨ ᠫᠢᠩ ᠤᠨ ᠤᠳᠤᠬᠠᠨ ᠤ ᠲᠡᠯᠡᠬᠡᠢ ᠶᠢᠨ ᠪᠠᠶᠢᠳᠠᠯ ᠤᠨ ᠲᠤᠬᠠᠢ ᠴᠢᠬᠤᠯᠠ ᠦᠬᠦᠯᠡᠯᠳᠠ ᠪᠤᠯᠤᠨ ᠤᠢᠢᠯᠠᠭᠠᠭᠳᠠᠬᠤᠨ ᠢ ᠲᠡᠭᠡᠳᠤ ᠬᠡᠮᠵᠢᠶ᠎ᠠ ᠪᠠᠷ ᠵᠦᠪᠰᠢᠶᠡᠷᠡᠵᠤ ᠪᠠᠶᠢᠨ᠎ᠠ᠂ ᠳᠤᠮᠳᠠᠳᠤ ᠤᠯᠤᠰ ᠤᠨ ᠬᠢᠵᠢᠭ ᠲᠠᠢ ᠲᠡᠮᠡᠴᠡᠬᠦ ᠲᠡᠮᠡᠴᠡᠯ ᠳᠤ ᠤᠯᠤᠬᠰᠠᠨ ᠠᠭᠤᠤ ᠶᠡᠭᠡ ᠠᠮᠵᠢᠯᠳᠠ ᠪᠦᠳᠤᠮᠵᠢ ᠶᠢ ᠪᠢᠰᠢᠷᠠᠵᠤ ᠪᠠᠶᠢᠨ᠎ᠠ᠃ ᠤᠳᠤᠬᠠᠨ ᠤ ᠪᠠᠶᠢᠳᠠᠯ ᠳᠤ᠂ ᠡᠯ᠎ᠠ ᠤᠯᠤᠰ ᠤᠨ ᠬᠢᠨ ᠭᠠᠭᠴᠠ ᠬᠦ ᠨᠡᠬᠡᠬᠡᠯᠳᠠ ᠶᠢ ᠪᠠᠷᠢᠮᠳᠠᠯᠠᠵᠤ᠂ ᠪᠦᠯᠬᠦᠮᠳᠡᠯ ᠬᠠᠮᠳᠤᠷᠠᠯᠴᠠᠭ᠎ᠠ ᠪᠠᠨ ᠴᠢᠩᠭᠠᠳᠬᠠᠪᠠᠯ ᠰᠠᠶ᠋ᠢ ᠬᠠᠮᠳᠤ ᠶᠢᠨ ᠠᠰᠢᠬ ᠲᠤᠰᠠ ᠶᠢ ᠨᠡᠩ ᠰᠠᠶᠢᠨ ᠬᠠᠮᠠᠭᠠᠯᠠᠵᠤ ᠲᠠᠶᠢᠯᠤᠨ᠎ᠠ᠃ ᠦᠷᠦ᠋ᠭᠤᠸᠠᠢ ᠳᠤᠮᠳᠠᠳᠤ ᠪᠤᠯ ᠰᠠᠶᠢᠨ ᠬᠠᠨᠢᠳᠠᠨ ᠮᠦᠨ᠂ ᠠᠯᠤᠰ ᠬᠤᠯᠠ ᠭᠠᠵᠠᠷ ᠤᠨ ᠵᠠᠢ ᠲᠠᠢ ᠪᠤᠯᠪᠠᠴᠦ ᠶᠠᠷᠤ ᠠᠴᠠ ᠬᠤᠶᠠᠷ ᠤᠯᠤᠰ ᠤᠨ ᠨᠦᠬᠦᠷᠰᠡᠭ ᠬᠠᠷᠢᠯᠴᠠᠭ᠎ᠠ ᠶᠢᠨ ᠬᠦᠭᠵᠢᠯᠳᠠ ᠶᠢ ᠬᠠᠷᠰᠢᠯᠠᠵᠤ ᠴᠢᠳᠠᠭᠰᠠᠨ ᠦᠭᠡᠢ ᠶᠤᠮ᠃ ᠦᠷᠦ᠋ᠭᠤᠸᠠᠢ ᠶᠢᠨ ᠬᠢᠨ ᠬᠤᠶᠠᠷ ᠤᠯᠤᠰ ᠤᠨ ᠠᠵᠤ ᠠᠬᠤᠢ ᠶᠢᠨ ᠨᠦᠬᠦᠪᠤᠷᠢᠯᠡᠬᠦ ᠴᠢᠨᠠᠷ ᠢ ᠬᠦᠢᠴᠡᠳ ᠪᠠᠳᠠᠷᠠᠭᠤᠯᠵᠤ᠂ ᠦᠷᠦ᠋ᠭᠤᠸᠠᠢ ᠳᠤᠮᠳᠠᠳᠤ ᠶᠢᠨ ᠬᠠᠷᠢᠯᠴᠠᠭ᠎ᠠ ᠶᠢ ᠬᠦᠨᠵᠡᠬᠡᠶᠢᠷᠡᠬᠦᠯᠤᠨ᠂ ᠬᠤᠶᠠᠷ ᠤᠯᠤᠰ ᠤᠨ ᠬᠦᠳᠡᠭᠡ ᠠᠵᠤ ᠠᠬᠤᠢ ᠶᠢᠨ ᠪᠦᠳᠦᠭᠡᠭᠳᠡᠬᠦᠨ᠂ ᠰᠠᠭᠤᠷᠢ ᠲᠦᠬᠦᠬᠡᠷᠤᠮᠵᠢ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠡᠬᠦᠳᠦᠯᠳᠡ ᠶᠢᠨ ᠬᠦᠷᠢᠶ᠎ᠠ ᠴᠠᠷᠠᠭᠠᠨ ᠳᠠᠬᠢ ᠬᠠᠮᠳᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠤ ᠪᠠᠶᠢᠨ᠎ᠠ᠃ ᠦᠷᠦ᠋ᠭᠤᠸᠠᠢ ᠶᠢᠨ ᠬᠢᠨ ᠲᠤᠷᠠᠳᠠᠶ᠎ᠠ ᠳᠤᠮᠳᠠᠳᠤ ᠤᠯᠤᠰ ᠲᠠᠢ ᠬᠠᠮᠳᠤ ᠪᠠᠷ ᠴᠢᠯᠤᠬᠡᠳᠤ ᠠᠷᠠᠯᠵᠢᠶ᠎ᠠ ᠶᠢ ᠬᠠᠮᠠᠭᠠᠯᠠᠵᠤ᠂ ᠬᠦᠭᠵᠢᠵᠤ ᠪᠠᠶᠢᠭ᠎ᠠ ᠤᠯᠤᠰ ᠤᠳ ᠤᠨ ᠬᠠᠮᠳᠤ ᠶᠢᠨ ᠵᠠᠬ᠎ᠠ ᠲᠡᠯᠬᠡᠬᠦᠷ ᠪᠤᠯᠤᠨ ᠳᠤᠮᠳᠠᠳᠤ ᠤᠯᠤᠰ ᠤᠨ ᠬᠠᠮᠳᠤᠷᠠᠯᠴᠠᠭ᠎ᠠ ᠶᠢ ᠠᠬᠢᠭᠤᠯᠤᠨ᠎ᠠ ᠬᠡᠵᠤ ᠢᠯᠡᠳᠬᠡᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号