ᠰᠢ ᠶᠢᠨ ᠫᠢᠩ ᠯᠢᠺᠲ᠋ᠧᠨ᠋ᠱᠲ᠋ᠠᠶᠢᠨ ᠤ ᠵᠠᠰᠠᠭ ᠤᠷᠤᠯᠠᠬᠴᠢ ᠸᠠᠩ ᠤᠨ ᠵᠠᠯᠭᠠᠮᠵᠢᠯᠠᠬᠴᠢ ᠠᠯᠤᠶ᠋ᠢᠰ ᠲᠠᠢ ᠲᠤᠮᠳᠠᠳᠤ ᠯᠢᠺᠲ᠋ᠧᠨ᠋ᠱᠲ᠋ᠠᠶᠢᠨ ᠤ ᠬᠠᠷᠢᠯᠴᠠᠭ᠎ᠠ ᠪᠠᠶᠢᠭᠤᠯᠤᠬᠰᠡᠨ 70 ᠵᠢᠯ ᠤᠨ ᠤᠢ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2020/9/17
     ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠡ ᠶᠢᠨ 14 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ 9 ᠰᠠᠷ᠎ᠡ ᠶᠢᠨ 14 ᠤ ᠡᠳᠦᠷ ᠯᠢᠺᠲ᠋ᠧᠨ᠋ᠱᠲ᠋ᠠᠶᠢᠨ ᠤ ᠵᠠᠰᠠᠭ ᠤᠷᠤᠯᠠᠬᠴᠢ ᠸᠠᠩ ᠤᠨ ᠵᠠᠯᠭᠠᠮᠵᠢᠯᠠᠬᠴᠢ ᠠᠯᠤᠶ᠋ᠢᠰ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠬᠰᠡᠨ 70 ᠵᠢᠯ‌‍ᠤᠨ ᠤᠢ ᠶᠢ ᠪᠠᠯᠭᠡᠯᠡᠪᠡ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠲᠤᠮᠳᠠᠳᠤ ᠯᠢᠺᠲ᠋ᠧᠨ᠋ᠱᠲ᠋ᠠᠶᠢᠨ ᠭᠡᠳᠦ᠋ᠢᠪᠡᠷ ᠠᠯᠤᠰ ᠬᠤᠯᠠ ᠪᠠᠶᠢᠷᠢᠯᠠᠵᠤ᠂ ᠲᠡᠤᠭᠡ ᠰᠤᠶᠤᠯ᠂ ᠬᠦᠭᠵᠢᠯᠳᠠ ᠶᠢᠨ ᠲᠦᠪᠰᠢᠨ ᠪᠠ ᠤᠯᠤᠰ ᠤᠨ ᠬᠡᠪᠴᠢᠶ᠎ᠡ ᠠᠳᠠᠯᠢ ᠪᠤᠰᠤ ᠪᠠᠶᠢᠬᠤ ᠪᠤᠯᠪᠠᠴᠤ ᠵᠠᠢ ᠪᠠ ᠵᠦᠷᠢᠶ᠎ᠡ ᠨᠢ ᠨᠦᠬᠦᠷᠰᠡᠭ ᠰᠤᠯᠢᠯᠴᠠᠭ᠎ᠠ ᠬᠠᠮᠳᠤᠷᠠᠯᠴᠠᠭ᠎ᠠ ᠶᠢ ᠬᠠᠷᠰᠢᠯᠠᠬᠰᠡᠨ ᠦᠭᠡᠢ ᠶᠤᠮ ᠃ ᠬᠠᠷᠢᠯᠴᠠᠭ᠎ᠠ ᠪᠠᠶᠢᠭᠤᠯᠤᠬᠰᠡᠨ 70 ᠵᠢᠯ ᠤᠨ ᠲᠤᠷᠰᠢ᠂ ᠲᠤᠮᠳᠠᠳᠤ ᠯᠢᠺᠲ᠋ᠧᠨ᠋ᠱᠲ᠋ᠠᠶᠢᠨ ᠤ ᠨᠦᠬᠦᠷᠯᠡᠯ ᠡᠳᠦᠷ ᠢᠷᠡᠬᠦᠶ᠎ᠡ ᠪᠠᠳᠤᠵᠢᠵᠦ᠂ ᠡᠯ᠎ᠡ ᠬᠦᠷᠢᠶᠠᠨ ᠤ ᠬᠠᠮᠳᠤᠷᠠᠯᠴᠠᠭ᠎ᠠ ᠰᠠᠶᠢᠨ ᠰᠠᠶᠢᠬᠠᠨ ᠬᠦᠭᠵᠢᠯᠳᠠ ᠶᠢᠨ ᠬᠠᠨᠳᠤᠰᠢ ᠪᠠᠨ ᠪᠠᠳᠤᠯᠠᠪᠠ᠃ ᠲᠤᠮᠳᠠᠳᠤ ᠯᠢᠺᠲ᠋ᠧᠨ᠋ᠱᠲ᠋ᠠᠶᠢᠨ ᠤ ᠬᠠᠷᠢᠯᠴᠠᠭᠠᠨ ᠤ ᠦᠢᠯᠡᠳᠦᠯᠭᠡ ᠨᠢ ᠶᠡᠭᠡ ᠤᠯᠤᠰ ᠪᠤᠯᠤᠨ ᠪᠠᠭ᠎ᠠ ᠤᠯᠤᠰ ᠴᠦᠮ ᠡᠷᠭᠡ ᠲᠡᠭᠰᠢ ᠪᠠᠶᠢᠬᠤ ᠴᠢᠬᠤᠯᠠ ᠤᠯᠠᠨ ᠤᠯᠤᠰ ᠤᠨ ᠬᠠᠷᠢᠯᠴᠠᠭᠠᠨ ᠤ ᠤᠢᠢᠯᠠᠭᠠᠬᠳᠠᠬᠤᠨ ᠢ ᠮᠠᠰᠢ ᠰᠠᠶᠢᠨ ᠲᠠᠶᠢᠯᠪᠤᠷᠢᠯᠠᠪᠠ᠃ ᠪᠢ ᠲᠤᠮᠳᠠᠳᠤ ᠯᠢᠺᠲ᠋ᠧᠨ᠋ᠱᠲ᠋ᠠᠶᠢᠨ ᠤ ᠬᠠᠷᠢᠯᠴᠠᠭ᠎ᠠ ᠶᠢᠨ ᠬᠦᠭᠵᠢᠯᠳᠠ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠡ᠂ ᠲᠤᠷᠠᠳᠠᠶ᠎ᠡ ᠵᠠᠰᠠᠭ ᠤᠷᠤᠯᠠᠬᠴᠢ ᠸᠠᠩ ᠤᠨ ᠵᠠᠯᠭᠠᠮᠵᠢᠯᠠᠬᠴᠢ ᠠᠯᠤᠶ᠋ᠢᠰ ᠯᠦᠭᠡ ᠬᠠᠮᠳᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠬᠰᠡᠨ 70 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠲᠤᠮᠳᠠᠳᠤ ᠯᠢᠺᠲ᠋ᠧᠨ᠋ᠱᠲ᠋ᠠᠶᠢᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠠᠬᠢᠴᠠ ᠲᠠᠢ ᠪᠤᠯᠬᠤ ᠶᠢ ᠬᠠᠮᠳᠤ ᠪᠠᠷ ᠠᠬᠢᠭᠤᠯᠤᠨ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠤᠨ᠎ᠡ᠃ ᠲᠤᠮᠳᠠᠳᠤ ᠯᠢᠺᠲ᠋ᠧᠨ᠋ᠱᠲ᠋ᠠᠶᠢᠨ ᠤ ᠨᠦᠬᠦᠷᠯᠡᠯ ᠦᠶ᠎ᠡ ᠶᠢᠨ ᠦᠶ᠎ᠡ ᠳᠤ ᠤᠯᠠᠮᠵᠢᠯᠠᠬᠳᠠᠬᠤ ᠶᠢ ᠬᠦᠰᠡᠨ ᠵᠦᠡᠭᠨᠡᠵᠤ ᠪᠠᠶᠢᠨ᠎ᠡ ᠭᠡᠵᠤ ᠵᠢᠭᠠᠵᠤ ᠭᠠᠷᠭᠠᠪᠠ᠃      ᠠᠯᠤᠶ᠋ᠢᠰ ᠪᠠᠶᠠᠷ ᠤᠨ ᠴᠠᠬᠢᠯᠭᠠᠨ ᠴᠢᠮᠡᠭᠡ ᠳᠡᠭᠡᠨ᠂ 70 ᠵᠢᠯ ᠤᠨ ᠲᠤᠷᠰᠢ᠂ ᠯᠢᠺᠲ᠋ᠧᠨ᠋ᠱᠲ᠋ᠠᠶᠢᠨ ᠲᠤᠮᠳᠠᠳᠤ ᠶᠢᠨ ᠬᠠᠷᠢᠯᠴᠠᠭ᠎ᠠ ᠦᠷᠬᠦᠯᠵᠢᠯᠡᠨ ᠬᠦᠭᠵᠢᠵᠤ᠂ ᠬᠤᠶᠠᠷ ᠲᠠᠯ᠎ᠡ ᠪᠠᠷ ᠢᠶᠠᠨ ᠤᠯᠠᠨ ᠬᠦᠷᠢᠶᠠᠨ ᠳᠤ ᠰᠠᠶᠢᠨ ᠰᠠᠶᠢᠬᠠᠨ ᠬᠠᠮᠳᠤᠷᠠᠯᠴᠠᠭ᠎ᠠ ᠦᠷᠨᠢᠬᠦᠯᠦᠭᠰᠡᠨ ᠪᠦᠭᠡᠳ ᠬᠠᠷᠢᠯᠴᠠᠨ ᠲᠠᠮᠵᠢᠪᠠ᠃ ᠯᠢᠺᠲ᠋ᠧᠨ᠋ᠱᠲ᠋ᠠᠶᠢᠨ ᠲᠤᠮᠳᠠᠳᠤ ᠶᠢᠨ ᠬᠠᠷᠢᠯᠴᠠᠭ᠎ᠠ ᠬᠦᠨᠵᠡᠭᠡᠶᠢᠷᠠᠨ ᠬᠦᠭᠵᠢᠵᠦ ᠬᠤᠶᠠᠷ ᠤᠯᠤᠰ ᠤᠨ ᠬᠤᠭᠤᠷᠤᠨᠳᠤᠬᠢ ᠨᠦᠬᠦᠷᠰᠡᠭ ᠬᠠᠶᠢᠷ᠎ᠠ ᠰᠡᠳᠬᠢᠯᠭᠡ ᠶᠢ ᠢᠯᠡᠳᠳᠡ ᠢᠯᠡᠷᠡᠭᠦᠯᠪᠡ᠂ ᠡᠨᠡ ᠨᠢ ᠤᠳᠤᠬᠠᠨ ᠤ ᠦᠷᠢᠰᠦᠯᠳᠤᠭᠡᠨ ᠢᠶᠠᠷ ᠲᠦᠬᠦᠷᠡᠩ ᠴᠠᠭ ᠦᠶ᠎ᠡ ᠶᠢᠨ ᠠᠬᠤᠢ ᠪᠠᠶᠢᠳᠠᠯ ᠲᠤᠤᠷ᠎ᠡ ᠤᠨᠴᠠᠭᠠᠢ ᠬᠤᠪᠤᠷ ᠨᠠᠨᠳᠢᠨ ᠰᠠᠨᠠᠬᠳᠠᠵᠦ ᠪᠠᠶᠢᠨ᠎ᠠ ᠭᠡᠵᠤ ᠢᠯᠡᠳᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号