︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠬᠠᠤᠯᠢ︾ ᠪᠤᠯᠤᠨ ᠤᠯᠤᠰ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠲᠤᠭᠲᠠᠭᠠᠯ ᠢ ᠦᠨᠳᠦᠰᠦᠯᠡᠨ | ᠦᠦᠰᠢᠨ ᠬᠤᠰᠢᠭᠤ 2020 ᠤᠨ ᠤ 9 ᠰᠠᠷ᠎ᠠ ᠶᠢᠨ 18 ᠤ ᠡᠳᠤᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠰᠡᠷᠡᠮᠵᠢ ᠶᠢᠨ ᠲᠤᠬᠢᠶᠠᠶᠢ ᠲᠤᠷᠰᠢᠨ ᠲᠣᠣᠭᠠᠷᠭᠠᠬᠤ ᠪᠠᠷ ᠲᠤᠭᠲᠠᠪᠠ᠃ ᠡᠳᠦᠬᠡ ᠲᠤᠤᠷᠠᠬᠢ ᠮᠡᠳᠦ ᠵᠠᠷᠯᠠᠶ᠎ᠠ᠄ | ᠨᠢᠭᠡ᠂ ᠰᠡᠷᠡᠮᠵᠢ ᠶᠢᠨ ᠲᠤᠬᠢᠶ᠎ᠠ ᠶᠢ ᠲᠤᠷᠰᠢᠨ ᠳᠤᠤᠭᠠᠷᠭᠠᠬᠤ ᠴᠠᠭ᠄ 9 ᠰᠠᠷ᠎ᠠ ᠶᠢᠨ 18 ᠤ ᠡᠳᠤᠷ ᠤᠨ | ᠦᠳᠡ ᠶᠢᠨ ᠡᠮᠤᠨ᠎ᠡ ᠶᠢᠨ 9᠄ 30 ᠠᠴᠠ 10᠄ 00 ᠪᠤᠯᠲᠠᠯ᠎ᠠ᠃ | ᠬᠤᠶᠠᠷ᠂ ᠰᠡᠷᠡᠮᠵᠢ ᠶᠢᠨ ᠲᠤᠬᠢᠶ᠎ᠠ ᠶᠢ ᠲᠤᠷᠰᠢᠨ ᠳᠤᠤᠭᠠᠷᠭᠠᠬᠤ ᠬᠡᠪᠴᠢᠶ᠎ᠡ᠄ ᠦᠦᠰᠢᠨ ᠬᠤᠰᠢᠭᠤᠨ ᠤ | ᠭᠠᠯᠠᠭᠤᠲᠤ ᠪᠠᠯᠭᠠᠰᠤ᠂ ᠤᠯᠠᠭᠠᠨᠲᠤᠯᠤᠭᠠᠢ ᠪᠠᠯᠭᠠᠰᠤ ᠵᠢᠴᠢ ᠦᠤᠰᠢᠨᠵᠤᠤ ᠪᠠᠯᠭᠠᠰᠤ᠃ | ᠭᠤᠷᠪᠠ᠂ ᠰᠡᠷᠡᠮᠵᠢ ᠶᠢᠨ ᠲᠤᠬᠢᠶ᠎ᠠ ᠶᠢ ᠲᠤᠷᠰᠢᠨ ᠳᠤᠤᠭᠠᠷᠭᠠᠬᠤ ᠬᠡᠯᠪᠡᠷᠢ | ᠪᠡᠯᠡᠳᠭᠡᠯ ᠰᠡᠷᠡᠮᠵᠢ ᠶᠢᠨ ᠲᠤᠬᠢᠶ᠎ᠠ᠄ 36 ᠰᠧᠺᠦ᠋ᠨ᠋ᠳ᠋ ᠳᠤᠤᠭᠠᠷᠭᠠᠨ 24 ᠰᠧᠺᠦ᠋ᠨ᠋ᠳ᠋ ᠵᠤᠭᠰᠤᠭᠠᠵᠤ᠂ 3 | ᠤᠳᠠᠭ᠎ᠠ ᠲᠠᠭᠢᠨ ᠲᠤᠤᠭᠠᠷᠭᠠᠬᠤ ᠪᠠᠷ ᠨᠢᠭᠡ ᠦᠶᠡᠯᠡᠯ ᠤᠨ ᠬᠤᠭᠤᠴᠠᠭ᠎ᠠ ᠪᠤᠯᠭᠠᠨ 3 ᠮᠢᠨᠦ᠋ᠲ ᠦᠷᠭᠦᠯᠵᠢᠯᠡᠬᠦᠯᠦᠨᠡ᠃ | ᠠᠭᠠᠷ ᠤᠨ ᠳᠠᠭᠠᠷᠢᠯᠲᠠ ᠪᠤᠯᠤᠨ ᠭᠠᠮᠰᠢᠭ ᠤᠨ ᠰᠡᠷᠡᠮᠵᠢ ᠶᠢᠨ ᠲᠤᠬᠢᠶ᠎ᠠ᠄ 6 ᠰᠧᠺᠦ᠋ᠨ᠋ᠳ᠋ ᠳᠤᠤᠭᠠᠷᠭᠠᠨ 6 ᠰᠧᠺᠦ᠋ᠨ᠋ᠳ᠋ | ᠵᠤᠭᠰᠤᠭᠠᠵᠤ᠂ 15 ᠤᠳᠠᠭ᠎ᠠ ᠲᠠᠭᠢᠨ ᠲᠤᠤᠭᠠᠷᠭᠠᠬᠤ ᠪᠠᠷ ᠨᠢᠭᠡ ᠦᠶᠡᠯᠡᠯ ᠤᠨ ᠬᠤᠭᠤᠴᠠᠭ᠎ᠠ ᠪᠤᠯᠭᠠᠨ 3 ᠮᠢᠨᠦ᠋ᠲ | ᠦᠷᠭᠦᠯᠵᠢᠯᠡᠬᠦᠯᠦᠨᠡ᠃ ᠬᠦᠴᠦᠨ ᠦᠬᠡᠢ ᠪᠤᠯᠭᠠᠬᠤ ᠰᠡᠷᠡᠮᠵᠢ ᠶᠢᠨ ᠲᠤᠬᠢᠶ᠎ᠠ᠄ ᠨᠢᠭᠡ ᠲᠠᠭᠤᠨ ᠢ ᠵᠤᠭᠰᠤᠯ ᠦᠭᠡᠢ 3 | ᠮᠢᠨᠦ᠋ᠲ ᠦᠷᠭᠦᠯᠵᠢᠯᠡᠬᠦᠯᠦᠨᠡ᠃ | ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠢ᠂ ᠦᠷᠭᠡᠨ ᠤᠯᠠᠨ ᠰᠠᠭᠤᠭᠠᠯᠢ ᠠᠷᠠᠳ ᠰᠡᠷᠡᠮᠵᠢ ᠶᠢᠨ | ᠲᠤᠬᠢᠶ᠎ᠠ ᠶᠢ ᠲᠤᠷᠰᠢᠨ ᠲᠤᠤᠭᠠᠷᠭᠠᠬᠤ ᠬᠤᠭᠤᠴᠠᠭᠠᠨ ᠳᠤ ᠬᠡᠪ ᠤᠨ ᠠᠵᠢᠯ ᠠᠮᠢᠳᠤᠷᠠᠯ ᠢᠶᠠᠨ ᠪᠠᠲᠤᠯᠠᠭᠠᠷᠠᠢ᠃ | ᠤᠨᠴᠠᠭᠠᠶᠢᠯᠠᠨ ᠵᠠᠷᠯᠠᠨ ᠮᠡᠳᠡᠭᠳᠡᠪᠡ | | ᠦᠤᠰᠢᠨ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠵᠢᠯᠤᠭᠤᠳᠤᠯᠭ᠎ᠠ ᠶᠢᠨ ᠮᠡᠳᠡᠭᠡ ᠵᠠᠩᠭᠢ ᠶᠢᠨ ᠪᠠᠲᠤᠯᠠᠭ᠎ᠠ ᠶᠢᠨ ᠲᠥᠪ | 2020 ᠤᠨ ᠤ 9 ᠰᠠᠷ᠎ᠠ ᠶᠢᠨ 11 ᠤ ᠡᠳᠤᠷ |