ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠤᠳᠠᠭᠠᠨ ᠤ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/15
     9 ᠰᠠᠷ᠎ᠠ ᠶᠢᠨ 11 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠤᠳᠠᠭᠠᠨ ᠤ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠠᠨ ᠲᠢᠶᠠᠨ ᠬᠤᠷᠠᠯ ᠳᠤ ᠤᠷᠤᠯᠴᠠᠬᠤ ᠶᠢᠨ ᠬᠠᠮᠳᠤ ᠳᠠᠶᠢᠴᠢᠯᠠᠯᠲᠠ ᠶᠢᠨ ᠶᠠᠷᠢᠶ᠎ᠠ ᠲᠠᠯᠪᠢᠵᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠰᠦ᠋ ᠰᠢᠨ ᠹᠠ ᠬᠤᠷᠠᠯ ᠳᠤ ᠤᠷᠤᠯᠴᠠᠭᠰᠠᠨ ᠪᠥᠭᠡᠳ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠤᠳᠠᠭᠠᠨ ᠤ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠳᠤ ᠡᠷᠬᠡ ᠤᠯᠭᠤᠬᠤ ᠪᠠ ᠠᠵᠢᠯ ᠤᠨ ᠡᠭᠦᠷᠭᠡ ᠶᠢᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠨ ᠠᠵᠢᠯᠯᠠᠬᠤ ᠡᠯ᠎ᠡ ᠨᠢᠭᠡᠴᠢ ᠶᠢᠨ ᠬᠠᠷᠢᠭᠤᠴᠠᠯᠭᠠᠲᠠᠨ᠂ ᠲᠤᠭᠤᠷᠢᠨ ᠪᠠᠶᠢᠴᠠᠭᠠᠭᠳᠠᠬᠤ ᠪᠠᠶᠢᠭᠤᠯᠭ᠎ᠠ ᠨᠢᠭᠡᠴᠢ ᠶᠢᠨ ᠤᠳᠤᠷᠢᠳᠬᠤ ᠪᠠᠭ᠂ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠪᠥᠬᠦ ᠠᠵᠢᠯᠲᠠᠳ ᠬᠤᠷᠠᠯ ᠳᠤ ᠤᠷᠤᠯᠴᠠᠭᠰᠠᠨ ᠪᠠᠶᠢᠨ᠎ᠠ᠃
     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠨᠥᠬᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠴᠢ ᠹᠠᠨ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠹᠧᠩ ᠴᠤᠤ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠭᠰᠠᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠲᠣᠭᠤᠷᠢᠨ ᠪᠠᠶᠢᠴᠠᠭᠠᠯᠲᠠ ᠪᠣᠯ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ᠂ ᠪᠥᠭᠦ ᠣᠷᠣᠨ ᠤ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠭᠠᠴᠢᠯᠠᠭᠠᠲᠤ ᠠᠵᠢᠯᠯᠠᠭ᠎ᠠ ᠪᠠᠶᠢᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠪᠠᠨ ᠨᠢᠭᠡᠳᠬᠡᠨ ᠬᠠᠮᠲᠤ ᠶᠢᠨ ᠲᠠᠨᠢᠯᠲᠠ ᠪᠠᠨ ᠨᠢᠭᠳᠠᠷᠠᠭᠤᠯᠵᠦ ᠲᠤᠰ ᠤᠳᠠᠭᠠᠨ ᠤ ᠲᠤᠭᠤᠷᠢᠨ ᠪᠠᠶᠢᠴᠠᠭᠠᠯᠲᠠ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠵᠥᠪ ᠢᠶᠠᠷ ᠲᠠᠨᠢᠵᠤ ᠠᠰᠠᠭᠤᠳᠠᠯ ᠤᠨ ᠲᠤᠬᠠᠶ ᠤᠬᠠᠮᠰᠠᠷ ᠢ ᠪᠤᠢ ᠪᠤᠯᠭᠠᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ ᠤᠯᠠᠨ ᠲᠥᠮᠡᠨ ᠳᠤ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ᠂ ᠢᠯᠵᠠᠷᠠᠯ ᠢ ᠡᠰᠡᠷᠭᠦᠴᠡᠬᠦ ᠨᠢ ᠪᠢᠳᠠᠨ ᠤ ᠳᠡᠷᠭᠡᠳᠡ ᠪᠠᠶᠢᠬᠤ ᠶᠢ ᠮᠡᠳᠠᠷᠠᠭᠦᠯᠭᠦ ᠭᠡᠷᠡᠭᠳᠠᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠭᠤᠷᠢᠨ ᠪᠠᠶᠢᠴᠠᠭᠠᠬᠤ ᠠᠵᠢᠯ ᠢ ᠴᠢᠨᠠᠷ ᠰᠠᠶᠢᠲᠠᠶ ᠠᠭᠢᠭᠤᠯᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠤᠯᠤᠰ ᠲᠥᠷᠥ ᠶᠢᠨ ᠲᠤᠭᠤᠷᠢᠨ ᠪᠠᠶᠢᠴᠠᠭᠠᠯᠲᠠ ᠶᠢ ᠥᠷᠨᠢᠭᠦᠯᠤᠨ ᠠᠵᠤ ᠠᠬᠤᠶᠢᠯᠠᠯ ᠪᠠ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠭᠤᠣᠯᠳᠠᠯᠭ᠎ᠠ ᠲᠠᠢ ᠠᠰᠠᠭᠤᠳᠠᠯ ᠢ ᠠᠩᠬᠠᠷᠴᠤ ᠲᠤᠭᠤᠷᠢᠨ ᠪᠠᠶᠢᠴᠠᠭᠠᠭᠳᠠᠬᠤ ᠨᠢᠭᠡᠴᠢ ᠶᠢ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠨ ᠪᠠᠷᠢᠨ ᠬᠡᠷᠡᠭᠵᠢᠭᠦᠯᠵᠦ ᠪᠠᠷᠢᠨ ᠴᠡᠭᠴᠡᠯᠡᠨ ᠰᠠᠶᠢᠵᠢᠷᠠᠭᠤᠯᠵᠤ ᠲᠤᠭᠤᠷᠢᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠭᠡᠯ ᠢ ᠲᠡᠭᠡᠭᠰᠢᠯᠠᠭᠦᠯᠭᠦ ᠭᠡᠷᠡᠭᠳᠠᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠤᠭᠤᠷᠢᠨ ᠪᠠᠶᠢᠴᠠᠭᠠᠬᠤ ᠳᠤᠭᠤᠶᠢᠯᠠᠩ ᠤᠯᠤᠰ ᠲᠥᠷᠥ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ ᠵᠥᠷᠢᠴᠠᠯ ᠲᠠᠢ ᠠᠰᠠᠭᠤᠳᠠᠯ ᠳᠤ ᠵᠣᠷᠢᠭᠲᠠᠶ ᠪᠠᠷ ᠰᠢᠭᠤᠳ ᠬᠠᠨᠳᠤᠵᠤ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠭᠦ ᠭᠡᠷᠡᠭᠳᠠᠢ᠃ ᠲᠣᠭᠤᠷᠢᠨ ᠪᠠᠶᠢᠴᠠᠭᠠᠬᠤ ᠺᠠᠳ᠋ᠷ ᠠᠵᠢᠯᠲᠠᠳ ᠤᠬᠠᠮᠰᠠᠷ ᠠᠴᠠ ᠪᠠᠨ ᠰᠤᠷᠤᠯᠴᠠᠯᠭ᠎ᠠ ᠪᠠ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ ᠲᠤᠭᠤᠷᠢᠨ ᠪᠠᠶᠢᠴᠠᠭᠠᠬᠤ ᠰᠠᠬᠢᠯᠭ᠎ᠠ ᠪᠠᠲᠤ ᠶᠣᠰᠣ ᠲᠦᠷᠢᠮ‌ᠢ ᠴᠢᠩᠭ᠎ᠠ ᠰᠠᠬᠢᠵᠤ ᠲᠤᠭᠤᠷᠢᠨ ᠪᠠᠶᠢᠴᠠᠭᠠᠬᠤ ᠺᠠᠳ᠋ᠷ ᠤᠨ ᠡᠩᠨᠡᠭᠡᠨ ᠤ ᠲᠦᠷᠢ ᠲᠥᠷᠬᠦ ᠶᠢ ᠬᠠᠮᠠᠭᠠᠯᠠᠨ ᠲᠤᠭᠤᠷᠢᠨ ᠪᠠᠶᠢᠴᠠᠭᠠᠬᠤ ᠠᠵᠢᠯ ᠢ ᠬᠠᠤᠯᠢ ᠶᠣᠰᠣᠭᠠᠷ ᠥᠷᠨᠢᠭᠦᠯᠵᠦ ᠨᠡᠩ ᠥᠨᠳᠥᠷ ᠤᠯᠤᠰ ᠲᠥᠷᠥ  ᠶᠢᠨ ᠵᠣᠭᠰᠣᠴᠠ᠂ ᠨᠡᠩ ᠴᠢᠩᠭ᠎ᠠ ᠬᠢᠨᠠᠯᠲᠠ ᠲᠠᠯᠪᠢᠬᠤ ᠦᠷ᠎ᠡ ᠪᠦᠲᠦᠮᠵᠢ ᠪᠠᠷ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠭᠥᠨᠵᠡᠭᠡᠶᠢᠷᠠᠭᠦᠯᠤᠨ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号