ᠦᠥᠰᠢᠨ ᠬᠤᠰᠢᠭᠤᠨ ᠤ ᠮᠣᠩᠭᠤᠯ ᠦᠨᠳᠦᠰᠦᠳᠡᠨ ᠤ ᠲᠣᠷᠰᠢᠯᠳᠠ ᠶᠢᠨ ᠪᠠᠭ᠎ᠠ ᠰᠣᠷᠭᠠᠭᠤᠯᠢ ᠶᠢᠨ ᠬᠤᠶᠠᠳᠣᠭᠠᠷ ᠣᠨ ᠤ ᠲᠠᠪᠣᠳᠣᠭᠠᠷ ᠠᠩᠬᠢ ᠨᠢ ︽ᠵᠢᠭᠠᠯ ᠬᠡᠣᠬᠡᠳ︾  ᠰᠠᠶᠢᠨ ᠳᠣᠷᠴᠣᠳ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2020/9/15
    2018 ᠣᠨ ᠳᠤ ᠦᠦᠰᠢᠨ ᠬᠤᠰᠢᠭᠤ ᠨᠢ ᠪᠦᠬᠦ ᠣᠯᠣᠰ ᠤᠨ ᠰᠢᠶᠡᠨ ᠤ ᠲᠡᠰ ᠤᠨ ᠪᠣᠯᠪᠠᠰᠣᠨ ᠬᠤᠳᠠ ᠪᠠᠷ ᠨᠡᠷ᠎ᠡ ᠲᠣᠷᠠᠳᠬᠤ ᠬᠢᠷᠢ ᠬᠡᠮ ᠢ ᠣᠯᠣᠭᠰᠠᠨ ᠠᠴᠠ ᠨᠠᠰᠢ᠂ ᠪᠦᠬᠦ ᠬᠤᠰᠢᠭᠤᠨ ᠤ ᠺᠠᠳ᠋ᠷ᠂ ᠣᠯᠠᠨ ᠲᠦᠮᠡᠨ ᠰᠡᠳᠬᠢᠯ ᠨᠢᠭᠡᠳᠦᠨ᠂ ᠪᠣᠯᠪᠠᠰᠣᠨ ᠬᠤᠳᠠ ᠶᠢ ᠪᠦᠳᠦᠭᠡᠨ ᠪᠠᠶᠢᠭᠤᠯᠬᠤ ᠠᠵᠢᠯᠯᠠᠭ᠎ᠠ ᠳᠤ ᠦᠪᠡᠷ ᠦᠪᠡᠷ ᠤᠨ ᠬᠤᠪᠢ ᠨᠡᠮᠡᠷᠢ ᠪᠠᠨ ᠦᠵᠡᠬᠦᠯᠦᠭᠰᠡᠨ ᠪᠠᠶᠢᠨ᠎ᠠ᠃ ᠨᠡᠩ ᠢᠯᠠᠩᠭᠤᠶ᠎ᠠ ︽ᠰᠠᠶᠢᠨ ᠲᠣᠷᠠᠴᠣᠣᠯ︾ ᠨᠢ ᠪᠣᠯᠪᠠᠰᠣᠨ ᠬᠤᠳᠠ ᠶᠢ ᠪᠦᠳᠦᠭᠡᠨ ᠪᠠᠶᠢᠭᠤᠯᠬᠤ ᠠᠵᠢᠯᠯᠠᠭ᠎ᠠ ᠲᠣᠮᠳᠠ ᠲᠦᠷᠦᠬᠦᠯᠡᠬᠦ ᠦᠢᠯᠡᠳᠦᠯ ᠦᠵᠡᠬᠦᠯᠵᠦ᠂ ᠲᠠᠭᠤᠷᠢᠶᠠᠯ ᠪᠣᠯᠣᠭᠰᠠᠨ ᠢᠶᠠᠷ ᠪᠠᠷᠠᠬᠤ ᠦᠭᠡᠢ ᠲᠡᠳᠡᠨ ᠤ ᠬᠦᠴᠢᠷ ᠠᠴᠠ ᠠᠶᠣᠬᠤ ᠦᠭᠡᠢ ᠵᠣᠷᠢᠭ ᠰᠠᠨᠠᠭ᠎ᠠ ᠨᠢ ᠠᠬᠠᠮᠠᠳ ᠨᠠᠰᠣᠳᠠᠨ ᠠᠴᠠ ᠡᠬᠢᠯᠡᠨ ᠢᠳᠡᠷ ᠵᠠᠯᠠᠭᠤᠴᠣᠳ᠂ ᠬᠡᠦᠭᠡᠳ ᠪᠠᠭᠠᠴᠣᠳ ᠢ ᠲᠠᠶᠢᠴᠢᠯᠠᠵᠣ ᠴᠢᠳᠠᠭᠰᠠᠨ ᠠᠴᠠ ᠣᠷᠴᠢᠮᠬᠠᠨ ᠲᠣᠮᠳᠠᠳᠣ ᠪᠠᠭ᠎ᠠ ᠰᠣᠷᠭᠠᠭᠤᠯᠢ ᠶᠢᠨ ᠰᠣᠷᠣᠭᠴᠢᠳ ᠬᠦᠷᠳᠡᠯ᠎ᠡ ︽ᠰᠠᠶᠢᠨ ᠲᠣᠷᠠᠴᠣᠣᠯ︾ ᠪᠣᠯᠵᠣ᠂ ᠪᠣᠯᠪᠠᠰᠣᠨ ᠬᠤᠳᠠ ᠶᠢ ᠪᠦᠳᠦᠭᠡᠨ ᠪᠠᠶᠢᠭᠤᠯᠬᠤ ᠠᠵᠢᠯᠯᠠᠭ᠎ᠠ ᠳᠤ ᠢᠳᠡᠪᠬᠢᠯᠡᠨ ᠣᠷᠣᠯᠴᠠᠵᠣ ᠪᠠᠶᠢᠨ᠎ᠠ᠃
     ᠡᠭᠦᠨ ᠳᠤ᠂ 8 ᠰᠠᠷ᠎ᠠ ᠶᠢᠨ 14 ᠤ ᠡᠳᠦᠷ᠂ ᠦᠥᠰᠢᠨ ᠬᠤᠰᠢᠭᠤᠨ ᠤ ᠮᠣᠩᠭᠤᠯ ᠦᠨᠳᠦᠰᠦᠳᠡᠨ ᠤ ᠲᠣᠷᠰᠢᠯᠳᠠ ᠶᠢᠨ ᠪᠠᠭ᠎ᠠ ᠰᠣᠷᠭᠠᠭᠤᠯᠢ ᠶᠢᠨ ᠬᠤᠶᠠᠳᠣᠭᠠᠷ ᠣᠨ ᠤ ᠲᠠᠪᠣᠳᠣᠭᠠᠷ ᠠᠩᠬᠢ ᠨᠢ ᠭᠠᠯᠠᠭᠤᠳᠣ ᠪᠠᠯᠭᠠᠰᠣᠨ ᠤ ᠪᠠᠶ᠋ᠬᠠᠦ᠋ᠨᠳᠦᠷ ᠭᠠᠴᠠᠭᠠᠨ ᠤ ᠨᠡᠬᠦᠳᠡᠯ ᠠᠷᠠᠳ ᠤᠨ ᠲᠣᠭᠤᠷᠢᠭ ᠲᠤ ᠬᠦᠷᠴᠦ ︽ᠵᠢᠭᠠᠯ ᠬᠡᠣᠬᠡᠳ︾ ᠰᠠᠶᠢᠨ ᠳᠣᠷᠠᠴᠣᠳ ᠤᠨ ᠠᠵᠢᠯᠯᠠᠭ᠎ᠠ ᠥᠷᠨᠢᠭᠦᠯᠪᠡ᠃ ᠲᠤᠰ ᠤᠳᠠᠭᠠᠨ ᠤ ᠰᠠᠶᠢᠨ ᠲᠤᠷᠠᠴᠤᠤᠯ ᠤᠨ ᠠᠵᠢᠯᠯᠠᠭᠠᠨ ᠳᠤ ︽ᠵᠢᠭᠠᠯ ᠬᠡᠣᠬᠡᠳ︾ ᠰᠠᠶᠢᠨ ᠳᠣᠷᠠᠴᠣᠳ ᠪᠠᠶ᠋ᠬᠠᠦ᠋ᠨᠳᠦᠷ ᠭᠠᠴᠠᠭᠠᠨ ᠤ ᠨᠡᠬᠦᠳᠡᠯ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ︽ᠦᠥᠰᠢᠨ ᠬᠤᠰᠢᠭᠤᠨ ᠤ ᠬᠤᠳᠠ ᠶᠢᠨ ᠠᠷᠠᠳ ᠤᠨ ᠪᠣᠯᠪᠠᠰᠣᠨ ᠤ ᠭᠠᠷ ᠲᠡᠪᠳᠡᠷ︾᠂ ︽ᠪᠦᠬᠦ ᠪᠠᠯᠭᠠᠰᠣᠨ ᠤ ᠠᠷᠠᠳ ᠲᠦᠮᠡᠨ ᠳᠤ ᠦᠭᠭᠦᠭᠰᠡᠨ ᠵᠠᠬᠢᠳᠠᠯ︾᠂ ︽ᠦᠥᠰᠢᠨ ᠬᠤᠰᠢᠭᠤᠨ ᠤ ᠨᠠᠰᠣᠳᠠᠶᠢᠴᠣᠳ ᠲᠤ ᠦᠭᠭᠦᠭᠰᠡᠨ ᠵᠠᠬᠢᠳᠠᠯ︾ ᠵᠡᠷᠭᠡ ᠣᠬᠠᠭᠤᠯᠭ᠎ᠠ ᠶᠢᠨ ᠬᠠᠭᠤᠳᠠᠰᠣ ᠶᠢ ᠲᠠᠷᠬᠠᠭᠠᠵᠤ᠂ ᠲᠣᠬᠤᠭᠤᠨᠢᠭᠤᠯᠭ᠎ᠠ ᠶᠢᠨ ᠪᠡᠯᠡᠭ ᠬᠦᠷᠭᠡᠨ᠂ ᠣᠷᠴᠢᠨ ᠲᠣᠭᠤᠷᠢᠨ ᠢ ᠴᠡᠪᠡᠷᠯᠡᠵᠡᠢ᠃ ᠠᠵᠢᠯᠠᠯᠭ᠎ᠠ ᠲᠣᠮᠳᠠ ᠠᠴᠠ︽ᠵᠢᠭᠠᠯ ᠬᠡᠣᠬᠡᠳ︾ ᠰᠠᠶᠢᠨ ᠳᠣᠷᠠᠴᠣᠳ ᠨᠢ ᠪᠣᠯᠪᠠᠰᠣᠨ ᠦᠭᠡ ᠶᠠᠷᠢᠵᠣ᠂ ᠪᠣᠯᠪᠠᠰᠣᠨ ᠠᠵᠢᠯ ᠬᠢᠬᠦ ᠶᠢᠨ ᠬᠠᠮᠳᠣ᠂ ᠪᠣᠯᠪᠠᠰᠣᠨ ᠬᠤᠳᠠ ᠶᠢ ᠪᠦᠳᠦᠭᠡᠨ ᠪᠠᠶᠢᠭᠤᠯᠬᠤ ᠠᠵᠢᠯᠯᠠᠭ᠎ᠠ ᠳᠤ ᠬᠦᠮᠦᠨ ᠪᠣᠯᠭᠠᠨ ᠬᠠᠷᠢᠭᠤᠴᠠᠬᠤ᠂ ᠣᠷᠴᠢᠨ ᠲᠣᠭᠤᠷᠢᠨ ᠢ ᠪᠣᠬᠢᠷᠳᠣᠭᠤᠯᠬᠤ ᠠᠵᠢᠯᠯᠠᠭ᠎ᠠ ᠶᠢ ᠡᠷᠡᠰ ᠬᠤᠷᠢᠭᠯᠠᠬᠤ᠂ ᠠᠷᠢᠭᠤᠨ ᠴᠡᠪᠡᠷ ᠣᠯᠠᠨ ᠨᠡᠶᠢᠳᠡ ᠶᠢᠨ ᠣᠷᠴᠢᠨ ᠲᠣᠭᠤᠷᠢᠨ ᠢ ᠪᠣᠢ ᠪᠣᠯᠭᠠᠬᠤ ᠶᠢ ᠪᠠᠶᠠᠴᠢᠯᠡᠨ ᠣᠶᠢᠯᠠᠭᠠᠭᠰᠠᠨ ᠪᠠᠶᠢᠨ᠎ᠠ᠃ ᠮᠥᠨ ᠴᠦ ᠨᠣᠮᠢᠨ ᠲᠠᠩᠰᠤᠭ ᠦᠥᠰᠢᠨ ᠢᠶᠠᠨ ᠪᠦᠬᠦ ᠣᠯᠣᠰ ᠤᠨ ᠰᠢᠶᠡᠨ ᠤ ᠲᠡᠰ ᠤᠨ ᠪᠣᠯᠪᠠᠰᠣᠨ ᠬᠤᠳᠠ ᠪᠣᠯᠭᠠᠨ ᠪᠦᠳᠦᠭᠡᠨ ᠪᠠᠶᠢᠭᠤᠯᠬᠤ ᠪᠠᠷ ᠰᠦᠰᠦ ᠵᠣᠷᠢᠭ ᠨᠡᠮᠡᠷᠢᠯᠡᠵᠦ᠂ ᠦᠴᠦᠬᠡᠨ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃     ᠲᠤᠰ ᠤᠳᠠᠭᠠᠨ ᠤ ᠠᠵᠢᠯᠯᠠᠭ᠎ᠠ ᠨᠢ ᠵᠥᠪᠭᠡᠨ ᠨᠢᠭᠡ ᠤᠳᠠᠭᠠᠨ ᠤ ᠰᠠᠶᠢᠨ ᠲᠤᠷᠠᠴᠤᠤᠯ ᠶᠢᠨ ᠠᠵᠢᠯᠯᠠᠭ᠎ᠠ ᠲᠡᠳᠦᠢ ᠪᠢᠰᠢ ᠃ ᠮᠡᠨ ᠤ ︽ᠵᠢᠭᠠᠯ ᠬᠡᠣᠬᠡᠳ︾ ᠰᠠᠶᠢᠨ ᠳᠣᠷᠠᠴᠣᠳ ᠪᠣᠯᠪᠠᠰᠤᠨ ᠬᠤᠲᠠ ᠶᠢ ᠪᠥᠲᠥᠭᠡᠨ ᠪᠠᠶᠢᠭᠤᠯᠬᠤ ᠳᠤ ᠬᠦᠮᠦᠨ ᠪᠥᠬᠦᠨ ᠬᠠᠷᠢᠭᠤᠴᠠᠯᠭ᠎ᠠ ᠲᠠᠢ᠂ ᠬᠦᠮᠦᠨ ᠪᠦᠬᠦᠨ ᠣᠷᠣᠯᠴᠠᠬᠤ ᠬᠡᠷᠡᠭᠲᠡᠢ ᠭᠡᠰᠡᠨ ᠢ ᠮᠡᠳᠡᠭᠰᠡᠨ ᠢᠶᠠᠷ ᠪᠠᠷᠠᠬᠤ ᠦᠭᠡᠢ ᠭᠠᠷ ᠭᠠᠷ ᠢᠶᠠᠨ ᠬᠤᠯᠪᠤᠵᠤ᠂ ᠬᠦᠴᠦ ᠬᠦᠴᠦ ᠪᠠᠨ ᠬᠠᠮᠲᠤᠳᠬᠠᠪᠠᠯ ᠬᠦᠴᠢᠷ ᠢ ᠳᠠᠪᠠᠵᠤ ᠵᠣᠷᠢᠭᠰᠠᠨ ᠢ ᠪᠠᠨ ᠪᠡᠶᠡᠯᠡᠭᠦᠯᠵᠦ ᠲᠡᠶᠢᠯᠦᠨ᠎ᠡ ᠭᠡᠰᠡᠨ ᠢ ᠮᠡᠳᠡᠷᠡᠵᠡᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号