ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠭᠢᠪᠡ
ᠨᠡᠶᠢᠲᠡᠯᠡᠭᠰᠡᠨ ᠴᠠᠭ᠄
2020/9/15
    9 ᠰᠠᠷ᠎ᠠ ᠶᠢᠨ 10 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠳ᠋ ᠤᠨ ᠶᠠᠪᠤᠳᠠᠯ ᠤᠨ ᠵᠤᠷᠭᠠᠨ ᠤ ᠳᠡᠳ᠋ ᠳᠠᠷᠤᠭ᠎ᠠ ᠹᠠᠨ ᡁᠢ ᠮᠢᠨ ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠴᠡᠭ ᠲᠤ ᠪᠠᠶᠢᠴᠠᠭᠠᠨ ᠰᠤᠳᠤᠯᠤᠯᠲᠠ ᠬᠢᠵᠦ ᠥᠪᠡᠷᠲᠡᠭᠡᠨ ᠵᠠᠰᠠᠬᠤ ᠣᠷᠣᠨ ᠤ ᠡᠳ᠋ ᠤᠨ ᠶᠠᠪᠤᠳᠠᠯ ᠤᠨ ᠭᠠᠵᠠᠷ ᠤᠨ ᠳᠠᠷᠤᠭ᠎ᠠ ᠬᠤ᠋ ᠷᠦᠨ ᠵᠤᠤ᠂ ᠬᠤᠲᠠ ᠶᠢᠨ ᠳᠡᠳ᠋ ᠳᠠᠷᠤᠭ᠎ᠠ ᠢᠦᠢ ᠷᠧᠨ ᠵᠢᠶᠧ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠪᠠᠶᠢᠴᠠᠭᠠᠨ ᠰᠤᠳᠤᠯᠤᠯᠲᠠ ᠳᠤ ᠤᠷᠤᠯᠴᠠᠭᠰᠠᠨ ᠪᠠᠶᠢᠨ᠎ᠠ᠃
    ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ᠤᠷᠢᠳ ᠬᠤᠵᠢᠳ ᠲᠤᠭ ᠪᠠᠯᠭᠠᠰᠤᠨ ᠤ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ᠂ ᠥᠥᠰᠢᠨᠵᠤᠤ ᠪᠠᠯᠭᠠᠰᠤᠨ ᠤ ᠥᠥᠰᠢᠨᠵᠤᠤ ᠭᠠᠴᠠᠭᠠᠨ ᠤ ᠡᠷᠡᠭᠦᠯ ᠬᠠᠮᠠᠭᠠᠯᠠᠯ ᠤᠨ ᠳᠠᠰᠤᠭ ᠲᠤ ᠬᠦᠷᠴᠤ ᠪᠠᠶᠢᠴᠠᠭᠠᠨ ᠥᠵᠠᠵᠤ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠬᠤ ᠶᠢᠨ ᠬᠠᠮᠳᠤ ᠡᠷᠡᠭᠦᠯ ᠮᠠᠨᠳᠤ ᠶᠢᠨ ᠠᠵᠤ ᠠᠬᠤᠢ ᠶᠢᠨ ᠬᠠᠮᠢᠶᠠᠷᠤᠯᠲᠠ ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠵᠡᠷᠭᠡ ᠲᠠᠯ᠎ᠠ ᠪᠠᠷ ᠰᠤᠯᠢᠯᠴᠠᠭ᠎ᠠ ᠥᠷᠨᠢᠭᠦᠯᠥᠭᠰᠠᠨ ᠪᠠᠶᠢᠨ᠎ᠠ᠃ ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠮᠠᠨ ᠤ ᠬᠤᠰᠢᠭᠤᠨ ᠤ ᠡᠷᠡᠭᠦᠯ ᠮᠡᠨᠲᠤ ᠶᠢᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠪᠣᠯᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠨᠤᠳᠠᠯᠠᠯᠳᠠ ᠭᠢᠭᠦ ᠶᠢᠨ ᠬᠠᠮᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ ᠡᠮ ᠡᠮᠨᠡᠯᠭᠡ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠲᠠᠭᠦᠯᠳᠡᠷᠵᠢᠭᠦᠯᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ ᠥᠢᠯᠡᠴᠢᠯᠡᠭᠡᠨ ᠤ ᠭᠡᠯᠪᠠᠷᠢ ᠶᠢᠨ ᠰᠢᠨ᠎ᠡ ᠶᠢ ᠡᠭᠦᠳᠣᠨ ᠥᠢᠯᠡᠴᠢᠯᠡᠭᠡᠨ ᠤ ᠦᠷ᠎ᠡ ᠪᠦᠲᠦᠮᠵᠢ ᠪᠠᠨ ᠲᠡᠭᠡᠭᠰᠢᠯᠠᠭᠦᠯᠵᠦ ᠮᠠᠯᠴᠢᠨ ᠲᠠᠷᠢᠶᠠᠴᠢᠨ ᠳᠤ ᠲᠦᠬᠦᠮ ᠦᠵᠡᠬᠦᠯᠦᠨ ᠠᠰᠢᠭ ᠬᠦᠷᠲᠡᠭᠡᠬᠦ ᠬᠡᠷᠡᠭᠲᠡᠶ ᠭᠡᠵᠤ ᠱᠠᠭᠠᠷᠳᠠᠵᠠᠢ᠃     ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ︽ᠮᠠᠯᠵᠢᠬᠤ ᠳ᠋ᠠᠵᠠᠶ︾ ᠶᠢᠨ ᠮᠦᠽᠧᠶ ᠪᠠᠷ ᠲᠣᠭᠤᠷᠢᠨ ᠥᠵᠠᠵᠤ ᠮᠠᠯᠵᠢᠬᠤ ᠳ᠋ᠠᠵᠠᠶ ᠶᠢᠨ ᠵᠣᠷᠢᠭ ᠰᠠᠨᠠᠭ᠎ᠠ ᠪᠣᠯᠤᠨ ᠠᠮᠢ ᠠᠬᠤᠶ ᠶᠢᠨ ᠪᠣᠯᠪᠠᠰᠤᠨ ᠤ ᠥᠷ᠎ᠠ ᠪᠦᠲᠦᠭᠡᠯ ᠢ ᠤᠶᠢᠯᠠᠭᠠᠨ ᠥᠥᠰᠢᠨᠵᠤᠤ ᠶᠢᠨ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠤᠯᠪᠠᠰᠤᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ‌‍ᠲ᠋ᠤ ᠬᠦᠷᠴᠦ ᠥᠥᠰᠢᠨᠵᠤᠤ ᠶᠢᠨ ᠪᠣᠬᠢᠷᠲᠤᠯ ᠦᠭᠡᠢ ᠠᠮᠢ ᠠᠬᠤᠢ ᠶᠢᠨ ᠬᠥᠭᠵᠢᠯᠲᠡ ᠶᠢᠨ ᠵᠠᠮ ᠤᠨ ᠲᠤᠬᠠᠢ ᠨᠠᠷᠢᠨ ᠣᠶᠢᠯᠠᠭᠠᠪᠠ᠃     ᠡᠷᠳᠡᠨᠢᠪᠢᠯᠢᠭ ᠢᠯᠠᠷᠭᠡᠶᠢᠯᠠᠭᠦ ᠳᠤ ᠪᠠᠨ᠂ ᠮᠠᠨ ᠤ ᠬᠤᠰᠢᠭᠤ ᠡᠮ ᠡᠮᠨᠡᠯᠭᠡ ᠡᠷᠡᠭᠦᠯ ᠬᠠᠮᠠᠭᠠᠯᠠᠯ ᠤᠨ ᠣᠳᠣᠬᠢᠴᠢᠯᠠᠭᠰᠠᠨ ᠬᠠᠮᠢᠶᠠᠷᠤᠯᠲᠠ ᠶᠢᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ ᠪᠣᠳᠠᠲᠤ ᠠᠵᠢᠯᠯᠠᠭ᠎ᠠ ᠪᠠᠷ ᠢᠶᠠᠨ ︽ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠠᠭᠦ︾ ᠭᠤᠤᠯ ᠰᠡᠳᠦᠪᠲᠦ ᠬᠥᠮᠦᠵᠢᠯ ᠢ ᠥᠢᠯᠡᠳᠤᠯᠭᠡᠵᠢᠭᠦᠯᠤᠨ ᠪᠥᠬᠦ ᠬᠤᠰᠢᠭᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠦᠨᠡᠨ ᠬᠦ ᠪᠠᠳᠤᠯᠠᠨ᠎ᠠ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号