9 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ | ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ | ᠳᠠᠷᠤᠭ᠎ᠠ ᠵᠠᠩ ᡁᠢ ᠰᠢᠦ᠋ᠩ᠂ ᠯᠢ ᠵᠥᠩ ᠯᠢᠨ᠂ ᠯᠢᠨ ᠶᠦᠩ ᠭᠠᠩ᠂ ᠬᠤᠰᠢᠭᠤ ᠳᠡᠳ᠋ ᠳᠠᠷᠤᠭ᠎ᠠ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠳᠠᠷᠤᠭ᠎ᠠ ᠭᠤᠤ ᠬᠤᠤ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠪᠤᠯᠤᠨ ᠬᠤᠰᠢᠭᠤ | ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶᠠᠨ ᠤ ᠬᠠᠷᠢᠭᠤᠴᠠᠯᠭᠠᠳᠠᠳ ᠬᠤᠷᠠᠯ ᠳᠤ | ᠣᠷᠣᠯᠴᠠᠵᠠᠶ᠃ | | | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨᠲᠠᠳ ᠤᠨ ᠶᠠᠷᠢᠯᠴᠠᠬᠤ ᠬᠤᠷᠠᠯ᠂ | ᠠᠵᠤ ᠠᠬᠤᠶᠢᠯᠠᠯᠳᠠᠳ ᠤᠨ ᠶᠠᠷᠢᠯᠴᠠᠬᠤ ᠬᠤᠷᠠᠯ ᠪᠤᠯᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠲᠠᠪᠤᠳᠤᠭᠠᠷ ᠤᠳᠠᠭᠠᠨ ᠤ ᠬᠤᠷᠠᠯ ᠳᠡᠭᠡᠷᠡᠬᠢ ᠶᠠᠷᠢᠶᠠᠨ ᠤ ᠴᠢᠬᠤᠯᠠ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ | ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ︽ᠨᠠᠩ ᠰᠠᠶᠢᠨ ᠬᠥᠭᠵᠢᠯᠲᠡ ᠶᠢᠨ ᠣᠷᠴᠢᠨ ᠨᠦᠬᠦᠴᠡᠯ ᠢ ᠪᠣᠶ ᠪᠣᠯᠭᠠᠵᠤ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠦᠭᠵᠢᠯᠳᠡ ᠶᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ | ᠵᠡᠷᠭᠡ ᠠᠭᠤᠯᠭ᠎ᠠ ᠶᠢ ᠭᠦᠨᠵᠡᠭᠡᠶ ᠰᠤᠷᠤᠯᠴᠠᠪᠠ᠃ | ᠵᠣᠣ ᠹᠸᠢ ᠯᠦ ᠱᠠᠭᠠᠷᠳᠠᠬᠤ ᠳᠤ ᠪᠠᠨ᠂ ᠬᠥᠭᠵᠢᠯᠲᠡ ᠶᠢᠨ ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ | ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠵᠤ ᠬᠥᠭᠵᠢᠯᠲᠡ ᠶᠢᠨ ᠢᠲᠡᠭᠡᠯ ᠵᠣᠷᠢᠭ ᠢᠶᠠᠨ | ᠪᠠᠳᠤᠳᠬᠠᠨ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠭᠦᠢᠴᠡᠳ | ᠬᠥᠭᠵᠢᠭᠡᠵᠦ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠰᠠᠭᠤᠷᠢ ᠶᠢ | ᠪᠠᠬᠢᠵᠢᠭᠦᠯᠵᠦ ᠠᠵᠤ ᠠᠬᠤᠶ ᠶᠢᠨ ᠬᠥᠭᠵᠢᠯᠲᠡ ᠶᠢ ᠠᠭᠢᠭᠤᠯᠬᠤ ᠭᠡᠷᠡᠭᠳᠠᠢ᠃ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠲᠥᠷᠥ ᠶᠢᠨ ᠪᠣᠳᠣᠯᠭ᠎ᠠ ᠪᠣᠯᠤᠨ ᠪᠡᠯᠡ ᠤᠷᠤᠭᠤᠯᠤᠯᠳᠠ ᠶᠢᠨ ᠤᠳᠤᠷᠢᠳᠤᠮᠵᠢ ᠶᠢ | ᠰᠠᠶᠢᠳᠤᠷ ᠠᠩᠬᠠᠷᠴᠤ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠤᠯᠭᠠᠬᠤ ᠪᠠ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ | ᠪᠠᠶᠢᠷᠢᠰᠢᠯ ᠢ ᠠᠭᠤᠰᠤᠯᠴᠠᠭᠤᠯᠤᠨ ᠮᠠᠨ ᠤ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠵᠤ ᠰᠢᠨ᠎ᠡ ᠰᠡᠳᠬᠢᠴᠡ ᠰᠢᠨ᠎ᠡ ᠠᠷᠭ᠎ᠠ ᠠᠪᠴᠠᠯ ᠢ ᠢᠳᠡᠪᠬᠢᠲᠡᠢ ᠰᠦᠪᠡᠭᠴᠢᠯᠡᠵᠦ ︽ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢ ᠥᠨᠳᠥᠷ ᠲᠦᠪᠰᠢᠨ ᠢᠶᠠᠷ ᠨᠠᠶᠢᠷᠠᠭᠤᠯᠤᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠬᠤ ᠭᠡᠷᠡᠭᠳᠠᠢ ᠭᠡᠵᠡᠢ᠃ | ᠵᠤᠤ ᠹᠸᠢ ᠯᠦ ᠴᠢᠬᠤᠯᠠᠴᠢᠯᠠᠬᠤ ᠳᠤ ᠪᠠᠨ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ | ᠰᠢᠯᠢᠳᠡᠭᠵᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠤ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠭᠠᠵᠠᠷ ᠤᠷᠤᠨ ᠡᠯ᠎ᠠ ᠰᠠᠯᠠᠭ᠎ᠠ ᠮᠥᠴᠢᠷ ᠤᠯᠤᠰ ᠳᠦᠷᠦ ᠶᠢᠨ | ᠵᠤᠭᠰᠤᠴᠠ ᠪᠠᠨ ᠳᠡᠭᠡᠭᠰᠢᠯᠡᠭᠦᠯᠵᠦ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠤᠳᠠᠯᠳᠤᠭ᠎ᠠ | ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠢ | ᠴᠢᠩᠭᠠᠳᠬᠠᠵᠤ ᠡᠨᠡᠭᠦ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ | ᠬᠡᠷᠡᠭᠲᠡᠢ᠃ ᠦᠵᠡᠯ ᠰᠠᠨᠠᠭ᠎ᠠ ᠪᠠᠨ ᠬᠤᠪᠢᠷᠠᠭᠤᠯᠵᠤ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ | ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠪᠠᠷ ᠳᠡᠮᠵᠢᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠦᠷᠭᠦᠯᠵᠢᠯᠡᠨ ᠬᠥᠭᠵᠢᠭᠡᠵᠦ | ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠠᠮᠠᠷᠢᠯᠠᠭᠦ ᠭᠡᠷᠡᠭᠳᠠᠢ | ᠭᠡᠵᠡᠢ ᠃ |