ᠰᠢ ᠶᠢᠨ ᠫᠢᠩ ᠰᠡᠦ᠋ᠳᠢ ᠠᠷᠠᠪ ᠤᠨ ᠤᠯᠤᠰ ᠤᠨ ᠸᠠᠩ ᠰᠠᠯᠧᠮᠠᠨ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020/9/15
   ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 9 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 9 ᠰᠠᠷ᠎ᠠ ᠶᠢᠨ 9 ᠤ ᠤᠷᠤᠢ ᠰᠡᠦ᠋ᠳᠢ ᠠᠷᠠᠪ ᠤᠨ ᠤᠯᠤᠰ ᠤᠨ ᠸᠠᠩ ᠰᠠᠯᠧᠮᠠᠨ ᠲᠠᠢ ᠤᠳᠠᠰᠤ ᠪᠠᠷ ᠶᠠᠷᠢᠯᠴᠠᠪᠠ᠃    ᠰᠢ ᠶᠢᠨ ᠫᠢᠩ᠂ ᠳᠤᠮᠳᠠᠳᠤ ᠰᠡᠦ᠋ᠳᠢ ᠠᠷᠠᠪ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠮᠠᠰᠢ ᠶᠡᠭᠡ ᠬᠦᠭᠵᠢᠵᠤ᠂ ᠡᠯ᠎ᠠ ᠬᠦᠷᠢᠶᠡᠨ ᠤ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠲᠤᠭᠳᠠᠭᠤᠨ ᠢᠶᠠᠷ ᠠᠬᠢᠵᠠᠢ᠃ ᠤᠳᠤᠬᠠᠨ ᠳᠤ ᠳᠤᠮᠳᠠᠳᠤ ᠰᠡᠦ᠋ᠳᠢ ᠠᠷᠠᠪ ᠤᠨ ᠬᠠᠷᠢᠯᠴᠠᠭ᠎ᠠ ᠨᠢᠭᠡᠨᠳᠠ ᠲᠦᠷᠭᠡᠨ ᠬᠦᠭᠵᠢᠭᠰᠡᠨ ᠪᠤᠯᠪᠠᠰᠤᠷᠠᠩᠭᠤᠢ ᠴᠠᠭ ᠦᠶ᠎ᠠ ᠳᠡᠭᠡᠨ ᠤᠷᠤᠬᠰᠠᠨ ᠪᠦᠬᠡᠳ ᠰᠢᠨ᠎ᠠ ᠬᠦᠭᠵᠢᠯᠳᠠ ᠶᠢᠨ ᠠᠵᠠ ᠲᠤᠬᠢᠶᠠᠯ ᠲᠠᠢ ᠪᠤᠯᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠷᠠᠳᠠᠶ᠎ᠠ ᠰᠡᠦ᠋ᠳᠢ ᠠᠷᠠᠪ ᠲᠠᠢ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠠᠵᠠ ᠲᠤᠬᠢᠶᠠᠯ ᠪᠤᠯᠭᠠᠨ᠂ ᠤᠯᠤᠰ ᠲᠦᠷᠦ ᠶᠢᠨ ᠢᠳᠡᠭᠡᠯᠴᠡᠭᠡ ᠪᠠᠨ ᠨᠡᠮᠡᠭᠳᠡᠬᠦᠯᠵᠤ᠂ ᠲᠤᠰ ᠲᠤᠰ ᠤᠨ ᠢᠶᠠᠨ ᠭᠤᠤᠯᠯᠠᠬᠤ ᠠᠰᠢᠬ ᠲᠤᠰᠠ ᠪᠤᠯᠤᠨ ᠲᠦᠢᠯ ᠢᠶᠠᠷ ᠠᠩᠬᠠᠷᠴᠦ ᠪᠠᠶᠢᠭ᠎ᠠ ᠠᠰᠠᠭᠤᠳᠠᠯ ᠤᠨ ᠲᠠᠯ᠎ᠠ ᠪᠠᠷ ᠦᠷᠬᠦᠯᠵᠢᠯᠡᠨ ᠬᠠᠷᠢᠯᠴᠠᠨ ᠳᠡᠮᠵᠢᠵᠦ᠂ ︽ᠨᠢᠭᠡ ᠪᠦᠰᠡ ᠨᠢᠭᠡ ᠵᠠᠮ ︾ ᠢ ᠬᠠᠮᠳᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠪᠤᠯᠤᠨ ᠰᠡᠦ᠋ᠳᠢ ᠠᠷᠠᠪ ᠤᠨ ︽2030 ᠤᠨ ᠤ ᠠᠯᠤᠰ ᠤᠨ ᠲᠦᠰᠦᠪ︾ ᠢ ᠵᠤᠯᠭᠠᠭᠤᠯᠤᠨ᠂ ᠡᠯ᠎ᠠ ᠬᠦᠷᠢᠶᠡᠨ ᠳᠠᠬᠢ ᠬᠠᠮᠳᠤᠷᠠᠯᠴᠠᠭ᠎ᠠ ᠶᠢᠨ ᠬᠦᠨᠵᠡᠭᠡᠶᠢᠷᠡᠨ ᠪᠤᠳᠠᠳᠠᠶᠢᠵᠢᠬᠤ ᠶᠢ ᠠᠬᠢᠭᠤᠯᠵᠦ᠂ ᠳᠤᠮᠳᠠᠳᠤ ᠰᠡᠦ᠋ᠳᠢ ᠠᠷᠠᠪ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠨᠡᠩ ᠶᠡᠭᠡ ᠬᠦᠭᠵᠢᠯᠳᠠ ᠲᠠᠢ ᠪᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠳᠠᠶ᠎ᠠ ᠰᠡᠦ᠋ᠳᠢ ᠠᠷᠠᠪ ᠲᠠᠢ ᠬᠠᠮᠳᠤ ᠪᠠᠷ ᠴᠢᠷᠮᠠᠶᠢᠵᠦ᠂ ᠳᠤᠮᠳᠠᠳᠤ ᠠᠷᠠᠪ ᠤᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠳᠡᠭᠡᠭᠰᠢᠯᠡᠬᠦᠯᠦᠨ ᠨᠡᠩ ᠦᠨᠳᠦᠷ ᠲᠦᠪᠰᠢᠨ ᠳᠤ ᠬᠦᠷᠭᠡᠨ᠎ᠠ ᠭᠡᠵᠦ ᠴᠢᠬᠤᠯᠠᠴᠢᠯᠠᠪᠠ᠃    ᠰᠢ ᠶᠢᠨ ᠫᠢᠩ᠂ ᠬᠡᠨᠡᠳᠳᠡ ᠪᠠᠷ ᠲᠠᠭᠠᠷᠢᠨ ᠢᠷᠡᠭᠰᠡᠡ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠳᠤ᠂ ᠰᠠᠦ᠋ᠳᠢ ᠠᠷᠠᠪ ᠤᠨ ᠬᠢᠨ ᠳᠤᠮᠳᠠᠳᠤ ᠤᠯᠤᠰ ᠤᠨ ᠬᠢᠵᠢᠭ ᠲᠠᠢ ᠲᠡᠮᠡᠴᠡᠬᠦ ᠲᠡᠮᠡᠴᠡᠯ ᠳᠤ ᠲᠡᠮᠵᠢᠯᠬᠡ ᠲᠤᠰᠠᠯᠠᠮᠵᠢ ᠦᠭᠴᠤ᠂ ᠳᠤᠮᠳᠠᠳᠤ ᠤᠯᠤᠰ ᠴᠤ ᠬᠦᠴᠢᠷ ᠪᠡᠷᠬᠡᠰᠢᠶᠠᠯ ᠢ ᠢᠯᠠᠨ ᠲᠠᠪᠠᠵᠦ ᠰᠠᠦ᠋ᠳᠢ ᠠᠷᠠᠪ ᠲᠤ ᠡᠳ᠋ ᠪᠤᠳᠠᠰ ᠤᠨ ᠲᠤᠰᠠᠯᠠᠮᠵᠢ ᠦᠭᠴᠠᠢ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ ᠪᠤᠯ ᠪᠦᠬᠦ ᠬᠦᠮᠤᠨ ᠲᠦᠷᠤᠯᠬᠢᠳᠠᠨ ᠤ ᠬᠠᠮᠳᠤ ᠶᠢᠨ ᠲᠠᠶᠢᠰᠤᠨ ᠮᠦᠨ᠂ ᠡᠯ᠎ᠠ ᠤᠯᠤᠰ ᠤᠨ ᠬᠢᠨ ᠪᠦᠯᠬᠦᠮᠳᠡᠨ ᠬᠠᠮᠵᠢᠯᠴᠠᠪᠠᠯ ᠰᠠᠶ᠋ᠢ ᠢᠯᠠᠯᠳᠠ ᠤᠯᠵᠤ ᠴᠢᠳᠠᠨ᠎ᠠ᠃ ᠤᠳᠤᠬᠠᠨ ᠳᠤ ᠪᠦᠬᠦ ᠪᠦᠮᠪᠦᠷᠴᠡᠭ ᠲᠤ ᠬᠢᠵᠢᠭ ᠤᠨ ᠪᠠᠶᠢᠳᠠᠯ ᠮᠦᠨ ᠬᠦ ᠦᠷᠪᠢᠰᠤᠨ ᠲᠡᠯᠬᠡᠷᠡᠵᠤ ᠪᠠᠶᠢᠨ᠎ᠠ᠂ ᠳᠤᠮᠳᠠᠳᠤ ᠤᠯᠤᠰ ᠦᠷᠬᠦᠯᠵᠢᠯᠠᠨ ᠰᠠᠦ᠋ᠳᠢ ᠠᠷᠠᠪ ᠤᠨ ᠬᠢᠵᠢᠭ ᠲᠠᠢ ᠲᠡᠮᠡᠴᠡᠬᠦ ᠲᠡᠮᠡᠴᠡᠯ ᠢ ᠪᠦᠬᠦ ᠬᠦᠴᠤ ᠪᠠᠷ ᠢᠶᠠᠨ ᠲᠡᠮᠵᠢᠵᠤ᠂ ᠰᠠᠦ᠋ᠳᠢ ᠠᠷᠠᠪ ᠤᠨ ᠠᠵᠢᠯ ᠤᠢᠢᠯᠡᠳᠪᠤᠷᠢᠯᠡᠯ ᠢᠶᠠᠨ ᠰᠡᠷᠬᠦᠬᠡᠬᠦ ᠳᠤ ᠬᠦᠴᠤᠨ ᠨᠡᠮᠡᠷᠢᠯᠠᠨ᠎ᠠ ᠬᠡᠵᠤ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠰᠠᠦ᠋ᠳᠢ ᠠᠷᠠᠪ ᠤᠨ ᠬᠢᠨ ᠤ ᠲᠡᠷᠢᠬᠦᠯᠡᠭᠴᠢ ᠤᠯᠤᠰ ᠤᠨ ᠲᠤᠰᠢᠶᠠᠯ‌ᠢ ᠡᠬᠦᠷᠬᠡᠯᠡᠭᠰᠡᠨ ᠠᠴᠠ ᠨᠠᠭᠠᠰᠢ ᠬᠤᠷᠢᠨ ᠤᠯᠤᠰ ᠤᠨ ᠪᠦᠯᠦᠭᠯᠡᠯ ᠤᠨ ᠬᠠᠮᠳᠤᠷᠠᠯᠴᠠᠭ᠎ᠠ ᠶᠢ ᠠᠬᠢᠭᠤᠯᠬᠤ ᠳᠤ ᠭᠠᠷᠭᠠᠬᠰᠠᠨ ᠯᠤᠳᠤ ᠶᠡᠭᠡ ᠴᠢᠷᠮᠠᠶᠢᠯᠭ᠎ᠠ ᠶᠢ ᠮᠠᠬᠳᠠᠨ ᠰᠠᠶᠢᠰᠢᠶᠠᠵᠤ ᠪᠠᠶᠢᠨ᠎ᠠ᠂ ᠲᠤᠷᠠᠳᠠᠶ᠎ᠠ ᠰᠠᠦ᠋ᠳᠢ ᠠᠷᠠᠪ ᠯᠤᠭ᠎ᠠ ᠤᠯᠤᠯᠴᠠᠭ᠎ᠠ ᠵᠤᠬᠢᠴᠠᠭᠤᠯᠭ᠎ᠠ ᠪᠠᠨ ᠨᠢᠬᠳᠠᠷᠠᠭᠤᠯᠵᠤ᠂ ᠬᠤᠷᠢᠨ ᠤᠯᠤᠰ ᠤᠨ ᠪᠦᠯᠦᠭᠯᠡᠯ ᠤᠨ ᠬᠠᠮᠳᠤᠷᠠᠯᠴᠠᠭ᠎ᠠ ᠶᠢ ᠴᠢᠩᠭᠠᠳᠬᠠᠬᠤ ᠶᠢ ᠠᠬᠢᠭᠤᠯᠤᠨ᠂ ᠸᠠᠺᠼᠢᠨ ᠢ ᠪᠦᠬᠦ ᠪᠦᠮᠪᠦᠷᠴᠡᠭ ᠤᠨ ᠬᠠᠮᠳᠤ ᠶᠢᠨ ᠤᠢᠢᠯᠡᠳᠬᠦᠨ ᠪᠤᠯᠭᠠᠬᠤ ᠶᠢ ᠠᠬᠢᠭᠤᠯᠵᠤ᠂ ᠤᠯᠤᠰ ᠪᠦᠬᠦᠨ᠂ ᠬᠦᠮᠤᠨ ᠪᠦᠬᠦᠨ ᠬᠤᠳᠠᠯᠳᠤᠨ ᠠᠪᠴᠤ ᠲᠡᠶᠢᠯᠬᠦ ᠪᠦᠬᠡᠳ ᠭᠡᠷᠡᠭᠯᠡᠬᠦᠯᠬᠦ ᠪᠠᠷ ᠴᠢᠷᠮᠠᠶᠢᠨ᠎ᠠ᠃ ᠲᠤᠮᠳᠠᠳᠤ ᠤᠯᠤᠰ ᠲᠤᠷᠠᠳᠠᠶ᠎ᠡ ᠰᠠᠦ᠋ᠳᠢ ᠠᠷᠠᠪ‌ᠢ ᠪᠠᠭᠳᠠᠭᠠᠬᠰᠡᠨ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠬᠦᠨ ᠤᠯᠤᠰ ᠯᠤᠭ᠎ᠠ ᠬᠦᠭᠵᠢᠵᠤ ᠪᠠᠶᠢᠭ᠎ᠠ ᠤᠯᠤᠰ ᠤᠳ ᠲᠤ ᠦᠵᠡᠬᠦᠯᠬᠦ ᠬᠠᠪᠰᠤᠷᠤᠯᠭ᠎ᠠ ᠪᠠᠨ ᠨᠡᠮᠡᠭᠳᠡᠬᠦᠯᠵᠤ ᠂ ᠨᠡᠭᠡᠭᠡᠯᠳᠡᠳᠤ ᠬᠡᠯᠪᠡᠷᠢ ᠶᠢᠨ ᠲᠡᠯᠡᠭᠡᠢ ᠶᠢᠨ ᠠᠵᠤ ᠠᠬᠤᠢ ᠶᠢ ᠪᠠᠶᠢᠭᠤᠯᠤᠨ᠂ ᠪᠦᠬᠦ ᠪᠦᠮᠪᠦᠷᠴᠡᠭ ᠤᠨ ᠠᠵᠤ ᠦᠢᠯᠡᠰ ᠤᠨ ᠬᠡᠯᠬᠢᠶ᠎ᠡ ᠬᠠᠨᠭ᠍ᠭᠠᠯᠭ᠎ᠠ ᠶᠢᠨ ᠬᠡᠯᠬᠢᠶ᠎ᠡ ᠶᠢᠨ ᠲᠤᠬᠳᠠᠭᠤᠨ ᠢ ᠬᠠᠮᠠᠭᠠᠯᠠᠵᠤ᠂ ᠬᠦᠮᠦᠰ ᠤᠨ ᠡᠮᠬᠢ ᠲᠢᠭᠯᠢᠮ ᠲᠠᠢ ᠪᠠᠷ ᠤᠯᠤᠰ ᠠᠯᠤᠰᠯᠠᠨ ᠶᠠᠪᠤᠵᠤ ᠰᠠᠭᠤᠬᠤ ᠳᠤ ᠲᠦᠬᠦᠮ ᠦᠵᠡᠬᠦᠯᠤᠨ᠂ ᠲᠤᠭᠠᠴᠢᠯᠠᠬᠰᠡᠨ ᠠᠵᠤ ᠠᠬᠤᠢ ᠶᠢᠨ ᠬᠠᠮᠳᠤᠷᠠᠯᠴᠠᠭ᠎ᠠ ᠶᠢ ᠬᠦᠳᠤᠯᠤᠨ ᠲᠠᠭᠠᠭᠤᠯᠵᠤ᠂ ᠨᠡᠭᠡᠭᠡᠯᠳᠡᠳᠤ᠂ ᠡᠷᠭᠡ ᠲᠡᠭᠰᠢ᠂ ᠲᠦᠪ ᠭᠤᠤᠯᠴᠢ᠂ ᠦᠯᠤ ᠭᠠᠳᠠᠭᠤᠷᠴᠢᠯᠠᠬᠤ ᠲᠤᠭᠠᠴᠢᠯᠠᠬᠰᠡᠨ ᠠᠵᠤ ᠠᠬᠤᠢ ᠶᠢᠨ ᠤᠷᠴᠢᠨ ᠢ ᠪᠤᠢ ᠪᠤᠯᠭᠠᠨ᠎ᠡ ᠭᠡᠵᠤ ᠴᠢᠬᠤᠯᠠᠴᠢᠯᠠᠪᠠ᠃    ᠰᠠᠯᠧᠮᠠᠨ᠂ ᠰᠠᠦ᠋ᠳᠢ ᠠᠷᠠᠪ ᠲᠤᠮᠳᠠᠳᠤ ᠬᠤᠶᠠᠷ ᠤᠯᠤᠰ ᠤᠨ ᠬᠠᠷᠢᠯᠴᠠᠭ᠎ᠠ ᠶᠢᠨ ᠬᠦᠭᠵᠢᠯᠳᠠ ᠰᠠᠶᠢᠨ ᠪᠠᠶᠢᠵᠤ᠂ ᠬᠤᠶᠠᠷ ᠤᠯᠤᠰ ᠤᠨ ᠠᠷᠠᠳ ᠲᠦᠮᠡᠨ ᠤ ᠨᠦᠬᠦᠷᠯᠡᠯ ᠲᠠᠰᠤᠷᠠᠯᠳᠠ ᠦᠭᠡᠢ ᠬᠦᠨᠵᠡᠭᠡᠶᠢᠷᠠᠪᠠ᠃ ᠰᠠᠦ᠋ᠳᠢ ᠠᠷᠠᠪ ᠤᠨ ᠬᠢᠨ ᠲᠤᠮᠳᠠᠳᠤ ᠤᠯᠤᠰ ᠯᠤᠭ᠎ᠠ ᠶᠢᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠨ ᠬᠦᠭᠵᠢᠬᠦᠯᠬᠦ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠡ᠂ ᠲᠤᠮᠳᠠᠳᠤ ᠤᠯᠤᠰ ᠯᠤᠭ᠎ᠠ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ᠂ ᠢᠯᠠᠩᠭᠤᠶ᠎ᠡ ᠸᠠᠺᠼᠢᠨ ᠤ ᠰᠤᠳᠤᠯᠭᠠᠨ ᠤ ᠬᠠᠮᠳᠤᠷᠠᠯᠴᠠᠭ᠎ᠠ ᠪᠠᠨ ᠴᠢᠩᠭᠠᠳᠬᠠᠵᠤ᠂ ︽2030 ᠤᠨ ᠤ ᠠᠯᠤᠰ ᠤᠨ ᠲᠦᠰᠦᠪ︾ ᠪᠤᠯᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠵᠤᠯᠭᠠᠭᠤᠯᠬᠤ ᠶᠢ ᠠᠬᠢᠭᠤᠯᠤᠨ᠂ ᠡᠯ᠎ᠡ ᠬᠦᠷᠢᠶᠠᠨ ᠤ ᠪᠤᠳᠠᠳᠠᠢ‌‍ᠶᠢ ᠡᠷᠬᠢᠮᠯᠡᠭᠰᠡᠡ ᠬᠠᠮᠳᠤᠷᠠᠯᠴᠠᠭ᠎ᠠ ᠪᠠᠨ ᠬᠦᠨᠵᠡᠭᠡᠶᠢᠷᠡᠬᠦᠯᠬᠦ ᠶᠢ ᠬᠦᠰᠡᠵᠤ ᠪᠠᠶᠢᠨ᠎ᠡ᠃ ᠰᠠᠦ᠋ᠳᠢ ᠠᠷᠠᠪ ᠤᠨ ᠬᠢᠨ ᠲᠤᠮᠳᠠᠳᠤ ᠶᠢᠨ ᠲᠠᠯ᠎ᠠ ᠶᠢᠨ ᠰᠠᠦ᠋ᠳᠢ ᠠᠷᠠᠪ ᠤᠨ ᠬᠤᠷᠢᠠ ᠤᠯᠤᠰ ᠤᠨ ᠪᠦᠯᠦᠭᠯᠡᠯ ᠤᠨ ᠲᠡᠷᠢᠬᠦᠯᠡᠭᠴᠢ ᠤᠯᠤᠰ ᠤᠨ ᠲᠤᠰᠢᠶᠠᠯ ᠢ ᠡᠬᠦᠷᠭᠡᠯᠡᠵᠤ ᠠᠵᠢᠯ ᠢᠶᠠᠨ ᠦᠷᠨᠢᠬᠦᠯᠬᠦ ᠳᠤ ᠦᠵᠡᠬᠦᠯᠦᠭᠰᠡᠨ ᠲᠠᠮᠵᠢᠯᠭᠡ ᠪᠠ ᠬᠠᠪᠰᠤᠷᠤᠯᠭ᠎ᠠ ᠶᠢ ᠮᠠᠬᠳᠠᠨ ᠰᠠᠶᠢᠰᠢᠶᠠᠵᠤ ᠪᠠᠶᠢᠨ᠎ᠡ᠂ ᠲᠤᠮᠳᠠᠳᠤ ᠤᠯᠤᠰ ᠯᠤᠭ᠎ᠠ ᠨᠢᠬᠳᠠ ᠤᠯᠤᠯᠴᠠᠭ᠎ᠠ ᠵᠤᠬᠢᠴᠠᠭᠤᠯᠭ᠎ᠠ ᠪᠠᠨ ᠪᠠᠳᠤᠯᠠᠵᠤ᠂ ᠬᠤᠷᠢᠨ ᠤᠯᠤᠰ ᠤᠨ ᠪᠦᠯᠦᠭᠯᠡᠯ ᠤᠨ ᠪᠦᠯᠬᠦᠮᠳᠡᠯ ᠬᠠᠮᠳᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠤᠨ᠂ ᠲᠡᠯᠡᠭᠡᠢ ᠶᠢᠨ ᠡᠯ᠎ᠡ ᠤᠯᠤᠰ ᠤᠨ ᠬᠢᠵᠢᠭ ᠤᠨ ᠪᠠᠶᠢᠳᠠᠯ‌ᠢ ᠢᠯᠡᠨ ᠲᠠᠶᠢᠯᠵᠦ᠂ ᠠᠵᠤ ᠠᠬᠤᠢ ᠶᠢᠨ ᠨᠡᠮᠡᠭᠳᠡᠯ ᠪᠤᠯᠤᠨ ᠲᠤᠬᠳᠠᠭᠤᠨ ᠪᠠᠶᠢᠳᠠᠯ ᠢᠶᠠᠨ ᠰᠡᠷᠬᠦᠭᠡᠬᠦ ᠳᠤ ᠦᠵᠡᠬᠦᠯᠪᠡᠰᠤ ᠵᠤᠬᠢᠬᠤ ᠬᠤᠪᠢ ᠨᠠᠮᠡᠷᠢ ᠦᠵᠡᠬᠦᠯᠬᠦ ᠶᠢ ᠬᠦᠰᠡᠵᠤ ᠪᠠᠶᠢᠨ᠎ᠡ ᠭᠡᠵᠤ ᠢᠯᠡᠳᠭᠡᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号