ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/17
    9 ᠰᠠᠷ᠎ᠠ ᠶᠢᠨ 14 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠳ᠋ ᠲᠠᠷᠢᠭᠦᠯᠡᠭᠴᠢ ᠯᠸᠢ ᠬᠠᠰ ᠪᠤᠯᠤᠨ ᠬᠤᠰᠢᠭᠤ ᠤᠯᠤᠰ ᠲᠥᠷᠤ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠣᠯᠤᠨ ᠡᠯ᠎ᠡ ᠵᠥᠪᠯᠡᠯ ᠠᠯᠪᠠᠨ ᠬᠡᠷ ᠲᠥᠪ ᠤᠨ ᠡᠷᠬᠢᠯᠡᠭᠴᠢ᠂ ᠳᠡᠳ᠋ ᠡᠷᠬᠢᠯᠡᠭᠴᠢ ᠬᠤᠷᠠᠯ ᠳᠤ ᠤᠷᠤᠯᠴᠠᠭᠰᠠᠨ ᠪᠠᠶᠢᠨ᠎ᠠ᠃
    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 75 ᠵᠢᠯ ᠤᠨ ᠤᠢ ᠶᠢ ᠳᠤᠷᠠᠰᠬᠠᠬᠤ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠳᠣᠯᠣᠳᠤᠭᠠᠷ ᠤᠳᠠᠭᠠᠨ ᠤ ᠲᠥᠪᠡᠳ ᠤᠨ ᠠᠵᠢᠯ ᠤᠨ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠰᠢ ᠶᠢᠨ ᠫᠢᠩ ᠲᠦᠷᠦ ᠶᠢ ᠵᠠᠰᠠᠬᠤ ᠲᠤᠬᠠᠢ︾ ︵ᠭᠤᠷᠪᠠᠳᠤᠭᠠᠷ ᠪᠤᠳᠢ︶ ᠶᠢᠨ ︽ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠢᠯᠡᠳᠬᠡᠯ︾ ᠤᠨ ᠬᠤᠯᠪᠣᠭᠳᠠᠯ ᠪᠦᠬᠦᠢ ᠠᠭᠤᠯᠭ᠎ᠠ ᠪᠠ ︽ᠥᠨᠠᠨ︾ ᠰᠡᠳᠬᠦᠯ ᠳᠤ ᠨᠠᠶᠢᠳᠡᠯᠡᠭᠰᠠᠨ ᠶᠡᠷᠦᠩᠬᠡᠢ ᠱᠦᠵᠢ ᠰᠢ ᠶᠢᠨ ᠫᠢᠩ ᠤᠨ ︽ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠮᠥᠨ︾ ᠭᠡᠬᠦ ᠵᠣᠬᠢᠶᠠᠯ ᠪᠤᠯᠤᠨ ᠲᠡᠷᠢᠭᠦᠯᠡᠭᠴᠢ ᠸᠠᠩ ᠶᠠᠩ ᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠳᠡᠭᠡᠷ᠎ᠡ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠪᠠᠶᠢᠨ᠎ᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠥᠷᠢᠯᠳᠤᠭᠦᠨ ᠰᠤᠷᠤᠯᠴᠠᠯᠭ᠎ᠠ ᠶᠢᠨ ᠴᠠᠭ ᠬᠤᠭᠤᠴᠠᠭᠠᠲᠤ ᠴᠢᠨᠠᠷ ᠢ ᠴᠢᠬᠤᠯᠠᠴᠢᠯᠠᠨ ᠰᠤᠷᠤᠯᠴᠠᠬᠤ ᠠᠭᠤᠯᠭ᠎ᠠ ᠶᠢ ᠰᠠᠶᠢᠲᠤᠷ ᠤᠶᠢᠯᠠᠭᠠᠨ ᠡᠵᠡᠮᠰᠢᠵᠦ ᠤᠶᠢᠯᠠᠭᠠᠯᠳᠠ ᠪᠠᠨ ᠪᠢᠴᠢᠨ ᠦᠵᠡᠯ ᠰᠠᠨᠠᠭ᠎ᠠ᠂ ᠲᠠᠨᠢᠯᠲᠠ᠂ ᠤᠶᠢᠯᠠ ᠠᠵᠢᠯᠯᠭ᠎ᠠ ᠪᠠᠨ ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠬᠦ ᠬᠡᠷᠡᠭᠲᠡᠶ᠃ ᠤᠨᠤᠯ ᠤᠨ ᠰᠤᠷᠤᠯᠴᠠᠯᠭ᠎ᠠ ᠪᠠᠷ ᠲᠠᠮᠵᠢᠨ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ᠂ ᠰᠢᠨ᠎ᠡ ᠪᠠᠶᠢᠯᠳᠤᠬᠤ ᠪᠣᠳᠣᠯᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠠᠨ ᠦᠢᠯᠡᠳᠦᠯᠭᠡ ᠪᠠᠨ ᠵᠢᠯᠣᠭᠤᠳᠴᠤ ᠠᠵᠢᠯ ᠢᠶᠠᠨ ᠠᠭᠢᠭᠤᠯᠤᠨ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠲᠥᠷᠤᠯ ᠤᠨ ᠠᠵᠢᠯ ᠤᠨ ᠴᠢᠨᠠᠷ ᠰᠠᠶᠢᠳᠠᠢ ᠨᠠᠶᠢᠳᠠᠪᠤᠷᠢᠵᠢᠭᠤᠯᠬᠤ ᠶᠢ ᠠᠭᠢᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号