︵2020 ᠣᠨ ᠤ 9 ᠰᠠᠷ᠎ᠠ ᠶᠢᠨ 11 ᠤ ᠡᠳᠦᠷ︶ | ᠰᠢ ᠶᠢᠨ ᠫᠢᠩ | ᠡᠨᠡ ᠡᠳᠦᠷ ᠪᠢᠳᠡ ᠰᠢᠨᠵᠢᠯᠡᠬᠦ ᠤᠬᠠᠭᠠᠨᠲᠠᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠵᠢᠴᠢ ᠨᠡᠩ ᠤᠷᠳᠤ ᠬᠤᠭᠤᠴᠠᠭᠠᠨ ᠤ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠥᠭᠵᠢᠯᠲᠡ ᠶᠢ ᠠᠬᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠠᠯᠬᠤᠮ ᠢ ᠲᠦᠷᠭᠡᠳᠬᠡᠬᠦ ᠲᠤᠬᠠᠶ ᠤᠯᠠᠨ ᠤ ᠰᠠᠨᠠᠯ ᠰᠠᠨᠠᠭᠤᠯᠭ᠎ᠠ ᠶᠢ ᠰᠣᠨᠣᠰᠪᠠ᠃ ᠡᠨᠡ ᠡᠳᠦᠷ ᠤᠨ | ᠶᠠᠷᠢᠯᠴᠠᠬᠤ ᠬᠤᠷᠠᠯ ᠳᠤ ᠣᠷᠣᠯᠴᠠᠭᠰᠠᠨ ᠰᠢᠨᠵᠢᠯᠡᠬᠦ ᠤᠬᠠᠭᠠᠨᠲᠠᠳ ᠪᠤᠯᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠲᠠᠳ ᠪᠤᠯ ᠲᠤᠰ ᠲᠤᠰ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ | ᠳᠡᠭᠡᠳᠦ ᠰᠤᠷᠭᠠᠭᠤᠯᠢ ᠪᠣᠯᠤᠨ ᠠᠵᠤ ᠠᠬᠤᠶᠢᠯᠠᠯ ᠠᠴᠠ ᠢᠷᠡᠭᠰᠡᠨ ᠶᠤᠮ᠂ ᠰᠠᠭᠤᠷᠢ ᠰᠤᠳᠤᠯᠭᠠᠨ᠂ ᠬᠡᠷᠡᠭᠯᠡᠭᠡᠨ ᠤ | ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠵᠡᠷᠭᠡ ᠬᠦᠷᠢᠶ᠎ᠠ ᠲᠠᠢ ᠬᠠᠮᠢᠶᠠᠳᠠᠵᠤ ᠪᠤᠢ᠂ ᠪᠠᠰᠠ ᠳᠤᠮᠳᠠᠳᠤ | ᠤᠯᠤᠰ ᠲᠤ ᠠᠵᠢᠯᠯᠠᠵᠤ ᠪᠠᠶᠢᠭ᠎ᠠ ᠭᠠᠳᠠᠭᠠᠳᠤ ᠶᠢᠨ ᠰᠢᠨᠵᠢᠯᠡᠬᠦ ᠤᠬᠠᠭᠠᠨᠲᠠᠨ ᠪᠠᠶᠢᠨ᠎ᠠ᠃ | ᠰᠠᠶ᠋ᠢ ᠣᠯᠠᠨ ᠢᠶᠠᠷ ᠢᠶᠠᠨ ᠲᠤᠰ ᠲᠤᠰ ᠤᠨ ᠰᠤᠳᠤᠯᠭᠠᠨ ᠤ ᠬᠦᠷᠢᠶ᠎ᠡ ᠲᠠᠢ ᠪᠠᠨ ᠤᠶᠠᠯᠳᠤᠭᠤᠯᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠬᠦᠳᠦᠯᠳᠡ ᠪᠠ ᠬᠥᠭᠵᠢᠯᠲᠡ ᠶᠢ ᠠᠬᠢᠭᠤᠯᠬᠤ ᠵᠡᠷᠭᠡ ᠠᠰᠠᠭᠤᠳᠠᠯ ᠤᠨ | ᠲᠤᠬᠠᠶ ᠮᠠᠰᠢ ᠤᠯᠠᠨ ᠦᠨ᠎ᠡ ᠴᠡᠨ᠎ᠡ ᠲᠠᠢ ᠰᠠᠨᠠᠯ ᠰᠠᠨᠠᠭᠤᠯᠭ᠎ᠠ ᠳᠤᠷᠠᠳᠴᠠᠶ᠃ ᠬᠤᠯᠪᠣᠭᠳᠠᠯ ᠪᠦᠬᠦᠢ ᠲᠠᠯ᠎ᠠ ᠶᠢᠨ ᠬᠢᠨ | ᠨᠠᠷᠢᠨ ᠬᠢᠨᠠᠮᠠᠭᠠᠶ ᠰᠤᠳᠤᠯᠵᠤ ᠰᠢᠩᠭᠡᠭᠡᠵᠦ ᠠᠪᠬᠤ ᠭᠡᠷᠡᠭᠲᠡᠢ᠃ ᠳᠣᠤᠷ᠎ᠠ ᠪᠢ ᠤᠯᠠᠨ ᠤ ᠶᠠᠷᠢᠭᠰᠠᠨ ᠲᠠᠢ | ᠤᠶᠠᠯᠳᠤᠭᠤᠯᠤᠨ ᠬᠡᠳᠦᠨ ᠰᠠᠨᠠᠯ ᠲᠤᠷᠠᠳᠤᠶ᠎ᠠ᠃ | ᠨᠢᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠤᠯᠳᠠ ᠶᠢ ᠲᠦᠷᠭᠡᠳᠬᠡᠬᠦ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ ᠭᠦᠶ᠋ᠴᠡᠳ ᠲᠠᠨᠢᠬᠤ ᠬᠡᠷᠡᠭᠲᠡᠶ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠪᠠ᠃ ᠨᠡᠶᠢᠭᠡᠮ ᠳᠠᠶᠠᠭᠠᠷ ᠤᠨ | ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠢᠯᠡᠰ ᠲᠡᠤᠬᠡᠲᠦ ᠴᠢᠨᠠᠷᠲᠠᠶ ᠠᠮᠵᠢᠯᠲᠠ ᠣᠯᠵᠤ᠂ ᠲᠡᠤᠬᠡᠲᠦ ᠴᠢᠨᠠᠷᠲᠠᠶ ᠬᠤᠪᠢᠰᠤᠯᠲᠠ ᠭᠠᠷᠪᠠ᠃ ᠴᠢᠬᠤᠯᠠ ᠶᠡᠭᠡ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠴᠤᠯᠭᠤᠷᠠᠨ ᠭᠠᠷᠴᠤ᠂ ᠵᠠᠷᠢᠮ ᠬᠤᠰᠢᠭᠤᠷᠠᠯ ᠬᠦᠷᠢᠶᠠᠨ ᠳᠤ ᠵᠡᠷᠭᠡᠴᠡᠨ | ᠭᠦᠶᠦᠬᠦ᠂ ᠳᠠᠭᠠᠭᠤᠯᠤᠨ ᠭᠦᠶᠦᠬᠦ ᠱᠠᠲᠤᠨ ᠳᠤ ᠣᠷᠣᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ | ᠬᠦᠴᠦᠨ ᠲᠤᠭ᠎ᠠ ᠬᠡᠮᠵᠢᠶᠡᠨ ᠤ ᠬᠤᠷᠠᠮᠳᠤᠭᠤᠯᠤᠯ ᠠᠴᠠ ᠴᠢᠨᠠᠷ ᠤᠨ ᠦᠰᠦᠷᠦᠯᠲᠡ ᠲᠡᠶᠢᠰᠢ ᠠᠬᠢᠵᠦ᠂ ᠴᠡᠭ ᠤᠨ | ᠰᠢᠪᠲᠤᠯᠤᠯᠲᠠ ᠠᠴᠠ ᠰᠢᠰᠲ᠋ᠧᠮ ᠤᠨ ᠴᠢᠳᠠᠪᠤᠷᠢ ᠶᠢᠨ ᠳᠡᠭᠡᠭᠰᠢᠯᠡᠯᠲᠡ ᠵᠦᠭ ᠠᠬᠢᠪᠠ᠃ ᠡᠨᠡ ᠤᠳᠠᠭ᠎ᠠ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠶᠠᠪᠤᠴᠠ ᠳᠤ ᠥᠷᠭᠡᠨ ᠣᠯᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠲᠠᠨ ᠡᠮᠴᠢᠯᠡᠭᠡᠨ᠂ ᠸᠠᠺᠼᠢᠨ ᠢ ᠰᠤᠳᠤᠯᠤᠨ ᠭᠠᠷᠭᠠᠬᠤ᠂ ᠰᠡᠷᠭᠡᠶᠢᠯᠡᠨ ᠡᠵᠡᠮᠳᠡᠬᠦ ᠵᠡᠷᠭᠡ | ᠣᠯᠠᠨ ᠴᠢᠬᠤᠯᠠ ᠬᠦᠷᠢᠶᠡᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠠᠵᠢᠯ | ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠥᠯᠥᠪᠵᠢᠬᠦᠯᠦᠨ ᠠᠬᠢᠭᠤᠯᠬᠤ ᠳᠤ ᠬᠦᠴᠦᠳᠦ ᠲᠤᠯᠭᠠᠭᠤᠷᠢᠯᠠᠯ ᠬᠠᠩᠭᠠᠵᠤ᠂ ᠴᠢᠬᠤᠯᠠ ᠶᠡᠭᠡ ᠬᠤᠪᠢ | ᠨᠡᠮᠡᠷᠢ ᠦᠵᠡᠭᠦᠯᠪᠡ᠃ ᠡᠨᠡ ᠲᠠᠰᠢᠷᠠᠮ ᠢᠶᠠᠷ ᠪᠢ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ ᠲᠤᠬᠢᠶᠠᠯᠳᠤᠭᠠᠳᠤᠢ ᠶᠡᠭᠡ ᠬᠤᠪᠢᠰᠤᠯᠲᠠ ᠶᠢ | ᠥᠩᠭᠡᠷᠡᠭᠡᠵᠦ᠂ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠤᠯᠤᠰ ᠤᠨ ᠳᠣᠲᠣᠭᠠᠳᠤ | ᠭᠠᠳᠠᠭᠠᠳᠤ ᠶᠢᠨ ᠣᠷᠴᠢᠨ ᠲᠤᠭᠤᠷᠢᠨ ᠭᠦᠨᠵᠡᠭᠡᠶ ᠪᠤᠳᠤᠯᠢᠶᠠᠨᠲᠠᠶ ᠬᠤᠪᠢᠷᠠᠯᠲᠠ ᠭᠠᠷᠴᠤ᠂ ᠮᠠᠨ ᠤ ᠤᠯᠤᠰ ᠤᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠵᠢᠴᠢ ᠨᠡᠩ ᠤᠷᠳᠤ ᠬᠤᠭᠤᠴᠠᠭᠠᠨ ᠤ ᠬᠥᠭᠵᠢᠯᠲᠡ ᠨᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠤᠯᠳᠠ ᠶᠢ ᠲᠦᠷᠭᠡᠳᠬᠡᠬᠦ ᠳᠤ ᠨᠡᠩ ᠲᠤᠯᠭᠠᠮ | ᠱᠠᠭᠠᠷᠳᠠᠯᠭ᠎ᠠ ᠳᠤᠷᠠᠳᠴᠠᠶ᠃ ᠨᠢᠭᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠤᠯᠳᠠ ᠶᠢ | ᠲᠦᠷᠭᠡᠳᠬᠡᠬᠦ ᠪᠣᠯ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠡᠷᠡᠭᠴᠡᠭᠡ ᠮᠥᠨ᠃ ᠣᠳᠣᠬᠢᠴᠢᠯᠠᠭᠰᠠᠨ | ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ | ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠬᠤ ᠳᠤ ᠴᠥᠮ ᠬᠦᠴᠦᠷᠬᠡᠭ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠤᠯᠭᠠᠭᠤᠷᠢᠯᠠᠯ ᠱᠠᠭᠠᠷᠳᠠᠭᠳᠠᠨ᠎ᠠ᠃ ᠬᠤᠶᠠᠷ ᠲᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠤᠯᠳᠠ ᠶᠢ ᠲᠦᠷᠭᠡᠳᠬᠡᠬᠦ ᠪᠣᠯ ᠠᠷᠠᠳ ᠲᠦᠮᠡᠨ ᠤ ᠴᠢᠨᠠᠷ ᠰᠠᠶᠢᠲᠠᠶ ᠠᠮᠢᠳᠤᠷᠠᠯ ᠢ | ᠪᠡᠶᠡᠯᠡᠭᠦᠯᠬᠦ ᠶᠢᠨ ᠬᠡᠷᠡᠭᠴᠡᠭᠡ ᠮᠥᠨ᠃ ᠣᠳᠣᠬᠠᠨ ᠳᠤ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ | ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ | ᠪᠣᠯᠤᠨ ᠲᠡᠩᠴᠡᠭᠦᠷᠢ ᠦᠭᠡᠶ ᠬᠦᠢᠴᠡᠳ ᠦᠬᠡᠢ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠪᠣᠯᠵᠤ ᠬᠤᠪᠢᠷᠠᠪᠠ᠂ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠭᠡᠭᠡᠴᠡᠯᠳᠦᠯ ᠢ ᠪᠡᠶᠡᠯᠡᠬᠦᠯᠬᠦ ᠶᠢᠨ ᠲᠥᠯᠥᠭᠡ | ᠡᠷᠬᠡᠪᠰᠢ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠢ ᠨᠡᠩ ᠤᠯᠠᠨ ᠭᠠᠷᠭᠠᠬᠤ ᠬᠡᠷᠡᠭᠲᠡᠶ᠃ ᠭᠤᠷᠪᠠ ᠳᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠤᠯᠳᠠ ᠶᠢ ᠲᠦᠷᠭᠡᠳᠬᠡᠬᠦ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ | ᠬᠡᠷᠡᠭᠴᠡᠭᠡ ᠮᠥᠨ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠠᠬᠢᠭᠤᠯᠬᠤ ᠳᠤ ᠡᠷᠬᠡᠪᠰᠢ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠭᠤᠤᠯ ᠰᠢᠵᠢᠮ ᠢ ᠪᠠᠷᠢᠮᠲᠠᠯᠠᠬᠤ ᠭᠡᠷᠡᠭᠲᠡᠢ᠂ | ᠬᠠᠩᠭᠠᠯᠭ᠎ᠠ ᠶᠢᠨ ᠰᠢᠰᠲ᠋ᠧᠮ ᠤᠨ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠬᠠᠩᠭᠠᠯᠭ᠎ᠠ ᠪᠠᠷ ᠰᠢᠨ᠎ᠡ | ᠬᠡᠷᠡᠭᠴᠡᠭᠡ ᠶᠢ ᠡᠭᠦᠳᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠵᠠᠩᠭᠢᠯᠠᠭ᠎ᠠ | ᠪᠣᠯᠤᠨ᠎ᠠ᠃ ᠤᠯᠤᠰ ᠤᠨ ᠳᠣᠲᠣᠭᠠᠳᠤ ᠤᠯᠠᠨ ᠤᠯᠤᠰ ᠤᠨ ᠬᠤᠤᠰ ᠣᠷᠴᠢᠯ ᠢ ᠰᠢᠯᠤᠭᠤᠳᠬᠠᠬᠤ ᠳᠤ ᠪᠠᠰᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ ᠢ ᠬᠡᠷᠡᠭᠰᠡᠵᠦ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ᠲᠦᠷᠪᠡ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯᠤᠨ ᠰᠢᠨ᠎ᠡ ᠡᠭᠦᠳᠤᠯᠳᠠ ᠶᠢ ᠲᠦᠷᠭᠡᠳᠬᠡᠬᠦ ᠪᠣᠯ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠤᠷᠤᠭᠰᠢᠲᠠᠶ | ᠡᠬᠢᠯᠡᠭᠦᠯᠬᠦ ᠶᠢᠨ ᠬᠡᠷᠡᠭᠴᠡᠭᠡ ᠮᠥᠨ᠃ ᠬᠠᠮᠤᠭ ᠠᠩᠬ᠎ᠠ ︽ᠳᠥᠷᠪᠡᠨ ᠣᠳᠣᠬᠢᠴᠢᠯᠠᠯᠲᠠ︾ ᠶᠢ ᠳᠤᠷᠠᠳᠤᠭᠰᠠᠨ ᠠᠴᠠ | ᠣᠳᠣ ᠶᠢᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠶᠢ ᠳᠤᠷᠠᠳᠤᠭᠰᠠᠨ ᠬᠦᠷᠳᠡᠯ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠪᠣᠯ | ᠶᠡᠷᠦ ᠠᠴᠠ ᠮᠠᠨ ᠤ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠠᠭᠤᠯᠭ᠎ᠠ ᠪᠤᠯᠤᠭᠰᠠᠭᠠᠷ ᠢᠷᠡᠵᠡᠢ᠃ | ᠣᠳᠣ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠨᠢ ᠥᠩᠭᠡᠷᠡᠭᠰᠡᠨ ᠤ ᠠᠯᠢ ᠴᠤ ᠦᠶ᠎ᠡ ᠶᠢᠨ ᠬᠢ ᠠᠴᠠ ᠨᠡᠩ ᠢᠯᠡᠭᠦᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠢᠳᠪᠦᠷᠢᠯᠡᠬᠦ ᠲᠥᠰᠦᠯ ᠢ ᠭᠡᠷᠡᠭᠰᠡᠵᠦ᠂ ᠰᠢᠨ᠎ᠡ ᠶᠢ ᠡᠭᠦᠳᠬᠦ ᠡᠨᠡ ᠬᠦ ᠨᠢᠭᠡᠳᠦᠭᠡᠷ ᠬᠥᠳᠡᠯᠭᠡᠬᠦ | ᠬᠦᠴᠦᠨ ᠢ ᠴᠢᠩᠭᠠᠳᠬᠠᠬᠤ ᠶᠢ ᠨᠡᠩ ᠢᠯᠡᠭᠦᠤ ᠱᠠᠭᠠᠷᠳᠠᠵᠦ ᠪᠠᠶᠢᠨ᠎ᠠ᠃ ᠡᠭᠦᠨ ᠤ ᠬᠠᠮᠲᠤ᠂ ᠣᠯᠠᠨ ᠤᠯᠤᠰ ᠤᠨ | ᠬᠤᠷᠴᠠ ᠰᠢᠷᠦᠭᠦᠨ ᠥᠷᠢᠰᠥᠯᠳᠦᠭᠡᠨ ᠤ ᠡᠮᠦᠨ᠎ᠡ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠦᠷᠪᠢᠰᠴᠦ | ᠪᠠᠢᠶ᠋ᠭ᠎ᠠ ᠠᠬᠤᠶ ᠪᠠᠢᠳᠠᠯ ᠳᠣᠤᠷ᠎ᠠ᠂ ᠪᠢᠳᠡ ᠡᠷᠬᠡᠪᠰᠢ ᠤᠯᠤᠰ ᠤᠨ ᠪᠠᠶᠢᠳᠠᠯ ᠳᠤ ᠲᠣᠬᠢᠷᠠᠭᠰᠠᠨ ᠰᠢᠨ᠎ᠡ ᠶᠢ ᠡᠭᠦᠳᠬᠦ | ᠵᠠᠮ ᠢᠶᠠᠷ ᠵᠠᠮᠨᠠᠵᠦ᠂ ᠢᠯᠠᠩᠭᠤᠶ᠎ᠠ ᠤᠤᠭᠠᠯ ᠡᠭᠦᠳᠦᠯᠳᠡ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠨᠡᠩ ᠲᠤᠪᠤᠶᠢᠮ᠎ᠠ | ᠪᠠᠶᠢᠷᠢᠨ ᠳᠤ ᠲᠠᠯᠪᠢᠨ᠂ ᠨᠡᠩ ᠤᠯᠠᠨ ︽0 ᠠᠴᠠ 1 ᠬᠦᠷᠬᠦ︾ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ | ᠃ ᠥᠷᠭᠡᠨ ᠣᠯᠠᠨ ᠰᠢᠨᠵᠢᠯᠡᠬᠦ ᠤᠬᠠᠭᠠᠨᠲᠠᠨ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ | ᠲᠡᠦᠬᠡᠲᠦ ᠬᠠᠷᠢᠭᠤᠴᠠᠯᠭ᠎ᠠ ᠪᠠᠨ ᠡᠭᠦᠷᠭᠡᠯᠡᠵᠦ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠰᠢᠭᠤᠷᠠᠯ ᠪᠠ ᠠᠵᠤ ᠠᠬᠤᠶ ᠶᠢᠨ ᠭᠤᠤᠯ ᠲᠠᠶᠢᠨ ᠤ ᠲᠠᠯᠠᠪᠤᠷ ᠲᠤ ᠬᠠᠨᠳᠤᠭᠤᠯᠤᠨ ᠤᠯᠤᠰ ᠤᠨ ᠴᠢᠬᠤᠯᠠ ᠶᠡᠭᠡ | ᠬᠡᠷᠡᠭᠴᠡᠭᠡ ᠪᠠ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠳᠤ ᠬᠠᠨᠳᠤᠭᠤᠯᠬᠤ ᠶᠢ ᠪᠠᠷᠢᠮᠲᠠᠯᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠥᠷᠭᠡᠴᠡ ᠪᠠ ᠭᠦᠨᠴᠡ ᠲᠡᠶᠢᠰᠢ ᠲᠠᠰᠤᠷᠠᠯᠳᠠ ᠦᠭᠡᠢ ᠤᠷᠤᠭᠰᠢᠯᠠᠬᠤ ᠶᠢ | ᠬᠦᠰᠡᠵᠦ ᠪᠠᠶᠢᠨ᠎ᠠ᠃ | ᠬᠤᠶᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠵᠠᠷᠢᠮ ᠵᠠᠩᠭᠢᠯᠠᠭ᠎ᠠ ᠶᠢᠨ ᠠᠰᠠᠭᠤᠳᠠᠯ ᠢ ᠲᠦᠷᠭᠡᠨ ᠰᠢᠢᠳᠪᠦᠷᠢᠯᠡᠬᠦ ᠭᠡᠷᠡᠭᠲᠡᠢ | ᠮᠠᠨ ᠤ ᠤᠯᠤᠰ ᠲᠤ ᠲᠤᠭ᠎ᠠ ᠭᠡᠮᠵᠢᠶ᠎ᠠ ᠪᠠᠷ ᠮᠠᠰᠢ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠨ ᠲᠠᠢ᠂ ᠬᠡᠪᠴᠢᠶ᠎ᠡ ᠪᠠᠷ ᠯᠤᠲᠤ ᠶᠡᠭᠡ ᠰᠤᠳᠤᠯᠤᠨ ᠬᠦᠭᠵᠢᠬᠦᠯᠬᠦ ᠣᠷᠣᠭᠤᠯᠤᠯᠲᠠ ᠲᠠᠢ ᠶᠤᠮ᠂ ᠡᠨᠡ ᠨᠢ | ᠵᠠᠷᠢᠮ ᠬᠦᠷᠢᠶᠡᠨ ᠳᠤ ᠳᠡᠯᠡᠬᠡᠶ ᠶᠢᠨ ᠲᠡᠷᠢᠭᠦᠨ ᠤ ᠲᠦᠪᠰᠢᠨ ᠲᠠᠢ ᠠᠳᠠᠯᠢ ᠲᠠᠪᠴᠠᠩ ᠳᠤ ᠤᠷᠤᠯᠳᠤᠭᠠᠨ ᠵᠠᠷᠯᠠᠬᠤ | ᠨᠥᠬᠦᠴᠡᠯ ᠢ ᠠᠩᠬ᠎ᠠ ᠠᠯᠬᠤᠮ ᠪᠦᠷᠢᠯᠳᠦᠭᠦᠯᠪᠠ᠂ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠠᠮᠢ ᠠᠬᠤᠶ ᠶᠢ ᠰᠠᠶᠢᠵᠢᠷᠠᠭᠤᠯᠵᠤ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ | ᠬᠦᠴᠦᠨ ᠢ ᠬᠥᠭᠵᠢᠭᠡᠨ᠂ ᠥᠷᠭᠡᠨ ᠣᠯᠠᠨ ᠰᠢᠨᠵᠢᠯᠡᠬᠦ ᠤᠬᠠᠭᠠᠨᠲᠠᠨ ᠪᠣᠯᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠲᠠᠨ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠢ ᠪᠠᠶᠢᠭᠤᠯᠤᠨ ᠦᠭᠴᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠠᠰᠤᠷᠠᠯᠲᠠ ᠥᠬᠡᠶ | ᠴᠣᠯᠭᠤᠷᠠᠭᠤᠯᠬᠤ ᠳᠤ ᠪᠠᠶᠢᠨ᠎ᠠ᠃ | ᠨᠢᠭᠡᠳᠦᠭᠡᠷ ᠲᠤ᠂ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ ᠶᠢ ᠪᠠᠷᠢᠮᠲᠠᠯᠠᠬᠤ ᠭᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠰᠣᠩᠭᠤᠬᠤ ᠪᠣᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠡᠩ ᠲᠡᠷᠢᠭᠦᠨ ᠳᠤ ᠰᠢᠢᠳᠪᠦᠷᠢᠯᠡᠬᠦ ᠴᠢᠬᠤᠯᠠᠲᠠᠶ | ᠠᠰᠠᠭᠤᠳᠠᠯ ᠮᠥᠨ᠃ ᠰᠤᠳᠤᠯᠭᠠᠨ ᠤ ᠴᠢᠭᠯᠡᠯ ᠢ ᠰᠣᠩᠭᠤᠬᠤ ᠳᠤ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠶᠢ | ᠪᠠᠷᠢᠮᠲᠠᠯᠠᠨ᠂ ᠤᠯᠤᠰ ᠤᠨ ᠪᠠᠴᠢᠮ ᠬᠡᠷᠡᠭᠴᠡᠭᠡ ᠪᠠ ᠠᠯᠤᠰ ᠭᠡᠳᠦ ᠶᠢᠨ ᠬᠡᠷᠡᠭᠴᠡᠭᠡ ᠠᠴᠠ ᠡᠬᠦᠰᠴᠦ᠂ ᠪᠣᠳᠠᠲᠠᠶ | ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ ᠭᠡᠵᠦ ᠪᠢ ᠣᠯᠠᠨᠲᠠ ᠶᠠᠷᠢᠭᠰᠠᠨ ᠶᠤᠮ᠃ ᠡᠩᠭᠧᠯᠰ᠄ ︽ | ᠨᠡᠶᠢᠭᠡᠮ ᠳᠤ ᠲᠧᠭᠨᠢᠭ ᠮᠡᠷᠭᠡᠵᠢᠯ ᠤᠨ ᠲᠠᠯ᠎ᠠ ᠪᠠᠷ ᠬᠡᠷᠡᠭᠴᠡᠭᠡ ᠲᠠᠢ ᠪᠣᠯᠪᠠᠯ᠂ ᠡᠨᠡ ᠬᠦ ᠬᠡᠷᠡᠭᠴᠡᠭᠡ ᠨᠢ ᠠᠷᠪᠠᠨ ᠶᠡᠭᠡ | ᠰᠤᠷᠭᠠᠭᠤᠯᠢ ᠠᠴᠠ ᠨᠡᠩ ᠢᠯᠡᠭᠦᠤ ᠰᠢᠨᠵᠢᠯᠡᠬᠦ ᠤᠬᠠᠭᠠᠨ ᠢ ᠤᠷᠤᠬᠰᠢ ᠠᠬᠢᠭᠤᠯᠵᠦ ᠴᠢᠳᠠᠨ᠎ᠠ︾ ᠭᠡᠵᠦ ᠭᠡᠯᠡᠵᠦ | ᠦᠩᠭᠡᠷᠡᠭᠰᠡᠨ ᠶᠤᠮ᠃ | ᠣᠳᠣᠬᠠᠨ ᠳᠤ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ | ᠰᠠᠶᠢᠵᠢᠷᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠰᠢᠢᠳᠪᠦᠷᠢᠯᠡᠬᠦ | ᠴᠢᠬᠤᠯᠠᠲᠠᠶ ᠮᠠᠰᠢ ᠤᠯᠠᠨ ᠪᠣᠳᠠᠲᠠᠶ ᠠᠰᠠᠭᠤᠳᠠᠯ ᠲᠤᠯᠭᠠᠷᠠᠵᠤ ᠪᠠᠶᠢᠨ᠎ᠠ᠃ ᠵᠢᠱᠢᠶᠡᠯᠡᠪᠡᠯ᠂ ᠬᠦᠳᠡᠭᠡ ᠠᠵᠤ | ᠠᠬᠤᠢ ᠶᠢᠨ ᠲᠠᠯ᠎ᠠ ᠪᠠᠷ ᠮᠠᠰᠢ ᠤᠯᠠᠨ ᠲᠠᠷᠢᠮᠠᠯ ᠤᠨ ᠦᠷ᠎ᠡ ᠶᠢ ᠭᠠᠳᠠᠭᠠᠳᠤ ᠳᠤ ᠶᠡᠭᠡ ᠬᠡᠮᠵᠢᠶ᠎ᠡ ᠪᠠᠷ ᠲᠦᠰᠢᠭᠯᠡᠵᠦ | ᠪᠠᠶᠢᠨ᠎ᠠ᠂ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠬᠤ ᠪᠠ ᠪᠣᠯᠪᠠᠰᠤᠷᠠᠭᠤᠯᠬᠤ ᠮᠡᠷᠭᠡᠵᠢᠯ ᠬᠠᠷᠢᠴᠠᠩᠭᠤᠶ ᠪᠠᠷ | ᠬᠤᠴᠣᠷᠤᠩᠭᠤᠶ ᠪᠠᠶᠢᠨ᠎ᠠ᠂ ᠵᠠᠷᠢᠮ ᠭᠠᠵᠠᠷ ᠣᠷᠣᠨ ᠤ ᠲᠠᠷᠢᠶᠠᠯᠠᠩ ᠤᠨ ᠤᠯᠠᠨ ᠡᠬᠢᠳᠤ ᠪᠣᠬᠢᠷᠲᠤᠯ᠂ ᠲᠠᠷᠢᠶᠠᠨ | ᠭᠠᠵᠠᠷ ᠤᠨ ᠬᠦᠨᠳᠦ ᠲᠡᠮᠦᠷᠯᠢᠭ ᠤᠨ ᠪᠣᠬᠢᠷᠲᠤᠯ ᠬᠦᠨᠳᠦ ᠨᠣᠴᠢᠲᠠᠶ ᠪᠠᠶᠢᠨ᠎ᠠ᠃ ᠠᠵᠤ ᠦᠢᠯᠡᠳᠪᠦᠷᠢ ᠶᠢᠨ ᠲᠠᠯ᠎ᠠ ᠪᠠᠷ | ᠂ ᠵᠠᠷᠢᠮ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠨᠢ ᠪᠤᠰᠤᠳ ᠲᠤ ᠡᠵᠡᠮᠰᠢᠭᠳᠡᠵᠦ᠂ ᠬᠡᠰᠡᠭ ᠵᠠᠩᠭᠢᠯᠠᠭ᠎ᠠ ᠶᠢᠨ | ᠲᠣᠨᠣᠭᠯᠠᠯ᠂ ᠰᠡᠯᠪᠢᠭ ᠲᠤᠨᠤᠭ᠂ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠵᠦ | ᠪᠠᠶᠢᠨ᠎ᠠ᠃ ᠡᠨᠧᠷᠭᠢ ᠶᠢᠨ ᠡᠬᠢ ᠪᠠᠶᠠᠯᠢᠭ ᠤᠨ ᠲᠠᠯ᠎ᠠ ᠪᠠᠷ᠂ ᠴᠢᠯᠠᠭᠤᠨ ᠳᠤᠰᠤ ᠶᠢᠨ ᠭᠠᠳᠠᠭᠠᠳᠤ ᠳᠤ ᠲᠦᠰᠢᠭᠯᠡᠬᠦ | ᠬᠡᠮᠵᠢᠶ᠎ᠡ 70% ᠶᠢ ᠲᠠᠪᠠᠵᠤ᠂ ᠴᠢᠯᠠᠭᠤᠨ ᠳᠤᠰᠤ ᠶᠢ ᠬᠠᠶᠢᠨ ᠰᠢᠨᠵᠢᠯᠡᠵᠦ ᠨᠡᠭᠡᠭᠡᠨ ᠠᠰᠢᠬᠯᠠᠬᠤ᠂ ᠰᠢᠨ᠎ᠡ | ᠡᠨᠧᠷᠭᠢ ᠶᠢᠨ ᠮᠡᠷᠭᠡᠵᠢᠯ ᠤᠨ ᠬᠥᠭᠵᠢᠯᠲᠡ ᠬᠦᠷᠦᠯᠴᠡᠬᠦ ᠦᠭᠡᠢ ᠪᠠᠶᠢᠨ᠎ᠠ︔ ᠤᠰᠤᠨ ᠤ ᠡᠬᠢ ᠪᠠᠶᠠᠯᠢᠭ ᠤᠨ ᠣᠷᠣᠨ | ᠵᠠᠶ ᠶᠢᠨ ᠲᠠᠷᠬᠠᠯᠲᠠ ᠲᠡᠩᠴᠡᠭᠦᠷᠢ ᠪᠠᠨ ᠠᠯᠳᠠᠵᠤ᠂ ᠴᠥᠭᠡᠨ ᠪᠤᠰᠤ ᠠᠰᠠᠭᠤᠳᠠᠯ ᠢ ᠪᠤᠢ ᠪᠣᠯᠭᠠᠪᠠ᠃ ᠨᠡᠶᠢᠭᠡᠮ ᠤᠨ | ᠲᠠᠯ᠎ᠠ ᠪᠠᠷ᠂ ᠮᠠᠨ ᠤ ᠤᠯᠤᠰ ᠤᠨ ᠬᠥᠮᠦᠨ ᠠᠮᠠ ᠶᠢᠨ ᠨᠠᠰᠤᠵᠢᠯ ᠤᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ | ᠠᠷᠠᠳ ᠲᠦᠮᠡᠨ ᠤ ᠡᠷᠡᠭᠦᠯ ᠡᠩᠭᠡ ᠠᠮᠢᠳᠤᠷᠠᠯ ᠤᠨ ᠱᠠᠭᠠᠷᠳᠠᠯᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠠᠮᠢᠳᠤ | ᠪᠣᠳᠠᠰ ᠤᠨ ᠡᠮ ᠡᠮᠨᠡᠯᠭᠡ᠂ ᠡᠮᠴᠢᠯᠡᠭᠡᠨ ᠤ ᠲᠥᠬᠦᠭᠡᠷᠦᠮᠵᠢ ᠵᠡᠷᠭᠡ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠭᠵᠢᠯᠲᠡ ᠬᠤᠴᠣᠷᠴᠤ ᠪᠠᠶᠢᠭ᠎ᠠ ᠠᠰᠠᠭᠤᠳᠠᠯ ᠡᠳᠦᠷ ᠢᠷᠡᠬᠦᠶ᠎ᠡ ᠲᠤᠪᠤᠶᠢᠮ᠎ᠠ ᠪᠤᠯᠵᠤ ᠪᠠᠶᠢᠨ᠎ᠠ᠃ | ᠲᠦᠷᠭᠡᠨ ᠰᠢᠪᠲᠤᠯᠤᠯᠲᠠ ᠭᠠᠷᠭᠠᠵᠤ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠤ ᠲᠠᠶᠢᠯᠬᠦ | ᠮᠡᠷᠭᠡᠵᠢᠯ ᠤᠳ ᠢ ᠴᠠᠭ ᠢ ᠠᠮᠵᠢᠨ ᠠᠬᠢᠭᠤᠯᠬᠤ ᠬᠡᠷᠡᠭᠲᠡᠶ︔ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠪᠥᠭᠡᠳ ᠤᠷᠳᠤ | ᠬᠤᠭᠤᠴᠠᠭ᠎ᠠ ᠪᠠᠷ ᠭᠠᠪᠢᠶ᠎ᠠ ᠵᠢᠳᠭᠦᠯ ᠦᠵᠡᠭᠦᠯᠬᠦ ᠮᠡᠷᠭᠡᠵᠢᠯ ᠤᠳ ᠢ ᠤᠷᠢᠳᠴᠢᠯᠠᠨ ᠪᠠᠶᠢᠷᠢᠯᠠᠭᠤᠯᠬᠤ ᠬᠡᠷᠡᠭᠲᠡᠶ᠃ | ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ | ᠨᠡᠶᠢᠳᠭᠡᠨ ᠰᠢᠯᠢᠳᠡᠭᠵᠢᠭᠦᠯᠬᠦ ᠬᠡᠷᠡᠭᠳᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠤᠯᠳᠠ ᠳᠤ | ᠠᠪᠴᠤ ᠬᠡᠯᠡᠪᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠨᠢ ᠲᠦᠢᠯ ᠤᠨ ᠴᠢᠬᠤᠯᠠ ᠶᠤᠮ᠃ ︽ᠬᠤᠶᠠᠷ ᠪᠥᠮᠪᠦᠭᠡ ᠨᠢᠭᠡ ᠣᠳᠣᠨ︾ ᠠᠮᠵᠢᠯᠲᠠ | ᠤᠯᠤᠭᠰᠠᠨ ᠨᠢ ᠨᠢᠭᠡ ᠪᠦᠯᠦᠭ ᠳᠠᠭᠠᠭᠤᠯᠤᠭᠴᠢ ᠴᠢᠳᠠᠪᠤᠷᠢᠲᠠᠨ ᠳᠤ ᠲᠦᠰᠢᠭᠯᠡᠪᠠ᠂ ᠮᠠᠨ ᠤ ᠤᠯᠤᠰ ᠤᠨ ᠬᠦᠴᠦᠷᠬᠡᠭ | ᠶᠡᠭᠡ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠳᠤ ᠴᠦ ᠲᠦᠰᠢᠭᠯᠡᠵᠠᠢ᠃ ᠪᠢᠳᠡᠨ ᠳᠤ ᠦᠯᠡᠮᠵᠢ ᠤᠯᠠᠨ ᠰᠢᠨᠵᠢᠯᠡᠬᠦ | ᠤᠬᠠᠭᠠᠨᠲᠠᠨ᠂ ᠠᠺᠠᠳᠧᠮᠢᠴᠢ ᠪᠠᠶᠢᠨ᠎ᠠ᠃ ᠳᠡᠯᠡᠬᠡᠶ ᠶᠢᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ | ᠪᠣᠯᠤᠨ ᠢᠨᠵᠧᠨᠧᠷ ᠤᠨ ᠡᠩᠨᠡᠭᠡ ᠲᠠᠢ ᠶᠤᠮ᠂ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭ᠎ᠠ | ᠠᠳᠬᠤᠵᠤ᠂ ᠰᠢᠯᠢᠳᠡᠭᠵᠢᠬᠦᠯᠤᠨ ᠵᠣᠬᠢᠶᠠᠨ ᠪᠠᠶᠢᠭᠤᠯᠵᠦ᠂ ᠲᠠᠷᠠᠬᠠᠶ ᠪᠤᠲᠠᠷᠬᠠᠶ ᠪᠠᠶᠢᠬᠤ᠂ ᠦᠷ᠎ᠡ ᠠᠰᠢᠭ ᠢᠶᠠᠷ | ᠳᠣᠤᠷ᠎ᠠ ᠪᠠᠶᠢᠬᠤ᠂ ᠳᠠᠪᠬᠤᠷᠳᠠᠵᠦ ᠪᠠᠶᠢᠬᠤ ᠭᠡᠮ ᠰᠣᠭᠤᠭ ᠢ ᠢᠯᠠᠨ ᠳᠠᠪᠠᠭ᠋ᠤ ᠬᠡᠷᠡᠭᠲᠡᠶ᠃ ᠨᠢᠭᠡ ᠪᠦᠯᠦᠭ | ᠰᠢᠯᠭᠠᠷᠠᠭᠰᠠᠨ ᠴᠢᠳᠠᠪᠤᠷᠢᠲᠠᠨ ᠤ ᠬᠡᠯᠪᠡᠷᠢ ᠶᠢᠨ ᠰᠢᠨᠵᠢᠯᠡᠬᠦ ᠤᠬᠠᠭᠠᠨᠲᠠᠨ ᠲᠠᠢ ᠪᠤᠯᠵᠦ᠂ ᠰᠢᠨᠵᠢᠯᠡᠬᠦ ᠤᠬᠠᠭᠠᠨ ᠤ | ᠰᠤᠳᠤᠯᠭᠠᠨ ᠤ ᠡᠬᠢ ᠪᠠᠶᠠᠯᠢᠭ ᠢ ᠨᠡᠶᠢᠳᠭᠡᠬᠦ ᠪᠦᠲᠦᠮᠵᠢᠲᠡᠶ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠠᠵᠤ | ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠰᠢᠨ᠎ᠡ ᠶᠢ | ᠡᠭᠦᠳᠬᠦ ᠡᠯᠧᠮᠧᠨ᠋ᠲ ᠤᠨ ᠠᠵᠤ ᠠᠬᠤᠶᠢᠯᠠᠯ ᠲᠡᠶᠢᠰᠢ ᠲᠥᠪᠯᠡᠷᠡᠬᠦ ᠶᠢ ᠠᠬᠢᠭᠤᠯᠤᠨ᠂ ᠦᠢᠯᠡᠳᠪᠦᠷᠢᠯᠡᠯ ᠵᠢᠭᠠᠨ | ᠰᠤᠷᠭᠠᠯᠳᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠮᠠᠨ ᠤ ᠤᠯᠤᠰ ᠤᠨ | ᠨᠡᠶᠢᠭᠡᠮ ᠵᠢᠷᠤᠮᠲᠤ ᠪᠠᠶᠢᠭᠤᠯᠤᠯ ᠤᠨ ᠬᠦᠴᠦ ᠪᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠵᠦ ᠲᠡᠶᠢᠯᠬᠦ | ᠳᠠᠪᠠᠭᠤᠯᠢᠭ ᠢᠶᠠᠨ ᠪᠠᠳᠠᠷᠠᠭᠤᠯᠵᠤ᠂ ᠳᠠᠪᠠᠭᠤᠯᠢᠭ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠴᠢᠬᠤᠯᠠ | ᠬᠦᠷᠢᠶᠡᠨ ᠤ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠤᠭᠤᠮᠳᠠ ᠰᠢᠪᠳᠤᠯᠤᠯᠳᠠ ᠶᠢ ᠠᠬᠢᠭᠤᠯᠬᠤ ᠭᠡᠷᠡᠭᠳᠠᠢ᠃ | ᠨᠢᠭᠡ ᠪᠦᠯᠦᠭ ᠤᠯᠤᠰ ᠤᠨ ᠲᠤᠷᠰᠢᠯᠲᠠ ᠶᠢᠨ ᠲᠠᠰᠤᠭ ᠢ ᠵᠣᠬᠢᠶᠠᠨ ᠪᠠᠶᠢᠭᠤᠯᠵᠤ᠂ ᠣᠳᠣ ᠪᠠᠶᠢᠭ᠎ᠠ ᠤᠯᠤᠰ ᠤᠨ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠳᠠᠬᠢᠨ ᠨᠡᠶᠢᠳᠭᠡᠵᠦ᠂ ᠮᠠᠨ ᠤ ᠤᠯᠤᠰ ᠤᠨ ᠲᠤᠷᠰᠢᠯᠲᠠ ᠶᠢᠨ | ᠲᠠᠰᠤᠭᠤᠨ ᠰᠢᠰᠲ᠋ᠧᠮ ᠢ ᠪᠦ᠋ᠷᠢᠯᠳᠦᠬᠦᠯᠬᠦ ᠬᠡᠷᠡᠭᠲᠡᠶ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠠᠯ᠎ᠠ ᠪᠠᠷ ᠬᠢ ᠶᠡᠭᠡ | ᠳᠡᠭᠡᠳᠤ ᠰᠤᠷᠭᠠᠭᠤᠯᠢ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠢᠳᠡᠪᠬᠢᠵᠢᠯ ᠢ ᠳᠠᠶᠢᠴᠢᠯᠠᠨ᠂ ᠴᠢᠳᠠᠪᠤᠷᠢᠲᠠᠨ ᠤᠯᠠᠨ ᠪᠠᠶᠢᠬᠤ᠂ ᠵᠣᠬᠢᠶᠠᠨ | ᠪᠠᠶᠢᠭᠤᠯᠤᠯᠲᠠ ᠡᠮᠬᠢ ᠳᠢᠭᠯᠢᠮ ᠲᠠᠢ ᠪᠠᠶᠢᠬᠤ ᠳᠠᠪᠠᠭᠤᠯᠢᠭ ᠢᠶᠠᠨ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ | ᠬᠦᠴᠦᠨ ᠢ ᠪᠦᠷᠢᠯᠳᠦᠭᠦᠯᠬᠦ ᠭᠡᠷᠡᠭᠳᠠᠢ᠃ | ᠭᠤᠷᠪᠠᠳᠤᠭᠠᠷ ᠲᠤ᠂ ᠰᠠᠭᠤᠷᠢ ᠰᠤᠳᠤᠯᠭᠠᠨ ᠢ ᠴᠦᠬᠦᠷᠡᠰᠢ ᠦᠭᠡᠢ ᠴᠢᠩᠭᠠᠳᠬᠠᠬᠤ ᠬᠡᠷᠡᠭᠳᠠᠢ᠃ ᠰᠠᠭᠤᠷᠢ | ᠰᠤᠳᠤᠯᠭᠠᠨ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠰᠤᠷᠪᠤᠯᠵᠢ ᠮᠥᠨ᠃ | ᠮᠠᠨ ᠤ ᠤᠯᠤᠰ ᠤᠨ ᠰᠠᠭᠤᠷᠢ ᠰᠤᠳᠤᠯᠭᠠᠨ ᠬᠡᠳᠦ᠋ᠢᠪᠡᠷ ᠢᠯᠡᠳᠲᠡ ᠲᠠᠪᠰᠢᠯᠳᠠ ᠲᠠᠢ ᠪᠣᠯᠤᠭᠰᠠᠨ ᠪᠣᠯᠪᠠᠴᠤ | ᠳᠡᠯᠡᠬᠡᠶ ᠶᠢᠨ ᠲᠡᠷᠢᠭᠦᠨ ᠤ ᠬᠢᠷᠢ ᠬᠡᠮᠵᠢᠶ᠎ᠡ ᠯᠦᠭᠡ ᠶᠢᠨ ᠵᠥᠷᠢᠶ᠎ᠡ ᠪᠠᠰᠠ ᠢᠯᠡᠷᠬᠡᠶ ᠪᠠᠶᠢᠨ᠎ᠠ᠃ ᠮᠠᠨ ᠤ ᠤᠯᠤᠰ ᠲᠤ | ᠲᠤᠯᠭᠠᠷᠠᠵᠤ ᠪᠠᠶᠢᠭ᠎ᠠ ᠮᠠᠰᠢ ᠣᠯᠠᠨ ︽ᠪᠣᠭᠤᠮᠢ︾ ᠪᠤᠯᠵᠦ ᠪᠠᠶᠢᠭ᠎ᠠ ᠮᠡᠷᠭᠡᠵᠢᠯ ᠤᠨ ᠠᠰᠠᠭᠤᠳᠠᠯ ᠤᠨ ᠦᠨᠳᠦᠰᠦ ᠨᠢ | ᠰᠠᠭᠤᠷᠢ ᠤᠨᠤᠯ ᠤᠨ ᠰᠤᠳᠤᠯᠭᠠᠨ ᠳᠠᠭᠠᠵᠤ ᠠᠮᠵᠢᠬᠤ ᠦᠭᠡᠢ᠂ ᠡᠬᠢ ᠡᠭᠦᠰᠦᠯ ᠪᠠ ᠳᠤᠤᠷᠠᠳᠤ ᠳᠠᠪᠬᠤᠷᠭ᠎ᠠ ᠶᠢᠨ | ᠵᠦᠢᠯ ᠢ ᠲᠣᠳᠣᠷᠬᠠᠶ ᠪᠣᠯᠭᠠᠵᠤ ᠴᠢᠳᠠᠭᠰᠠᠨ ᠦᠭᠡᠢ ᠳᠤ ᠪᠠᠶᠢᠨ᠎ᠠ᠃ ᠰᠠᠭᠤᠷᠢ ᠰᠤᠳᠤᠯᠭᠠᠨ ᠨᠢ ᠨᠢᠭᠡ ᠲᠠᠯ᠎ᠠ ᠪᠠᠷ | ᠰᠢᠨᠵᠢᠯᠡᠬᠦ ᠤᠬᠠᠭᠠᠨ ᠤ ᠵᠢᠮ᠎ᠡ ᠶᠣᠰᠣ ᠶᠢ ᠵᠢᠷᠤᠮᠯᠠᠨ᠂ ᠳᠡᠯᠡᠬᠡᠶ ᠶᠢᠨ ᠨᠢᠭᠤᠴᠠ ᠶᠢ ᠬᠠᠶᠢᠨ ᠰᠦᠪᠡᠭᠴᠢᠯᠡᠬᠦ | ᠰᠣᠨᠢᠭᠤᠴᠢ ᠰᠡᠳᠬᠢᠯ ᠢᠶᠠᠷ ᠬᠥᠳᠡᠯᠭᠡᠭᠦᠷ ᠪᠣᠯᠭᠠᠵᠤ᠂ ᠴᠢᠯᠥᠭᠡᠲᠡᠶ ᠬᠠᠶᠢᠨ ᠰᠦᠪᠡᠭᠴᠢᠯᠡᠬᠦ ᠪᠠ ᠬᠦᠢᠴᠡᠳ ᠰᠤᠯᠢᠯᠴᠠᠨ | ᠮᠠᠷᠭᠤᠯᠳᠤᠬᠤ ᠶᠢ ᠵᠣᠷᠢᠭᠵᠢᠭᠤᠯᠬᠤ ᠭᠡᠷᠡᠭᠲᠡᠢ︔ ᠨᠥᠭᠦᠭᠡ ᠲᠠᠯ᠎ᠠ ᠪᠠᠷ ᠴᠢᠬᠤᠯᠠ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠰᠠᠭᠤᠳᠠᠯ ᠢᠶᠠᠷ ᠳᠠᠮᠵᠢᠨ ᠳᠠᠶᠢᠴᠢᠯᠠᠬᠤ ᠬᠡᠷᠡᠭᠲᠡᠶ᠂ ᠴᠢᠬᠤᠯᠠ ᠶᠡᠭᠡ ᠬᠡᠷᠡᠭᠯᠡᠭᠡᠨ ᠤ | ᠰᠤᠳᠤᠯᠭᠠᠨ ᠤ ᠳᠤᠮᠳᠠ ᠣᠨᠣᠯ ᠤᠨ ᠠᠰᠠᠭᠤᠳᠠᠯ ᠢ ᠬᠡᠶᠢᠰᠪᠦᠷᠢᠯᠡᠨ ᠭᠠᠷᠭᠠᠵᠤ᠂ ᠰᠢᠨᠵᠢᠯᠡᠬᠦ ᠤᠬᠠᠭᠠᠨᠴᠢ ᠵᠢᠮ᠎ᠡ | ᠶᠣᠰᠣ ᠶᠢ ᠬᠠᠶᠢᠨ ᠰᠦᠪᠡᠭᠴᠢᠯᠡᠵᠦ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠤᠳᠤᠯᠭᠠᠨ ᠢ ᠬᠠᠷᠢᠯᠴᠠᠨ | ᠠᠬᠢᠭᠤᠯᠬᠤ ᠬᠡᠷᠡᠭᠲᠡᠶ᠃ ᠮᠠᠨ ᠤ ᠤᠯᠤᠰ ᠤᠨ ᠰᠠᠭᠤᠷᠢ ᠰᠤᠳᠤᠯᠭᠠᠨ ᠤ ᠬᠦᠷᠢᠶᠠᠨ ᠤ ᠴᠢᠭᠯᠡᠯ ᠪᠠ ᠬᠥᠭᠵᠢᠯᠲᠡ ᠶᠢᠨ | ᠬᠠᠷᠠᠯᠲᠠ ᠶᠢ ᠲᠣᠳᠣᠷᠬᠠᠶᠢᠯᠠᠵᠤ᠂ ᠤᠷᠳᠤ ᠬᠤᠭᠤᠴᠠᠭ᠎ᠠ ᠪᠠᠷ ᠪᠠᠷᠢᠮᠳᠠᠯᠠᠨ ᠬᠢᠵᠦ᠂ ᠦᠷᠭᠦᠯᠵᠢᠯᠡᠨ ᠲᠠᠰᠤᠷᠠᠯᠲᠠ | ᠦᠭᠡᠢ ᠪᠠᠷᠢᠮᠲᠠᠯᠠᠬᠤ ᠬᠡᠷᠡᠭᠲᠡᠢ᠃ ᠰᠠᠭᠤᠷᠢ ᠰᠤᠳᠤᠯᠭᠠᠨ ᠤ ᠣᠷᠣᠭᠤᠯᠤᠯᠲᠠ ᠶᠢ ᠨᠡᠮᠡᠭᠳᠡᠭᠦᠯᠬᠦ ᠳᠤ ᠡᠩ ᠲᠡᠷᠢᠭᠦᠨ ᠳᠤ | ᠤᠯᠤᠰ ᠤᠨ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮᠢᠶ᠋ᠠᠨ ᠴᠢᠩᠭᠠᠷᠠᠭᠤᠯᠬᠤ ᠶᠢᠨ ᠵᠡᠷᠭᠡ ᠪᠠᠷ ᠠᠵᠤ | ᠠᠬᠤᠶᠢᠯᠠᠯ ᠪᠣᠯᠤᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠵᠣᠬᠢᠰᠲᠠᠶ ᠬᠡᠯᠪᠡᠷᠢ ᠪᠠᠷ ᠳᠡᠮᠵᠢᠯᠭᠡ ᠪᠠᠨ | ᠨᠡᠮᠡᠭᠳᠡᠭᠦᠯᠬᠦ ᠶᠢ ᠬᠥᠲᠥᠯᠥᠨ ᠵᠢᠯᠣᠭᠤᠳᠴᠤ᠂ ᠨᠡᠶᠢᠭᠡᠮ ᠤᠨ ᠬᠢᠨ ᠤ ᠬᠠᠨᠳᠢᠪᠯᠠᠬᠤ ᠪᠠ ᠰᠠᠭᠤᠷᠢ ᠮᠥᠩᠭᠦ ᠪᠠᠶᠢᠭᠤᠯᠬᠤ | ᠵᠡᠷᠭᠡ ᠠᠷᠭ᠎ᠠ ᠬᠡᠯᠪᠡᠷᠢ ᠪᠠᠷ ᠣᠯᠠᠨ ᠠᠷᠭ᠎ᠠ ᠵᠠᠮ ᠢᠶᠠᠷ ᠪᠡᠯᠡ ᠣᠷᠣᠭᠤᠯᠬᠤ ᠶᠢ ᠵᠣᠷᠢᠭᠵᠢᠭᠤᠯᠵᠦ᠂ ᠪᠡᠯᠡ ᠮᠥᠩᠭᠦ ᠶᠢᠨ | ᠢᠷᠡᠯᠲᠡ ᠶᠢ ᠥᠷᠭᠡᠳᠬᠡᠨ᠂ ᠦᠷᠭᠦᠯᠵᠢᠯᠡᠭᠰᠡᠨ ᠲᠣᠭᠲᠠᠪᠤᠷᠢᠲᠠᠶ ᠣᠷᠣᠭᠤᠯᠤᠯᠲᠠ ᠶᠢᠨ ᠲᠣᠭᠲᠠᠴᠠ ᠶᠢ ᠪᠤᠢ ᠪᠣᠯᠭᠠᠬᠤ | ᠭᠡᠷᠡᠭᠲᠡᠢ᠃ ᠰᠠᠭᠤᠷᠢ ᠰᠤᠳᠤᠯᠭᠠᠨ ᠥᠷᠨᠢᠭᠦᠯᠦᠭᠡᠳ ᠦᠷ᠎ᠡ ᠪᠦᠲᠦᠮᠵᠢ ᠭᠠᠷᠭᠠᠭᠰᠠᠨ ᠰᠢᠨᠵᠢᠯᠡᠬᠦ ᠤᠬᠠᠭᠠᠨ ᠤ | ᠰᠤᠳᠤᠯᠭᠠᠨ ᠤ ᠨᠢᠭᠡᠴᠢ ᠪᠠ ᠠᠵᠤ ᠠᠬᠤᠶᠢᠯᠠᠯ ᠳᠤ ᠡᠳ᠋ ᠤᠨ ᠵᠠᠰᠠᠭ᠂ ᠮᠥᠩᠭᠦᠨ ᠬᠦᠢᠯᠭᠡᠭᠡᠨ᠂ ᠭᠠᠶᠢᠯᠢ ᠲᠠᠲᠠᠪᠤᠷᠢ | ᠵᠡᠷᠭᠡ ᠲᠠᠯ᠎ᠠ ᠪᠠᠷ ᠴᠢᠬᠤᠯᠠ ᠪᠦᠬᠦᠢ ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠬᠦ ᠬᠡᠷᠡᠭᠲᠡᠶ᠃ ᠰᠠᠭᠤᠷᠢ | ᠰᠤᠳᠤᠯᠭᠠᠨ ᠳᠤ ᠠᠰᠢᠭᠲᠠᠢ ᠰᠠᠶᠢᠨ ᠰᠠᠶᠢᠬᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠮᠢ ᠠᠬᠤᠶ ᠶᠢ ᠡᠭᠦᠳᠴᠦ᠂ | ᠰᠢᠨᠵᠢᠯᠡᠬᠦ ᠤᠬᠠᠭᠠᠨᠴᠢ ᠦᠨᠡᠯᠡᠬᠦ ᠰᠢᠰᠲ᠋ᠧᠮ ᠪᠤᠯᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠥᠷᠭᠡᠨ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠦᠵᠡᠯ ᠰᠠᠨᠠᠭ᠎ᠠ ᠪᠠᠨ | ᠴᠢᠯᠥᠭᠡᠯᠡᠵᠦ᠂ ᠵᠣᠷᠢᠭᠲᠠᠶ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠰᠢᠨᠵᠢᠯᠡᠬᠦ ᠤᠬᠠᠭᠠᠨᠲᠠᠳ ᠢ ᠨᠢᠭᠡ | ᠰᠡᠳᠬᠢᠯ ᠢᠶᠠᠷ ᠰᠤᠳᠤᠯᠭᠠᠨ ᠬᠢᠯᠭᠡᠬᠦ ᠭᠡᠷᠡᠭᠳᠠᠢ᠃ ᠲᠡᠷᠢᠭᠦᠨ ᠤ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ | ᠪᠤᠯᠤᠨ ᠡᠯ᠎ᠡ ᠲᠦᠷᠦᠯ ᠤᠨ ᠡᠷᠳᠡᠮ ᠰᠢᠨᠵᠢᠯᠡᠭᠡᠨ ᠤ ᠲᠠᠪᠴᠠᠩ ᠢ ᠰᠠᠶᠢᠲᠤᠷ ᠡᠷᠬᠢᠯᠡᠵᠦ᠂ ᠤᠯᠤᠰ ᠤᠨ ᠳᠣᠲᠣᠭᠠᠳᠤ | ᠭᠠᠳᠠᠭᠠᠳᠤ ᠶᠢᠨ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠴᠢᠩᠭᠠᠳᠬᠠᠬᠤ ᠬᠡᠷᠡᠭᠲᠡᠶ᠃ | ᠳᠥᠷᠪᠡᠳᠦᠭᠡᠷ ᠲᠤ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠴᠢᠩᠭᠠᠳᠬᠠᠬᠤ ᠬᠡᠷᠡᠭᠳᠠᠢ᠃ | ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ᠃ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠬᠦᠴᠦᠨ ᠤ ᠦᠨᠳᠦᠰᠦᠨ ᠡᠬᠢ ᠰᠤᠷᠪᠤᠯᠵᠢ ᠨᠢ ᠬᠥᠮᠦᠨ ᠳᠤ ᠪᠠᠶᠢᠨ᠎ᠠ᠃ ᠮᠤᠳᠤ ᠶᠢ | ᠦᠰᠭᠡᠬᠦ ᠳᠤ ᠠᠷᠪᠡᠨ ᠵᠢᠯ᠂ ᠬᠦᠮᠦᠨ ᠢ ᠬᠦᠮᠦᠵᠢᠬᠦᠯᠬᠦ ᠳᠤ ᠵᠠᠭᠤᠨ ᠵᠢᠯ ᠭᠡᠳᠡᠭ᠃ ᠰᠤᠷᠭᠠᠨ ᠬᠥᠮᠦᠵᠢᠯ ᠢ ᠨᠡᠩ | ᠴᠢᠬᠤᠯᠠ ᠪᠠᠶᠢᠷᠢᠨ ᠳᠤ ᠲᠠᠯᠪᠢᠵᠤ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠤᠨ᠂ ᠰᠤᠷᠤᠭᠴᠢᠳ ᠤᠨ ᠰᠢᠨ᠎ᠡ ᠶᠢ ᠡᠭᠦᠳᠬᠦ ᠤᠬᠠᠮᠰᠠᠷ ᠪᠠ ᠰᠢᠨ᠎ᠡ ᠶᠢ ᠡᠭᠦᠳᠬᠦ ᠴᠢᠳᠠᠪᠤᠷᠢ ᠶᠢ | ᠴᠢᠬᠤᠯᠠᠴᠢᠯᠠᠨ ᠬᠥᠮᠦᠵᠢᠭᠦᠯᠬᠦ ᠬᠡᠷᠡᠭᠲᠡᠶ᠃ ᠲᠣᠭᠠᠨ ᠤ ᠤᠬᠠᠭᠠᠨ᠂ ᠹᠢᠽᠢᠺ᠂ ᠬᠢᠮᠢ᠂ ᠠᠮᠢᠳᠤ ᠪᠣᠳᠠᠰ ᠵᠡᠷᠭᠡ | ᠰᠠᠭᠤᠷᠢ ᠰᠤᠳᠤᠯᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠨᠥᠬᠦᠴᠡᠯ ᠪᠦᠷᠢᠳᠦᠭᠰᠡᠨ ᠶᠡᠭᠡ ᠳᠡᠭᠡᠳᠦ | ᠰᠤᠷᠭᠠᠭᠤᠯᠢ ᠶᠢᠨ ᠰᠠᠭᠤᠷᠢ ᠰᠤᠳᠤᠯᠭᠠᠨ᠂ ᠰᠣᠯᠪᠢᠴᠠᠯ ᠰᠢᠨᠵᠢᠯᠡᠭᠡᠨ ᠤ ᠬᠠᠮᠢᠶ᠎ᠠ ᠪᠦᠬᠦᠢ ᠰᠢᠨᠵᠢᠯᠡᠭᠡᠨ ᠤ ᠲᠤᠰᠬᠠᠶ | ᠮᠡᠷᠭᠡᠵᠢᠯ ᠢ ᠢᠳᠡᠪᠬᠢᠲᠡᠶ ᠪᠠᠶᠢᠷᠢᠯᠠᠭᠤᠯᠬᠤ ᠶᠢ ᠵᠣᠷᠢᠭᠵᠢᠭᠤᠯᠵᠤ᠂ ᠰᠠᠭᠤᠷᠢ ᠰᠤᠳᠤᠯᠭᠠᠨ ᠤ ᠦᠨᠳᠦᠰᠦᠨ ᠠᠩᠭᠢ ᠶᠢᠨ | ᠤᠶᠤᠳᠠᠨ ᠢ ᠬᠥᠮᠦᠵᠢᠭᠦᠯᠬᠦ ᠶᠢ ᠴᠢᠩᠭᠠᠳᠬᠠᠨ᠂ ᠰᠠᠭᠤᠷᠢ ᠰᠤᠳᠤᠯᠭᠠᠨ ᠤ ᠦᠨᠳᠤᠰᠤᠨ ᠠᠩᠭᠢ ᠳᠤ ᠤᠶᠤᠳᠠᠨ | ᠠᠰᠫᠢᠷᠠᠨᠲ ᠳ᠋ᠤᠺᠲ᠋ᠤᠷ ᠢ ᠵᠠᠯᠭᠠᠭ᠎ᠠ ᠪᠠᠷ ᠰᠤᠷᠤᠯᠴᠠᠨ ᠬᠦᠮᠦᠵᠢᠬᠦᠯᠬᠦ ᠬᠡᠪ ᠵᠠᠬᠪᠤᠷ ᠢ ᠬᠠᠶᠢᠨ ᠰᠦᠪᠡᠭᠴᠢᠯᠡᠬᠦ ᠭᠡᠷᠡᠭᠳᠠᠢ | ᠃ ᠰᠠᠭᠤᠷᠢ ᠰᠢᠨᠵᠢᠯᠡᠭᠡᠨ ᠤ ᠲᠠᠯᠠᠪᠠᠷ ᠣᠷᠦ᠋ᠢᠯᠠᠭᠰᠠᠨ ᠰᠤᠷᠤᠭᠴᠢ ᠶᠢ ᠬᠥᠮᠦᠵᠢᠬᠦᠯᠬᠦ ᠶᠢ ᠴᠢᠩᠭᠠᠳᠬᠠᠵᠤ᠂ ᠲᠤᠭ᠎ᠠ | ᠹᠢᠽᠢᠺ ᠬᠢᠮᠢ ᠠᠮᠢᠳᠤ ᠪᠤᠳᠠᠰ ᠵᠡᠷᠭᠡ ᠰᠢᠨᠵᠢᠯᠡᠭᠡᠨ ᠤ ᠨᠢᠭᠡ ᠪᠦᠯᠦᠭ ᠰᠠᠭᠤᠷᠢᠨ ᠭᠠᠵᠠᠷ ᠢ ᠪᠠᠶᠢᠭᠤᠯᠤᠨ᠂ ᠬᠠᠮᠤᠭ ᠤᠨ | ᠰᠢᠯᠢᠳᠡᠭ ᠰᠤᠷᠤᠭᠴᠢᠳ ᠢ ᠰᠠᠭᠤᠷᠢ ᠰᠤᠳᠤᠯᠭᠠᠨ ᠳᠤ ᠲᠠᠳᠠᠵᠦ ᠣᠷᠣᠯᠴᠠᠭᠤᠯᠬᠤ ᠭᠡᠷᠡᠭᠳᠠᠢ᠃ ᠶᠡᠭᠡ ᠳᠡᠭᠡᠳᠦ | ᠰᠤᠷᠭᠠᠭᠤᠯᠢ ᠶᠢᠨ ᠰᠠᠭᠤᠷᠢ ᠰᠤᠳᠤᠯᠭᠠᠨ ᠢ ᠴᠢᠩᠭᠠᠳᠬᠠᠨ᠂ ᠬᠤᠰᠢᠭᠤᠷᠠᠯ ᠰᠢᠨᠵᠢᠯᠡᠬᠦ ᠤᠬᠠᠭᠠᠨ ᠤ ᠲᠥᠪ ᠢ | ᠪᠠᠶᠢᠷᠢᠯᠠᠭᠤᠯᠤᠨ ᠪᠠᠶᠢᠭᠤᠯᠵᠤ᠂ ᠰᠢᠨ᠎ᠡ ᠮᠠᠶ᠋ᠢᠭ ᠤᠨ ᠰᠤᠳᠤᠯᠭᠠᠨ ᠤ ᠬᠡᠯᠪᠡᠷᠢ ᠶᠢᠨ ᠶᠡᠭᠡ ᠰᠤᠷᠭᠠᠭᠤᠯᠢ ᠶᠢ | ᠬᠥᠭᠵᠢᠭᠦᠯᠬᠦ ᠬᠡᠷᠡᠭᠲᠡᠢ᠃ ᠴᠢᠳᠠᠪᠤᠷᠢᠲᠠᠨ ᠤ ᠦᠰᠦᠨ ᠪᠤᠶᠢᠵᠢᠬᠤ ᠵᠢᠮ᠎ᠡ ᠶᠣᠰᠣ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠯᠠᠭ᠎ᠠ ᠶᠢᠨ ᠲᠤᠰ ᠪᠡᠶ᠎ᠡ ᠶᠢᠨ ᠵᠢᠮ᠎ᠡ ᠶᠣᠰᠣ ᠶᠢ ᠬᠦᠨᠳᠦᠳᠬᠡᠵᠦ᠂ ᠲᠡᠯᠡᠬᠡᠢ ᠶᠢᠨ ᠲᠦᠪᠰᠢᠨ | ᠪᠦᠬᠦᠢ ᠨᠢᠭᠡ ᠪᠦᠯᠦᠭ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠭᠠᠭᠤᠯᠤᠬᠴᠢ ᠴᠢᠳᠠᠪᠤᠷᠢᠲᠠᠨ᠂ ᠰᠢᠨ᠎ᠡ ᠶᠢ ᠡᠭᠦᠳᠬᠦ ᠪᠦᠯᠬᠦᠮ ᠢ | ᠬᠥᠮᠦᠵᠢᠭᠦᠯᠦᠨ ᠪᠠᠶᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ | ᠦᠰᠦᠨ ᠪᠤᠶᠢᠵᠢᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠳᠡᠨ ᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠬᠦᠴᠦᠨ ᠪᠣᠯᠭᠠᠬᠤ ᠬᠡᠷᠡᠭᠲᠡᠶ᠃ ᠳᠡᠯᠡᠬᠡᠢ ᠳᠤ ᠬᠠᠨᠳᠤᠭᠤᠯᠤᠨ ᠲᠡᠷᠢᠭᠦᠨ | ᠵᠡᠷᠭᠡ ᠶᠢᠨ ᠴᠢᠳᠠᠪᠤᠷᠢᠲᠠᠨ ᠢ ᠴᠤᠬᠯᠠᠷᠠᠭᠤᠯᠵᠦ᠂ ᠭᠠᠳᠠᠭᠠᠳᠤ ᠶᠢᠨ ᠳᠡᠭᠡᠳᠦ ᠲᠡᠰ ᠤᠨ ᠴᠢᠳᠠᠪᠤᠷᠢᠲᠠᠨ ᠢ ᠤᠷᠤᠭᠤᠯᠤᠨ | ᠠᠪᠴᠢᠷᠠᠵᠤ᠂ ᠭᠠᠳᠠᠭᠠᠳᠤ ᠶᠢᠨ ᠰᠢᠨᠵᠢᠯᠡᠬᠦ ᠤᠬᠠᠭᠠᠨᠲᠠᠳ ᠤᠨ ᠳᠤᠮᠳᠠᠳᠤ ᠤᠯᠤᠰ ᠲᠤ ᠠᠵᠢᠯᠯᠠᠬᠤ ᠳᠤ ᠳᠡᠯᠡᠬᠡᠢ ᠶᠢᠨ | ᠦᠷᠢᠰᠦᠯᠳᠦᠬᠦ ᠬᠦᠴᠦᠨ ᠪᠠ ᠲᠠᠲᠠᠬᠤ ᠬᠦᠴᠦᠨ ᠪᠦᠬᠦᠢ ᠣᠷᠴᠢᠨ ᠨᠥᠬᠦᠴᠡᠯ ᠢ ᠬᠠᠩᠭᠠᠵᠤ ᠦᠭᠬᠦ ᠬᠡᠷᠡᠭᠲᠡᠢ᠃ | ᠲᠠᠪᠤᠳᠤᠭᠠᠷ ᠲᠤ᠂ ᠥᠭᠡᠷᠡᠴᠢᠯᠡᠯᠲᠡ ᠳᠤ ᠲᠦᠰᠢᠭᠯᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠳᠠᠢ᠃ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠡᠩᠨᠡᠭᠡ ᠳᠤ ᠯᠤᠲᠤ ᠶᠡᠭᠡ ᠰᠢᠨ᠎ᠡ ᠶᠢ ᠡᠭᠦᠳᠬᠦ ᠨᠦᠬᠡᠴᠡ ᠬᠦᠴᠦᠨ ᠬᠠᠳᠠᠭᠠᠯᠠᠭᠳᠠᠵᠤ ᠪᠠᠶᠢᠨ᠎ᠠ᠂ | ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠳᠠᠮᠵᠢᠨ ᠡᠨᠡ ᠬᠦ ᠨᠦᠭᠡᠴᠡ ᠬᠦᠴᠦ ᠶᠢ ᠪᠦᠲᠦᠮᠵᠢᠲᠡᠶ ᠪᠠᠳᠠᠷᠠᠭᠤᠯᠬᠤ ᠶᠠᠪᠤᠳᠠᠯ ᠪᠣᠯᠤᠨ᠎ᠠ᠃ | ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠥᠭᠡᠷᠡᠴᠢᠯᠡᠯᠲᠡ ᠶᠢᠨ ᠴᠢᠬᠤᠯᠠ ᠡᠭᠦᠷᠭᠡ ᠮᠥᠨ᠃ ᠮᠠᠨ ᠤ ᠮᠠᠰᠢ ᠣᠯᠠᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠨᠢ ᠪᠦᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠶ᠋ᠳᠪᠦᠷᠢᠯᠡᠬᠦ ᠲᠥᠰᠦᠯ ᠢ | ᠬᠡᠷᠡᠭᠰᠡᠨ᠎ᠡ᠂ ᠡᠮᠤᠨ᠎ᠡ ᠹᠷᠣᠨᠲ ᠲᠤ ᠠᠵᠢᠯᠯᠠᠵᠤ ᠪᠠᠶᠢᠭ᠎ᠠ ᠦᠶ ᠲᠦᠮᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠨ ᠪᠠ ᠵᠠᠬ᠎ᠠ ᠳᠡᠯᠭᠡᠭᠦᠷ ᠤᠨ ᠭᠤᠤᠯ ᠴᠣᠭᠴᠠ ᠯᠡ ᠡᠨᠡ ᠬᠦ ᠰᠢᠢᠳᠪᠦᠷᠢᠯᠡᠬᠦ ᠲᠥᠰᠦᠯ ᠢ ᠬᠠᠩᠭᠠᠵᠦ ᠲᠠᠶᠢᠯᠬᠦ | ᠶᠤᠮ᠂ ᠵᠠᠰᠠᠭ ᠤᠨ ᠤᠷᠳᠤᠨ ᠤ ᠬᠢᠬᠦ ᠠᠵᠢᠯ ᠭᠡᠪᠡᠯ ᠳᠡᠳᠡᠨ ᠳᠤ ᠰᠠᠶᠢᠨ ᠰᠠᠶᠢᠬᠠᠨ ᠤᠷᠴᠢᠨ ᠨᠦᠬᠦᠴᠡᠯᠢ | ᠪᠦᠷᠢᠯᠳᠦᠭᠦᠯᠤᠨ ᠦᠭᠴᠦ᠂ ᠰᠠᠭᠤᠷᠢ ᠨᠦᠬᠦᠴᠡᠯ ᠬᠠᠩᠭᠠᠨ᠂ ᠵᠣᠬᠢᠶᠠᠨ ᠪᠠᠶᠢᠭᠤᠯᠵᠤ ᠵᠣᠬᠢᠴᠠᠭᠤᠯᠬᠤ | ᠦᠶ᠋ᠯᠡᠳᠦᠯ ᠢᠶᠠᠨ ᠰᠠᠶᠢᠲᠤᠷ ᠪᠠᠳᠠᠷᠠᠭᠤᠯᠬᠤ ᠶᠠᠪᠤᠳᠠᠯ ᠪᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢᠨ ᠬᠤᠪᠢᠷᠠᠯᠳᠠ ᠶᠢ ᠲᠦᠷᠭᠡᠳᠬᠡᠵᠦ᠂ ᠨᠡᠩ ᠤᠯᠠᠨ ᠤᠶᠤᠨ ᠴᠢᠳᠠᠯ ᠢᠶᠠᠨ | ᠵᠣᠭᠤᠰ ᠬᠤᠪᠢᠶᠠᠬᠤ᠂ ᠡᠳ᠋ ᠪᠣᠳᠠᠰ ᠬᠤᠪᠢᠶᠠᠬᠤ᠂ ᠲᠦᠷᠦᠯ ᠵᠦᠶ᠋ᠯ ᠲᠣᠭᠲᠠᠭᠠᠬᠤ ᠠᠴᠠ ᠪᠠᠶᠢᠯᠳᠤᠬᠤ ᠪᠤᠳᠤᠯᠭ᠎ᠠ | ᠲᠣᠭᠲᠠᠭᠠᠬᠤ᠂ ᠴᠢᠭᠯᠡᠯᠲᠡ ᠲᠣᠭᠲᠠᠭᠠᠬᠤ᠂ ᠲᠦᠷᠦ ᠶᠢᠨ ᠪᠤᠳᠤᠯᠭ᠎ᠠ ᠲᠣᠭᠲᠠᠭᠠᠬᠤ ᠪᠠ ᠣᠷᠴᠢᠨ ᠨᠥᠬᠦᠴᠡᠯ ᠢ | ᠪᠦᠷᠢᠯᠳᠦᠭᠦᠯᠬᠦ᠂ ᠦᠶ᠋ᠯᠡᠴᠢᠯᠡᠭᠡ ᠶᠢ ᠰᠠᠶᠢᠲᠤᠷ ᠬᠢᠬᠦ ᠳᠡᠭᠡᠷ᠎ᠡ ᠰᠢᠯᠵᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠶᠡᠭᠡ ᠳᠡᠭᠡᠳᠤ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠨᠠᠩ ᠶᠡᠭᠡ ᠡᠵᠡᠨ ᠮᠡᠳᠡᠬᠦ ᠡᠷᠬᠡ | ᠣᠯᠭᠤᠨ᠂ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ ᠳᠤ ᠨᠠᠩ ᠶᠡᠭᠡ ᠮᠡᠷᠭᠡᠵᠢᠯ ᠤᠨ ᠱᠤᠭᠤᠮ ᠢ | ᠲᠣᠭᠲᠠᠭᠠᠬᠤ ᠡᠷᠬᠡ ᠪᠠ ᠵᠠᠷᠤᠳᠠᠯ ᠰᠦᠢᠳᠬᠡᠯ ᠬᠡᠷᠡᠭᠯᠡᠬᠦ ᠡᠷᠬᠡ ᠣᠯᠭᠤᠵᠤ᠂ ︽ᠦᠬᠦᠯᠡᠯ᠂ ᠡᠷᠳᠡᠮ ᠤᠨ ᠴᠤᠯᠠ᠂ | ᠰᠤᠷᠤᠯᠭ᠎ᠠ ᠶᠢᠨ ᠨᠠᠮᠳᠠᠷ᠂ ᠱᠠᠩᠨᠠᠯ ᠤᠨ ᠵᠦᠢᠯ ᠢ ᠦᠷᠤᠬᠡᠰᠤᠯ ᠢᠶᠠᠷ ᠴᠢᠬᠤᠯᠠᠴᠢᠯᠠᠬᠤ︾ ᠶᠢ ᠡᠷᠡᠰ ᠠᠷᠢᠯᠭᠠᠬᠤ | ᠭᠡᠷᠡᠭᠳᠠᠢ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠶᠢᠨ ᠪᠠᠶᠢᠭᠤᠯᠤᠮᠵᠢ ᠶᠢ | ᠨᠡᠶᠢᠳᠭᠡᠵᠦ᠂ ᠰᠠᠯᠠᠭ᠎ᠠ ᠮᠥᠴᠢᠷ ᠰᠠᠯᠤᠩᠬᠢᠷᠠᠬᠰᠠᠨ᠂ ᠪᠠᠭ᠎ᠠ ᠮᠥᠷᠲᠡᠭᠡᠨ ᠲᠠᠷᠠᠬᠠᠶ ᠪᠠᠶᠢᠬᠤ ᠪᠠᠶᠢᠳᠠᠯ ᠢ | ᠬᠤᠪᠢᠷᠠᠭᠤᠯᠬᠤ ᠬᠡᠷᠡᠭᠲᠡᠶ᠃ ᠤᠯᠠᠨ ᠤ ᠳᠤᠷᠠᠳᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ | ᠨᠢᠭᠡᠳᠦᠯᠲᠡᠶ ᠲᠥᠯᠥᠪᠵᠢᠭᠦᠯᠬᠦ ᠠᠵᠢᠯ ᠢ ᠴᠢᠩᠭᠠᠳᠬᠠᠬᠤ ᠠᠰᠠᠭᠤᠳᠠᠯ ᠢ ᠪᠢᠳᠡ ᠪᠦᠬᠦ ᠲᠠᠯ᠎ᠠ ᠪᠠᠷ ᠰᠤᠳᠤᠯᠤᠨ | ᠪᠣᠳᠣᠯᠬᠢᠯᠠᠬᠤ ᠬᠡᠷᠡᠭᠳᠠᠢ᠃ | ᠵᠢᠷᠭᠤᠳᠤᠭᠠᠷ ᠲᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ | ᠴᠢᠩᠭᠠᠳᠬᠠᠬᠤ ᠬᠡᠷᠡᠭᠳᠠᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠪᠣᠯ | ᠶᠡᠭᠡ ᠬᠠᠨᠳᠤᠰᠢ ᠮᠥᠨ᠃ ᠪᠢᠳᠡ ᠪᠦᠬᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠲᠤ ᠨᠡᠩ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ ᠲᠤᠰ ᠪᠡᠶ᠎ᠡ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ | ᠪᠢᠲᠡᠭᠦᠮᠵᠢᠯᠡᠯ ᠲᠠᠷᠤᠯᠳᠠ ᠳᠤ ᠲᠤᠯᠭᠠᠷᠠᠬᠤ ᠲᠤᠳᠤᠮ ᠥᠪᠡᠷ ᠢ ᠪᠠᠨ ᠤᠯᠠᠮ ᠪᠢᠳᠡᠬᠦᠮᠵᠢᠯᠡᠵᠤ᠂ ᠥᠪᠡᠷ ᠢ ᠪᠠᠨ | ᠲᠤᠰᠠᠭᠠᠷᠯᠠᠵᠤ ᠪᠣᠯᠬᠤ ᠦᠭᠡᠢ᠂ ᠬᠠᠷᠢᠨ ᠨᠡᠩ ᠨᠡᠭᠡᠭᠡᠯᠲᠡᠲᠡᠢ ᠪᠠᠭᠲᠠᠭᠠᠮᠵᠢᠲᠠᠢ᠂ ᠬᠠᠷᠢᠯᠴᠠᠨ ᠠᠰᠢᠭᠲᠠᠢ ᠬᠠᠮᠲᠤ ᠪᠠᠷ | ᠡᠳ᠋ᠯᠡᠬᠦ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠢ᠃ ᠨᠢᠭᠡ ᠲᠠᠯ᠎ᠠ ᠪᠠᠷ᠂ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠶᠢ | ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠴᠢᠳᠠᠪᠤᠷᠢ ᠶᠢ ᠦᠷᠭᠦᠯᠵᠢᠯᠠᠨ ᠳᠡᠭᠡᠭᠰᠢᠯᠡᠭᠦᠯᠵᠦ᠂ ᠵᠠᠷᠢᠮ ᠳᠠᠪᠠᠭᠤᠯᠢᠭ ᠬᠦᠷᠢᠶᠡᠨ ᠳᠤ ︽ᠲᠠᠪᠠᠭᠤᠯᠢᠬ ᠨᠦᠬᠦᠴᠡᠯ︾ | ᠢ ᠡᠭᠦᠳᠤᠨ᠂ ᠤᠯᠠᠨ ᠤᠯᠤᠰ ᠤᠨ ᠬᠠᠮᠲᠤᠷᠠᠯᠴᠠᠭᠠᠨ ᠤ ᠰᠠᠭᠤᠷᠢ ᠶᠢ ᠪᠠᠬᠢᠵᠢᠭᠦᠯᠬᠦ ᠭᠡᠷᠡᠭᠳᠠᠢ᠃ ᠨᠦᠬᠦᠭᠡ ᠲᠠᠯ᠎ᠠ ᠪᠠᠷ | ᠂ ᠨᠡᠩ ᠨᠡᠭᠡᠭᠡᠯᠲᠡ ᠲᠠᠢ ᠰᠡᠳᠬᠢᠬᠦᠶ ᠪᠠ ᠠᠷᠭ᠎ᠠ ᠬᠡᠮᠵᠢᠶ᠎ᠡ ᠪᠠᠷ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠶ᠃ ᠣᠳᠣᠬᠠᠨ ᠤ ᠪᠠᠶᠢᠳᠠᠯ ᠳᠣᠣᠷ᠎ᠠ᠂ ᠪᠦᠬᠦ | ᠪᠥᠮᠪᠥᠷᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠦᠷᠢᠶᠡᠨ ᠳᠠᠬᠢ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢᠨ ᠲᠠᠯ᠎ᠠ ᠪᠠᠷ | ᠪᠣᠳᠠᠲᠠᠢ ᠶᠢ ᠡᠷᠬᠢᠮᠯᠡᠨ ᠠᠬᠢᠭᠤᠯᠵᠤ᠂ ᠡᠮ᠂ ᠸᠠᠺᠼᠢᠨ᠂ ᠪᠠᠶᠢᠴᠠᠭᠠᠨ ᠰᠢᠯᠭᠠᠬᠤ ᠵᠡᠷᠭᠡ ᠬᠦᠷᠢᠶᠡᠨ ᠳᠠᠬᠢ | ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠬᠡᠷᠡᠭᠲᠡᠢ᠃ ᠠᠭᠤᠷ ᠠᠮᠢᠰᠬᠤᠯ ᠤᠨ ᠬᠤᠪᠢᠷᠠᠯᠲᠠ᠂ ᠬᠥᠮᠦᠨ | ᠲᠥᠷᠥᠯᠬᠢᠲᠡᠨ ᠤ ᠡᠷᠡᠭᠦᠯ ᠮᠡᠨᠳᠦ ᠵᠡᠷᠭᠡ ᠬᠠᠮᠳᠤᠴᠢ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠡᠯ᠎ᠡ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠬᠠᠮᠲᠤᠷᠠᠨ ᠰᠤᠳᠤᠯᠤᠨ | ᠬᠦᠭᠵᠢᠬᠦᠯᠬᠦ ᠪᠠᠨ ᠴᠢᠩᠭᠠᠳᠬᠠᠬᠤ ᠬᠡᠷᠡᠭᠲᠡᠢ᠃ ᠮᠠᠨ ᠤ ᠤᠯᠤᠰ ᠤᠨ ᠬᠢᠯᠢ ᠳᠣᠲᠣᠷ᠎ᠠ ᠣᠯᠠᠨ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ᠂ ᠭᠠᠳᠠᠭᠠᠳᠤ ᠶᠢᠨ ᠰᠢᠨᠵᠢᠯᠡᠬᠦ | ᠤᠬᠠᠭᠠᠨᠲᠠᠳ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠷᠳᠡᠮ ᠰᠢᠨᠵᠢᠯᠡᠭᠡᠨ ᠤ ᠵᠣᠬᠢᠶᠠᠨ | ᠪᠠᠶᠢᠭᠤᠯᠤᠯᠲᠠ ᠳᠤ ᠲᠤᠰᠢᠶᠠᠯ ᠡᠭᠦᠷᠭᠡᠯᠡᠬᠦ ᠶᠢ ᠠᠯᠬᠤᠮ ᠠᠯᠬᠤᠮ ᠢᠶᠠᠷ ᠴᠢᠯᠥᠭᠡᠲᠡᠶ ᠪᠤᠯᠭᠠᠵᠤ᠂ ᠮᠠᠨ ᠤ ᠤᠯᠤᠰ ᠢ | ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡ ᠬᠠᠮᠳᠤᠷᠠᠯᠴᠠᠭ᠎ᠠ ᠬᠢᠬᠦ ᠥᠷᠭᠡᠨ | ᠠᠭᠤᠳᠠᠮ ᠲᠠᠪᠴᠠᠩ ᠪᠣᠯᠭᠠᠬᠤ ᠭᠡᠷᠡᠭᠳᠠᠢ᠃ | ᠭᠤᠷᠪᠠ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠶ | ᠰᠢᠨᠵᠢᠯᠡᠬᠦ ᠤᠬᠠᠭᠠᠨ ᠤ ᠠᠮᠵᠢᠯᠳᠠ ᠪᠦᠳᠤᠮᠵᠢ ᠨᠢ ᠤᠶᠤᠨ ᠰᠠᠨᠠᠭᠠᠨ ᠤ ᠲᠤᠯᠭᠠᠭᠤᠷᠢᠯᠠᠯ ᠠᠴᠠ ᠰᠠᠯᠵᠤ ᠴᠢᠳᠠᠬᠤ | ᠦᠭᠡᠢ ᠶᠤᠮ᠃ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠳ ᠤᠨ ᠤᠷᠳᠤ ᠬᠤᠭᠤᠴᠠᠭᠠᠨ ᠤ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠳᠤᠮᠳᠠ ᠬᠤᠷᠠᠮᠳᠤᠭᠤᠯᠤᠭᠰᠠᠨ | ᠡᠷᠬᠢᠮ ᠨᠠᠨᠳᠢᠨ ᠤᠶᠤᠨ ᠰᠠᠨᠠᠭᠠᠨ ᠤ ᠥᠪ ᠬᠦᠷᠦᠩᠭᠡ ᠮᠥᠨ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠠᠴᠠ ᠨᠠᠭᠠᠰᠢ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠡᠬᠡ | ᠤᠯᠤᠰ ᠤᠨ ᠢᠶᠠᠨ ᠨᠤᠳᠤᠬ ᠲᠡᠪᠢᠰᠭᠡᠷ ᠲᠤ ᠰᠢᠨᠵᠢᠯᠠᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠬᠦᠳᠦᠯᠳᠠ ᠶᠢᠨ | ᠥᠷᠯᠥᠭ ᠬᠥᠰᠢᠶ᠎ᠡ ᠨᠦᠭᠦᠳ ᠢ ᠪᠤᠰᠬᠠᠵᠤ᠂ ᠥᠪᠡᠷᠮᠢᠴᠡ ᠤᠶᠤᠨ ᠰᠠᠨᠠᠭᠠᠨ ᠤ ᠵᠠᠩ ᠴᠢᠨᠠᠷ ᠢ ᠪᠦᠷᠢᠯᠳᠦᠭᠦᠯᠦᠭᠰᠡᠨ | ᠪᠠᠶᠢᠨ᠎ᠠ᠃ ᠨᠢᠳᠤᠨᠤᠨ ᠤ 5 ᠰᠠᠷ᠎ᠠ ᠳᠤ᠂ ᠨᠠᠮ ᠤᠨ ᠲᠥᠪ ᠬᠤᠷᠢᠶ᠎ᠠ ᠲᠤᠰᠬᠠᠶᠢᠯᠠᠨ ︽ᠰᠢᠨᠵᠢᠯᠡᠬᠦ ᠤᠬᠠᠭᠠᠨᠲᠠᠨ ᠤ | ᠵᠣᠷᠢᠭ ᠰᠠᠨᠠᠭ᠎ᠠ ᠶᠢ ᠴᠢᠨᠠᠬᠰᠢᠳᠠ ᠪᠠᠳᠠᠷᠠᠭᠤᠯᠵᠤ ᠣᠪᠣᠷ ᠰᠤᠷᠲᠠᠯ ᠪᠠ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠰᠠᠨᠠᠯ︾ ᠨᠡᠶᠢᠲᠡᠯᠡᠵᠦ᠂ ᠥᠷᠥᠴᠡ ᠴᠡᠭᠡᠵᠢᠨ ᠳᠡᠭᠡᠨ ᠡᠬᠡ ᠤᠯᠤᠰ ᠢᠶᠠᠨ ᠬᠠᠶᠢᠷᠠᠯᠠᠬᠤ | ᠠᠷᠠᠳ ᠲᠦᠮᠡᠨ ᠳᠤ ᠦᠢᠯᠡᠴᠢᠯᠡᠬᠦ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ᠂ ᠨᠣᠶᠠᠨ ᠣᠷᠭᠢᠯ ᠳᠤ ᠵᠣᠷᠢᠭᠲᠠᠶ | ᠭᠠᠷᠬᠤ᠂ ᠪᠤᠰᠤᠳ ᠠᠴᠠ ᠵᠤᠷᠢᠬᠳᠠᠢ ᠲᠦᠷᠦᠭᠦᠯᠡᠬᠦ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠦᠨᠡᠨ ᠶᠣᠰᠣ ᠶᠢ | ᠬᠥᠭᠡᠭᠡᠴᠡᠯᠳᠦᠬᠦ ᠡᠷᠳᠡᠮ ᠰᠢᠨᠵᠢᠯᠡᠭᠡᠨ ᠳᠤ ᠨᠢᠮᠪᠠᠢ ᠬᠠᠨᠳᠤᠬᠤ ᠪᠤᠳᠠᠳᠠᠢ ᠶᠢ ᠡᠷᠬᠢᠮᠯᠡᠬᠦ ᠵᠣᠷᠢᠭ ᠰᠠᠨᠠᠭ᠎ᠠ᠂ ᠨᠡᠷ᠎ᠠ | ᠠᠰᠢᠬ ᠲᠤ ᠦᠯᠦ ᠰᠢᠨᠤᠵᠤ ᠰᠡᠳᠬᠢᠯ ᠰᠢᠭᠤᠳᠤᠨ ᠰᠤᠳᠤᠯᠭᠠᠨ ᠬᠢᠬᠦ ᠬᠠᠷᠠᠮ ᠦᠬᠡᠢ ᠵᠤᠷᠢᠭᠤᠯᠬᠤ ᠵᠤᠷᠢᠬ ᠰᠠᠨᠠᠭ᠎ᠠ᠂ | ᠤᠶᠤᠨ ᠤᠬᠠᠭᠠᠨ ᠢ ᠲᠥᠪᠯᠡᠷᠡᠭᠦᠯᠦᠨ ᠪᠣᠭᠤᠮᠲᠠ ᠰᠢᠪᠲᠤᠯᠬᠤ ᠪᠦᠯᠬᠦᠮᠳᠡᠨ ᠬᠠᠮᠵᠢᠯᠴᠠᠵᠤ ᠵᠤᠬᠢᠴᠠᠭᠤᠯᠬᠤ ᠵᠣᠷᠢᠭ | ᠰᠠᠨᠠᠭ᠎ᠠ᠂ ᠳᠤᠷᠠᠲᠠᠶ᠎ᠠ ᠦᠪᠡᠷ ᠢ ᠪᠠᠨ ᠦᠷᠡᠭᠳᠡᠭᠦᠯᠵᠦ ᠬᠤᠵᠢᠮ ᠤᠨ ᠰᠤᠷᠤᠬᠴᠢ ᠶᠢ ᠬᠥᠬᠢᠭᠦᠯᠦᠨ ᠲᠡᠪᠰᠢᠭᠤᠯᠬᠤ | ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠂ ᠥᠷᠭᠡᠨ ᠤᠯᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠳᠠᠨ ᠲᠡᠤᠬᠡ ᠠᠴᠠ ᠣᠯᠭᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠬᠦᠨᠳᠦ ᠡᠭᠦᠷᠭᠡ ᠶᠢ ᠡᠭᠦᠷᠭᠡᠯᠡᠬᠦ ᠬᠡᠷᠡᠭᠲᠡᠶ᠃ ᠠᠳᠡ ᠪᠢ ᠤᠯᠤᠰ ᠢᠶᠠᠨ ᠬᠠᠶᠢᠷᠠᠯᠠᠬᠤ ᠵᠣᠷᠢᠭ | ᠰᠠᠨᠠᠭ᠎ᠠ ᠪᠤᠯᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠭᠤᠤᠯᠳᠠᠯᠭ᠎ᠠ ᠲᠠᠢ ᠴᠢᠬᠤᠯᠠᠴᠢᠯᠠᠶ᠎ᠠ᠃ | ᠰᠢᠨᠵᠢᠯᠡᠬᠦ ᠤᠬᠠᠭᠠᠨ ᠳᠤ ᠤᠯᠤᠰ ᠤᠨ ᠵᠠᠭᠠᠭ ᠦᠭᠡᠢ᠂ ᠰᠢᠨᠵᠢᠯᠡᠬᠦ ᠤᠬᠠᠭᠠᠨᠲᠠᠨ ᠳᠤ ᠡᠬᠡ ᠤᠯᠤᠰ ᠯᠡ | ᠪᠠᠶᠢᠳᠠᠭ᠃ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶ᠋ᠯᠡᠰ ᠤᠨ ᠣᠯᠤᠭᠰᠠᠨ ᠲᠡᠤᠬᠡᠲᠦ | ᠴᠢᠨᠠᠷᠲᠠᠶ ᠠᠮᠵᠢᠯᠲᠠ ᠪᠦ᠋ᠳᠤᠮᠵᠢ ᠪᠤᠯ ᠡᠬᠡ ᠤᠯᠤᠰ ᠤᠨ ᠢᠶᠠᠨ ᠲᠦᠯᠦᠭᠡ ᠵᠢᠳᠭᠦᠬᠦ ᠪᠠᠷ ᠵᠣᠷᠢᠭ ᠰᠢᠭᠤᠳᠤᠭᠰᠠᠨ | ᠦᠶ᠎ᠡ ᠦᠶ᠎ᠡ ᠶᠢᠨ ᠰᠢᠨᠵᠢᠯᠡᠬᠦ ᠤᠬᠠᠭᠠᠨᠲᠠᠳ ᠤᠨ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ | ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠯᠢ ᠰᠧ ᠭᠤᠸᠠᠩ᠂ ᠴᠢᠶᠠᠨ ᠰᠢᠤᠸᠠᠢ ᠰᠧᠨ᠂ ᠴᠢᠶᠠᠨ ᠰᠠᠨ | ᠴᠢᠶᠠᠩ᠂ ᠳ᠋ᠧᠩ ᠵᠢᠶᠠ ᠰᠢᠶᠠᠨ ᠵᠡᠷᠭᠡ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠳ ᠠᠴᠠ ᠴᠧᠨ ᠵᠢᠩ | ᠷᠦᠨ᠂ ᠬᠤᠸᠠᠩ ᠳ᠋ᠠ ᠨᠢᠶᠠᠨ᠂ ᠨᠠᠨ ᠷᠧᠨ ᠳ᠋ᠦᠩ ᠵᠡᠷᠭᠡ ᠨᠢᠭᠡ ᠪᠦᠯᠦᠭ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠳᠠᠷᠠᠭ᠎ᠠ ᠦᠰᠦᠨ ᠪᠤᠶᠢᠵᠢᠭᠰᠠᠨ ᠭᠠᠷᠮᠠᠭᠠᠶ ᠰᠢᠨᠵᠢᠯᠡᠬᠦ ᠤᠬᠠᠭᠠᠨᠲᠠᠳ ᠬᠦᠷᠳᠡᠯᠡᠬᠢ ᠨᠢ ᠪᠦᠷ | ᠤᠯᠤᠰ ᠢᠶᠠᠨ ᠬᠠᠶᠢᠷᠠᠯᠠᠬᠤ ᠰᠢᠨᠵᠢᠯᠡᠬᠦ ᠤᠬᠠᠭᠠᠨᠲᠠᠳ ᠤᠨ ᠦᠯᠢᠭᠡᠷ ᠵᠢᠱᠢᠶ᠎ᠡ ᠪᠣᠯᠤᠨ᠎ᠠ᠃ ᠥᠷᠭᠡᠨ ᠣᠯᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠤᠯᠤᠰ ᠬᠦᠷᠤᠨ ᠤ ᠠᠰᠢᠭ ᠲᠤᠰᠠ ᠪᠣᠯᠤᠨ ᠠᠷᠠᠳ ᠲᠦᠮᠡᠨ ᠤ ᠠᠰᠢᠭ ᠲᠤᠰᠠᠶᠢ | ᠲᠡᠭᠡᠳᠤᠯᠡᠬᠦ ᠶᠢ ᠡᠷᠬᠢᠮᠨᠡᠨ ᠪᠠᠷᠢᠮᠲᠠᠯᠠᠵᠤ᠂ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠳ ᠤᠨ ᠬᠡᠭᠦᠳᠡᠭ | ᠴᠡᠭᠡᠵᠢᠨ ᠳᠡᠭᠡᠨ ᠡᠬᠡ ᠤᠯᠤᠰ ᠢᠶᠠᠨ ᠪᠣᠳᠣᠵᠦ ᠠᠷᠠᠳ ᠲᠦᠮᠡᠨ ᠳᠤ ᠦᠶ᠋ᠯᠡᠴᠢᠯᠡᠬᠦ ᠰᠢᠯᠢᠳᠡᠭ ᠵᠠᠩ ᠴᠢᠨᠠᠷ ᠢ | ᠵᠠᠯᠭᠠᠮᠵᠢᠯᠠᠨ ᠪᠠᠳᠠᠷᠠᠭᠤᠯᠵᠤ᠂ ︽ᠬᠤᠶᠠᠷ ᠪᠥᠮᠪᠦᠭᠡ ᠨᠢᠭᠡ ᠣᠳᠣᠨ︾ ᠤ ᠵᠣᠷᠢᠭ ᠰᠠᠨᠠᠭ᠎ᠠ ᠶᠢ ᠪᠠᠳᠠᠷᠠᠭᠤᠯᠤᠨ᠂ | ᠲᠡᠤᠬᠡ ᠶᠢᠨ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠥᠪᠡᠷ ᠤᠨ ᠰᠢᠨᠵᠢᠯᠡᠬᠦ ᠤᠬᠠᠭᠠᠨ ᠤ | ᠬᠥᠭᠡᠭᠡᠴᠡᠯᠳᠦᠯ ᠢᠶᠠᠨ ᠨᠡᠶᠢᠭᠡᠮ ᠵᠢᠷᠤᠮᠤᠨ ᠣᠳᠣᠬᠢᠴᠢᠯᠠᠭᠰᠠᠨ ᠤᠯᠤᠰ ᠢ ᠪᠦᠳᠦᠭᠡᠨ ᠪᠠᠶᠢᠭᠤᠯᠬᠤ ᠠᠭᠤᠤ ᠶᠡᠭᠡ | ᠦᠢᠯᠡᠰ ᠲᠤ ᠠᠭᠤᠰᠤᠯᠴᠠᠭᠤᠯᠬᠤ ᠭᠡᠷᠡᠭᠳᠠᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠢᠯᠠᠩᠭᠤᠶ᠎ᠠ ᠤᠤᠭᠠᠯ ᠡᠭᠦᠳᠦᠯᠳᠡ ᠳᠤ | ᠪᠦᠲᠦᠭᠡᠯᠴᠢ ᠴᠢᠨᠠᠷᠲᠠᠶ ᠰᠡᠳᠬᠢᠬᠦ ᠴᠢᠳᠠᠪᠤᠷᠢ᠂ ᠴᠢᠩᠭ᠎ᠠ ᠨᠢᠮᠪᠠᠶ ᠨᠤᠳᠠᠯᠠᠬᠤ ᠠᠷᠭ᠎ᠠ ᠪᠠᠶᠢᠬᠤ ᠬᠡᠷᠡᠭᠲᠡᠶ᠂ ᠡᠷᠳᠡᠮ | ᠰᠢᠨᠵᠢᠯᠡᠭᠡᠨ ᠤ ᠡᠷᠬᠡ ᠰᠦᠷ ᠢ ᠰᠢᠲᠦᠬᠦ ᠦᠭᠡᠢ᠂ ᠨᠢᠭᠡᠨᠲᠡ ᠪᠠᠶᠢᠭ᠎ᠠ ᠰᠤᠷᠭᠠᠯ ᠢ ᠰᠣᠬᠤᠷ ᠪᠠᠯᠠᠢ ᠪᠠᠷ ᠲᠠᠭᠠᠬᠤ | ᠦᠭᠡᠢ᠂ ᠰᠡᠵᠢᠭᠯᠡᠯ ᠢᠶᠠᠨ ᠵᠣᠷᠢᠭᠲᠠᠶ ᠲᠤᠷᠠᠳᠴᠤ᠂ ᠨᠠᠷᠢᠨ ᠬᠢᠨᠠᠮᠠᠭᠠᠶ ᠨᠤᠳᠠᠯᠠᠨ᠂ ᠲᠠᠰᠤᠷᠠᠯᠲᠠ ᠦᠭᠡᠢ ᠲᠤᠷᠰᠢᠯᠲᠠ | ᠬᠢᠬᠦ ᠬᠡᠷᠡᠭᠲᠡᠶ᠃ ᠤᠤᠭᠠᠯ ᠡᠭᠦᠳᠦᠯᠳᠡ ᠨᠢ ᠶᠡᠷᠦ ᠳᠡᠭᠡᠨ ᠵᠢᠱᠢᠯᠲᠡ ᠪᠠ ᠲᠠᠭᠠᠮᠠᠭᠯᠠᠯ ᠠᠴᠠ ᠢᠷᠡᠳᠡᠭ᠃ ᠡᠨᠡ ᠪᠣᠯ | ᠲᠠᠰᠤᠷᠠᠯᠲᠠ ᠦᠭᠡᠢ ᠠᠵᠢᠬᠯᠠᠬᠤ᠂ ᠰᠡᠳᠬᠢᠬᠦ᠂ ᠲᠠᠭᠠᠮᠠᠭᠯᠠᠬᠤ᠂ ᠲᠤᠷᠰᠢᠯᠲᠠ ᠬᠢᠬᠦ᠂ ᠨᠤᠳᠠᠯᠠᠬᠤ᠂ | ᠬᠤᠷᠢᠶᠠᠩᠭᠤᠶᠢᠯᠠᠬᠤ ᠪᠤᠳᠤᠯᠢᠶᠠᠨᠲᠠᠶ ᠶᠠᠪᠤᠴᠠ ᠮᠥᠨ᠂ ᠬᠠᠷᠢᠨ ᠳᠥᠭᠦᠮ ᠲᠦᠳᠡ ᠬᠤᠷᠢᠶᠠᠩᠭᠤᠶᠢᠯᠠᠯ ᠪᠢᠰᠢ ᠶᠤᠮ᠃ | ᠵᠢᠱᠢᠯᠲᠡ ᠪᠠ ᠲᠠᠭᠠᠮᠠᠭᠯᠠᠯ ᠤᠨ ᠰᠢᠨ᠎ᠡ ᠶᠢ ᠡᠭᠦᠳᠬᠦ ᠴᠢᠨᠠᠷ ᠪᠣᠯ ᠲᠦᠢᠯ ᠤᠨ ᠴᠢᠬᠤᠯᠠ ᠶᠤᠮ᠃ ᠠᠶᠢᠨᠰᠲ᠋ᠧᠨ᠄ ︽ | ᠨᠢᠭᠡ ᠠᠰᠠᠭᠤᠳᠠᠯ ᠢ ᠳᠤᠷᠠᠳᠬᠤ ᠨᠢ ᠨᠢᠭᠡ ᠠᠰᠠᠭᠤᠳᠠᠯ ᠢ ᠰᠢᠢᠳᠪᠦᠷᠢᠯᠡᠬᠦ ᠠᠴᠠ ᠨᠠᠩ ᠴᠢᠬᠤᠯᠠ ᠶᠤᠮ︾ ᠬᠡᠵᠤ | ᠬᠡᠯᠡᠵᠤ ᠦᠩᠬᠡᠷᠡᠵᠠᠢ᠃ ᠬᠡᠷᠪᠡ ᠣᠨᠣᠪᠴᠢᠲᠠᠶ ᠪᠠᠷ ᠰᠣᠩᠭᠤᠵᠤ ᠴᠢᠳᠠᠬᠤ ᠦᠭᠡᠢ ᠪᠣᠯ ᠮᠠᠰᠢ ᠶᠡᠭᠡ ᠬᠦᠴᠦ | ᠵᠠᠷᠤᠴᠠᠭᠤᠯᠤᠭᠰᠠᠨ ᠴᠤ ᠦᠷ᠎ᠡ ᠪᠦᠲᠦᠭᠡᠯ ᠭᠠᠷᠭᠠᠬᠤ ᠳᠤ ᠪᠡᠷᠬᠡᠳᠠᠢ ᠶᠤᠮ᠃ ᠥᠷᠭᠡᠨ ᠣᠯᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠲᠠᠨ ᠵᠣᠷᠢᠭᠲᠠᠶ ᠪᠠᠷ ᠡᠭᠦᠳᠦᠨ ᠪᠦᠲᠦᠭᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ | ᠪᠣᠯᠭᠠᠨ᠂ ᠵᠣᠷᠢᠭᠲᠠᠶ ᠪᠠᠷ ᠰᠢᠨ᠎ᠡ ᠤᠨᠤᠯ ᠢ ᠳᠤᠷᠠᠳᠴᠦ᠂ ᠰᠢᠨ᠎ᠡ ᠬᠦᠷᠢᠶ᠎ᠡ ᠶᠢ ᠨᠡᠭᠡᠭᠡᠵᠦ᠂ ᠰᠢᠨ᠎ᠡ ᠠᠷᠭ᠎ᠠ ᠵᠠᠮ ᠢ | ᠰᠦᠪᠡᠭᠴᠢᠯᠡᠵᠦ᠂ ᠦᠪᠡᠷᠮᠢᠴᠡ ᠪᠦᠳᠦᠭᠡᠯ ᠭᠠᠷᠭᠠᠵᠤ ᠲᠤᠰᠠᠭᠠᠷ ᠡᠵᠡᠮᠳᠡᠬᠦ ᠳᠤ ᠬᠦᠴᠤ ᠤᠷᠤᠭᠤᠯᠬᠤ ᠭᠡᠷᠡᠭᠳᠠᠢ᠃ | ᠥᠨᠳᠥᠷ ᠲᠦᠪᠰᠢᠨ ᠪᠦᠬᠦᠢ ᠤᠤᠭᠠᠯ ᠡᠭᠦᠳᠦᠯᠲᠡ ᠶᠢᠨ ᠦᠷ᠎ᠡ ᠪᠦᠲᠦᠭᠡᠯ ᠢᠯᠡᠭᠦᠬᠡᠨ ᠭᠠᠷᠭᠠᠵᠤ᠂ ᠰᠢᠨᠵᠢᠯᠡᠬᠦ | ᠤᠬᠠᠭᠠᠨ ᠤ ᠰᠢᠰᠲ᠋ᠧᠮ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠳᠤ ᠬᠤᠪᠢ ᠨᠡᠮᠡᠷᠢ ᠦᠵᠡᠭᠦᠯᠬᠦ | ᠬᠡᠷᠡᠭᠲᠠᠢ᠃ ᠰᠢᠨᠵᠢᠯᠡᠬᠦ ᠤᠬᠠᠭᠠᠨ ᠤ ᠰᠤᠳᠤᠯᠭᠠᠨ᠂ ᠢᠯᠠᠩᠭᠤᠶ᠎ᠠ ᠰᠠᠭᠤᠷᠢ ᠰᠤᠳᠤᠯᠭᠠᠨ ᠤ ᠡᠭᠦᠰᠦᠯᠲᠡ ᠪᠣᠯ | ᠶᠡᠷᠦ ᠨᠢ ᠰᠢᠨᠵᠢᠯᠡᠬᠦ ᠤᠬᠠᠭᠠᠨᠲᠠᠳ ᠤᠨ ᠪᠠᠶᠢᠭᠠᠯᠢ ᠶᠢᠨ ᠨᠢᠭᠤᠴᠠ ᠶᠢ ᠬᠠᠶᠢᠨ ᠰᠤᠳᠤᠯᠬᠤ ᠰᠣᠨᠢᠭᠤᠴᠢ ᠰᠡᠳᠬᠢᠯ | ᠪᠣᠯᠤᠨ᠎ᠠ᠃ ᠦᠢᠯᠡᠳᠦᠯᠭᠡ ᠠᠴᠠ ᠦᠵᠡᠪᠡᠯ᠂ ᠲᠤᠪᠤᠶᠢᠮ᠎ᠠ ᠠᠮᠵᠢᠯᠲᠠ ᠣᠯᠤᠭᠰᠠᠨ ᠰᠢᠨᠵᠢᠯᠡᠬᠦ ᠤᠬᠠᠭᠠᠨᠲᠠᠨ ᠪᠦᠬᠦᠨ | ᠬᠤᠪᠢᠷᠠᠰᠢ ᠦᠭᠡᠢ ᠪᠠᠷᠢᠮᠳᠠᠯᠠᠬᠤ ᠰᠣᠨᠢᠭᠤᠴᠢ ᠰᠡᠳᠬᠢᠯ᠂ ᠠᠵᠢᠯ ᠣᠶᠢᠯᠠᠰᠴᠢ ᠰᠡᠳᠬᠢᠯ ᠢᠶᠠᠷ ᠢᠶᠠᠨ ᠨᠠᠰᠤᠨ | ᠲᠤᠷᠰᠢᠳᠠ ᠬᠠᠶᠢᠨ ᠰᠦᠪᠡᠭᠴᠢᠯᠡᠵᠤ ᠠᠮᠵᠢᠯᠳᠠ ᠪᠦᠳᠤᠮᠵᠢ ᠤᠯᠤᠬᠰᠠᠨ ᠶᠤᠮ᠃ ᠵᠠᠷᠢᠮ ᠰᠤᠳᠤᠯᠭᠠᠨ ᠳᠤ ᠰᠢᠨᠵᠢᠯᠡᠬᠦ | ᠤᠬᠠᠭᠠᠨᠲᠠᠨ ᠤ ᠳᠠᠪᠠᠭᠤᠯᠢᠭ ᠲᠠᠯ᠎ᠠ ᠨᠢ ᠣᠶᠤᠨ ᠴᠢᠳᠠᠪᠤᠷᠢ ᠳᠤ ᠯᠠ ᠲᠦᠰᠢᠭᠯᠡᠳᠡᠭ ᠪᠢᠰᠢ᠂ ᠨᠡᠩ ᠴᠦ | ᠠᠩᠬᠠᠷᠤᠯ ᠢᠶᠠᠨ ᠲᠥᠪᠯᠡᠷᠡᠭᠦᠯᠤᠨ ᠰᠢᠷᠭᠠᠭᠤ ᠬᠠᠲᠠᠭᠤᠵᠢᠯᠲᠠᠶ ᠠᠵᠢᠯᠯᠠᠵᠤ᠂ ᠤᠷᠲᠤ ᠬᠤᠭᠤᠴᠠᠭᠠᠨ ᠤ ᠬᠠᠶᠢᠨ | ᠰᠦᠪᠡᠭᠴᠢᠯᠡᠯᠲᠡ ᠪᠠᠷ ᠳᠠᠮᠵᠢᠨ ᠶᠠᠮᠠᠷ ᠨᠢᠭᠡᠨ ᠬᠦᠷᠢᠶᠡᠨ ᠳᠤ ᠳᠠᠪᠠᠭᠤᠯᠢᠭ ᠪᠠᠶᠢᠷᠢ ᠶᠢ ᠪᠦᠷᠢᠯᠳᠦᠭᠦᠯᠳᠡᠭ ᠭᠡᠰᠡᠨ ᠢ | ᠭᠡᠷᠡᠴᠢᠯᠡᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠦᠢᠯᠡᠰ ᠲᠡᠭᠡᠨ ᠰᠡᠳᠬᠢᠯ ᠲᠠᠯᠪᠢᠨ᠂ ᠰᠢᠷᠭᠠᠭᠤ ᠪᠠᠷ ᠰᠢᠮᠳᠠᠨ ᠰᠤᠳᠤᠯᠵᠤ᠂ ᠨᠡᠷ᠎ᠡ ᠲᠦᠷᠦ ᠶᠢ ᠦᠯᠦ | ᠬᠦᠭᠡᠭᠡᠴᠡᠯᠳᠤᠨ ᠨᠡᠷ᠎ᠡ ᠠᠰᠢᠭ ᠢ ᠦᠯᠦ ᠬᠦᠬᠡᠬᠡᠴᠡᠯᠳᠤᠬᠦ ᠶᠢ ᠨᠢ ᠵᠤᠷᠢᠬᠵᠢᠭᠤᠯᠬᠤ ᠭᠡᠷᠡᠭᠳᠠᠢ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠲᠠᠳ ᠤᠨ ᠵᠣᠷᠢᠭᠲᠠᠶ ᠪᠠᠷ ᠬᠠᠶᠢᠨ ᠰᠦᠪᠡᠭᠴᠢᠯᠡᠬᠦ᠂ ᠰᠢᠨᠵᠢᠯᠡᠬᠦ ᠤᠬᠠᠭᠠᠨ ᠳᠤ ᠠᠮᠢ | ᠪᠡᠶ᠎ᠡ ᠪᠠᠨ ᠵᠣᠷᠢᠭᠤᠯᠬᠤ ᠠᠮᠢᠳᠤᠯᠢᠭ ᠦᠢᠯᠡ ᠠᠵᠢᠯᠯᠠᠭ᠎ᠠ ᠶᠢ ᠨᠢ ᠥᠷᠭᠡᠨ ᠢᠶᠠᠷ ᠤᠬᠠᠭᠤᠯᠬᠤ ᠬᠡᠷᠡᠭᠲᠡᠶ᠃ | ᠰᠣᠨᠢᠭᠤᠴᠢ ᠰᠡᠳᠬᠢᠯ ᠪᠣᠯ ᠬᠥᠮᠦᠨ ᠤ ᠲᠥᠷᠥᠯᠬᠢ ᠴᠢᠨᠠᠷ ᠮᠦᠨ᠂ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠢ | ᠬᠥᠲᠥᠯᠥᠨ ᠵᠢᠯᠣᠭᠤᠳᠬᠤ ᠪᠠ ᠬᠥᠮᠦᠵᠢᠭᠦᠯᠬᠦ ᠳᠤ ᠬᠡᠦᠬᠡᠳ ᠠᠴᠠ ᠡᠬᠢᠯᠡᠨ ᠠᠳᠬᠤᠵᠤ᠂ ᠲᠡᠳᠡᠨ ᠳᠤ ᠰᠢᠨᠵᠢᠯᠡᠬᠦ | ᠤᠬᠠᠭᠠᠨ ᠤ ᠮᠡᠳᠡᠯᠭᠡ ᠶᠢ ᠨᠡᠩ ᠢᠯᠡᠭᠦᠦ ᠣᠶᠢᠯᠠᠭᠠᠭᠤᠯᠵᠤ᠂ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠬᠦᠯᠵᠤ᠂ | ᠰᠢᠨᠵᠢᠯᠡᠬᠦ ᠤᠬᠠᠭᠠᠨᠲᠠᠨ ᠤ ᠳᠠᠯᠳᠠ ᠴᠢᠨᠠᠷ ᠢ ᠪᠦᠷᠢᠯᠳᠦᠭᠦᠯᠦᠭᠰᠡᠨ ᠨᠢᠭᠡ ᠪᠦᠯᠦᠭ ᠵᠠᠯᠠᠭᠤᠴᠤᠳ ᠪᠠᠭᠠᠴᠤᠳ ᠤᠨ | ᠬᠠᠮᠲᠤ ᠴᠤᠭᠴᠠ ᠶᠢ ᠬᠦᠮᠤᠵᠢᠬᠦᠯᠬᠦ ᠭᠡᠷᠡᠭᠳᠠᠢ᠃ | ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠨᠠᠮ ᠤᠨ ᠲᠥᠪ ᠬᠤᠷᠢᠶᠠᠨ ᠤ | ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠦ᠂ ᠰᠢᠨ᠎ᠠ ᠶᠢ ᠡᠬᠦᠳᠬᠦ ᠪᠠᠷ | ᠬᠦᠳᠡᠯᠭᠡᠬᠦᠷ ᠪᠤᠯᠭᠠᠭᠰᠠᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠬᠥᠳᠡᠯᠮᠦᠷᠢ ᠶᠢ ᠬᠦᠨᠳᠦᠳᠬᠡᠨ᠂ ᠮᠡᠳᠡᠯᠭᠡ ᠶᠢ ᠬᠦᠨᠳᠦᠳᠬᠡᠵᠦ᠂ ᠴᠢᠳᠠᠪᠤᠷᠢᠲᠠᠨ ᠢ ᠬᠦᠨᠳᠦᠳᠬᠡᠨ᠂ ᠡᠭᠦᠳᠦᠨ | ᠪᠦᠲᠦᠭᠡᠯᠲᠡ ᠶᠢ ᠬᠦᠨᠳᠦᠳᠬᠡᠵᠦ᠂ ᠰᠢᠨᠵᠢᠯᠡᠬᠦ ᠤᠬᠠᠭᠠᠨᠨ ᠤ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠲᠠᠰᠤᠷᠠᠯᠲᠠ ᠦᠭᠡᠢ | ᠴᠣᠯᠭᠤᠷᠠᠨ ᠬ᠋ᠠᠷᠬᠤ ᠶᠢ ᠠᠬᠢᠭᠤᠯᠬᠤ ᠶᠢᠨ ᠬᠠᠮᠲᠤ ᠡᠬᠦᠨ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ | ᠬᠤᠪᠢᠷᠠᠭᠤᠯᠬᠤ ᠭᠡᠷᠡᠭᠳᠠᠢ᠃ ᠤᠳᠤᠷᠢᠳᠬᠤ ᠺᠠᠳ᠋ᠷᠴᠤᠳ ᠰᠢᠨ᠎ᠡ ᠰᠢᠨᠵᠢᠯᠡᠬᠦ ᠤᠬᠠᠭᠠᠨ ᠤ ᠮᠡᠳᠡᠯᠭᠡ ᠶᠢᠨ ᠲᠤᠬᠠᠢ | ᠰᠤᠷᠤᠯᠴᠠᠯᠭ᠎ᠠ ᠪᠠᠨ ᠴᠢᠩᠭᠠᠳᠬᠠᠵᠤ᠂ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠥᠭᠵᠢᠯᠲᠡ ᠶᠢᠨ ᠬᠠᠨᠳᠤᠰᠢ ᠳᠤ ᠠᠩᠬᠠᠷᠤᠯ ᠢᠶᠠᠨ ᠲᠠᠯᠪᠢᠬᠤ ᠬᠡᠷᠡᠭᠲᠡᠶ᠃ | ᠮᠠᠷᠺᠰ᠄ ︽ᠰᠢᠨᠵᠢᠯᠡᠬᠦ ᠤᠬᠠᠭᠠᠨ ᠳᠤ ᠰᠠᠷᠠᠭᠤᠯ ᠳᠠᠷᠳᠠᠩ ᠵᠠᠮ ᠭᠡᠵᠦ ᠪᠠᠶᠢᠬᠤ ᠦᠭᠡᠢ ᠶᠤᠮ᠂ ᠭᠠᠭᠴᠠ ᠬᠦ | ᠬᠠᠳᠠᠭᠤ ᠪᠡᠷᠬᠡᠰᠢᠶᠠᠯ ᠠᠴᠠ ᠠᠶᠤᠬᠤ ᠦᠬᠡᠢ ᠪᠠᠷ ᠡᠭᠴᠡ ᠠᠰᠬ᠎ᠠ ᠠᠭᠤᠯᠠᠨ ᠵᠠᠮ ᠢᠶᠠᠷ ᠵᠤᠷᠢᠬᠳᠠᠢ ᠠᠪᠠᠷᠢᠬᠤ ᠬᠥᠮᠦᠨ | ᠰᠠᠶ᠋ᠢ ᠭᠡᠷᠡᠯ ᠰᠠᠴᠤᠷᠠᠩᠭᠤᠶ ᠨᠤᠶᠠᠨ ᠣᠷᠭᠢᠯ ᠳᠤ ᠬᠦᠷᠴᠤ ᠴᠢᠳᠠᠨ᠎ᠠ︾ ᠬᠡᠵᠤ ᠬᠡᠯᠠᠵᠤ ᠦᠩᠬᠡᠷᠡᠵᠠᠢ᠃ ᠮᠠᠨ ᠤ | ᠤᠯᠤᠰ ᠤᠨ ᠥᠷᠭᠡᠨ ᠤᠯᠠᠨ ᠰᠢᠨᠵᠢᠯᠡᠬᠦ ᠤᠬᠠᠭᠠᠨᠲᠠᠨ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠳᠠᠨ ᠰᠢᠨᠵᠢᠯᠡᠬᠦ ᠤᠬᠠᠭᠠᠨ ᠤ ᠨᠣᠶᠠᠨ ᠤᠷᠬᠢᠯ ᠳᠤ ᠭᠠᠷᠬᠤ ᠢᠳᠡᠬᠡᠯ᠂ ᠵᠤᠷᠢᠬ᠂ ᠴᠢᠳᠠᠪᠤᠷᠢ ᠲᠠᠢ ᠪᠠᠶᠢᠭ᠎ᠠ ᠶᠤᠮ | ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ᠂ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ | ᠨᠡᠮᠡᠷᠢ ᠪᠠᠨ ᠦᠵᠡᠭᠦᠯᠦᠨ᠎ᠠ ᠭᠡᠳᠡᠭ ᠢ ᠪᠢ ᠪᠠᠳᠤ ᠢᠳᠡᠬᠡᠵᠤ ᠪᠠᠶᠢᠨ᠎ᠠ᠃ | ︵ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 11 ᠤ ᠴᠠᠬᠢᠯᠭᠠᠨ ᠮᠡᠳᠡᠭᠡ︶ | |