ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠷᠳᠤᠰ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠪᠠᠶᠢᠳᠠᠯ ᠳᠤ ᠲᠤᠰᠬᠠᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ᠲᠠᠶᠢᠴᠢᠯᠠᠯᠳᠠ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2020/9/15
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠢᠭᠡᠳᠦᠯᠲᠡᠢ ᠲᠤᠬᠢᠷᠠᠭᠤᠯᠤᠯᠳᠠ ᠶᠢ ᠦᠨᠳᠦᠰᠦᠯᠡᠵᠦ᠂ ᠤᠢᠢᠷ᠎ᠡ ᠶᠢᠨ ᠡᠳᠤᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠷᠳᠤᠰ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠪᠠᠶᠢᠳᠠᠯ ᠳᠤ ᠲᠤᠰᠬᠠᠢ ᠲᠣᠭᠤᠷᠢᠨ ᠪᠠᠶᠢᠴᠠᠭᠠᠬᠤ ᠠᠵᠢᠯ ᠥᠷᠨᠢᠬᠦᠯᠬᠦ ᠲᠠᠶᠢᠴᠢᠯᠠᠯᠳᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠦ ᠬᠠᠢ ᠲᠤᠤ ᠤᠷᠳᠤᠰ ᠬᠤᠳᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠲᠠᠢ ᠠᠭᠤᠯᠵᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠤᠷᠳᠤᠰ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠰᠡᠴᠡᠨᠪᠢᠯᠢᠭ ᠬᠤᠷᠠᠯ ᠳᠤ ᠣᠷᠣᠯᠴᠠᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠯᠢᠦ ᠬᠠᠢ ᠲᠤᠤ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠬᠤ ᠶᠢᠨ ᠬᠠᠮᠲᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠬᠤ᠂ ᠲᠣᠭᠤᠷᠢᠨ ᠪᠠᠶᠢᠴᠠᠭᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ ᠰᠡᠴᠡᠨᠪᠢᠯᠢᠭ ᠬᠤᠷᠠᠯ ᠡᠷᠬᠢᠯᠡᠵᠦ᠂ ᠨᠢᠤ ᠵᠢᠶᠦ᠋ᠨ ᠶᠠᠨ ᠣᠪᠣᠷ ᠢᠶᠠᠨ ᠢᠯᠡᠳᠬᠡᠬᠦ ᠶᠠᠷᠢᠶ᠎ᠠ ᠳᠠᠯᠪᠢᠪᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠦᠬᠦᠨ᠂ ᠣᠷᠳᠣᠰ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠣᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠳᠤᠷᠢᠳᠬᠤ ᠪᠠᠭ ᠤᠨ ᠪᠦᠷᠢᠯᠳᠦᠬᠦᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠬᠥᠮᠦᠰ ᠬᠤᠷᠠᠯ ᠳᠤ ᠰᠤᠯᠠ ᠣᠷᠣᠯᠴᠠᠪᠠ᠃ ᠡᠭᠦᠨ ᠤ ᠬᠠᠮᠲᠤ ᠸᠢᠳᠢᠣ᠋ ᠬᠤᠷᠠᠯ ᠤᠨ ᠬᠡᠯᠪᠡᠷᠢ ᠪᠠᠷ ᠡᠯ᠎ᠡ ᠬᠤᠰᠢᠭᠤ ᠲᠣᠭᠤᠷᠢᠭ ᠳᠤ ᠣᠷᠣᠯᠴᠠᠪᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号