ᠰᠢ ᠶᠢᠨ ᠫᠢᠩ ᠰᠸᠢᠰ ᠤᠨ ᠬᠤᠯᠪᠤᠭᠠᠨ ᠤ ᠲᠡᠷᠢᠬᠦᠯᠡᠭᠴᠢ ᠰᠤᠮᠠᠯᠦ᠋ᠵᠢᠶᠠ ᠲᠠᠢ ᠳᠤᠮᠳᠠᠳᠤ ᠰᠸᠢᠰ ᠤᠨ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2020/9/16
     ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 14 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 9 ᠰᠠᠷ᠎ᠠ ᠶᠢᠨ 14 ᠤ ᠡᠳᠦᠷ ᠰᠸᠢᠰ ᠤᠨ ᠬᠤᠯᠪᠤᠭᠠᠨ ᠤ ᠲᠡᠷᠢᠬᠦᠯᠡᠭᠴᠢ ᠰᠤᠮᠠᠯᠦ᠋ᠵᠢᠶᠠ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠦ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠪᠡ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠰᠸᠢᠰ ᠪᠤᠯ ᠬᠠᠮᠤᠭ ᠡᠷᠳᠡ ᠰᠢᠨ᠎ᠠ ᠳᠤᠮᠳᠠᠳᠤ ᠤᠯᠤᠰ ᠯᠤᠭ᠎ᠠ ᠬᠠᠷᠢᠯᠴᠠᠭ᠎ᠠ ᠪᠠᠶᠢᠭᠤᠯᠤᠭᠰᠠᠨ ᠦᠷᠦᠨᠡᠳᠠᠬᠢᠨ ᠤ ᠤᠯᠤᠰ ᠤᠨ ᠨᠢᠭᠡ ᠪᠤᠯᠤᠨ᠎ᠠ᠃ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠲᠦᠷᠭᠡᠨ ᠬᠦᠭᠵᠢᠵᠦ᠂ ᠬᠤᠶᠠᠷ ᠲᠠᠯ᠎ᠠ ᠪᠠᠷ ᠢᠶᠠᠨ ︽ᠡᠷᠭᠡ ᠲᠡᠭᠰᠢ᠂ ᠰᠢᠨ᠎ᠠ ᠶᠢ ᠡᠬᠦᠳᠬᠦ᠂ ᠬᠠᠮᠳᠤ ᠪᠠᠷ ᠠᠰᠢᠬ ᠬᠦᠷᠳᠡᠬᠦ︾ ᠳᠤᠮᠳᠠᠳᠤ ᠰᠸᠢᠰ ᠤᠨ ᠬᠠᠮᠳᠤᠷᠠᠯᠴᠠᠭᠠᠨ ᠤ ᠵᠤᠷᠢᠭ ᠰᠠᠨᠠᠭ᠎ᠠ ᠶᠢ ᠭᠠᠷ ᠬᠤᠯᠪᠤᠨ ᠪᠦᠷᠢᠯᠳᠦᠭᠦᠯᠵᠦ᠂ ᠠᠳᠠᠯᠢ ᠪᠤᠰᠤ ᠨᠡᠶᠢᠭᠡᠮ ᠤᠨ ᠪᠠᠶᠢᠭᠤᠯᠤᠯ ᠂ ᠠᠳᠠᠯᠢ ᠪᠤᠰᠤ ᠬᠦᠭᠵᠢᠯᠳᠠ ᠶᠢᠨ ᠱᠠᠳᠤ᠂ ᠶᠡᠭᠡ ᠪᠠᠭ᠎ᠠ ᠪᠠᠷ ᠢᠶᠠᠨ ᠠᠳᠠᠯᠢ ᠪᠤᠰᠤ ᠤᠯᠤᠰ ᠤᠨ ᠨᠦᠬᠦᠷᠰᠡᠭ ᠬᠠᠮᠳᠤᠷᠠᠯᠴᠠᠭᠠᠨ ᠤ ᠦᠯᠢᠭᠡᠷ ᠳᠠᠭᠤᠷᠢᠶᠠᠯ ᠪᠤᠯᠵᠠᠢ᠃ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠬᠠᠮᠳᠤ ᠪᠠᠷ ᠡᠰᠡᠷᠬᠦᠴᠡᠬᠦ ᠶᠠᠪᠤᠴᠠ ᠳᠤᠮᠳᠠ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠪᠰᠤᠷᠤᠯᠴᠠᠵᠦ᠂ ᠬᠤᠶᠠᠷ ᠤᠯᠤᠰ ᠤᠨ ᠠᠷᠠᠳ ᠲᠦᠮᠡᠨ ᠤ ᠨᠦᠬᠦᠷᠰᠡᠭ ᠬᠠᠶᠢᠷ᠎ᠠ ᠰᠡᠳᠭᠢᠯᠭᠡ ᠶᠢ ᠵᠤᠵᠠᠭᠠᠳᠬᠠᠵᠠᠢ᠃ ᠪᠢ ᠳᠤᠮᠳᠠᠳᠤ ᠰᠸᠢᠰ ᠤᠨ ᠬᠠᠷᠢᠯᠴᠠᠭᠠᠨ ᠤ ᠬᠦᠭᠵᠢᠯᠳᠠ ᠶᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠳᠤᠷᠠᠳᠠᠶ᠎ᠠ ᠬᠤᠯᠪᠤᠭᠠᠨ ᠤ ᠲᠡᠷᠢᠬᠦᠯᠡᠭᠴᠢ ᠰᠤᠮᠠᠯᠦ᠋ᠵᠢᠶᠠ ᠲᠠᠢ ᠬᠠᠮᠳᠤ ᠪᠠᠷ ᠴᠢᠷᠮᠠᠶᠢᠵᠦ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠪᠠᠷ ᠠᠨᠢᠰᠤ ᠪᠤᠯᠭᠠᠨ᠂ ᠳᠤᠮᠳᠠᠳᠤ ᠰᠸᠢᠰ ᠤᠨ ᠰᠢᠨ᠎ᠠ ᠶᠢ ᠡᠬᠦᠳᠬᠦ ᠪᠠᠶᠢᠯᠳᠤᠬᠤ ᠪᠤᠳᠤᠯᠭ᠎ᠠ‌‍ᠶᠢᠨ ᠬᠠᠨᠢᠳᠠᠨ ᠤ ᠬᠠᠷᠢᠯᠴᠠᠭ᠎ᠠ ᠶᠢᠨ ᠳᠠᠰᠤᠷᠠᠯᠳᠠ ᠦᠭᠡᠢ ᠤᠷᠤᠬᠰᠢ ᠬᠦᠭᠵᠢᠬᠦ ᠶᠢ ᠠᠬᠢᠭᠤᠯᠵᠦ᠂ ᠬᠤᠶᠠᠷ ᠤᠯᠤᠰ ᠪᠠ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠠ᠃ ᠳᠤᠮᠳᠠᠳᠤ ᠰᠸᠢᠰ ᠤᠨ ᠨᠦᠬᠦᠷᠯᠡᠯ ᠮᠦᠩᠭᠡ ᠤᠷᠤᠰᠢᠬᠤ ᠪᠤᠯᠳᠤᠭᠠᠢ ᠭᠡᠵᠦ ᠬᠦᠰᠡᠨ ᠵᠦᠩᠨᠡᠵᠦ ᠪᠠᠶᠢᠨ᠎ᠠ ᠭᠡᠵᠦ ᠵᠢᠭᠠᠵᠦ ᠭᠠᠷᠭᠠᠪᠠ᠃      ᠰᠤᠮᠠᠯᠦ᠋ᠵᠢᠶᠠ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠰᠸᠢᠰ ᠳᠤᠮᠳᠠᠳᠤ ᠶᠢᠨ ᠶᠠᠪᠤᠯᠴᠠᠭ᠎ᠠ ᠦᠨᠢ ᠤᠳᠠᠭᠠᠨ ᠲᠡᠦᠭᠡ ᠲᠠᠢ ᠶᠤᠮ᠃ 70 ᠵᠢᠯ ᠤᠨ ᠲᠤᠷᠰᠢ ᠬᠤᠶᠠᠷ ᠤᠯᠤᠰ ᠢᠶᠠᠷ ᠢᠶᠠᠨ ᠢᠮᠠᠬᠳᠠ ᠨᠡᠭᠡᠭᠡᠯᠳᠠᠳᠠᠢ ᠪᠦᠭᠡᠳ ᠬᠠᠷᠢᠯᠴᠠᠨ ᠬᠦᠨᠳᠦᠳᠭᠡᠭᠦ ᠵᠠᠷᠴᠢᠮ ᠢ ᠪᠠᠷᠢᠮᠳᠠᠯᠠᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠬᠦᠭᠵᠢᠬᠦᠯᠵᠡᠢ᠃ ᠬᠤᠶᠠᠷ ᠤᠯᠤᠰ ᠤᠨ ᠤᠷᠳᠤ ᠬᠤᠭᠤᠴᠠᠭᠠᠨ ᠤ ᠨᠢᠬᠳᠠ᠂ ᠨᠦᠬᠦᠷᠰᠡᠭ ᠬᠠᠷᠢᠯᠴᠠᠭ᠎ᠠ ᠪᠠᠶᠢᠬᠰᠠᠨ ᠠᠴᠠ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠡᠮᠦᠨ᠎ᠠ᠂ ᠰᠸᠢᠰ ᠳᠤᠮᠳᠠᠳᠤ ᠬᠤᠶᠠᠷ ᠲᠠᠯ᠎ᠠ ᠪᠠᠷ ᠢᠶᠠᠨ ᠭᠠᠷ ᠬᠤᠯᠪᠤᠨ ᠬᠦᠴᠢᠷ ᠪᠡᠷᠭᠡᠰᠢᠶᠡᠯ ᠢ ᠬᠠᠮᠳᠤ ᠪᠠᠷ ᠲᠤᠭᠤᠯᠵᠦ ᠴᠢᠳᠠᠬᠰᠠᠨ ᠶᠤᠮ᠃ ᠰᠸᠢᠰ ᠤᠨ ᠬᠤᠯᠪᠤᠭᠠᠨ ᠤ ᠵᠠᠰᠠᠭ ᠤᠨ ᠤᠷᠳᠤᠨ ᠳᠤᠷᠠᠳᠠᠶ᠎ᠠ ᠬᠤᠶᠠᠷ ᠲᠠᠯ᠎ᠠ ᠶᠢᠨ ᠬᠠᠷᠢᠯᠴᠠᠭ᠎ᠠ ᠪᠠ ᠤᠢᠢᠯᠠᠭᠠᠯᠴᠠᠭ᠎ᠠ ᠶᠢ ᠬᠤᠶᠠᠷ ᠤᠯᠤᠰ ᠢᠶᠠᠷ ᠢᠶᠠᠨ ᠴᠢᠨᠠᠬᠰᠢᠳᠠ ᠬᠦᠨᠵᠡᠭᠡᠶᠢᠷᠡᠬᠦᠯᠬᠦ ᠶᠢ ᠠᠬᠢᠭᠤᠯᠤᠨ᠎ᠠ ᠭᠡᠵᠦ ᠢᠯᠡᠳᠭᠡᠵᠡᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号