ᠰᠢ ᠶᠢᠨ ᠫᠢᠩ᠄ ᠳᠡᠯᠡᠭᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠪᠠ ᠠᠵᠤ ᠠᠬᠤᠢ ᠶᠢᠨ ᠭᠤᠤᠯ ᠲᠠᠶᠢᠨ ᠤ ᠲᠠᠯᠠᠪᠤᠷ ᠲᠤ ᠬᠠᠨᠳᠤᠭᠤᠯᠤᠨ ᠤᠯᠤᠰ ᠤᠨ ᠴᠢᠬᠤᠯᠠ ᠶᠡᠭᠡ ᠭᠡᠷᠡᠭᠴᠡᠭᠡ ᠪᠠ ᠠᠷᠠᠳ ᠲᠦᠮᠡᠨ ᠤ ᠠᠮᠢ ᠨᠠᠰᠤ ᠡᠷᠡᠬᠦᠯ ᠮᠡᠨᠳᠦ ᠳᠤ ᠬᠠᠨᠳᠤᠭᠤᠯᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷᠭᠡᠴᠡ ᠪᠠ ᠬᠦᠨᠴᠡ ᠲᠡᠶᠢᠰᠢ ᠲᠠᠰᠤᠷᠠᠯᠳᠠ ᠦᠭᠡᠢ ᠤᠷᠤᠬᠰᠢᠯᠠᠬᠤ ᠭᠡᠷᠡᠭᠲᠡᠢ
ᠨᠡᠶᠢᠲᠡᠯᠡᠭᠰᠡᠨ ᠴᠠᠭ᠄
2020/9/15
   ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 9 ᠰᠠᠷ᠎ᠠ ᠶᠢᠨ 11 ᠤ ᠦᠳᠡ ᠶᠢᠨ ᠬᠤᠶᠢᠨ᠎ᠠ ᠪᠡᠭᠡᠵᠢᠩ ᠳᠤ ᠰᠢᠨᠵᠢᠯᠡᠬᠦ ᠤᠬᠠᠭᠠᠨᠳᠠᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠦ ᠴᠢᠬᠤᠯᠠ ᠶᠠᠷᠢᠶ᠎ᠠ ᠲᠠᠯᠪᠢᠵᠦ᠂ ︽ᠠᠷᠪᠡᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ‌‍ᠤᠨ ᠦᠢᠯᠡᠰ ᠤᠨ ᠬᠦᠭᠵᠢᠯᠳᠠ ᠶᠢᠨ ᠲᠤᠬᠠᠢ ᠰᠠᠨᠠᠯ ᠢ ᠰᠤᠨᠤᠰᠴᠠᠢ᠃ ᠲᠡᠷᠡ᠂ ᠮᠠᠨ ᠤ ᠤᠯᠤᠰ ᠤᠨ ᠠᠵᠤ ᠠᠬᠤᠢ ᠨᠡᠶᠢᠭᠡᠮ‌ᠢ ᠬᠦᠭᠵᠢᠬᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠦᠩᠭᠡᠷᠡᠭᠰᠡᠨ ᠤ ᠠᠯᠢ ᠴᠦ ᠦᠶ᠎ᠠ ᠠᠴᠠ ᠢᠯᠡᠬᠦᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠢᠢᠳᠪᠤᠷᠢᠯᠡᠬᠦ ᠲᠦᠰᠦᠯ ᠬᠠᠨᠭ᠍ᠭᠠᠬᠤ ᠶᠢ ᠱᠠᠭᠠᠷᠲᠠᠵᠤ᠂ ᠰᠢᠨ᠎ᠠ ᠶᠢ ᠡᠬᠦᠳᠬᠦ ᠶᠢ ᠴᠢᠩᠭᠠᠳᠬᠠᠬᠤ ᠡᠨᠡ ᠬᠦ ᠨᠢᠭᠡᠳᠦᠭᠡᠷ ᠬᠦᠳᠡᠯᠭᠡᠬᠦ ᠬᠦᠴᠦ ᠶᠢ ᠨᠡᠩ ᠬᠡᠷᠡᠭᠰᠡᠬᠦ ᠪᠤᠯᠵᠤ ᠪᠠᠶᠢᠨ᠎ᠠ᠃ ᠮᠠᠨ ᠤ ᠤᠯᠤᠰ ᠤᠨ ᠦᠷᠭᠡᠨ ᠤᠯᠠᠨ ᠰᠢᠨᠵᠢᠯᠡᠬᠦ ᠤᠬᠠᠭᠠᠨᠳᠠᠨ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠴᠦᠮ ᠰᠢᠨᠵᠢᠯᠡᠬᠦ ᠤᠬᠠᠭᠠᠨ ᠤ ᠨᠤᠶᠠᠨ ᠤᠷᠬᠢᠯ ᠳᠤ ᠭᠠᠷᠬᠤ ᠢᠳᠡᠭᠡᠯ ᠲᠠᠢ᠂ ᠵᠤᠷᠢᠭ ᠲᠠᠢ᠂ ᠴᠢᠳᠠᠪᠤᠷᠢ ᠲᠠᠢ ᠶᠤᠮ᠃ ᠦᠷᠭᠡᠨ ᠤᠯᠠᠨ ᠰᠢᠨᠵᠢᠯᠡᠬᠦ ᠤᠬᠠᠭᠠᠨᠳᠠᠠ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠲᠡᠦᠭᠡᠳᠦ ᠬᠠᠷᠢᠭᠤᠴᠠᠯᠭ᠎ᠠ ᠪᠠᠨ ᠡᠬᠦᠷᠭᠡᠯᠡᠵᠦ᠂ ᠳᠡᠯᠡᠭᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠪᠠ ᠠᠵᠤ ᠠᠬᠤᠢ ᠶᠢᠨ ᠭᠤᠤᠯ ᠲᠠᠶᠢᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ ᠭᠡᠷᠡᠭᠴᠡᠭᠡ ᠪᠠ ᠠᠷᠠᠳ ᠲᠦᠮᠡᠨ ᠤ ᠠᠮᠢ ᠨᠠᠰᠤ ᠡᠷᠡᠬᠦᠯ ᠮᠠᠨᠳᠦ ᠳᠤ ᠬᠠᠨᠳᠤᠭᠤᠯᠬᠤ ᠶᠢ ᠪᠠᠷᠢᠮᠳᠠᠯᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷᠭᠡᠴᠡ ᠪᠠ ᠬᠦᠨᠴᠡ ᠲᠡᠶᠢᠰᠢ ᠲᠠᠰᠤᠷᠠᠯᠳᠠ ᠦᠭᠡᠢ ᠤᠷᠤᠬᠰᠢᠯᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠶᠢᠳ ᠬᠠᠨ ᠵᠧᠩ ᠶᠠᠷᠢᠯᠴᠠᠬᠤ ᠬᠤᠷᠠᠯ ᠳᠤ ᠤᠷᠤᠯᠴᠠᠵᠠᠢ᠃  
   ᠶᠠᠷᠢᠯᠴᠠᠬᠤ ᠬᠤᠷᠠᠯ ᠳᠡᠭᠡᠷ᠎ᠠ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠰᠢᠤᠢ ᠺᠤᠸᠠᠩ ᠳ᠋ᠢ᠂ ᠴᠢᠩᠬᠤᠸᠠ ᠶᠡᠭᠡ ᠰᠤᠷᠭᠠᠭᠤᠯᠢ ᠶᠢᠨ ᠰᠤᠯᠪᠢᠴᠠᠯ ᠮᠡᠳᠡᠭᠡ ᠵᠠᠩᠬᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠤᠤ ᠴᠢ ᡁᠢ᠂ ᠰᠢ ᠬᠤ᠋ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠱᠢ ᠢ ᠬᠦᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ‌‍ᠤᠨ ᠠᠺᠠᠳᠧᠮᠢᠴᠢ ᠴᠧᠨ ᠽᠦᠸᠧ ᠨᠢᠩ᠂ ᠠᠯᠢᠪᠠᠪᠠ ᠪᠦᠯᠦᠭᠯᠡᠯ ᠤᠨ ᠮᠡᠷᠭᠡᠵᠢᠯ ᠤᠨ ᠵᠦᠪᠯᠡᠯ ᠤᠨ ᠲᠡᠷᠢᠬᠦᠯᠡᠭᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠸᠠᠩ ᠵᠢᠶᠠᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ‌‍ᠤ ᠬᠦᠷᠢᠶᠡᠯᠡᠩ ᠤᠨ ᠡᠷᠳᠡᠨ ᠤ ᠰᠡᠭᠡᠷᠳᠠᠨ ᠠᠮᠢᠳᠠᠨ ᠪᠤᠯᠤᠨ ᠡᠷᠳᠡᠨ ᠤ ᠬᠦᠮᠦᠨ ᠲᠦᠷᠦᠯᠬᠢᠳᠡᠨ ᠤ ᠰᠤᠳᠤᠯᠭᠠᠨ ᠤ ᠭᠠᠵᠠᠷ ᠤᠨ ᠰᠤᠳᠤᠯᠭᠠᠳᠠᠨ ᠹᠦ᠋ ᠴᠢᠶᠤᠤ ᠮᠸᠢ᠂ ᠪᠡᠭᠡᠵᠢᠩ ᠤᠨ ᠬᠢᠮᠢ ᠶᠢᠨ ᠠᠵᠤ ᠦᠢᠯᠡᠳᠪᠤᠷᠢ ᠶᠢᠨ ᠶᠡᠭᠡ ᠰᠤᠷᠭᠠᠭᠤᠯᠢ ᠶᠢᠨ ᠤᠨᠴᠠ ᠤᠷᠢᠬᠰᠠᠨ ᠫᠷᠦᠹᠧᠰᠰᠤᠷ ᠳ᠋ᠠᠢ ᠸᠧᠢ ᠵᠡᠷᠭᠡ ᠰᠢᠨᠵᠢᠯᠡᠬᠦ ᠤᠬᠠᠭᠠᠨᠳᠠᠨ ᠤ 7 ᠲᠦᠯᠦᠭᠡᠯᠡᠭᠴᠢ ᠤᠷᠢᠳ ᠬᠤᠵᠢᠳ ᠦᠭᠡ ᠭᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠡᠬᠦᠳᠦᠯᠳᠡ ᠪᠠ ᠬᠦᠭᠵᠢᠯᠳᠡ ᠶᠢ ᠠᠬᠢᠭᠤᠯᠬᠤ ᠵᠡᠷᠭᠡ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠪᠠᠨ ᠲᠤᠷᠠᠳᠴᠠᠢ᠃ ᠰᠢ ᠶᠢᠨ ᠫᠢᠩ ᠥᠬᠡ ᠬᠡᠯᠡᠭᠰᠡᠨ ᠰᠢᠨᠵᠢᠯᠡᠬᠦ ᠤᠬᠠᠭᠠᠨᠳᠠᠨ ᠨᠢᠭᠡ ᠪᠦᠷᠢ ᠲᠠᠢ ᠰᠠᠨᠠᠯ ᠢᠶᠠᠨ ᠰᠤᠯᠢᠯᠴᠠᠵᠦ᠂ ᠵᠠᠷᠢᠮ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠠᠭᠤᠳᠠᠯ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠠ ᠪᠠ ᠰᠢᠨ᠎ᠠ ᠶᠢ ᠡᠬᠦᠳᠬᠦ ᠠᠰᠠᠭᠤᠳᠠᠯ ᠤᠨ ᠲᠤᠬᠠᠢ ᠬᠦᠨᠵᠡᠭᠡᠢ ᠶᠠᠷᠢᠯᠴᠠᠨ ᠰᠤᠳᠤᠯᠵᠠᠢ᠃    ᠤᠯᠠᠨ ᠤ ᠶᠠᠷᠢᠶ᠎ᠠ ᠶᠢ ᠬᠢᠨᠡᠮᠠᠭᠠᠢ ᠰᠤᠨᠤᠰᠤᠬᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠯᠠᠨ ᠢᠶᠠᠷ ᠢᠶᠠᠨ ᠮᠠᠰᠢ ᠰᠠᠶᠢᠨ ᠶᠠᠷᠢᠵᠠᠢ᠂ ᠦᠪᠡᠷᠰᠡᠳ ᠤᠨ ᠰᠤᠳᠤᠯᠭᠠᠨ ᠤ ᠬᠦᠷᠢᠶ᠎ᠠ ᠲᠠᠢ ᠪᠠᠨ ᠤᠶᠠᠯᠳᠤᠭᠤᠯᠤᠨ ᠮᠠᠰᠢ ᠤᠯᠠᠨ ᠦᠨ᠎ᠠ ᠦᠷᠳᠡᠭ ᠲᠠᠢ ᠰᠠᠨᠠᠯ ᠰᠠᠨᠠᠭᠤᠯᠭ᠎ᠠ ᠳᠤᠷᠠᠳᠪᠠ᠂ ᠬᠤᠯᠪᠤᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠵᠤ ᠰᠢᠩᠭᠡᠭᠡᠨ ᠠᠪᠬᠤ ᠭᠡᠷᠡᠭᠲᠡᠢ ᠭᠡᠵᠦ ᠢᠯᠡᠳᠭᠡᠪᠡ᠃    ᠰᠢ ᠶᠢᠨ ᠫᠢᠩ᠂ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠰᠢᠨ᠎ᠠ ᠶᠢ ᠡᠬᠦᠳᠬᠦ ᠪᠠᠷ ᠬᠦᠭᠵᠢᠯᠳᠠ ᠶᠢ ᠳᠠᠭᠠᠭᠤᠯᠬᠤ ᠨᠢᠭᠡᠳᠦᠭᠡᠷ ᠬᠦᠳᠡᠯᠭᠡᠬᠦ ᠬᠦᠴᠦ ᠪᠤᠯᠭᠠᠬᠤ ᠶᠢ ᠪᠠᠷᠢᠮᠳᠠᠯᠠᠪᠠ᠃ ᠪᠦᠬᠦ ᠨᠡᠶᠢᠭᠡᠮ ᠤᠨ ᠬᠠᠮᠳᠤ ᠶᠢᠨ ᠴᠢᠷᠮᠠᠶᠢᠯᠭ᠎ᠠ ᠪᠠᠷ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠡᠦᠭᠡᠳᠦ ᠴᠢᠨᠠᠷᠳᠠᠢ ᠠᠮᠵᠢᠯᠳᠠ ᠤᠯᠵᠦ᠂ ᠲᠡᠦᠭᠡᠳᠦ ᠴᠢᠨᠠᠷᠳᠠᠢ ᠬᠤᠪᠢᠰᠤᠯᠳᠠ ᠭᠠᠷᠴᠠᠢ᠃ ᠴᠢᠬᠤᠯᠠ ᠶᠡᠭᠡ ᠰᠢᠨ᠎ᠠ ᠡᠬᠦᠳᠦᠯᠳᠡ ᠶᠢᠨ ᠦᠷ᠎ᠠ ᠪᠦᠳᠦᠭᠡᠯ ᠳᠠᠰᠤᠷᠠᠯᠳᠠ ᠦᠭᠡᠢ ᠴᠤᠯᠭᠤᠷᠠᠨ ᠭᠠᠷᠴᠦ᠂ ᠵᠠᠷᠢᠮ ᠬᠤᠰᠢᠭᠤᠷᠠᠯ ᠬᠦᠷᠢᠶᠡᠨ ᠳᠤ ᠵᠡᠷᠭᠡᠴᠡᠨ ᠬᠦᠶᠦᠬᠦ᠂ ᠳᠠᠭᠠᠭᠤᠯᠤᠨ ᠬᠦᠶᠦᠬᠦ ᠱᠠᠳᠤᠨ ᠳᠤ ᠤᠷᠤᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠤᠳᠠᠳᠤ ᠬᠦᠴᠦᠨ ᠶᠠᠭ ᠭᠡᠮᠵᠢᠶᠠᠨ ᠤ ᠬᠤᠷᠠᠮᠳᠤᠯ ᠠᠴᠠ ᠴᠢᠨᠠᠷ ᠤᠨ ᠦᠰᠦᠷᠤᠯᠳᠠ ᠲᠡᠶᠢᠰᠢ ᠠᠬᠢᠵᠦ᠂ ᠴᠡᠭ ᠤᠨ ᠰᠢᠪᠳᠤᠯᠤᠯᠳᠠ ᠠᠴᠠ ᠰᠢᠰᠲ᠋ᠧᠮ ᠤᠨ ᠳᠡᠭᠡᠭᠰᠢᠯᠡᠯᠳᠠ ᠲᠡᠶᠢᠰᠢ ᠠᠬᠢᠵᠤ ᠪᠠᠶᠢᠨ᠎ᠠ᠃ ᠡᠨᠡ ᠤᠳᠠᠭ᠎ᠠ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠬᠦ ᠶᠠᠪᠤᠴᠠ ᠳᠤ᠂ ᠦᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠡᠮᠴᠢᠯᠡᠭᠡᠨ᠂ ᠸᠠᠺᠼᠢᠨ ᠤ ᠰᠤᠳᠤᠯᠭᠠᠨ᠂ ᠰᠡᠷᠭᠡᠶᠢᠯᠡᠨ ᠡᠵᠡᠮᠳᠡᠬᠦ ᠵᠡᠷᠭᠡ ᠤᠯᠠᠨ ᠭᠤᠤᠯᠳᠠᠯᠭ᠎ᠠ ᠲᠠᠢ ᠬᠦᠷᠢᠶᠠᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢ ᠨᠢᠭᠡᠳᠤᠯᠳᠠᠢ ᠲᠦᠯᠦᠪᠵᠢᠬᠦᠯᠤᠨ ᠠᠬᠢᠭᠤᠯᠬᠤ ᠳᠤ ᠬᠦᠴᠤᠳᠠᠢ ᠲᠤᠯᠭᠠᠭᠤᠷᠢᠯᠠᠯ ᠬᠠᠨᠭ᠍ᠭᠠᠵᠤ᠂ ᠴᠢᠬᠤᠯᠠ ᠬᠤᠪᠢ ᠨᠠᠮᠡᠷᠢ ᠦᠵᠡᠬᠦᠯᠪᠠ ᠃ ᠡᠨᠡ ᠬᠦ ᠵᠠᠪᠰᠢᠶᠠᠨ ᠢᠶᠠᠷ ᠪᠢ ᠦᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠡ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠤᠳᠤᠬᠠᠨ ᠤ ᠲᠠᠯᠠᠭᠡᠢ ᠶᠢᠷᠳᠢᠨᠴᠤ ᠶᠠᠭ ᠵᠠᠭᠤᠨ ᠵᠢᠯ ᠳᠤ ᠲᠤᠬᠢᠶᠠᠯᠳᠤᠭᠠᠳᠤᠢ ᠶᠡᠭᠡ ᠬᠤᠪᠢᠰᠤᠯᠳᠠ ᠶᠢ ᠦᠡᠭᠭᠡᠷᠡᠭᠦᠯᠵᠤ᠂ ᠮᠠᠨ ᠤ ᠤᠯᠤᠰ ᠤᠨ ᠬᠦᠭᠵᠢᠯᠳᠠ ᠳᠤ ᠲᠤᠯᠭᠠᠷᠠᠵᠤ ᠪᠠᠶᠢᠭ᠎ᠠ ᠤᠯᠤᠰ ᠤᠨ ᠲᠤᠳᠤᠭᠠᠳᠤ ᠭᠠᠳᠠᠭᠠᠳᠤ ᠶᠢᠨ ᠤᠷᠴᠢᠨ ᠬᠦᠨᠵᠡᠭᠡᠢ ᠪᠤᠳᠤᠯᠢᠶᠠᠨᠳᠠᠢ ᠬᠤᠪᠢᠷᠠᠯᠳᠠ ᠭᠠᠷᠴᠤ᠂ ᠮᠠᠨ ᠤ ᠤᠯᠤᠰ ᠤᠨ ︽ᠠᠷᠪᠡᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠵᠢᠴᠢ ᠨᠡᠩ ᠤᠷᠳᠤ ᠬᠤᠭᠤᠴᠠᠭᠠᠨ ᠤ ᠬᠦᠭᠵᠢᠯᠳᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠬᠦᠳᠦᠯᠳᠡ ᠶᠢ ᠲᠦᠷᠭᠡᠳᠭᠡᠬᠦ ᠲᠠᠯ᠎ᠠ ᠳᠤ ᠨᠡᠩ ᠲᠤᠯᠭᠠᠮ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠪᠤᠯ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠭᠡᠷᠡᠭᠴᠡᠭᠡ᠂ ᠠᠷᠠᠳ ᠲᠦᠮᠡᠨ ᠤ ᠴᠢᠨᠠᠷ ᠰᠠᠶᠢᠳᠠᠢ ᠠᠮᠢᠳᠤᠷᠠᠯ ᠢ ᠪᠠᠶᠠᠯᠡᠬᠦᠯᠬᠦ ᠭᠡᠷᠡᠭᠴᠡᠭᠡ᠂ ᠰᠢᠨ᠎ᠡ ᠬᠦᠭᠵᠢᠯᠳᠠ ᠶᠢᠨ ᠪᠠᠶᠢᠷᠢᠰᠢᠯ ᠢ ᠪᠠᠶᠢᠭᠤᠯᠬᠤ ᠭᠡᠷᠡᠭᠴᠡᠭᠡ᠂ ᠨᠡᠶᠢᠭᠡᠮ ᠵᠢᠷᠤᠮ ᠤᠨ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠤᠷᠤᠬᠰᠢᠳᠠᠢ ᠡᠬᠢᠯᠡᠬᠦᠯᠬᠦ ᠭᠡᠷᠡᠭᠴᠡᠭᠡ ᠮᠦᠨ ᠭᠡᠵᠤ ᠴᠢᠬᠤᠯᠠᠴᠢᠯᠠᠪᠠ᠃    ᠰᠢ ᠶᠢᠨ ᠫᠢᠩ᠂ ᠮᠠᠨ ᠤ ᠤᠯᠤᠰ ᠲᠤᠭ᠎ᠠ ᠬᠡᠮᠵᠢᠶ᠎ᠡ ᠪᠠᠷ ᠮᠠᠰᠢ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠲᠠᠢ᠂ ᠬᠡᠪᠴᠢᠶ᠎ᠡ ᠪᠠᠷ ᠮᠤᠨᠳᠠᠭ ᠶᠡᠭᠡ ᠰᠤᠳᠤᠯᠭᠠᠨ ᠤ ᠪᠡᠯᠡ ᠤᠷᠤᠭᠤᠯᠤᠯᠳᠠ ᠲᠠᠢ ᠶᠤᠮ᠂ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠠᠮᠢ ᠠᠬᠤᠢ ᠶᠢ ᠰᠠᠶᠢᠵᠢᠷᠠᠭᠤᠯᠵᠤ ᠂ ᠰᠢᠨ᠎ᠡ ᠶᠢ ᠡᠬᠦᠳᠬᠦ ᠡᠬᠦᠳᠤᠨ ᠪᠦᠳᠦᠭᠡᠬᠦ ᠠᠮᠢᠵᠢᠷᠠᠯ ᠤᠨ ᠬᠦᠴᠤᠨ ᠢ ᠬᠦᠭᠵᠢᠭᠡᠨ᠂ ᠦᠷᠭᠡᠨ ᠤᠯᠠᠨ ᠰᠢᠨᠵᠢᠯᠡᠬᠦ ᠤᠬᠠᠭᠠᠨᠳᠠᠨ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠠᠨᠭ᠍ᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠬᠦᠳᠦᠯᠳᠡ ᠶᠢᠨ ᠦᠷ᠎ᠡ ᠪᠦᠳᠦᠭᠡᠯ ᠢ ᠲᠠᠰᠤᠷᠠᠯᠳᠠ ᠦᠭᠡᠢ ᠴᠤᠯᠭᠤᠷᠠᠭᠤᠯᠤᠨ ᠭᠠᠷᠭᠠᠬᠤ ᠭᠡᠷᠡᠭᠳᠠᠢ᠃ ᠭᠡᠷᠡᠭᠴᠡᠭᠡ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠲᠠᠷᠤᠢ ᠲᠦᠷᠭᠡᠨ ᠰᠢᠪᠳᠤᠯᠤᠯᠳᠠ ᠭᠠᠷᠭᠠᠨ᠂ ᠠᠰᠠᠭᠤᠳᠠᠯ ᠢ ᠴᠠᠭ ᠲᠤᠬᠠᠢ ᠲᠤᠨᠢ ᠰᠢᠢᠳᠪᠤᠷᠢᠯᠡᠵᠤ ᠲᠠᠶᠢᠯᠬᠦ ᠮᠡᠷᠭᠡᠵᠢᠯ ᠢ ᠴᠠᠭ ᠢ ᠠᠮᠵᠢᠨ ᠠᠬᠢᠭᠤᠯᠬᠤ ᠭᠡᠷᠡᠭᠳᠠᠢ︔ ᠪᠠᠶᠢᠯᠳᠤᠬᠤ ᠪᠤᠳᠤᠯᠭ᠎ᠠ ᠶᠢᠨ ᠴᠢᠨᠠᠷᠳᠠᠢ᠂ ᠤᠳᠠᠭᠠᠨ ᠲᠠᠭᠠᠭᠠᠮᠠᠭᠠᠢ ᠪᠠᠷ ᠦᠢᠯᠡᠳᠦᠯ ᠭᠠᠷᠭᠠᠬᠤ ᠮᠡᠷᠭᠡᠵᠢᠯ ᠢ ᠤᠷᠢᠳᠴᠢᠯᠡᠨ ᠪᠠᠶᠢᠷᠢᠯᠠᠭᠤᠯᠬᠤ ᠭᠡᠷᠡᠭᠳᠠᠢ᠃ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠬᠦᠴᠤ ᠪᠠᠨ ᠲᠦᠪᠯᠡᠷᠡᠬᠦᠯᠤᠨ ᠶᠡᠭᠡ ᠶᠠᠪᠤᠳᠠᠯ ᠢ ᠪᠦᠳᠦᠭᠡᠵᠤ ᠲᠠᠶᠢᠯᠬᠦ ᠲᠠᠪᠠᠭᠤᠯᠢᠭ ᠢᠶᠠᠨ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠡᠶᠢᠳᠭᠡᠨ ᠰᠢᠯᠢᠳᠡᠭᠵᠢᠬᠦᠯᠵᠤ᠂ ᠰᠢᠨ᠎ᠡ ᠶᠢ ᠡᠬᠦᠳᠬᠦ ᠰᠢᠰᠲ᠋ᠧᠮ ᠤᠨ ᠪᠠᠶᠢᠭᠤᠯᠤᠯᠳᠠ ᠶᠢ ᠴᠢᠩᠭ᠎ᠠ ᠠᠳᠬᠤᠨ᠂ ᠰᠢᠯᠢᠳᠡᠭᠵᠢᠬᠦᠯᠤᠨ ᠵᠤᠬᠢᠶᠠᠨ ᠪᠠᠶᠢᠭᠤᠯᠵᠤ᠂ ᠨᠢᠭᠡ ᠪᠦᠯᠦᠭ ᠤᠯᠤᠰ ᠤᠨ ᠲᠤᠷᠰᠢᠯᠳᠠ ᠶᠢᠨ ᠲᠠᠰᠤᠭ ᠢ ᠪᠠᠶᠢᠭᠤᠯᠤᠨ᠂ ᠮᠠᠨ ᠤ ᠤᠯᠤᠰ ᠤᠨ ᠲᠤᠷᠰᠢᠯᠳᠠ ᠶᠢᠨ ᠲᠠᠰᠤᠭ ᠤᠨ ᠰᠢᠰᠲ᠋ᠧᠮ ᠢ ᠪᠦᠷᠢᠯᠳᠦᠬᠦᠯᠵᠤ᠂ ᠶᠡᠭᠡ ᠲᠡᠭᠡᠳᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠤᠨ᠂ ᠴᠢᠬᠤᠯᠠ ᠬᠦᠷᠢᠶᠠᠨ ᠤ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠤᠭᠤᠮᠳᠠ ᠰᠢᠪᠳᠤᠯᠤᠯᠳᠠ ᠶᠢ ᠠᠬᠢᠭᠤᠯᠬᠤ ᠭᠡᠷᠡᠭᠳᠠᠢ᠃ ᠰᠠᠭᠤᠷᠢ ᠰᠤᠳᠤᠯᠭᠠᠨ ᠢ ᠤᠲᠠᠭᠠᠨ ᠲᠠᠭᠠᠭᠠᠮᠠᠭᠠᠢ ᠪᠠᠷ ᠪᠠᠷᠢᠮᠲᠠᠯᠠᠨ ᠴᠢᠩᠭᠠᠳᠬᠠᠵᠤ᠂ ᠮᠠᠨ ᠤ ᠤᠯᠤᠰ ᠤᠨ ᠰᠠᠭᠤᠷᠢ ᠰᠤᠳᠤᠯᠭᠠᠨ ᠤ ᠬᠦᠷᠢᠶᠠᠨ ᠤ ᠴᠢᠭᠯᠡᠯ ᠪᠤᠯᠤᠨ ᠬᠦᠭᠵᠢᠯᠳᠠ ᠶᠢᠨ ᠬᠠᠷᠠᠯᠳᠠ ᠶᠢ ᠲᠤᠳᠤᠷᠬᠠᠢᠢᠯᠠᠵᠤ᠂ ᠰᠠᠭᠤᠷᠢ ᠰᠤᠳᠤᠯᠭᠠᠨ ᠤ ᠤᠷᠤᠭᠤᠯᠤᠯᠳᠠ ᠶᠢ ᠨᠡᠮᠡᠭᠳᠡᠬᠦᠯᠤᠨ᠂ ᠡᠳ᠋ ᠤᠨ ᠵᠠᠰᠠᠭ᠂ ᠮᠦᠡᠭᠭᠦᠨ ᠬᠦᠢᠯᠭᠡᠭᠡᠨ᠂ ᠭᠠᠶᠢᠯᠢ ᠲᠠᠳᠠᠪᠤᠷᠢ ᠵᠡᠷᠭᠡ ᠲᠠᠯ᠎ᠡ ᠪᠠᠷ ᠴᠢᠬᠤᠯᠠ ᠪᠦᠬᠦᠢ ᠲᠦᠷᠦ ᠶᠢᠨ ᠪᠤᠳᠤᠯᠭ᠎ᠠ ᠶᠢᠨ ᠲᠡᠮᠵᠢᠯᠭᠡ ᠦᠵᠡᠬᠦᠯᠤᠨ᠂ ᠰᠠᠭᠤᠷᠢ ᠰᠤᠳᠤᠯᠭᠠᠨ ᠳᠤ ᠠᠰᠢᠬᠳᠠᠢ ᠰᠠᠶᠢᠨ ᠰᠠᠶᠢᠬᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠮᠢ ᠠᠬᠤᠢ ᠶᠢ ᠪᠤᠢ ᠪᠤᠯᠭᠠᠵᠦ᠂ ᠰᠢᠨᠵᠢᠯᠡᠬᠦ ᠤᠬᠠᠭᠠᠨ ᠤ ᠦᠨᠡᠯᠡᠯᠳᠠ ᠶᠢᠨ ᠰᠢᠰᠲ᠋ᠧᠮ᠂ ᠤᠷᠮᠠᠰᠢᠭᠤᠯᠤᠨ ᠵᠤᠷᠢᠬᠵᠢᠭᠤᠯᠬᠤ ᠲᠤᠬᠳᠠᠴᠠ ᠶᠢ ᠪᠠᠶᠢᠭᠤᠯᠤᠨ ᠪᠦᠷᠢᠨᠰᠢᠬᠦᠯᠵᠤ᠂ ᠦᠷᠬᠦᠯᠵᠢᠯᠡᠨ ᠲᠠᠰᠤᠷᠠᠯᠳᠠ ᠦᠭᠡᠢ ᠪᠠᠷᠢᠮᠳᠠᠯᠠᠬᠤ ᠭᠡᠷᠡᠭᠳᠠᠢ᠃ ᠰᠢᠨ᠎ᠡ ᠶᠢ ᠡᠬᠦᠳᠬᠦ ᠴᠢᠳᠠᠪᠤᠷᠢᠳᠠᠨ ᠤ ᠬᠦᠮᠦᠵᠢᠯ ᠪᠤᠯᠪᠠᠰᠤᠷᠠᠯ ᠢ ᠴᠢᠩᠭᠠᠳᠬᠠᠵᠤ᠂ ᠰᠤᠷᠭᠠᠨ ᠬᠦᠮᠦᠵᠢᠯ ᠢ ᠨᠡᠩ ᠴᠢᠬᠤᠯᠠ ᠪᠠᠶᠢᠷᠢᠨ ᠳᠤ ᠲᠠᠯᠪᠢᠨ᠂ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦ ᠲᠠᠯ᠎ᠡ ᠪᠠᠷ ᠲᠡᠭᠡᠭᠰᠢᠯᠡᠬᠦᠯᠵᠤ᠂ ᠲᠤᠭᠠᠨ ᠤ ᠤᠬᠠᠭᠠᠨ᠂ ᠹᠢᠼᠢᠺ᠂ ᠬᠢᠮᠢ᠂ ᠠᠮᠢᠳᠤ ᠪᠤᠳᠠᠰ ᠵᠡᠷᠭᠡ ᠰᠠᠭᠤᠷᠢ ᠰᠢᠨᠵᠢᠯᠡᠭᠡᠨ ᠤ ᠪᠠᠶᠢᠭᠤᠯᠤᠯᠳᠠ ᠶᠢ ᠴᠢᠩᠭᠠᠳᠬᠠᠨ᠂ ᠨᠦᠬᠦᠴᠡᠯ ᠲᠠᠢ ᠶᠡᠭᠡ ᠲᠡᠭᠡᠳᠤ ᠰᠤᠷᠭᠠᠭᠤᠯᠢ ᠶᠢᠨ ᠬᠢᠨ ᠤ ᠰᠠᠭᠤᠷᠢ ᠰᠤᠳᠤᠯᠭᠠᠨ ᠪᠤᠯᠤᠨ ᠰᠤᠯᠪᠢᠴᠠᠯ ᠰᠢᠨᠵᠢᠯᠡᠭᠡᠨ ᠤ ᠬᠤᠯᠪᠤᠬᠳᠠᠯ ᠪᠦᠬᠦᠢ ᠰᠢᠨᠵᠢᠯᠡᠭᠡᠨ ᠤ ᠲᠤᠰᠬᠠᠢ ᠮᠡᠷᠭᠡᠵᠢᠯ ᠢ ᠢᠳᠡᠪᠬᠢᠳᠠᠢ ᠲᠤᠬᠢᠷᠠᠭᠤᠯᠬᠤ‌‍ᠶᠢ ᠵᠤᠷᠢᠬᠵᠢᠭᠤᠯᠵᠤ᠂ ᠰᠠᠭᠤᠷᠢ ᠰᠢᠨᠵᠢᠯᠡᠭᠡᠨ ᠤ ᠦᠨᠳᠤᠰᠤᠨ ᠠᠩᠭᠢ ᠶᠢᠨ ᠰᠤᠷᠤᠬᠴᠢ ᠶᠢᠨ ᠬᠦᠮᠦᠵᠢᠯ ᠢ ᠴᠢᠩᠭᠠᠳᠬᠠᠨ᠂ ᠰᠤᠷᠤᠬᠴᠢᠳ ᠤᠨ ᠰᠢᠨ᠎ᠡ ᠶᠢ ᠡᠬᠦᠳᠬᠦ ᠤᠬᠠᠮᠰᠠᠷ ᠪᠠ ᠰᠢᠨ᠎ᠡ ᠶᠢ ᠡᠬᠦᠳᠬᠦ ᠴᠢᠳᠠᠪᠤᠷᠢ ᠶᠢ ᠬᠦᠮᠦᠵᠢᠬᠦᠯᠬᠦ ᠭᠡᠷᠡᠭᠳᠠᠢ᠃ ᠦᠬᠡᠷᠡᠴᠢᠯᠠᠯᠳᠠ ᠳᠤ ᠲᠦᠰᠢᠭᠯᠡᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠠᠮᠢᠵᠢᠷᠠᠯ ᠤᠨ ᠬᠦᠴᠤᠨ ᠢ ᠬᠦᠭᠵᠢᠬᠡᠵᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠪᠠᠶᠢᠭᠤᠯᠤᠮᠵᠢ ᠶᠢᠨ ᠦᠬᠡᠷᠡᠴᠢᠯᠠᠯᠳᠠ ᠶᠢᠨ ᠯᠤᠳᠤ ᠶᠡᠭᠡ ᠰᠢᠨ᠎ᠠ ᠶᠢ ᠡᠬᠦᠳᠬᠦ ᠨᠦᠬᠡᠴᠠ ᠬᠦᠴᠤᠨ ᠢ ᠪᠦᠳᠤᠮᠵᠢᠳᠠᠢ ᠠᠭᠤᠳᠠᠯᠤᠨ᠂ ︽ᠦᠬᠦᠯᠡᠯ᠂ ᠡᠷᠳᠡᠮ ᠤᠨ ᠴᠤᠯᠠ᠂ ᠰᠤᠷᠤᠯᠭ᠎ᠠ ᠶᠢᠨ ᠨᠠᠮᠳᠠᠷ᠂ ᠱᠠᠩᠨᠠᠯ ᠤᠨ ᠵᠦᠢᠯ ᠢ ᠦᠷᠤᠬᠡᠰᠤᠯ ᠢᠶᠠᠷ ᠴᠢᠬᠤᠯᠠᠴᠢᠯᠠᠬᠤ︾ ᠶᠢ ᠡᠷᠡᠰ ᠠᠷᠢᠯᠭᠠᠬᠤ ᠭᠡᠷᠡᠭᠳᠠᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠠᠮᠳᠤᠷᠠᠯᠴᠠᠭ᠎ᠠ ᠶᠢ ᠴᠢᠩᠭᠠᠳᠬᠠᠨ᠂ ᠪᠦᠬᠦ ᠪᠦᠮᠪᠦᠷᠴᠡᠭ ᠤᠨ ᠰᠢᠨ᠎ᠠ ᠶᠢ ᠡᠬᠦᠳᠬᠦ ᠲᠤᠤᠷ ᠲᠤ ᠨᠡᠩ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠨᠡᠬᠡᠬᠡᠯᠳᠠ ᠬᠢᠵᠤ ᠬᠠᠮᠳᠤᠷᠠᠯᠴᠠᠭ᠎ᠠ ᠬᠢᠬᠦ ᠶᠠᠪᠤᠴᠠ ᠳᠤ ᠲᠤᠰ ᠪᠠᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃    ᠰᠢ ᠶᠢᠨ ᠫᠢᠩ᠂ ᠰᠢᠨᠵᠢᠯᠡᠬᠦ ᠤᠬᠠᠭᠠᠨ ᠤ ᠠᠮᠵᠢᠯᠳᠠ ᠪᠦᠳᠤᠮᠵᠢ ᠨᠢ ᠤᠶᠤᠨ ᠰᠠᠨᠠᠭᠠᠨ ᠤ ᠲᠤᠯᠭᠠᠭᠤᠷᠢᠯᠠᠯ ᠠᠴᠠ ᠰᠠᠯᠵᠤ ᠲᠡᠶᠢᠯᠬᠦ ᠦᠬᠡᠢ ᠶᠤᠮ᠃ ᠰᠢᠨᠵᠢᠯᠡᠬᠦ ᠤᠬᠠᠭᠠᠨᠳᠠᠨ ᠤ ᠵᠤᠷᠢᠬ ᠰᠠᠨᠠᠭ᠎ᠠ ᠪᠤᠯ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠢᠯᠳᠠᠳ ᠤᠨ ᠤᠷᠳᠤ ᠬᠤᠭᠤᠴᠠᠭᠠᠨ ᠳᠠᠬᠢ ᠰᠢᠨᠵᠢᠯᠡᠬᠦ ᠤᠬᠠᠭᠠᠨ ᠤ ᠤᠢᠢᠯᠡᠳᠤᠯᠬᠡ ᠶᠢᠨ ᠳᠤᠮᠳᠠ ᠪᠠᠨ ᠬᠤᠷᠠᠮᠳᠤᠭᠤᠯᠤᠬᠰᠠᠨ ᠡᠷᠬᠢᠮ ᠨᠠᠨᠳᠢᠨ ᠤᠶᠤᠨ ᠰᠠᠨᠠᠭᠠᠨ ᠤ ᠦᠪ ᠬᠦᠷᠤᠩᠬᠡ ᠮᠦᠨ᠃ ᠦᠷᠬᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠢᠯᠳᠠᠨ ᠤᠬ ᠰᠠᠨᠠᠭ᠎ᠠ ᠪᠠᠨ ᠦᠯᠤ ᠮᠠᠷᠳᠠᠨ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ᠤᠯᠤᠰ ᠬᠦᠷᠤᠨ ᠤ ᠠᠰᠢᠬ ᠲᠤᠰᠠ ᠪᠤᠯᠤᠨ ᠠᠷᠠᠳ ᠲᠦᠮᠡᠨ ᠤ ᠠᠰᠢᠬ ᠲᠤᠰᠠ ᠶᠢ ᠲᠡᠭᠡᠳᠤᠯᠡᠬᠦ ᠶᠢ ᠪᠠᠷᠢᠮᠳᠠᠯᠠᠵᠤ᠂ ᠠᠬᠠᠮᠠᠳ ᠨᠢᠬᠡ ᠦᠶ᠎ᠠ ᠶᠢᠨ ᠰᠢᠨᠵᠢᠯᠡᠬᠦ ᠤᠬᠠᠭᠠᠳᠠᠳ ᠤᠨ ᠬᠡᠬᠦᠳᠡᠭ ᠴᠡᠬᠡᠵᠢᠨ ᠳᠡᠭᠡᠨ ᠡᠬᠡ ᠤᠯᠤᠰ ᠢᠶᠠᠨ ᠪᠤᠲᠤᠵᠤ᠂ ᠠᠷᠠᠳ ᠲᠦᠮᠡᠨ‌‍ᠳᠤ ᠤᠢᠢᠯᠡᠴᠢᠯᠡᠳᠡᠭ ᠰᠢᠯᠢᠳᠡᠭ ᠬᠡᠪ ᠰᠤᠷᠳᠠᠯ ᠢ ᠵᠠᠯᠭᠠᠮᠵᠢᠯᠠᠨ ᠪᠠᠳᠠᠷᠠᠭᠤᠯᠵᠤ᠂ ︽ᠬᠤᠶᠠᠷ ᠪᠦᠮᠪᠦᠭᠡ ᠨᠢᠬᠡ ᠤᠳᠤᠨ︾ ᠤ ᠵᠤᠷᠢᠬ ᠰᠠᠨᠠᠭ᠎ᠠ ᠶᠢ ᠪᠠᠳᠠᠷᠠᠭᠤᠯᠤᠨ᠂ ᠲᠡᠤᠬᠡ ᠶᠢᠨ ᠬᠦᠨᠳᠦ ᠡᠬᠦᠷᠬᠡ ᠶᠢ ᠰᠠᠨᠠᠭᠠᠴᠢᠯᠠᠭ᠎ᠠ ᠠᠴᠠ ᠪᠠᠨ ᠡᠬᠦᠷᠬᠡᠯᠠᠵᠤ᠂ ᠦᠪᠡᠷ ᠤᠨ ᠰᠢᠨᠵᠢᠯᠡᠬᠦ ᠤᠬᠠᠭᠠᠨ ᠤ ᠬᠦᠬᠡᠬᠡᠴᠡᠯᠳᠤᠯ ᠢᠶᠠᠨ ᠨᠡᠶᠢᠬᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠳᠤᠬᠡᠨ ᠪᠠᠶᠢᠭᠤᠯᠬᠤ ᠠᠭᠤᠤ ᠶᠡᠭᠡ ᠤᠢᠢᠯᠡᠰ ᠲᠤ ᠠᠭᠤᠰᠤᠯᠴᠠᠭᠤᠯᠬᠤ ᠭᠡᠷᠡᠭᠳᠠᠢ᠃ ᠦᠷᠬᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠢᠯᠳᠠᠨ ᠵᠤᠷᠢᠬᠳᠠᠢ ᠪᠠᠷ ᠡᠬᠦᠳᠦᠨ ᠪᠦᠲᠦᠭᠡᠬᠦ ᠡᠷᠡᠯᠬᠡᠭ ᠵᠤᠷᠢᠭ ᠠᠤᠭ᠎ᠠ ᠰᠠᠨᠠᠭ᠎ᠠ ᠶᠢ ᠪᠤᠢ ᠪᠤᠯᠭᠠᠨ᠂ ᠵᠤᠷᠢᠬᠳᠠᠢ ᠪᠠᠷ ᠰᠢᠨ᠎ᠠ ᠤᠨᠤᠯ ᠲᠤᠷᠠᠳᠴᠦ ᠰᠢᠨ᠎ᠠ ᠬᠦᠷᠢᠶ᠎ᠠ ᠴᠠᠷᠠᠭ᠎ᠠ ᠶᠢ ᠨᠡᠬᠡᠬᠡᠨ ᠰᠢᠨ᠎ᠠ ᠠᠷᠭ᠎ᠠ ᠵᠠᠮ ᠢ ᠰᠦᠪᠡᠭᠴᠢᠯᠠᠵᠤ᠂ ᠲᠤᠰᠠᠭᠠᠷ ᠡᠬᠦᠳᠬᠦ ᠪᠠ ᠲᠤᠰᠠᠭᠠᠷ ᠦᠮᠴᠢᠯᠡᠬᠦ ᠲᠡᠭᠡᠷ᠎ᠠ ᠬᠦᠴᠤ ᠪᠠᠨ ᠲᠠᠯᠪᠢᠬᠤ ᠭᠡᠷᠡᠭᠳᠠᠢ᠃ ᠦᠨᠳᠤᠷ ᠲᠦᠪᠰᠢᠨ ᠲᠠᠢ ᠤᠤᠭᠠᠯ ᠪᠦᠳᠤᠬᠡᠯ ᠢ ᠢᠯᠡᠬᠦᠬᠡᠨ ᠡᠬᠦᠳᠴᠤ᠂ ᠰᠢᠨᠵᠢᠯᠡᠬᠦ ᠤᠬᠠᠭᠠᠨ ᠤ ᠰᠢᠰᠲ᠋ᠧᠮ ᠢ ᠲᠠᠰᠤᠷᠠᠯᠳᠠ ᠦᠬᠡᠢ ᠪᠠᠶᠠᠯᠢᠭᠵᠢᠭᠤᠯᠤᠨ ᠬᠦᠭᠵᠢᠬᠦᠯᠬᠦ‌‍ᠳᠤ ᠬᠤᠪᠢ ᠨᠡᠮᠡᠷᠢ ᠦᠵᠡᠬᠦᠯᠬᠦ ᠭᠡᠷᠡᠭᠳᠠᠢ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠢᠯᠳᠠᠳ ᠢ ᠦᠪᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠤᠢᠢᠯᠡᠰ ᠲᠡᠭᠡᠨ ᠰᠢᠮᠳᠠᠬᠤ᠂ ᠰᠢᠷᠭᠠᠭᠤ ᠬᠠᠳᠠᠭᠤᠵᠢᠯᠳᠠᠢ ᠰᠤᠳᠤᠯᠬᠤ᠂ ᠨᠡᠷᠡᠯᠭᠡᠭ ᠵᠠᠩ‌ᠢ ᠦᠯᠦ ᠲᠤᠭᠤᠬᠤ᠂ ᠨᠠᠷ᠎ᠠ ᠠᠰᠢᠬ ᠢ ᠦᠯᠤ ᠬᠦᠬᠡᠬᠡᠴᠡᠯᠳᠤᠬᠦ ᠶᠢ ᠵᠤᠷᠢᠬᠵᠢᠭᠤᠯᠬᠤ ᠭᠡᠷᠡᠭᠳᠠᠢ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠢᠯᠳᠠᠳ ᠤᠨ ᠵᠤᠷᠢᠬᠳᠠᠢ ᠪᠠᠷ ᠬᠠᠶᠢᠨ ᠰᠦᠪᠡᠭᠴᠢᠯᠠᠵᠤ᠂ ᠰᠢᠨᠵᠢᠯᠡᠬᠦ ᠤᠬᠠᠭᠠᠨ ᠳᠤ ᠦᠪᠡᠷ ᠢ ᠪᠠᠨ ᠵᠤᠷᠢᠭᠤᠯᠬᠤ ᠠᠮᠢᠳᠤᠯᠢᠬ ᠤᠢᠢᠯᠠ ᠠᠵᠢᠯᠯᠠᠭ᠎ᠠ ᠶᠢ ᠦᠷᠬᠡᠨ ᠢᠶᠠᠷ ᠤᠬᠠᠭᠤᠯᠬᠤ ᠭᠡᠷᠡᠭᠳᠠᠢ᠃ ᠰᠤᠨᠢᠭᠤᠴᠢ ᠵᠠᠩ ᠪᠤᠯ ᠬᠦᠮᠤᠨ‌‍ᠤ ᠲᠦᠷᠤᠯᠬᠢ ᠴᠢᠨᠠᠷ ᠶᠤᠮ᠂ ᠰᠢᠨᠵᠢᠯᠡᠬᠦ ᠤᠬᠠᠭᠠᠨᠨ ᠳᠠᠬᠢ ᠲᠤᠷ᠎ᠠ ᠰᠤᠨᠢᠷᠬᠠᠯ ᠢ ᠬᠦᠳᠤᠯᠤᠨ ᠵᠢᠯᠤᠭᠤᠳᠬᠤ ᠪᠠ ᠬᠦᠮᠤᠵᠢᠬᠦᠯᠬᠦ‌‍ᠳᠡᠭᠡᠨ ᠬᠡᠤᠬᠡᠳ ᠠᠴᠠ ᠡᠬᠢᠯᠡᠨ ᠠᠳᠬᠤᠵᠤ᠂ ᠬᠡᠤᠬᠡᠳ ᠤᠳ ᠲᠤ ᠨᠡᠩ ᠤᠯᠠᠨ ᠰᠢᠨᠵᠢᠯᠡᠬᠦ ᠤᠬᠠᠭᠠᠨ ᠤ ᠮᠡᠳᠡᠯᠬᠡ ᠶᠢ ᠤᠢᠢᠯᠠᠭᠠᠭᠤᠯᠤᠨ ᠰᠢᠨᠵᠢᠯᠡᠬᠦ ᠤᠬᠠᠭᠠᠨ ᠤ ᠠᠷᠭ᠎ᠠ ᠶᠢ ᠡᠵᠡᠮᠰᠢᠬᠦᠯᠵᠤ᠂ ᠰᠢᠨᠵᠢᠯᠡᠬᠦ ᠤᠬᠠᠭᠠᠨᠳᠠᠨ ᠪᠤᠯᠬᠤ ᠲᠠᠯᠳᠠ ᠬᠦᠴᠤᠨ ᠲᠠᠢ ᠦᠯᠡᠮᠵᠢ ᠤᠯᠠᠨ ᠵᠠᠯᠠᠭᠤᠴᠤᠳ ᠪᠠᠭᠠᠴᠤᠳ ᠢ ᠬᠦᠮᠤᠵᠢᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃    ᠰᠢ ᠶᠢᠨ ᠫᠢᠩ᠂ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠬ ᠤᠨ ᠤᠷᠳᠤᠨ ᠵᠢᠴᠢ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠨᠠᠮ ᠤᠨ ᠲᠦᠪ ᠬᠤᠷᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠲᠤᠬᠠᠢ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠬᠰᠠᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠬᠦᠳᠡᠯᠮᠤᠷᠢ ᠶᠢ ᠬᠦᠨᠳᠤᠳᠬᠡᠨᠨ ᠮᠡᠳᠡᠯᠬᠡ ᠶᠢ ᠬᠦᠨᠳᠤᠳᠬᠡᠵᠤ᠂ ᠴᠢᠳᠠᠪᠤᠷᠢᠳᠠᠨ ᠢ ᠬᠦᠨᠳᠤᠳᠬᠡᠨ᠂ ᠡᠬᠦᠳᠤᠨ ᠪᠦᠳᠦᠬᠡᠯᠳᠡ ᠶᠢ ᠬᠦᠨᠳᠤᠳᠬᠡᠵᠤ᠂ ᠰᠢᠨᠵᠢᠯᠡᠬᠦ ᠤᠬᠠᠭᠠᠨ ᠤ ᠬᠦᠭᠵᠢᠯᠳᠠ ᠶᠢᠨ ᠵᠢᠮ᠎ᠠ ᠶᠤᠰᠤ ᠶᠢ ᠵᠢᠷᠤᠮᠯᠠᠨ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠡᠬᠦᠳᠦᠯᠳᠡ‌‍ᠶᠢᠨ ᠦᠷ᠎ᠠ ᠪᠦᠳᠦᠬᠡᠯ ᠲᠠᠰᠤᠷᠠᠯᠳᠠ ᠦᠬᠡᠢ ᠴᠤᠯᠭᠤᠷᠠᠨ ᠭᠠᠷᠬᠤ ᠶᠢ ᠠᠬᠢᠭᠤᠯᠬᠤ ᠶᠢᠨ ᠬᠠᠮᠳᠦ ᠪᠤᠳᠠᠳᠤ ᠤᠢᠢᠯᠡᠳᠪᠤᠷᠢᠯᠡᠯ ᠤᠨ ᠬᠦᠴᠤᠨ ᠪᠤᠯᠭᠠᠨ ᠬᠤᠪᠢᠷᠠᠭᠤᠯᠬᠤ ᠭᠡᠷᠡᠭᠳᠠᠢ᠃ ᠤᠳᠤᠷᠢᠳᠬᠤ ᠺᠠᠳ᠋ᠷᠴᠤᠳ ᠰᠢᠨ᠎ᠠ ᠰᠢᠨᠵᠢᠯᠡᠬᠦ ᠤᠬᠠᠭᠠᠨ ᠤ ᠮᠡᠳᠡᠯᠬᠡ ᠶᠢ ᠰᠤᠷᠤᠯᠴᠠᠬᠤ ᠪᠠᠨ ᠴᠢᠩᠭᠠᠳᠬᠠᠵᠤ᠂ ᠪᠦᠬᠦ ᠪᠦᠮᠪᠦᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠦ᠋ᠭᠵᠢᠯᠳᠠ ᠶᠢᠨ ᠬᠠᠨᠳᠤᠰᠢ ᠳᠤ ᠠᠩᠬᠠᠷᠤᠯ ᠢᠶᠠᠨ ᠲᠡᠯᠪᠢᠬᠤ ᠭᠡᠷᠡᠭᠳᠠᠢ ᠬᠡᠵᠤ ᠴᠢᠬᠤᠯᠠᠴᠢᠯᠠᠪᠠ᠃    ᠳ᠋ᠢᠩ ᠰᠢᠤᠸᠠᠢ ᠰᠢᠶᠠᠩ᠂ ᠯᠢᠤ ᠡᡁᠧ᠂ ᠰᠦᠨ ᠴᠦᠨ ᠯᠠᠨ᠂ ᠴᠧᠨ ᠰᠢ᠂ ᠬᠤᠸᠠᠩ ᠺᠦᠨ ᠮᠢᠩ᠂ ᠸᠠᠨ ᠭᠠᠩ᠂ ᠡᡁᠧ ᠯᠢ ᠹᠧᠩ ᠶᠠᠷᠢᠯᠴᠠᠬᠤ ᠬᠤᠷᠠᠯ ᠳᠤ ᠤᠷᠤᠯᠴᠠᠴᠠᠢ᠃    ᠨᠠᠮ ᠤᠨ ᠲᠦᠪ ᠬᠤᠷᠢᠶᠠᠨ ᠤ ᠨᠠᠮ ᠵᠠᠰᠠᠬ ᠴᠡᠷᠢᠭ ᠤᠯᠠᠨ ᠲᠦᠮᠡᠨ ᠤ ᠪᠦᠯᠬᠦᠮ ᠤᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠨᠦᠬᠦᠳ᠂ ᠰᠢᠨᠵᠢᠯᠡᠬᠦ ᠤᠬᠠᠭᠠᠳᠠᠨ ᠤ ᠲᠦᠯᠤᠬᠡᠯᠡᠭᠴᠢ ᠨᠠᠷ ᠶᠠᠷᠢᠯᠴᠠᠬᠤ ᠬᠤᠷᠠᠯ ᠳᠤ ᠤᠷᠤᠯᠴᠠᠵᠠᠢ᠃     
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号